ᠤᠳᠤᠬᠠᠨ ᠳᠤ ᠮᠠᠨ ᠤ ᠣᠷᠣᠨ ᠤ ᠭᠡᠷ ᠪᠦᠯᠢ ︵ᠬᠤᠪᠢ ᠬᠥᠮᠥᠨ ᠪᠠᠭᠲᠠᠨ᠎ᠠ︶ ᠳᠠᠬᠢ ᠬᠤᠭᠤᠴᠠᠭ᠎ᠠ ᠨᠢ | ᠬᠡᠲᠦᠷᠡᠭᠰᠡᠨ ᠡᠮ ᠤᠨ ᠵᠦᠢᠯ ᠤᠨ ᠬᠡᠮᠵᠢᠶ᠎ᠡ ᠨᠢ ᠨᠡᠮᠡᠭᠳᠡᠬᠦ᠂ ᠬᠦᠨᠳᠦ ᠨᠣᠴᠢᠲᠠᠢ ᠪᠦᠷᠢᠯᠭᠡᠨ ᠰᠦᠢᠳᠬᠡᠬᠦ᠂ ᠡᠮ | ᠬᠡᠷᠡᠭᠯᠡᠬᠦ ᠠᠮᠤᠷ ᠲᠦᠪᠰᠢᠨ ᠤ ᠳᠠᠯᠳᠠ ᠭᠡᠮ ᠢ ᠡᠭᠦᠰᠬᠡᠬᠦ ᠵᠡᠷᠭᠡ ᠠᠰᠠᠭᠤᠳᠠᠯ ᠤᠳ ᠲᠤ ᠴᠢᠭᠯᠡᠭᠦᠯᠵᠦ᠂ ᠥᠪᠡᠷᠲᠡᠭᠡᠨ | ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠬᠡᠨ ︽ | ᠭᠡᠷ ᠪᠦᠯᠢ ᠳᠠᠬᠢ ᠬᠤᠭᠤᠴᠠᠭ᠎ᠠ ᠨᠢ ᠬᠡᠲᠦᠷᠡᠭᠰᠡᠨ ᠡᠮ ᠤᠨ ᠵᠦᠢᠯ ᠢ ᠡᠬᠡᠬᠦᠯᠤᠨ ᠬᠤᠷᠢᠶᠠᠬᠤ ᠠᠵᠢᠯ ᠤᠨ ᠬᠢᠨᠠᠨ | ᠬᠠᠮᠢᠶᠠᠷᠤᠯᠲᠠ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ᠢ ᠳᠣᠷᠣᠭᠰᠢ ᠪᠠᠭᠤᠯᠭᠠᠵᠦ᠂ ᠡᠯ᠎ᠡ ᠱᠠᠲᠤᠨ ᠤ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠷᠠᠳ ᠲᠦᠮᠡᠨ ᠳᠤ ᠦᠢᠯᠡᠴᠢᠯᠡᠬᠦ | ᠡᠭᠦᠳᠡᠨ ᠠᠴᠠ ᠡᠭᠦᠰᠴᠤ᠂ ᠠᠵᠢᠯ ᠤᠨ ᠲᠥᠰᠥᠯ ᠲᠣᠭᠲᠠᠭᠠᠵᠤ᠂ ᠡᠬᠡᠭᠦᠯᠤᠨ ᠬᠤᠷᠢᠶᠠᠬᠤ ᠭᠠᠵᠠᠷ ᠪᠠᠶᠢᠭᠤᠯᠵᠤ᠂ | ᠬᠠᠮᠢᠶᠠᠷᠤᠯᠲᠠ ᠪᠠ ᠤᠬᠠᠭᠤᠯᠭ᠎ᠠ ᠶᠢ ᠴᠢᠩᠭᠠᠳᠬᠠᠵᠤ᠂ ᠮᠠᠨ ᠤ ᠣᠷᠣᠨ ᠤ ᠭᠡᠷ ᠪᠦᠯᠢ ᠳᠠᠬᠢ ᠬᠤᠭᠤᠴᠠᠭ᠎ᠠ ᠨᠢ | ᠬᠡᠲᠦᠷᠡᠭᠰᠡᠨ ᠡᠮ ᠤᠨ ᠵᠦᠢᠯ ᠢ ᠡᠬᠡᠭᠦᠯᠤᠨ ᠬᠤᠷᠢᠶᠠᠬᠤ ᠠᠵᠢᠯ ᠢ ᠠᠯᠬᠤᠮ ᠠᠯᠬᠤᠮ ᠢᠶᠠᠷ ᠲᠦᠷᠢᠮᠵᠢᠬᠦᠯᠬᠦ ᠬᠡᠷᠡᠭᠲᠠᠢ | ᠬᠡᠵᠦ ᠱᠠᠭᠠᠷᠳᠠᠪᠠ᠃ ᠤᠳᠤᠬᠠᠨ᠎ᠠ᠂ ᠪᠦᠬᠦ ᠤᠯᠤᠰ ᠲᠤ ᠴᠦᠭᠡᠨ ᠲᠣᠭᠠᠨ ᠤ ᠶᠡᠭᠡ ᠳᠤᠮᠳᠠ ᠬᠤᠲᠠ ᠭᠡᠷ | ᠪᠦᠯᠢ ᠳᠠᠬᠢ ᠬᠤᠭᠤᠴᠠᠭ᠎ᠠ ᠨᠢ ᠬᠡᠲᠦᠷᠡᠭᠰᠡᠨ ᠡᠮ ᠤᠨ ᠵᠦᠢᠯ ᠢ ᠠᠰᠠᠷᠠᠮᠵᠢ ᠶᠢᠨ ᠬᠡᠯᠪᠡᠷᠢ ᠪᠠᠷ ᠡᠬᠡᠭᠦᠯᠤᠨ ᠬᠤᠷᠢᠶᠠᠬᠤ | ᠪᠤᠶᠤ ᠲᠥᠯᠥᠪᠦᠷᠢ ᠲᠠᠢ ᠡᠬᠡᠭᠦᠯᠤᠨ ᠬᠤᠷᠢᠶᠠᠬᠤ ᠶᠢ ᠭᠠᠷᠭᠠᠪᠠᠯ ᠵᠣᠩᠬᠢᠯᠠᠬᠤ ᠲᠣᠭᠠᠨ ᠤ ᠭᠠᠵᠠᠷ ᠣᠷᠣᠨ ᠤ | ᠬᠤᠭᠤᠴᠠᠭ᠎ᠠ ᠨᠢ ᠬᠡᠲᠦᠷᠡᠭᠰᠡᠨ ᠡᠮ ᠤᠨ ᠵᠦᠢᠯ ᠢ ᠡᠬᠡᠬᠦᠯᠤᠨ ᠬᠤᠷᠢᠶᠠᠬᠤ ᠠᠵᠢᠯ ᠨᠢ ᠨᠡᠶᠢᠭᠡᠮ ᠨᠡᠶᠢᠳᠡ ᠠᠴᠠ | ᠰᠠᠨᠠᠭᠠᠴᠢᠯᠠᠬᠤ ᠪᠠ ᠠᠷᠠᠳ ᠣᠯᠠᠨ ᠥᠪᠡᠷ ᠢᠶᠠᠨ ᠪᠤᠴᠠᠭᠠᠨ ᠦᠭᠬᠦ ᠳᠡᠭᠡᠷ᠎ᠡ ᠵᠤᠭᠰᠤᠩᠬᠢᠷᠠᠵᠦ᠂ ᠡᠬᠡᠭᠦᠯᠤᠨ | ᠬᠤᠷᠢᠶᠠᠬᠤ ᠪᠦᠷᠢᠨ ᠲᠦᠬᠦᠷ ᠳᠦᠷᠢᠮ ᠳᠤᠲᠠᠭᠳᠠᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠨᠡ ᠤᠳᠠᠭ᠎ᠠ ᠲᠤᠰᠬᠠᠶᠢᠯᠠᠨ ᠭᠡᠷ ᠪᠦᠯᠢ ᠳᠠᠬᠢ | ᠬᠤᠭᠤᠴᠠᠭ᠎ᠠ ᠨᠢ ᠬᠡᠲᠦᠷᠡᠭᠰᠡᠨ ᠡᠮ ᠤᠨ ᠵᠦᠢᠯ ᠢ ᠡᠬᠡᠭᠦᠯᠤᠨ ᠬᠤᠷᠢᠶᠠᠬᠤ ᠠᠵᠢᠯ ᠢ ᠴᠢᠩᠭᠠᠳᠬᠠᠬᠤ ᠮᠡᠳᠡᠭᠳᠡᠯ | ᠪᠠᠭᠤᠯᠭᠠᠵᠦ᠂ ᠠᠵᠢᠯ ᠤᠨ ᠵᠠᠷᠴᠢᠮ᠂ ᠠᠵᠢᠯ ᠤᠨ ᠬᠠᠷᠠᠯᠲᠠ᠂ ᠡᠬᠡᠭᠦᠯᠤᠨ ᠬᠤᠷᠢᠶᠠᠬᠤ ᠠᠵᠤ ᠠᠬᠤᠶᠢᠯᠠᠯ ᠢ ᠰᠢᠭᠰᠢᠨ | ᠰᠤᠩᠭᠤᠬᠤ᠂ ᠵᠠᠷᠤᠳᠠᠯ ᠢ ᠪᠠᠳᠤᠯᠠᠬᠤ ᠵᠡᠷᠭᠡ ᠲᠠᠯ᠎ᠠ ᠪᠠᠷ ᠪᠤᠲᠠᠲᠠᠢ ᠱᠠᠭᠠᠷᠳᠠᠯᠭ᠎ᠠ ᠳᠤᠷᠠᠳᠴᠤ᠂ ᠪᠦᠬᠦ ᠣᠷᠣᠨ ᠤ ᠡᠯ᠎ᠡ | ᠱᠠᠲᠤᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠵᠢᠯ ᠢ | ᠬᠦᠨᠳᠤᠳᠭᠡᠨ ᠦᠵᠡᠬᠦ ᠪᠠ ᠬᠠᠮᠢᠶᠠᠷᠤᠯᠳᠠ ᠪᠠᠨ ᠴᠢᠩᠭᠠᠳᠬᠠᠵᠦ᠂ ᠠᠵᠢᠯ ᠤᠨ ᠲᠤᠷᠰᠢᠯᠭ᠎ᠠ ᠶᠢ ᠬᠤᠷᠠᠮᠳᠤᠭᠤᠯᠵᠤ᠂ | ᠲᠤᠬᠠᠢ ᠶᠢᠨ ᠭᠠᠵᠠᠷ ᠣᠷᠣᠨ ᠤ ᠠᠬᠤᠢ ᠪᠠᠶᠢᠳᠠᠯ ᠳᠤ ᠲᠤᠬᠢᠷᠠᠭᠰᠠᠨ ᠨᠢᠬᠡᠨ ᠲᠦᠭᠦᠷ ᠬᠠᠮᠢᠶᠠᠷᠤᠯᠲᠠ ᠶᠢᠨ ᠠᠷᠭ᠎ᠠ ᠶᠢ | ᠢᠳᠡᠭ ᠢᠳᠡᠭ ᠢᠶᠠᠷ ᠪᠠᠶᠢᠭᠤᠯᠵᠦ᠂ ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠢ ᠬᠦᠳᠤᠯᠤᠨ | ᠵᠢᠯᠤᠭᠤᠳᠬᠤ ᠶᠢ ᠵᠤᠷᠢᠵᠠᠢ᠃ |