ᠡᠮ ᠤᠨ ᠵᠦᠢᠯ ᠡᠵᠡᠩᠨᠡᠬᠦ ︵ᠪᠦᠭᠡᠮ ᠢᠶᠠᠷ ᠬᠤᠳᠠᠯᠳᠤᠬᠤ︶ ᠵᠦᠪᠰᠢᠶᠡᠷᠡᠯ ᠤᠯᠬᠤ ᠭᠤᠶᠤᠴᠢᠯᠠᠯ ᠤᠨ | ᠮᠠᠲ᠋ᠧᠷᠢᠶᠠᠯ | ︵ᠨᠢᠭᠡ︶ ᠡᠮ ᠤᠨ ᠵᠦᠢᠯ ᠢ ᠪᠦᠭᠡᠮ ᠢᠶᠠᠷ ᠬᠤᠳᠠᠯᠳᠤᠬᠤ ᠠᠵᠤ ᠠᠬᠤᠶᠢᠯᠠᠯ ᠪᠡᠯᠡᠳᠭᠡᠨ ᠪᠠᠶᠢᠭᠤᠯᠬᠤ ᠪᠠᠷ | ᠭᠤᠶᠤᠴᠢᠯᠠᠬᠤ ᠳᠤ᠂ ᠳᠤᠤᠷᠠᠬᠢ ᠮᠠᠲ᠋ᠧᠷᠢᠶᠠᠯ ᠢ ᠲᠤᠰᠢᠶᠠᠬᠤ ᠬᠡᠷᠡᠭᠲᠠᠢ᠄ | 1. ᠡᠮ ᠤᠨ ᠵᠦᠢᠯ ᠢ ᠪᠦᠭᠡᠮ ᠢᠶᠠᠷ ᠬᠤᠳᠠᠯᠳᠤᠬᠤ ᠠᠵᠤ ᠠᠬᠤᠶᠢᠯᠠᠯ ᠪᠡᠯᠡᠳᠭᠡᠨ ᠪᠠᠶᠢᠭᠤᠯᠬᠤ | ᠭᠤᠶᠤᠴᠢᠯᠠᠯ ᠤᠨ ᠮᠡᠳᠡᠭᠦᠯᠦᠯᠲᠡ︔ | 2. ᠡᠮ ᠤᠨ ᠵᠦᠢᠯ ᠢ ᠪᠦᠭᠡᠮ ᠢᠶᠠᠷ ᠬᠤᠳᠠᠯᠳᠤᠬᠤ ᠠᠵᠤ ᠠᠬᠤᠶᠢᠯᠠᠯ ᠪᠡᠯᠡᠳᠭᠡᠨ ᠪᠠᠶᠢᠭᠤᠯᠬᠤ ᠭᠤᠶᠤᠴᠢᠯᠠᠯ ᠢ | ᠬᠢᠨᠠᠨ ᠵᠦᠪᠰᠢᠶᠡᠷᠡᠬᠦ ᠬᠦᠰᠦᠨᠦᠭᠲᠦ ︵ᠳᠠᠭᠠᠯᠳᠤᠭᠤᠯᠤᠯ 1︶︔ | 3. ᠠᠵᠤ ᠠᠬᠤᠶᠢᠯᠠᠯ ᠡᠷᠬᠢᠯᠡᠬᠦ ᠪᠠᠷ ᠪᠠᠶᠢᠭ᠎ᠠ ᠬᠠᠤᠯᠢ ᠶᠢᠨ ᠡᠷᠭᠡᠲᠡᠨ᠂ ᠠᠵᠤ ᠠᠬᠤᠶᠢᠯᠠᠯ ᠤᠨ | ᠬᠠᠷᠢᠭᠤᠴᠠᠯᠭᠠᠲᠠᠨ᠂ ᠶᠠᠰᠤ ᠴᠢᠨᠠᠷ ᠤᠨ ᠬᠠᠷᠢᠭᠤᠴᠠᠯᠭᠠᠲᠠᠨ᠂ ᠶᠠᠰᠤ ᠴᠢᠨᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠪᠡᠶ᠎ᠡ ᠶᠢᠨ ᠦᠨᠡᠮᠯᠡᠯ᠂ ᠰᠤᠷᠤᠯᠭ᠎ᠠ ᠶᠢᠨ ᠨᠠᠮᠲᠠᠷ ᠤᠨ ᠬᠡᠷᠡᠴᠢ᠂ ᠠᠵᠢᠯ | ᠡᠷᠬᠢᠯᠡᠬᠦ ᠬᠢᠷᠢ ᠬᠡᠮ ᠤᠨ ᠬᠡᠷᠡᠴᠢ᠂ ᠪᠤᠯᠪᠠᠰᠤᠷᠠᠭᠤᠯᠤᠯ ᠪᠤᠶᠤ ᠠᠵᠢᠯ ᠤᠨ ᠪᠠᠶᠢᠷᠢ ᠶᠢᠨ ᠬᠢᠷᠢ ᠲᠡᠩᠴᠡᠭᠰᠡᠨ ᠬᠡᠷᠡᠴᠢ᠂ | ᠠᠵᠢᠯ ᠠᠴᠠ ᠪᠠᠨ ᠰᠠᠯᠤᠭᠰᠠᠨ ᠬᠡᠷᠡᠴᠢ ᠶᠢᠨ ᠤᠭ ᠵᠦᠢᠯ᠂ ᠬᠠᠭᠤᠯᠪᠤᠷᠢ ᠬᠢᠭᠡᠳ ᠬᠤᠪᠢ ᠬᠦᠮᠦᠨ ᠤ ᠲᠤᠪᠴᠢ | ᠨᠠᠮᠲᠠᠷ︔ | 4. ᠡᠵᠡᠩᠨᠡᠬᠦ ᠪᠠᠷ ᠪᠠᠶᠢᠭ᠎ᠠ ᠡᠮ ᠤᠨ ᠵᠦᠢᠯ ᠤᠨ ᠬᠡᠪᠴᠢᠶ᠎ᠡ︔ | 5. ᠠᠵᠤ ᠠᠬᠤᠶᠢᠯᠠᠯ ᠡᠷᠬᠢᠯᠡᠬᠦ ᠪᠠᠷ ᠪᠠᠶᠢᠭ᠎ᠠ ᠠᠶᠢᠮᠠᠭ ᠬᠤᠲᠠ ᠶᠢᠨ ᠢᠳᠡᠭᠡᠨ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠠ ᠠᠴᠠ ᠬᠢᠵᠤ ᠦᠭᠭᠦᠭᠰᠡᠨ ᠠᠵᠤ ᠠᠬᠤᠶᠢᠯᠠᠯ᠂ ᠠᠵᠤ ᠠᠬᠤᠶᠢᠯᠠᠯ ᠤᠨ ᠬᠠᠤᠯᠢ ᠪᠠᠷ | ᠲᠤᠭᠲᠠᠭᠠᠭᠰᠠᠨ ᠲᠦᠯᠦᠭᠡᠯᠡᠭᠴᠢ᠂ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠶᠠᠰᠤ ᠴᠢᠨᠠᠷ ᠤᠨ | ᠬᠠᠷᠢᠭᠤᠴᠠᠯᠭᠠᠲᠠᠨ ᠳᠤ ︽ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ᠶᠢᠨ 76 ᠳ᠋ᠤᠭᠠᠷ ᠵᠦᠢᠯ᠂ 83 | ᠳ᠋ᠤᠭᠠᠷ ᠵᠦᠢᠯ ᠳᠤ ᠲᠤᠭᠲᠠᠭᠠᠭᠰᠠᠨ ᠪᠠᠶᠢᠳᠠᠯ ᠦᠯᠦ ᠪᠠᠶᠢᠬᠤ ᠬᠡᠷᠡᠴᠢ︔ | 6. ᠪᠠᠶᠢᠭᠤᠯᠬᠤ ᠪᠠᠷ ᠪᠠᠶᠢᠭ᠎ᠠ ᠡᠵᠡᠩᠨᠡᠯᠲᠡ ᠶᠢᠨ ᠲᠠᠯᠠᠪᠤᠷ᠂ ᠲᠤᠰᠠᠯᠠᠬᠤ ᠪᠡᠯᠡᠳᠭᠡᠮᠵᠢ᠂ ᠠᠵᠢᠯᠯᠠᠬᠤ ᠳᠤ | ᠬᠡᠷᠡᠭᠯᠡᠬᠦ ᠬᠡᠷ᠂ ᠬᠦᠮᠦᠷᠭᠡ ᠶᠢᠨ ᠬᠠᠶ᠋ᠢᠭ ᠬᠢᠭᠡᠳ ᠡᠷᠬᠢᠨ ᠲᠤᠭᠤᠷᠢᠨ ᠤ ᠠᠷᠢᠭᠤᠨ ᠴᠡᠪᠡᠷ ᠤᠨ ᠤᠷᠴᠢᠨ ᠲᠤᠭᠤᠷᠢᠨ | ᠵᠡᠷᠭᠡ ᠶᠢᠨ ᠪᠠᠶᠢᠳᠠᠯ᠂ ᠭᠠᠵᠠᠷ ᠵᠦᠢ ᠶᠢᠨ ᠪᠠᠶᠢᠷᠢᠯᠠᠯ ᠤᠨ ᠵᠢᠷᠤᠭ᠂ ᠬᠠᠪᠲᠠᠭᠠᠢ ᠪᠠᠶᠢᠷᠢᠰᠢᠭᠤᠯᠤᠯ ᠤᠨ ᠵᠢᠷᠤᠭ᠂ | ᠦᠷ᠎ᠡ ᠳ᠋ᠦᠡᠭ ᠤᠨ ᠪᠡᠶᠡᠲᠦ ᠵᠢᠷᠤᠭ ︵ᠲᠠᠯᠠᠪᠠᠢ ᠪᠤᠶᠤ ᠡᠵᠡᠯᠡᠬᠦᠨ᠂ ᠤᠷᠲᠤ᠂ ᠦᠷᠭᠡᠨ᠂ ᠦᠨᠳᠦᠷ︶ ᠢ | ᠳᠠᠭᠠᠯᠳᠠᠭᠤᠯᠤᠨᠠ︔ | 7. ᠪᠠᠶᠢᠭᠤᠯᠬᠤ ᠪᠠᠷ ᠪᠠᠶᠢᠭ᠎ᠠ ᠤᠳᠤ ᠦᠶ᠎ᠡ ᠶᠢᠨ ᠪᠠᠷᠠᠭ᠎ᠠ ᠶᠢᠨ ᠬᠦᠢᠯᠭᠡᠭᠡᠨ ᠤ ᠬᠦᠮᠦᠷᠭᠡᠯᠡᠨ ᠬᠠᠳᠠᠭᠠᠯᠠᠬᠤ | ᠰᠢᠰᠲ᠋ᠧᠮ ᠤᠨ ᠲᠦᠯᠦᠪᠵᠢᠭᠦᠯᠭᠡ ᠶᠢᠨ ᠪᠢᠴᠢᠭ᠂ ᠠᠮᠢᠳᠤ ᠪᠤᠳᠠᠰ ᠤᠨ ᠦᠢᠯᠡᠳᠭᠦᠨ᠂ ᠬᠢᠲᠠᠳ ᠡᠮ ᠤᠨ ᠮᠠᠲ᠋ᠧᠷᠢᠶᠠᠯ | ᠂ ᠬᠢᠲᠠᠳ ᠡᠮ ᠤᠨ ᠴᠢᠨᠠᠬᠤ ᠡᠮ ᠢ ᠲᠤᠰᠬᠠᠢ ᠡᠵᠡᠩᠨᠡᠬᠦ ᠠᠵᠤ ᠠᠬᠤᠶᠢᠯᠠᠯ ᠡᠭᠦᠨ ᠳᠤ ᠪᠠᠭᠲᠠᠬᠤ ᠦᠭᠡᠢ︔ | 8. ᠲᠤᠬᠢᠷᠠᠭᠤᠯᠬᠤ ᠪᠠᠷ ᠪᠠᠶᠢᠭ᠎ᠠ ᠪᠡᠯᠡᠳᠭᠡᠮᠵᠢ᠂ ᠲᠦᠬᠦᠭᠡᠷᠦᠮᠵᠢ ᠶᠢᠨ ᠭᠠᠷᠴᠠᠭ︔ | 9. ᠠᠵᠤ ᠠᠬᠤᠶᠢᠯᠠᠯ ᠤᠨ ᠳᠤᠲᠤᠷᠠᠬᠢ ᠡᠮ ᠤᠨ ᠵᠦᠢᠯ ᠬᠤᠳᠠᠯᠳᠤᠨ ᠠᠪᠴᠤ ᠤᠷᠤᠭᠤᠯᠬᠤ᠂ ᠬᠠᠳᠠᠭᠠᠯᠠᠬᠤ᠂ | ᠪᠤᠷᠤᠯᠠᠭᠤᠯᠬᠤ ᠵᠢᠴᠢ ᠡᠵᠡᠩᠨᠡᠬᠦ ᠪᠠ ᠶᠠᠰᠤ ᠴᠢᠨᠠᠷ ᠤᠨ ᠡᠵᠡᠮᠳᠡᠯ ᠤᠨ ᠪᠦᠬᠦ ᠶᠠᠪᠤᠴᠠ ᠶᠢ ᠬᠠᠮᠤᠷᠴᠤ ᠳᠡᠶᠢᠯᠬᠦ᠂ | ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢ ᠪᠦᠬᠦ ᠲᠠᠯ᠎ᠠ ᠪᠠᠷ ᠲᠡᠮᠳᠡᠭᠯᠡᠬᠦ ᠪᠠ ︽ᠡᠮ ᠤᠨ ᠵᠦᠢᠯ ᠡᠵᠡᠩᠨᠡᠬᠦ | ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ᠤᠨ ᠲᠠᠯ᠎ᠠ ᠶᠢᠨ ᠮᠡᠳᠡᠭᠡ ᠵᠠᠩᠬᠢ ᠶᠢ ᠬᠡᠷᠡᠭᠵᠢᠬᠦᠯᠬᠦ᠂ ︽ᠡᠮ ᠤᠨ | ᠵᠦᠢᠯ ᠡᠵᠡᠩᠨᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ᠠᠴᠠ ᠡᠮ ᠤᠨ ᠵᠦᠢᠯ ᠡᠵᠡᠩᠨᠡᠬᠦ ᠪᠦᠬᠦ | ᠶᠠᠪᠤᠴᠠ ᠳᠤ ᠲᠠᠯᠪᠢᠵᠤ ᠪᠠᠶᠢᠭ᠎ᠠ ᠱᠠᠭᠠᠷᠳᠠᠯᠭ᠎ᠠ ᠳᠤ ᠨᠡᠶᠢᠴᠡᠬᠦ᠂ ᠲᠤᠰ ᠭᠠᠵᠠᠷ ᠤᠨ ᠢᠳᠡᠭᠡᠨ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠨᠦᠬᠦᠴᠡᠯ ᠢ ᠬᠦᠯᠢᠶᠡᠨ ᠠᠪᠤᠭᠰᠠᠨ ᠺᠤᠮᠫᠢᠤᠲ᠋ᠧᠷ ᠤᠨ ᠬᠠᠮᠢᠶᠠᠷᠤᠯᠲᠠ ᠶᠢᠨ ᠮᠡᠳᠡᠭᠡ | ᠵᠠᠩᠬᠢ ᠶᠢᠨ ᠰᠢᠰᠲ᠋ᠧᠮ ᠢ ᠬᠡᠷᠡᠭᠵᠢᠬᠦᠯᠵᠤ ᠪᠤᠯᠬᠤ ᠲᠦᠯᠦᠪᠵᠢᠭᠦᠯᠭᠡ ᠶᠢᠨ ᠪᠢᠴᠢᠭ᠃ | 10. ᠮᠠᠲ᠋ᠧᠷᠢᠶᠠᠯ ᠮᠡᠳᠡᠭᠦᠯᠬᠦ ᠳᠡᠭᠡᠨ᠂ ᠭᠤᠶᠤᠴᠢᠯᠠᠭᠴᠢ ᠨᠢ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ | ᠪᠤᠶᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠤᠰ ᠬᠦᠮᠦᠨ ᠪᠢᠰᠢ ᠪᠤᠯ᠂ ᠬᠠᠤᠯᠢ ᠪᠠᠷ ᠲᠤᠭᠲᠠᠭᠠᠭᠰᠠᠨ | ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ ︽ᠡᠷᠬᠡ ᠤᠯᠭᠤᠬᠤ ᠨᠠᠶᠢᠳᠠᠯᠭ᠎ᠠ ᠶᠢᠨ ᠪᠢᠴᠢᠭ︾ ᠢ ᠲᠤᠰᠢᠶᠠᠬᠤ | ᠬᠡᠷᠡᠭᠲᠠᠢ︔ | 11. ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠤᠳᠠᠲᠤ ᠴᠢᠨᠠᠷ ᠢ ᠪᠠᠲᠤᠯᠠᠬᠤ ᠶᠢᠨ ᠬᠠᠮᠲᠤ ᠬᠠᠤᠯᠢ | ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ︽ᠠᠮᠠᠯᠳᠠᠭ᠎ᠠ ᠶᠢᠨ ᠪᠢᠴᠢᠭ︾᠃ | ᠲᠤᠲᠤᠷᠬᠠᠶᠢᠯᠠᠬᠤ ᠨᠢ᠄ ᠭᠤᠶᠤᠴᠢᠯᠠᠯ ᠤᠨ ᠮᠠᠲ᠋ᠧᠷᠢᠶᠠᠯ ᠳᠤ ᠬᠢᠷᠢ ᠴᠢᠳᠠᠮᠵᠢ ᠶᠢ ᠬᠡᠷᠡᠴᠢᠯᠡᠭᠰᠡᠨ ᠲᠦᠷᠦᠯ ᠤᠨ | ᠪᠢᠴᠢᠭ ᠮᠠᠲ᠋ᠧᠷᠢᠶᠠᠯ ᠤᠨ ᠬᠠᠭᠤᠯᠪᠤᠷᠢ ᠲᠠᠢ ᠪᠠᠶᠢᠵᠤ᠂ ᠭᠤᠶᠤᠴᠢᠯᠠᠭᠴᠢ ᠨᠢ ᠬᠠᠤᠯᠢ ᠶᠢᠨ ᠡᠷᠭᠡᠲᠡᠨ ᠪᠤᠶᠤ ᠪᠤᠰᠤᠳ | ᠵᠤᠬᠢᠶᠠᠨ ᠪᠠᠶᠢᠭᠤᠯᠤᠯᠲᠠ ᠪᠠᠶᠢᠪᠠᠯ᠂ ᠬᠠᠭᠤᠯᠪᠤᠷᠢ ᠳᠡᠭᠡᠷ᠎ᠡ ᠬᠠᠤᠯᠢ ᠶᠢᠨ ᠡᠷᠭᠡᠲᠡᠨ ᠪᠤᠶᠤ ᠪᠤᠰᠤᠳ ᠵᠤᠬᠢᠶᠠᠨ | ᠪᠠᠶᠢᠭᠤᠯᠤᠯᠲᠠ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠠᠢ︔ ᠭᠤᠶᠤᠴᠢᠯᠠᠭᠴᠢ ᠨᠢ ᠪᠠᠶᠢᠭᠠᠯᠢ ᠬᠦᠮᠦᠨ ᠪᠤᠯ | ᠬᠠᠭᠤᠯᠪᠤᠷᠢ ᠳᠡᠭᠡᠷ᠎ᠡ ᠪᠠᠶᠢᠭᠠᠯᠢ ᠬᠦᠮᠦᠨ ᠭᠠᠷ ᠤᠨ ᠦᠰᠦᠭ ᠵᠢᠷᠤᠬᠤ ᠶᠢᠨ ᠬᠠᠮᠲᠤ ᠭᠠᠷ ᠤᠨ ᠤᠷᠤ ᠳᠠᠷᠤᠭᠰᠠᠨ | ᠪᠠᠶᠢᠬᠤ ᠬᠡᠷᠡᠭᠲᠠᠢ᠃ |