ᠪᠦᠷᠢᠳᠭᠡᠯ ᠤᠨ ᠦᠨᠡᠮᠯᠡᠯ ᠢ ᠨᠥᠬᠦᠵᠦ ᠠᠪᠬᠤ᠂ ᠭᠤᠶᠤᠴᠢᠯᠠᠨ ᠠᠪᠬᠤ ᠶᠢ ᠭᠦᠢᠴᠡᠳᠬᠡᠬᠦ ᠲᠤᠬᠠᠶᠢᠯᠠᠭᠰᠠᠨ | ᠠᠵᠢᠯ ᠤᠨ ᠴᠤᠪᠤᠷᠠᠯ ᠪᠠ ᠪᠣᠲᠠᠲᠠᠢ ᠶᠠᠪᠤᠳᠠᠯ ᠭᠡᠪᠠᠯ᠄ | ︵ᠨᠢᠭᠡ︶ ᠪᠠᠶᠢᠴᠠᠭᠠᠨ ᠰᠢᠯᠭᠠᠬᠤ ᠠᠵᠢᠯ ᠤᠨ ᠪᠠᠶᠢᠷᠢ ᠶᠢᠨ ᠬᠢᠨ ᠮᠠᠰᠢᠨ ᠲᠡᠷᠭᠡ ᠶᠢ ᠪᠠᠶᠢᠴᠠᠭᠠᠨ ᠰᠢᠯᠭᠠᠨ᠎ᠠ᠃ | ᠪᠦᠷᠢᠳᠭᠡᠯ ᠤᠨ ᠦᠨᠡᠮᠯᠡᠯ ᠢ ᠭᠤᠶᠤᠴᠢᠯᠠᠨ ᠠᠪᠬᠤ ᠳᠤ ᠬᠠᠷᠢᠶᠠᠯᠠᠭᠳᠠᠪᠠᠯ᠂ ᠲᠡᠷᠭᠡᠨ ᠤ ᠢᠯᠭᠠᠬᠤ ᠨᠣᠮᠧᠷ ᠢ ᠳᠠᠷᠤᠵᠤ | ᠬᠡᠪᠯᠡᠭᠰᠡᠨ ᠪᠥᠷᠬᠦᠪᠴᠢ ᠶᠢ ᠪᠠᠰᠠ ᠬᠠᠷᠭᠤᠭᠤᠯᠤᠨ᠎ᠠ᠃ ᠲᠣᠭᠲᠠᠭᠠᠯ ᠳᠤ ᠨᠡᠶᠢᠴᠡᠭᠰᠡᠨ ᠪᠤᠯ᠂ ᠮᠠᠰᠢᠨ ᠲᠡᠷᠭᠡ ᠶᠢ | ᠪᠠᠶᠢᠴᠠᠭᠠᠨ ᠰᠢᠯᠭᠠᠭᠰᠠᠨ ᠲᠡᠮᠳᠡᠭᠯᠡᠯ ᠤᠨ ᠬᠥᠰᠥᠨᠥᠭᠲᠦ ᠳᠡᠭᠡᠷ᠎ᠡ ᠭᠠᠷ ᠤᠨ ᠦᠰᠦᠭ ᠵᠢᠷᠤᠬᠤ ᠶᠢᠨ ᠬᠠᠮᠲᠤ | ᠳᠣᠲᠣᠭᠠᠳᠤ ᠳᠠᠮᠵᠢᠭᠤᠯᠭ᠎ᠠ ᠪᠠᠷ ᠪᠦᠷᠢᠳᠭᠡᠯ ᠢ ᠬᠢᠨᠠᠨ ᠬᠠᠷᠭᠤᠭᠤᠯᠬᠤ ᠠᠵᠢᠯ ᠤᠨ ᠪᠠᠶᠢᠷᠢ ᠳᠤ ᠳᠠᠮᠵᠢᠭᠤᠯᠤᠨ᠎ᠠ᠃ | ︵ᠬᠤᠶᠠᠷ︶ ᠪᠦᠷᠢᠳᠭᠡᠯ ᠢ ᠬᠢᠨᠠᠨ ᠬᠠᠷᠭᠤᠭᠤᠯᠬᠤ ᠠᠵᠢᠯ ᠤᠨ ᠪᠠᠶᠢᠷᠢ ᠶᠢᠨ ᠬᠢᠨ ︽ᠮᠠᠰᠢᠨ ᠲᠡᠷᠭᠡ ᠶᠢᠨ | ᠫᠠᠶᠢᠰᠠ ᠦᠨᠡᠮᠯᠡᠯ ᠤᠨ ᠭᠤᠶᠤᠴᠢᠯᠠᠯ ᠤᠨ ᠬᠥᠰᠥᠨᠥᠭᠲᠦ︾᠂ ᠮᠠᠰᠢᠨ ᠲᠡᠷᠭᠡ ᠶᠢᠨ ᠥᠮᠴᠢᠯᠡᠭᠴᠢ ᠶᠢᠨ ᠪᠡᠶ᠎ᠡ ᠶᠢᠨ | ᠭᠡᠷᠡᠴᠢ ᠶᠢ ᠬᠢᠨᠠᠨ ᠪᠠᠶᠢᠴᠠᠭᠠᠨ᠎ᠠ᠃ ᠲᠣᠭᠲᠠᠭᠠᠯ ᠳᠤ ᠨᠡᠶᠢᠴᠡᠭᠰᠡᠨ ᠪᠤᠯ᠂ ᠬᠠᠮᠢᠶ᠎ᠡ ᠪᠥᠬᠦᠢ ᠮᠡᠳᠡᠭᠡ ᠵᠠᠩᠭᠢ ᠶᠢ ᠨᠢ | ᠪᠢᠴᠢᠵᠦ ᠣᠷᠤᠭᠤᠯᠤᠭᠠᠳ᠂ ᠮᠠᠰᠢᠨ ᠲᠡᠷᠭᠡ ᠶᠢᠨ ᠥᠮᠴᠢᠯᠡᠭᠴᠢ ᠳᠤ ᠬᠦᠯᠢᠶᠡᠨ ᠠᠪᠴᠤ ᠰᠢᠢᠳᠪᠦᠷᠢᠯᠡᠭᠰᠡᠨ ᠭᠡᠷᠡᠴᠢ | ᠪᠠᠷᠢᠮᠲᠠ ᠬᠢᠵᠦ ᠥᠭᠭᠦᠨ᠎ᠡ᠃ ᠪᠦᠷᠢᠳᠭᠡᠯ ᠤᠨ ᠦᠨᠡᠮᠯᠡᠯ ᠢ ᠨᠥᠬᠦᠵᠦ ᠠᠪᠬᠤ ᠳᠤ ᠬᠠᠷᠢᠶᠠᠯᠠᠭᠳᠠᠪᠠᠯ᠂ | ᠪᠦᠷᠢᠳᠭᠡᠯ ᠤᠨ ᠦᠨᠡᠮᠯᠡᠯ ᠬᠢᠵᠦ ᠮᠠᠰᠢᠨ ᠲᠡᠷᠭᠡ ᠶᠢᠨ ᠥᠮᠴᠢᠯᠡᠭᠴᠢ ᠳᠤ ᠥᠭᠭᠦᠨ᠎ᠡ᠃ ᠪᠦᠷᠢᠳᠭᠡᠯ ᠤᠨ ᠦᠨᠡᠮᠯᠡᠯ ᠢ | ᠭᠤᠶᠤᠴᠢᠯᠠᠨ ᠠᠪᠬᠤ ᠳᠤ ᠬᠠᠷᠢᠶᠠᠯᠠᠭᠳᠠᠪᠠᠯ᠂ ᠬᠦᠯᠢᠶᠡᠨ ᠠᠪᠴᠤ ᠭᠦᠢᠴᠡᠳᠭᠡᠬᠦ ᠭᠡᠷᠡᠴᠢ ᠪᠠᠷᠢᠮᠲᠠ ᠳᠡᠭᠡᠷ᠎ᠡ ᠭᠠᠷᠳᠠᠨ | ᠠᠪᠤᠭᠰᠠᠨ ᠴᠠᠭ ᠢ ᠲᠣᠳᠣᠷᠬᠠᠶᠢᠯᠠᠨ ᠪᠢᠴᠢᠵᠦ᠂ ᠺᠤᠮᠫᠢᠦᠲ᠋ᠧᠷ ᠤᠨ ᠪᠦᠷᠢᠳᠭᠡᠯ ᠤᠨ ᠰᠢᠰᠲ᠋ᠧᠮᠵᠢ ᠶᠢᠨ ᠮᠡᠳᠡᠭᠡ | ᠵᠠᠩᠭᠢ ᠶᠢ ᠬᠢᠨᠠᠨ ᠬᠠᠷᠭᠤᠭᠤᠯᠤᠭᠠᠳ᠂ ᠳᠠᠩᠰᠠ ᠡᠪᠬᠡᠮᠡᠯ ᠢ ᠠᠪᠴᠢᠷᠠᠨ ᠦᠵᠡᠵᠦ᠂ ᠮᠠᠰᠢᠨ ᠲᠡᠷᠭᠡ ᠶᠢᠨ | ᠥᠮᠴᠢᠯᠡᠭᠴᠢ ᠶᠢᠨ ᠪᠡᠶ᠎ᠡ ᠶᠢᠨ ᠭᠡᠷᠡᠴᠢ ᠪᠠ ᠲᠡᠷᠭᠡᠨ ᠤ ᠢᠯᠭᠠᠬᠤ ᠨᠣᠮᠧᠷ ᠢ ᠳᠠᠷᠤᠵᠤ ᠬᠡᠪᠯᠡᠭᠰᠡᠨ ᠪᠥᠷᠬᠦᠪᠴᠢ ᠶᠢ | ᠬᠠᠷᠭᠤᠭᠤᠯᠤᠭᠠᠳ᠂ ᠪᠦᠷᠢᠳᠭᠡᠯ ᠤᠨ ᠦᠨᠡᠮᠯᠡᠯ ᠬᠢᠵᠦ ᠮᠠᠰᠢᠨ ᠲᠡᠷᠭᠡ ᠶᠢᠨ ᠥᠮᠴᠢᠯᠡᠭᠴᠢ ᠳᠤ ᠥᠭᠭᠦᠨ᠎ᠡ᠃ | ︵ᠭᠤᠷᠪᠡ︶ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠬᠢᠨ ᠺᠤᠮᠫᠢᠦᠲ᠋ᠧᠷ ᠤᠨ | ᠪᠦᠷᠢᠳᠭᠡᠯ ᠤᠨ ᠰᠢᠰᠲ᠋ᠧᠮᠵᠢ ᠶᠢᠨ ᠮᠡᠳᠡᠭᠡ ᠵᠠᠩᠭᠢ ᠶᠢ ᠬᠠᠷᠭᠤᠭᠤᠯᠤᠭᠠᠳ᠂ ᠮᠠᠲ᠋ᠧᠷᠢᠶᠠᠯ ᠢ ᠡᠮᠬᠢᠯᠡᠵᠦ ᠳᠡᠪᠲᠡᠷᠯᠡᠭᠡᠳ | ᠳᠠᠩᠰᠠ ᠡᠪᠬᠡᠮᠡᠯ ᠳᠤ ᠣᠷᠤᠭᠤᠯᠤᠨ᠎ᠠ᠃ | |