ᠰᠢᠨ᠎ᠡ ᠪᠠᠷ ᠨᠡᠭᠡᠭᠡᠨ ᠡᠷᠬᠢᠯᠡᠭᠰᠡᠨ ᠡᠮ ᠤᠨ ᠵᠦᠢᠯ ᠪᠦᠭᠡᠮ ᠢᠶᠠᠷ ᠬᠤᠳᠠᠯᠳᠤᠬᠤ ᠠᠵᠤ ᠠᠬᠤᠶᠢᠯᠠᠯ ᠢ ᠰᠢᠯᠭᠠᠨ | ᠠᠪᠬᠤ ᠶᠢ ᠭᠤᠶᠤᠴᠢᠯᠠᠬᠤ ᠳᠤ ᠳᠤᠤᠷᠠᠬᠢ ᠮᠠᠲ᠋ᠧᠷᠢᠶᠠᠯ ᠢ ᠲᠤᠰᠢᠶᠠᠬᠤ ᠴᠢᠬᠤᠯᠠᠲᠠᠢ᠄ | 1. ᠰᠢᠯᠭᠠᠨ ᠠᠪᠤᠭᠤᠯᠬᠤ ᠭᠤᠶᠤᠴᠢᠯᠠᠯ ᠬᠢᠭᠡᠳ ᠦᠪᠡᠷ ᠢ ᠪᠠᠨ ᠪᠠᠶᠢᠴᠠᠭᠠᠭᠰᠠᠨ ᠮᠡᠳᠡᠭᠦᠯᠦᠯᠲᠡ ︵ᠬᠠᠮᠢᠶ᠎ᠠ | ᠪᠦᠬᠦᠢ ᠲᠤᠭᠲᠠᠭᠠᠯ ᠬᠢᠬᠡᠳ ᠪᠠᠷᠢᠮᠵᠢᠶ᠎ᠠ ᠶᠢ ᠦᠨᠳᠦᠰᠦᠯᠡᠨ ᠦᠪᠡᠷ ᠢ ᠪᠠᠨ ᠨᠠᠷᠢᠨ ᠪᠠᠶᠢᠴᠠᠭᠠᠵᠤ ᠬᠠᠷᠭᠤᠭᠤᠯᠤᠨ᠎ᠠ︶︔ | | 2. ᠡᠮ ᠤᠨ ᠵᠦᠢᠯ ᠡᠵᠡᠩᠨᠡᠬᠦ ᠵᠦᠪᠰᠢᠶᠡᠷᠡᠯ ᠤᠨ ᠦᠨᠡᠮᠯᠡᠯ ︵ᠪᠦᠭᠡᠮ ᠢᠶᠠᠷ ᠬᠤᠳᠠᠯᠳᠤᠬᠤ︶ ᠭᠤᠶᠤᠴᠢᠯᠠᠬᠤ | ᠬᠢᠨᠠᠨ ᠵᠦᠪᠰᠢᠶᠡᠷᠡᠯ ᠤᠨ ᠬᠦᠰᠦᠨᠦᠭᠲᠦ ︵ᠳᠠᠭᠠᠯᠳᠠᠭᠤᠯᠤᠯ 2︶︔ | 3. ᠪᠡᠯᠡᠳᠭᠡᠨ ᠪᠠᠶᠢᠭᠤᠯᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠠᠭᠤᠯᠪᠤᠷᠢ︔ | 4. ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ | ᠬᠢᠵᠤ ᠦᠭᠭᠦᠭᠰᠡᠨ ᠡᠷᠬᠢᠯᠡᠬᠦ ᠪᠠᠷ ᠪᠠᠶᠢᠭ᠎ᠠ ᠠᠵᠤ ᠠᠬᠤᠶᠢᠯᠠᠯ ᠤᠨ ᠨᠠᠷᠡᠶᠢᠳᠦᠯ ᠢ ᠤᠷᠢᠳᠴᠢᠯᠠᠨ ᠬᠢᠨᠠᠨ | ᠬᠠᠷᠭᠤᠭᠤᠯᠤᠭᠰᠠᠨ ᠮᠡᠳᠡᠭᠳᠡᠯ ᠤᠨ ᠪᠢᠴᠢᠭ ᠤᠨ ᠬᠡᠷᠡᠴᠢᠯᠡᠭᠰᠡᠨ ᠪᠢᠴᠢᠭ ᠮᠠᠲ᠋ᠧᠷᠢᠶᠠᠯ ᠪᠤᠶᠤ ᠡᠵᠡᠩᠨᠡᠯᠲᠡ ᠶᠢᠨ | ᠦᠨᠡᠮᠯᠡᠯ ᠤᠨ ᠤᠭ ᠵᠦᠢᠯ᠂ ᠬᠠᠭᠤᠯᠪᠤᠷᠢ︔ | 5. ᠠᠵᠤ ᠠᠬᠤᠶᠢᠯᠠᠯ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠠᠶᠢᠳᠠᠯ ᠬᠢᠭᠡᠳ ᠪᠤᠷᠤ | ᠵᠢᠷᠤᠭ︔ | 6. ᠠᠵᠤ ᠠᠬᠤᠶᠢᠯᠠᠯ ᠤᠨ ᠠᠵᠢᠯᠲᠠᠨ ᠤ ᠨᠡᠷ᠎ᠡ ᠶᠢᠨ ᠪᠦᠷᠢᠳᠭᠡᠯ︔ | 7. ᠠᠵᠤ ᠠᠬᠤᠶᠢᠯᠠᠯ ᠤᠨ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ᠂ ᠠᠵᠤ ᠠᠬᠤᠢ ᠶᠢᠨ | ᠬᠠᠷᠢᠭᠤᠴᠠᠯᠭᠠᠲᠠᠨ᠂ ᠶᠠᠰᠤ ᠴᠢᠨᠠᠷ ᠤᠨ ᠬᠠᠷᠢᠭᠤᠴᠠᠯᠭᠠᠲᠠᠨ᠂ ᠶᠠᠰᠤ ᠴᠢᠨᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠶᠠᠰᠤ ᠴᠢᠨᠠᠷ ᠤᠨ ᠬᠠᠮᠢᠶᠠᠷᠤᠭᠴᠢ᠂ ᠰᠢᠯᠭᠠᠨ ᠬᠤᠷᠢᠶᠠᠭᠴᠢ᠂ | ᠬᠠᠮᠠᠭᠠᠯᠠᠭᠴᠢ ᠶᠢᠨ ᠪᠡᠶ᠎ᠡ ᠶᠢᠨ ᠦᠨᠡᠮᠯᠡᠯ᠂ ᠰᠤᠷᠤᠯᠭ᠎ᠠ ᠶᠢᠨ ᠨᠠᠮᠲᠠᠷ ᠤᠨ ᠬᠡᠷᠡᠴᠢ᠂ ᠮᠡᠷᠭᠡᠵᠢᠯ ᠤᠨ ᠴᠤᠯᠠ ᠶᠢᠨ | ᠬᠡᠷᠡᠴᠢ᠂ ᠠᠵᠢᠯ ᠡᠷᠬᠢᠯᠡᠬᠦ ᠬᠢᠷᠢ ᠬᠡᠮ ᠤᠨ ᠬᠡᠷᠡᠴᠢ᠂ ᠪᠤᠯᠪᠠᠰᠤᠷᠠᠭᠤᠯᠤᠯ ᠪᠤᠶᠤ ᠠᠵᠢᠯ ᠤᠨ ᠪᠠᠶᠢᠷᠢ ᠶᠢᠨ ᠬᠢᠷᠢ | ᠲᠡᠩᠴᠡᠭᠰᠡᠨ ᠬᠡᠷᠡᠴᠢ᠂ ᠠᠵᠢᠯ ᠠᠴᠠ ᠪᠠᠨ ᠰᠠᠯᠤᠭᠰᠠᠨ ᠬᠡᠷᠡᠴᠢ ᠶᠢᠨ ᠤᠭ ᠵᠦᠢᠯ᠂ ᠬᠠᠭᠤᠯᠪᠤᠷᠢ ᠬᠢᠭᠡᠳ ᠬᠤᠪᠢ | ᠬᠦᠮᠦᠨ ᠤ ᠲᠤᠪᠴᠢ ᠨᠠᠮᠲᠠᠷ᠂ ᠤᠷᠢᠨ ᠲᠤᠮᠢᠯᠠᠭᠰᠠᠨ ᠪᠢᠴᠢᠭ ᠮᠠᠲ᠋ᠧᠷᠢᠶᠠᠯ︔ | 8. ᠡᠵᠡᠩᠨᠡᠯᠲᠡ ᠶᠢᠨ ᠲᠠᠯᠠᠪᠤᠷ᠂ ᠲᠤᠰᠠᠯᠠᠬᠤ ᠪᠡᠯᠡᠳᠭᠡᠮᠵᠢ᠂ ᠠᠵᠢᠯᠯᠠᠬᠤ ᠳᠤ ᠬᠡᠷᠡᠭᠯᠡᠬᠦ ᠬᠡᠷ᠂ | ᠬᠦᠮᠦᠷᠭᠡ ᠶᠢᠨ ᠦᠮᠴᠢᠯᠡᠬᠦ ᠡᠷᠭᠡ ᠪᠤᠶᠤ ᠬᠡᠷᠡᠭᠯᠡᠬᠦ ᠡᠷᠭᠡ ᠶᠢᠨ ᠬᠡᠷᠡᠴᠢ ᠶᠢᠨ ᠤᠭ ᠵᠦᠢᠯ ᠪᠠ ᠬᠠᠭᠤᠯᠪᠤᠷᠢ︔ | 9. ᠡᠵᠡᠩᠨᠡᠯᠲᠡ ᠶᠢᠨ ᠲᠠᠯᠠᠪᠤᠷ᠂ ᠲᠤᠰᠠᠯᠠᠬᠤ ᠪᠡᠯᠡᠳᠭᠡᠮᠵᠢ᠂ ᠠᠵᠢᠯᠯᠠᠬᠤ ᠳᠤ ᠬᠡᠷᠡᠭᠯᠡᠬᠦ ᠬᠡᠷ᠂ | ᠬᠦᠮᠦᠷᠭᠡ ᠶᠢᠨ ᠭᠠᠵᠠᠷ ᠵᠦᠢ ᠶᠢᠨ ᠪᠠᠶᠢᠷᠢᠯᠠᠯ ᠤᠨ ᠵᠢᠷᠤᠭ᠂ ᠬᠠᠪᠲᠠᠭᠠᠢ ᠪᠠᠶᠢᠷᠢᠰᠢᠭᠤᠯᠤᠯ ᠤᠨ ᠵᠢᠷᠤᠭ᠂ ᠦᠷ᠎ᠡ | ᠳ᠋ᠦᠡᠭ ᠤᠨ ᠪᠡᠶᠡᠲᠦ ᠵᠢᠷᠤᠭ ︵ᠲᠠᠯᠠᠪᠠᠢ ᠪᠤᠶᠤ ᠡᠵᠡᠯᠡᠬᠦᠨ᠂ ᠤᠷᠲᠤ᠂ ᠦᠷᠭᠡᠨ᠂ ᠦᠨᠳᠦᠷ ᠢ ᠬᠠᠳᠠᠨ᠎ᠠ︶︔ | 10. ᠤᠳᠤ ᠦᠶ᠎ᠡ ᠶᠢᠨ ᠪᠠᠷᠠᠭ᠎ᠠ ᠶᠢᠨ ᠬᠦᠢᠯᠭᠡᠭᠡᠨ ᠤ ᠬᠦᠮᠦᠷᠭᠡᠯᠡᠨ ᠬᠠᠳᠠᠭᠠᠯᠠᠬᠤ ᠰᠢᠰᠲ᠋ᠧᠮ ᠤᠨ | ᠪᠠᠶᠢᠳᠠᠯ ᠤᠨ ᠲᠠᠶᠢᠯᠪᠤᠷᠢᠯᠠᠯᠲᠠ᠂ ᠠᠮᠢᠳᠤ ᠪᠤᠳᠠᠰ ᠤᠨ ᠦᠢᠯᠡᠳᠭᠦᠨ᠂ ᠬᠢᠲᠠᠳ ᠡᠮ ᠤᠨ ᠮᠠᠲ᠋ᠧᠷᠢᠶᠠᠯ᠂ ᠬᠢᠲᠠᠳ | ᠡᠮ ᠤᠨ ᠴᠢᠨᠠᠬᠤ ᠡᠮ ᠢ ᠲᠤᠰᠬᠠᠢ ᠡᠵᠡᠩᠨᠡᠬᠦ ᠠᠵᠤ ᠠᠬᠤᠶᠢᠯᠠᠯ ᠡᠭᠦᠨ ᠳᠤ ᠪᠠᠭᠲᠠᠬᠤ ᠦᠭᠡᠢ︔ | 11. ᠪᠡᠯᠡᠳᠭᠡᠮᠵᠢ᠂ ᠲᠦᠭᠦᠭᠡᠷᠦᠮᠵᠢ ᠶᠢᠨ ᠭᠠᠷᠴᠠᠭ︔ | 12. ᠺᠤᠮᠫᠢᠤᠲ᠋ᠧᠷ ᠤᠨ ᠬᠠᠮᠢᠶᠠᠷᠤᠯᠲᠠ ᠶᠢᠨ ᠮᠡᠳᠡᠭᠡ ᠵᠠᠩᠬᠢ ᠶᠢᠨ ᠰᠢᠰᠲ᠋ᠧᠮ ᠤᠨ ᠪᠠᠶᠢᠳᠠᠯ ᠤᠨ | ᠲᠠᠶᠢᠯᠪᠤᠷᠢᠯᠠᠯᠲᠠ︔ | 13. ᠡᠷᠬᠢᠯᠡᠬᠦ ᠪᠠᠷ ᠪᠠᠶᠢᠭ᠎ᠠ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠦᠠᠷᠤᠯᠲᠠ ᠶᠢᠨ ᠪᠢᠴᠢᠭ | ᠮᠠᠲ᠋ᠧᠷᠢᠶᠠᠯ ᠬᠢᠭᠡᠳ ᠪᠢᠴᠢᠭ ᠮᠠᠲ᠋ᠧᠷᠢᠶᠠᠯ ᠤᠨ ᠭᠠᠷᠴᠠᠭ︔ | 14. ᠮᠠᠲ᠋ᠧᠷᠢᠶᠠᠯ ᠮᠡᠳᠡᠭᠦᠯᠬᠦ ᠳᠡᠭᠡᠨ᠂ ᠭᠤᠶᠤᠴᠢᠯᠠᠭᠴᠢ ᠨᠢ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ | ᠪᠤᠶᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠤᠰ ᠬᠦᠮᠦᠨ ᠪᠢᠰᠢ ᠪᠤᠯ ᠬᠠᠤᠯᠢ ᠪᠠᠷ ᠲᠤᠭᠲᠠᠭᠠᠭᠰᠠᠨ | ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ ︽ᠡᠷᠭᠡ ᠤᠯᠭᠤᠬᠤ ᠨᠠᠶᠢᠳᠠᠯᠭ᠎ᠠ ᠶᠢᠨ ᠪᠢᠴᠢᠭ︾ ᠢ ᠲᠤᠰᠢᠶᠠᠬᠤ | ᠬᠡᠷᠡᠭᠲᠠᠢ︔ | 15. ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠤᠳᠠᠲᠤ ᠴᠢᠨᠠᠷ ᠢ ᠪᠠᠲᠤᠯᠠᠬᠤ ᠶᠢᠨ ᠬᠠᠮᠲᠤ ᠬᠠᠤᠯᠢ | ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ︽ᠠᠮᠠᠯᠳᠠᠭ᠎ᠠ ᠶᠢᠨ ᠪᠢᠴᠢᠭ︾︔ | 16. ᠪᠡᠯᠡᠳᠭᠡᠨ ᠪᠠᠶᠢᠭᠤᠯᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠢᠨᠠᠨ ᠬᠠᠷᠭᠤᠭᠤᠯᠤᠭᠰᠠᠨ | ᠵᠦᠢᠯᠡᠰ ᠲᠤ ᠬᠤᠪᠢᠷᠠᠯᠲᠠ ᠭᠠᠷᠤᠭᠰᠠᠨ ᠪᠤᠯ ᠬᠤᠪᠢᠷᠠᠭᠠᠬᠤ ᠭᠤᠶᠤᠴᠢᠯᠠᠯ ᠬᠢᠭᠡᠳ ᠬᠤᠯᠪᠤᠭᠳᠠᠯ ᠪᠦᠬᠦᠢ ᠬᠡᠷᠡᠴᠢᠯᠡᠬᠦ | ᠪᠢᠴᠢᠭ ᠮᠠᠲ᠋ᠧᠷᠢᠶᠠᠯ ᠢ ᠲᠤᠰᠢᠶᠠᠬᠤ ᠬᠡᠷᠡᠭᠲᠠᠢ︔ | ᠲᠤᠲᠤᠷᠬᠠᠶᠢᠯᠠᠬᠤ ᠨᠢ᠄ ᠭᠤᠶᠤᠴᠢᠯᠠᠯ ᠤᠨ ᠮᠠᠲ᠋ᠧᠷᠢᠶᠠᠯ ᠳᠤ ᠬᠢᠷᠢ ᠴᠢᠳᠠᠮᠵᠢ ᠶᠢ ᠬᠡᠷᠡᠴᠢᠯᠡᠭᠰᠡᠨ ᠲᠦᠷᠦᠯ ᠤᠨ | ᠪᠢᠴᠢᠭ ᠮᠠᠲ᠋ᠧᠷᠢᠶᠠᠯ ᠤᠨ ᠬᠠᠭᠤᠯᠪᠤᠷᠢ ᠲᠠᠢ ᠪᠠᠶᠢᠵᠤ᠂ ᠭᠤᠶᠤᠴᠢᠯᠠᠭᠴᠢ ᠨᠢ ᠬᠠᠤᠯᠢ ᠶᠢᠨ ᠡᠷᠬᠡᠲᠡᠨ ᠪᠤᠶᠤ ᠪᠤᠰᠤᠳ | ᠵᠤᠬᠢᠶᠠᠨ ᠪᠠᠶᠢᠭᠤᠯᠤᠯᠲᠠ ᠪᠠᠶᠢᠪᠠᠯ᠂ ᠬᠠᠭᠤᠯᠪᠤᠷᠢ ᠳᠡᠭᠡᠷ᠎ᠡ ᠬᠠᠤᠯᠢ ᠶᠢᠨ ᠡᠷᠭᠡᠲᠡᠨ ᠪᠤᠶᠤ ᠪᠤᠰᠤᠳ ᠵᠤᠬᠢᠶᠠᠨ | ᠪᠠᠶᠢᠭᠤᠯᠤᠯᠲᠠ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠠᠢ︔ ᠭᠤᠶᠤᠴᠢᠯᠠᠭᠴᠢ ᠨᠢ ᠪᠠᠶᠢᠭᠠᠯᠢ ᠬᠦᠮᠦᠨ ᠪᠤᠯ | ᠬᠠᠭᠤᠯᠪᠤᠷᠢ ᠳᠡᠭᠡᠷ᠎ᠡ ᠪᠠᠶᠢᠭᠠᠯᠢ ᠬᠦᠮᠦᠨ ᠭᠠᠷ ᠤᠨ ᠦᠰᠦᠭ ᠵᠢᠷᠤᠬᠤ ᠶᠢᠨ ᠬᠠᠮᠲᠤ ᠭᠠᠷ ᠤᠨ ᠤᠷᠤ ᠳᠠᠷᠤᠭᠰᠠᠨ | ᠪᠠᠶᠢᠬᠤ ᠬᠡᠷᠡᠭᠲᠠᠢ᠃ | | | | | | | | | | | | ᠁ |