ᠨᠢᠭᠡ᠂ ᠵᠥᠪᠰᠢᠶᠡᠷᠡᠯ ᠤᠨ ᠲᠦᠷᠦᠯ ᠵᠦᠢᠯ᠄ ᠡᠮ ᠤᠨ ᠵᠦᠢᠯ ᠤᠨ ᠵᠠᠷ ᠮᠡᠳᠡᠭᠡ ᠨᠡᠶᠢᠲᠡᠯᠡᠬᠦ ᠪᠠᠷ ᠪᠦᠷᠢᠳᠭᠡᠯᠭᠡᠨ | ᠳᠠᠩᠰᠠᠯᠠᠭᠤᠯᠬᠤ᠃ | ᠬᠤᠶᠠᠷ᠂ ᠦᠨᠳᠦᠰᠦᠯᠡᠯ᠄ 1. ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠮᠡᠳᠡᠭᠡ ᠶᠢᠨ | ᠬᠠᠣᠯᠢ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ 34 ᠳ᠋ᠦ᠋ᠭᠡᠷ | ᠲᠣᠭᠠᠲᠤ︶︔ 2. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ | ᠬᠠᠮᠢᠶᠠᠷᠤᠯᠲᠠ ᠶᠢᠨ ᠬᠠᠣᠯᠢ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ | ᠵᠠᠷᠯᠢᠭ 45 ᠳ᠋ᠤᠭᠠᠷ ᠲᠣᠭᠠᠳᠤ︶︔ 3. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠶᠢᠨ | ᠵᠦᠢᠯ ᠤᠨ ᠬᠠᠮᠢᠶᠠᠷᠤᠯᠲᠠ ᠶᠢᠨ ᠬᠠᠣᠯᠢ ᠶᠢ ᠬᠡᠷᠡᠭᠵᠢᠭᠦᠯᠬᠦ ᠳᠦᠷᠢᠮ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 360 ᠳ᠋ᠤᠭᠠᠷ ᠲᠣᠭᠠᠲᠤ︶︔ 4. ︽ᠡᠮ ᠤᠨ | ᠵᠦᠢᠯ ᠤᠨ ᠵᠠᠷ ᠮᠡᠳᠡᠭᠡ ᠶᠢ ᠬᠢᠨᠠᠨ ᠪᠠᠶᠢᠴᠠᠭᠠᠬᠤ ᠠᠷᠭ᠎ᠠ︾ ︵ᠤᠯᠤᠰ ᠤᠨ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠷᠯᠢᠭ 27 ᠳ᠋ᠤᠭᠠᠷ ᠲᠣᠭᠠᠲᠤ︶︔ 5. ︽ᠡᠮ ᠤᠨ ᠵᠦᠢᠯ ᠤᠨ | ᠵᠠᠷ ᠮᠡᠳᠡᠭᠡ ᠶᠢ ᠬᠢᠨᠠᠨ ᠪᠠᠶᠢᠴᠠᠭᠠᠵᠤ ᠨᠡᠶᠢᠲᠡᠯᠡᠬᠦ ᠪᠠᠷᠢᠮᠵᠢᠶ᠎ᠠ︾ ︵ᠤᠯᠤᠰ ᠤᠨ ᠠᠵᠤ ᠦᠢᠯᠡᠳᠪᠦᠷᠢ | ᠬᠤᠳᠠᠯᠳᠤᠭ᠎ᠠ ᠶᠢᠨ ᠶᠡᠷᠦᠩᠭᠡᠢ ᠲᠣᠪᠴᠢᠶ᠎ᠠ ᠶᠢᠨ ᠵᠠᠷᠯᠢᠭ 27 ᠳ᠋ᠤᠭᠠᠷ ᠲᠣᠭᠠᠲᠤ︶᠃ | ᠭᠤᠷᠪᠠ᠂ ᠭᠤᠶᠤᠴᠢᠯᠠᠬᠤ ᠬᠡᠪᠴᠢᠶ᠎ᠡ᠄ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠠᠴᠠ | ᠭᠠᠳᠠᠨᠠᠬᠢ ᠡᠮ ᠤᠨ ᠵᠦᠢᠯ ᠦᠢᠯᠡᠳᠪᠦᠷᠢᠯᠡᠬᠦ ᠠᠵᠤ ᠠᠬᠤᠶᠢᠯᠠᠯ᠂ ᠡᠮ ᠤᠨ ᠵᠦᠢᠯ ᠡᠵᠡᠩᠨᠡᠬᠦ ᠠᠵᠤ ᠠᠬᠤᠶᠢᠯᠠᠯ᠂ | ᠭᠠᠳᠠᠭᠠᠳᠤ ᠠᠴᠠ ᠣᠷᠣᠭᠤᠯᠤᠭᠰᠠᠨ ᠡᠮ ᠤᠨ ᠵᠦᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠥᠪᠡᠷᠲᠡᠭᠡᠨ ᠵᠠᠰᠠᠬᠤ | ᠣᠷᠣᠨ ᠳᠤ ᠡᠮ ᠤᠨ ᠵᠠᠷ ᠮᠡᠳᠡᠭᠡ ᠨᠡᠶᠢᠲᠡᠯᠡᠬᠦ ᠪᠠᠷ ᠭᠤᠶᠤᠴᠢᠯᠠᠨ᠎ᠠ᠃ | ᠳᠥᠷᠪᠡ᠂ ᠡᠮ ᠤᠨ ᠵᠦᠢᠯ ᠤᠨ ᠵᠠᠷ ᠮᠡᠳᠡᠭᠡ ᠨᠡᠶᠢᠲᠡᠯᠡᠬᠦ ᠪᠠᠷ ᠭᠤᠶᠤᠴᠢᠯᠠᠬᠤ ᠳᠤ ᠮᠡᠳᠡᠭᠦᠯᠬᠦ ᠴᠢᠬᠤᠯᠠᠲᠠᠢ | ᠮᠠᠲ᠋ᠧᠷᠢᠶᠠᠯ᠄ | 1.ᠡᠮ ᠤᠨ ᠵᠦᠢᠯ ᠦᠢᠯᠡᠳᠪᠦᠷᠢᠯᠡᠬᠦ ᠠᠵᠤ ᠠᠬᠤᠶᠢᠯᠠᠯ᠂ ᠭᠠᠳᠠᠭᠠᠳᠤ ᠠᠴᠠ ᠣᠷᠣᠭᠤᠯᠤᠭᠰᠠᠨ ᠡᠮ ᠤᠨ | ᠵᠦᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠬᠢᠨᠠᠭᠠᠳ ᠵᠥᠪᠰᠢᠶᠡᠷᠡᠭᠰᠡᠨ ︽ᠡᠮ ᠤᠨ | ᠵᠦᠢᠯ ᠤᠨ ᠵᠠᠷ ᠮᠡᠳᠡᠭᠡ ᠶᠢ ᠬᠢᠨᠠᠨ ᠪᠠᠶᠢᠴᠠᠭᠠᠬᠤ ᠬᠦᠰᠦᠨᠦᠭᠲᠦ︾ ᠶᠢᠨ ᠡᠬᠡ ᠮᠠᠲ᠋ᠧᠷᠢᠶᠠᠯ ᠨᠢᠭᠡ ᠬᠤᠪᠢ ︵ | ᠪᠠᠶᠢᠴᠠᠭᠠᠨ ᠰᠢᠯᠭᠠᠭᠰᠠᠨ ᠤ ᠳᠠᠷᠠᠭ᠎ᠠ ᠲᠡᠷᠡ ᠳᠠᠷᠣᠢ ᠳᠤᠨᠢ ᠪᠤᠴᠠᠭᠠᠨ᠎ᠠ︶᠂ ᠬᠠᠭᠤᠯᠪᠤᠷᠢ ᠭᠤᠷᠪᠠᠨ ᠬᠤᠪᠢ︔ | 2. ᠵᠥᠪᠰᠢᠶᠡᠷᠡᠭᠰᠡᠨ ᠲᠠᠶᠢᠯᠪᠤᠷᠢ ᠶᠢᠨ ᠬᠠᠭᠤᠯᠪᠤᠷᠢ ᠪᠠ ᠪᠤᠳᠠᠳᠠᠢ ᠬᠡᠷᠡᠭᠯᠡᠭᠰᠡᠨ ᠱᠣᠰᠢᠭ᠎ᠠ ᠲᠡᠮᠳᠡᠭ ᠬᠢᠭᠡᠳ | ᠲᠠᠶᠢᠯᠪᠤᠷᠢ ︵ᠪᠤᠳᠠᠳᠠᠢ ᠬᠡᠷᠡᠭᠯᠡᠭᠰᠡᠨ ᠱᠣᠰᠢᠭ᠎ᠠ ᠲᠡᠮᠳᠡᠭ ᠬᠢᠭᠡᠳ ᠲᠠᠶᠢᠯᠪᠤᠷᠢ ᠶᠢ A4 ᠴᠠᠭᠠᠰᠣᠨ ᠳᠡᠭᠡᠷ᠎ᠡ ᠳᠡᠭᠰᠢᠬᠡᠨ | ᠨᠠᠭᠠᠯᠳᠤᠭᠤᠯᠤᠨ᠎ᠠ︶︔ | 3. ᠲᠧᠯᠸᠢᠰ ᠵᠠᠷ ᠮᠡᠳᠡᠭᠡ ᠪᠣᠯᠣᠨ ᠷᠠᠳᠢᠣ᠋ ᠵᠠᠷ ᠮᠡᠳᠡᠭᠡ ᠪᠣᠯ ᠬᠢᠨᠠᠨ ᠪᠠᠶᠢᠴᠠᠭᠠᠯᠭᠠᠭᠰᠠᠨ ᠠᠭᠤᠯᠭ᠎ᠠ ᠲᠠᠢ ᠪᠠᠨ | ᠨᠢᠭᠡᠳᠦᠯᠲᠡᠢ ᠵᠠᠷ ᠮᠡᠳᠡᠭᠡᠨ ᠤ ᠦᠯᠢᠭᠡᠷ ᠪᠦᠰᠡ᠂ ᠭᠡᠷᠡᠯ ᠳ᠋ᠢᠰᠺ ᠪᠤᠶᠤ ᠪᠤᠰᠤᠳ ᠵᠠᠭᠤᠴᠢ ᠠᠴᠢᠶᠠᠯᠠᠪᠤᠷᠢ ᠶᠢ | ᠲᠤᠰᠢᠶᠠᠬᠤ ᠬᠡᠷᠡᠭᠲᠡᠢ︔ | 4. ᠡᠷᠬᠡ ᠣᠯᠭᠤᠭᠰᠠᠨ ᠪᠢᠴᠢᠭ ᠬᠢᠭᠡᠳ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ᠄ | ︵1︶ ᠭᠤᠶᠤᠴᠢᠯᠠᠭᠰᠠᠨ ᠨᠢᠭᠡᠴᠡ ᠨᠢ ᠡᠮ ᠤᠨ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠪᠠᠶᠢᠪᠠᠯ | ᠦᠢᠯᠡᠳᠪᠦᠷᠢᠯᠡᠬᠦ ᠠᠵᠤ ᠠᠬᠤᠶᠢᠯᠠᠯ ᠤᠨ ᠬᠠᠣᠯᠢ ᠶᠢᠨ ᠡᠷᠬᠡᠲᠡᠨ ᠠᠴᠠ ᠡᠷᠬᠢᠯᠡᠨ ᠭᠦᠢᠴᠡᠳᠬᠡᠭᠴᠢ ᠳᠤ ᠬᠢᠵᠦ | ᠥᠭᠭᠦᠭᠰᠡᠨ ︽ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ︾ ᠤᠨ ᠤᠭ ᠵᠦᠢᠯ ᠢ 1 ᠬᠤᠪᠢ ᠬᠠᠩᠭᠠᠬᠤ ᠬᠡᠷᠡᠭᠲᠡᠢ︔ | ︵2︶ ᠭᠤᠶᠤᠴᠢᠯᠠᠭᠰᠠᠨ ᠨᠢᠭᠡᠴᠡ ᠨᠢ ᠲᠤᠰ ᠵᠠᠷ ᠮᠡᠳᠡᠭᠡ ᠭᠤᠶᠤᠴᠢᠯᠠᠭᠰᠠᠨ ᠡᠮ ᠤᠨ ᠵᠦᠢᠯ ᠦᠢᠯᠡᠳᠪᠦᠷᠢᠯᠡᠬᠦ | ᠠᠵᠤ ᠠᠬᠤᠶᠢᠯᠠᠯ ︵ᠭᠠᠳᠠᠭᠠᠳᠤ ᠠᠴᠠ ᠣᠷᠣᠭᠤᠯᠤᠭᠰᠠᠨ ᠡᠮ ᠤᠨ ᠵᠦᠢᠯ ᠪᠠᠭᠲᠠᠨ᠎ᠠ︶ ᠪᠢᠰᠢ ᠪᠠᠶᠢᠪᠠᠯ᠂ | ᠦᠢᠯᠡᠳᠪᠦᠷᠢᠯᠡᠬᠦ ᠠᠵᠤ ᠠᠬᠤᠶᠢᠯᠠᠯ ᠠᠴᠠ ᠭᠤᠶᠤᠴᠢᠯᠠᠭᠰᠠᠨ ᠨᠢᠭᠡᠴᠡ ᠳᠤ ᠬᠢᠵᠦ ᠥᠭᠭᠦᠭᠰᠡᠨ ᠡᠷᠬᠡ ᠣᠯᠭᠤᠬᠤ | ᠪᠢᠴᠢᠭ 1 ᠬᠤᠪᠢ ᠵᠢᠴᠢ ᠭᠤᠶᠤᠴᠢᠯᠠᠯ ᠤᠨ ᠨᠢᠭᠡᠴᠡ ᠠᠵᠤ ᠠᠬᠤᠶᠢᠯᠠᠯ ᠤᠨ ᠬᠠᠣᠯᠢ ᠶᠢᠨ ᠡᠷᠬᠡᠲᠡᠨ ᠠᠴᠠ ᠡᠷᠬᠢᠯᠡᠨ | ᠭᠦᠢᠴᠡᠳᠬᠡᠭᠴᠢ ᠳᠤ ᠬᠢᠵᠦ ᠥᠭᠭᠦᠭᠰᠡᠨ ︽ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ︾ ᠤᠨ ᠤᠭ ᠵᠦᠢᠯ ᠢ 1 | ᠬᠤᠪᠢ ᠲᠤᠰᠢᠶᠠᠬᠤ ᠬᠡᠷᠡᠭᠲᠡᠢ᠃ | ᠲᠠᠪᠤ᠂ ᠭᠦᠢᠴᠡᠳᠬᠡᠬᠦ ᠴᠠᠭ ᠤᠨ ᠬᠢᠵᠠᠭᠠᠷ᠄ ᠬᠦᠯᠢᠶᠡᠨ ᠠᠪᠤᠭᠰᠠᠨ ᠡᠳᠦᠷ ᠠᠴᠠ ᠡᠬᠢᠯᠡᠨ 5 ᠠᠵᠢᠯᠯᠠᠬᠤ | ᠡᠳᠦᠷ᠃ | ᠵᠢᠷᠭᠤᠭ᠎ᠠ᠂ ᠰᠦᠢᠳᠬᠡᠯ ᠬᠤᠷᠢᠶᠠᠬᠤ ᠪᠠᠷᠢᠮᠵᠢᠶ᠎ᠠ᠄ ᠰᠦᠢᠳᠬᠡᠯ ᠬᠤᠷᠢᠶᠠᠬᠤ ᠦᠭᠡᠢ︔ ᠭᠦᠢᠴᠡᠳᠬᠡᠬᠦ | ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ ᠭᠠᠵᠠᠷ᠃ | ᠳᠣᠯᠤᠭ᠎ᠠ᠂ ᠬᠦᠯᠢᠶᠡᠨ ᠠᠪᠴᠤ ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠭᠡ ᠲᠢᠩᠬᠢᠮ | ᠬᠦᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 77 ᠳ᠋ᠤᠭᠠᠷ ᠨᠣᠮᠧᠷ | ᠳ᠋ᠢᠶᠠᠩᠬᠤᠸᠠ᠄ 0471- 4910470 | | | | | | | | | | | | ᠁ |