ᠲᠠᠷᠢᠶᠠᠯᠠᠩ ᠤᠨ ᠪᠣᠰᠤ ᠡᠷᠦᠭᠡ ᠠᠮᠠ ᠶᠢᠨ ᠳᠠᠩᠰᠠ ᠲᠠᠢ ᠬᠤᠲᠠ ᠶᠢᠨ ᠰᠠᠭᠤᠭᠠᠯᠢ ᠠᠷᠠᠳ ᠤᠨ ᠬᠠᠮᠲᠤ | ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠦᠮᠦᠨ ᠪᠦᠷᠢ ᠶᠢᠨ ᠳᠤᠮᠳᠠᠴᠢ ᠤᠷᠤᠯᠭ᠎ᠠ ᠨᠢ ᠲᠤᠬᠠᠢ ᠶᠢᠨ | ᠭᠠᠵᠠᠷ ᠤᠨ ᠬᠤᠲᠠ ᠶᠢᠨ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠪᠠᠷᠢᠮᠵᠢᠶ᠎ᠡ ᠠᠴᠠ ᠳᠣᠣᠷ᠎ᠠ ᠪᠠᠶᠢᠬᠤ ᠳᠤ ᠬᠦᠷᠪᠡᠯ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ | ᠦᠨᠳᠦᠰᠦᠨ ᠠᠮᠢᠳᠤᠷᠠᠯ ᠤᠨ ᠪᠤᠳᠠᠰ ᠤᠨ ᠳᠡᠳᠭᠦᠮᠵᠢ ᠬᠦᠷᠲᠡᠬᠦ ᠡᠷᠬᠡ ᠲᠠᠢ᠃ | ᠳᠤᠤᠷᠠᠬᠢ ᠬᠦᠮᠦᠰ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠤᠯᠭᠤᠮᠵᠢ ᠶᠢ ᠬᠦᠷᠳᠡᠵᠦ ᠪᠤᠯᠬᠤ ᠦᠭᠡᠢ᠄ | 1. ᠭᠡᠷ ᠪᠦᠯᠢ ᠶᠢᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠠᠷᠭᠠᠴᠠᠭᠠᠬᠤ ᠳᠤ ᠭᠡᠷᠡᠭᠴᠡᠭᠡ ᠲᠠᠢ ᠪᠣᠰᠤ | ᠮᠠᠰᠢᠨ ᠲᠡᠷᠭᠡ᠂ ᠮᠣᠲ᠋ᠣᠷ᠂ ᠭᠠᠷ ᠤᠲᠠᠰᠤ᠂ ᠠᠭᠠᠷ ᠲᠣᠬᠢᠷᠠᠭᠤᠯᠤᠭᠴᠢ᠂ ᠺᠣᠮᠫᠢᠦ᠋ᠲ᠋ᠧᠷ ᠵᠡᠷᠭᠡ ᠳᠡᠭᠡᠳᠤ ᠲᠡᠰ ᠤᠨ | ᠦᠨᠳᠦᠷ ᠦᠨᠡᠳᠤ ᠥᠷᠭᠡᠨ ᠬᠡᠷᠡᠭᠯᠡᠭᠡᠨ ᠤ ᠪᠠᠷᠠᠭ᠎ᠠ ᠲᠠᠢ ᠪᠠᠶᠢᠬᠤ︔ | 2. ᠰᠲ᠋ᠤᠺ ᠬᠤᠳᠠᠯᠳᠤᠨ ᠠᠪᠤᠭᠰᠠᠨ ᠪᠤᠶᠤ ᠪᠤᠰᠤᠳ ᠪᠡᠯᠡ ᠤᠷᠤᠭᠤᠯᠤᠯᠲᠠ ᠶᠢᠨ ᠠᠵᠢᠯᠯᠠᠭ᠎ᠠ ᠲᠠᠢ ᠪᠠᠶᠢᠬᠤ︔ | | 3. ᠵᠤᠭᠤᠰ ᠭᠠᠷᠭᠠᠨ ᠦᠷ᠎ᠡ ᠬᠡᠤᠭᠡᠳ ᠢᠶᠠᠨ ᠰᠢᠯᠵᠢᠨ ᠰᠤᠷᠤᠯᠴᠠᠭᠤᠯᠵᠦ ᠪᠠᠶᠢᠬᠤ ᠪᠤᠶᠤ ᠰᠤᠷᠭᠠᠭᠤᠯᠢ | ᠰᠢᠯᠢᠨ ᠰᠤᠷᠤᠯᠴᠠᠭᠤᠯᠵᠦ ᠪᠠᠶᠢᠬᠤ︔ | 4. ᠵᠤᠭᠤᠰ ᠨᠠᠭᠠᠳᠬᠤ᠂ ᠬᠤᠤᠷ ᠲᠠᠳᠠᠬᠤ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠠᠴᠠ ᠪᠤᠯᠵᠤ | ᠭᠡᠷ ᠪᠦᠯᠢ ᠶᠢᠨ ᠠᠮᠢᠳᠤᠷᠠᠯ ᠤᠨ ᠬᠢᠷᠢ ᠬᠡᠮᠵᠢᠶ᠎ᠡ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠠᠶᠢᠬᠤ︔ | 5. ᠠᠵᠢᠯ ᠤᠯᠬᠤ ᠨᠠᠰᠤᠨ ᠳᠤ ᠬᠦᠷᠦᠭᠰᠡᠨ ᠬᠦᠳᠡᠯᠮᠦᠷᠢᠯᠡᠬᠦ ᠴᠢᠳᠠᠪᠤᠷᠢ ᠲᠠᠢ ᠬᠦᠮᠦᠰ᠂ ᠠᠵᠢᠯ ᠤᠯᠭᠤᠬᠤ | ᠲᠠᠨᠢᠯᠴᠠᠭᠤᠯᠭ᠎ᠠ ᠶᠢ ᠵᠦᠢ ᠶᠤᠰᠤᠨ ᠤ ᠤᠴᠢᠷ ᠰᠢᠯᠳᠠᠭᠠᠨ ᠦᠬᠡᠢ ᠪᠠᠷ ᠬᠤᠶᠠᠷ ᠤᠳᠠᠭ᠎ᠠ ᠲᠡᠪᠴᠢᠭᠰᠡᠨ ᠪᠤᠶᠤ | ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠥᠳᠡᠯᠮᠦᠷᠢ ᠳᠤ | ᠣᠷᠣᠯᠴᠠᠬᠤ ᠦᠭᠡᠢ ᠪᠠᠶᠢᠬᠤ︔ | 6. ᠬᠢᠨᠠᠨ ᠪᠠᠶᠢᠴᠠᠭᠠᠬᠤ ᠪᠠᠷ ᠳᠠᠮᠵᠢᠨ᠂ ᠬᠠᠳᠠᠭᠠᠯᠠᠮᠵᠢ ᠶᠢᠨ ᠲᠤᠭ᠎ᠠ ᠶᠢ ᠨᠢ ᠲᠣᠳᠣᠯᠠᠬᠤ ᠶᠢᠨ ᠠᠷᠭ᠎ᠠ ᠦᠬᠡᠢ | ᠪᠤᠶᠤ ᠨᠢᠭᠤᠮᠠᠬᠠᠢ ᠤᠷᠤᠯᠭ᠎ᠠ ᠶᠢ ᠨᠢ ᠬᠢᠨᠠᠨ ᠲᠤᠭᠳᠠᠭᠠᠬᠤ ᠶᠢᠨ ᠠᠷᠭ᠎ᠠ ᠦᠭᠡᠢ ᠪᠠᠶᠢᠬᠤ ᠪᠦᠭᠡᠳ ᠲᠡᠭᠡᠳᠤ ᠲᠡᠰ ᠤᠨ | ᠦᠨᠡᠳᠤ ᠦᠷᠭᠡᠨ ᠬᠡᠷᠡᠭᠯᠡᠭᠡᠨ ᠤ ᠪᠠᠷᠠᠭ᠎ᠠ ᠲᠠᠢ ᠭᠡᠷ ᠪᠦᠯᠢ ᠶᠢᠨ ᠬᠦᠮᠦᠨ ᠪᠦᠷᠢ ᠶᠢᠨ ᠳᠤᠮᠳᠠᠴᠢ ᠤᠷᠤᠯᠭ᠎ᠠ ᠨᠢ | ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠠᠶᠢᠬᠤ | ᠪᠤᠯᠪᠠᠴᠤ᠂ ᠪᠤᠳᠠᠲᠤ ᠠᠮᠢᠳᠤᠷᠠᠯ ᠤᠨ ᠬᠢᠷᠢ ᠬᠡᠮᠵᠢᠶ᠎ᠡ ᠨᠢ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠠᠴᠠ ᠢᠯᠡᠳᠳᠡ ᠦᠨᠳᠦᠷ ᠪᠠᠶᠢᠬᠤ︔ | 7. ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠦᠷᠳᠠᠵᠦ | ᠦᠯᠦ ᠪᠤᠯᠬᠤ ᠪᠤᠰᠤᠳ ᠪᠠᠶᠢᠳᠠᠯ ᠲᠠᠢ ᠪᠠᠶᠢᠬᠤ᠃ | | | | | | | | | | | | ᠁ |