ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠮᠤᠷ ᠲᠦᠪᠰᠢᠨ ᠤ ᠬᠠᠮᠠᠭᠠᠯᠠᠯᠲᠠ ᠶᠢᠨ ᠳᠦᠷᠢᠮ
ᠨᠡᠶᠢᠲᠡᠯᠡᠭᠰᠡᠨ ᠴᠠᠭ᠄
2021/12/10
     ᠨᠢᠭᠡᠳᠦᠭᠡᠷ ᠵᠦᠢᠯ  ᠰᠦᠩᠱᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠣᠨ  ᠤ ᠰᠦᠯᠵᠢᠶᠡᠨ  ᠤ  ᠬᠡᠪ  ᠤᠨ ᠶᠣᠰᠣᠭᠠᠷ ᠠᠵᠢᠯᠯᠠᠬᠤ  ᠶᠢ  ᠦᠨᠡᠨᠬᠦ ᠪᠠᠲᠤᠯᠠᠵᠤ᠂ ᠰᠦᠯᠵᠢᠶᠡᠨ  ᠤ  ᠬᠡᠷᠡᠭᠯᠡᠭᠴᠢ  ᠶᠢᠨ  ᠮᠡᠳᠡᠭᠡ ᠵᠠᠩᠭᠢ   ᠶᠢᠨ ᠠᠮᠤᠷ ᠲᠦᠪᠰᠢᠨ ᠢ  ᠬᠠᠮᠠᠭᠠᠯᠠᠬᠤ  ᠶᠢᠨ ᠲᠤᠰᠠᠳᠠ᠂  ᠤᠨᠴᠠᠭᠠᠶᠢᠯᠠᠨ ᠲᠤᠰ ᠲᠥᠷᠢᠮ ᠢ ᠲᠣᠭᠲᠠᠭᠠᠪᠠ᠃      ᠬᠤᠶᠠᠳᠤᠭᠠᠷ  ᠵᠦᠢᠯ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ  ᠰᠦᠯᠵᠢᠶᠡᠨ ᠤ ᠬᠡᠷᠡᠭᠯᠡᠭᠴᠢ ᠶᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠨᠢᠭᠡᠳᠦᠯᠲᠡᠢ ᠬᠠᠮᠢᠶᠠᠷᠤᠨ᠎ᠠ᠃      ᠭᠤᠷᠪᠠᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠡᠯ᠎ᠡ ᠨᠢᠭᠡᠴᠡ ᠳᠤ ᠬᠤᠪᠢᠶᠠᠷᠢᠯᠠᠨ ᠥᠭᠭᠦᠭᠰᠡᠨ ᠰᠦᠯᠵᠢᠶᠡᠨ ᠤ ᠠᠷᠤ ᠲᠠᠪᠴᠠᠩ ᠤᠨ  ᠬᠠᠮᠢᠶᠠᠷᠤᠯᠲᠠ ᠶᠢ ᠡᠷᠬᠡᠪᠰᠢ ᠲᠤᠰᠬᠠᠶ ᠬᠥᠮᠦᠨ ᠢᠶᠠᠷ ᠬᠠᠮᠢᠶᠠᠷᠤᠭᠤᠯᠵᠤ ᠬᠡᠷᠡᠭᠯᠡᠭᠦᠯᠬᠦ ᠬᠡᠷᠡᠭᠲᠡᠶ᠃      ᠳᠥᠷᠪᠡᠳᠦᠭᠡᠷ ᠵᠦᠢᠯ ᠡᠯ᠎ᠡ ᠨᠢᠭᠡᠴᠡ ᠶᠢᠨ ᠰᠦᠯᠵᠢᠶᠡᠨ ᠤ ᠬᠠᠮᠢᠶᠠᠷᠤᠭᠴᠢ ᠺᠣᠮᠫᠢᠦ᠋ᠲ᠋ᠧᠷ ᠲᠤ ᠸᠢᠷᠦ᠋ᠰ ᠢ ᠰᠡᠷᠭᠡᠶᠢᠯᠡᠬᠦ ᠵᠥᠭᠡᠯᠡᠨ ᠲᠣᠨᠤᠭ ᠤᠭᠰᠠᠷᠠᠬᠤ ᠶᠢᠨ ᠬᠠᠮᠲᠤ ᠲᠣᠭᠲᠠᠭᠰᠠᠨ ᠬᠤᠭᠤᠴᠠᠭ᠎ᠠ ᠲᠠᠢ ᠪᠠᠷ ᠳᠡᠰ ᠳᠡᠪᠰᠢᠭᠦᠯᠵᠦ᠂ ᠰᠦᠯᠵᠢᠶᠡᠨ ᠳᠡᠭᠡᠷ᠎ᠡ ᠸᠢᠷᠦ᠋ᠰ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠶ᠃      ᠲᠠᠪᠤᠳᠤᠭᠠᠷ ᠵᠦᠢᠯ ᠬᠡᠷᠡᠭᠯᠡᠭᠴᠢ ᠰᠦᠯᠵᠢᠶᠡᠨ ᠤ ᠬᠡᠷᠡᠭᠯᠡᠭᠴᠢ ᠶᠢᠨ ᠲᠠᠩᠰᠠᠨ ᠨᠣᠮᠧᠷ ᠢ ᠳᠠᠩᠰᠠᠯᠠᠵᠤ ᠬᠡᠷᠡᠭᠯᠡᠬᠦ ᠪᠠ ᠠᠵᠢᠯᠯᠠᠭᠤᠯᠬᠤ ᠡᠷᠬᠡ ᠮᠡᠳᠡᠯ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠵᠢᠷᠤᠮᠯᠠᠬᠤ ᠶᠢᠨ ᠬᠠᠮᠲᠤ᠂ ᠥᠪᠡᠷ ᠤᠨ ᠬᠡᠷᠡᠭᠯᠡᠭᠴᠢ ᠶᠢᠨ ᠲᠠᠩᠰᠠᠨ ᠨᠣᠮᠧᠷ᠂ ᠨᠢᠭᠤᠴᠠ ᠨᠣᠮᠧᠷ ᠢᠶᠠᠨ ᠲᠣᠬᠢᠲᠠᠶ ᠬᠠᠳᠠᠭᠠᠯᠠᠨ ᠬᠠᠮᠢᠶᠠᠷᠴᠤ᠂  ᠨᠢᠭᠤᠴᠠ ᠨᠣᠮᠧᠷ ᠢᠶᠠᠨ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠠᠰᠠᠵᠤ᠂ ᠨᠢᠭᠤᠴᠠ ᠶᠢ ᠴᠢᠩᠭ᠎ᠠ ᠬᠠᠮᠠᠭᠠᠯᠠᠵᠤ᠂ ᠪᠤᠰᠤᠳ ᠲᠤ ᠵᠠᠳᠠᠷᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ᠵᠢᠷᠭᠤᠳᠤᠭᠠᠷ ᠵᠦᠢᠯ ᠬᠡᠷᠡᠭᠯᠡᠭᠴᠢ ᠨᠢᠭᠡᠪᠦᠷᠢ ᠴᠥᠮ ᠳᠠᠩᠰᠠᠨ ᠨᠣᠮᠧᠷ ᠲᠠᠬᠢ ᠠᠯᠢᠪᠠ ᠠᠵᠢᠯᠯᠠᠭ᠎ᠠ ᠪᠠ ᠬᠡᠷᠡᠭ ᠶᠠᠪᠤᠳᠠᠯ ᠳᠤ ᠪᠦᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ ᠬᠡᠷᠡᠭᠯᠡᠭᠴᠢ ᠨᠢ ᠬᠡᠷᠡᠭᠯᠡᠭᠴᠢ ᠶᠢᠨ ᠨᠢᠭᠤᠴᠠ ᠨᠣᠮᠧᠷ  ᠢᠶᠠᠨ ᠴᠠᠭ ᠲᠤᠬᠠᠶ ᠳᠤᠨᠢ ᠬᠤᠪᠢᠷᠠᠭᠤᠯᠵᠤ ᠪᠣᠯᠤᠨ᠎ᠠ᠂ ᠪᠠᠰᠠ ᠬᠠᠭᠤᠴᠢᠨ ᠳᠠᠩᠰᠠᠨ ᠤ ᠨᠣᠮᠧᠷ ᠢ ᠳᠠᠭᠤᠰᠬᠠᠭᠠᠳ ᠰᠢᠨ᠎ᠡ ᠳᠠᠩᠰᠠᠨ ᠤ ᠨᠣᠮᠧᠷ ᠢ ᠳᠠᠩᠰᠠᠯᠠᠭᠤᠯᠬᠤ ᠪᠠᠷ ᠰᠢᠨ᠎ᠡ ᠪᠠᠷ ᠭᠤᠶᠤᠴᠢᠯᠠᠵᠤ ᠪᠣᠯᠤᠨ᠎ᠠ᠃ ᠬᠡᠷᠡᠭᠯᠡᠭᠴᠢ ᠬᠡᠷᠪᠡ ᠬᠡᠷᠡᠭᠯᠡᠭᠴᠢ ᠶᠢᠨ ᠲᠠᠩᠰᠠᠨ ᠨᠣᠮᠧᠷ ᠪᠤᠶᠤ ᠠᠮᠤᠷ ᠲᠦᠪᠰᠢᠨ ᠤ ᠬᠡᠮ ᠰᠣᠭᠤᠭ ᠢ ᠬᠠᠤᠯᠢ ᠪᠤᠰᠤ ᠪᠠᠷ ᠬᠡᠷᠡᠭᠯᠡᠭᠰᠡᠨ ᠶᠠᠮᠠᠷᠪᠠ ᠪᠠᠶᠢᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠲᠤᠭᠤᠷᠢᠭ ᠤᠨ ᠮᠡᠳᠡᠭᠡ ᠵᠠᠩᠭᠢ ᠶᠢᠨ ᠲᠥᠪ ᠲᠠᠢ ᠬᠠᠷᠢᠯᠴᠠᠵᠤ ᠮᠡᠳᠡᠭᠳᠡᠬᠦ ᠡᠭᠦᠷᠭᠡ ᠲᠠᠢ᠃      ᠳᠣᠯᠣᠳᠤᠭᠠᠷ ᠵᠦᠢᠯ ᠬᠡᠷᠪᠡ ᠬᠡᠷᠡᠭᠯᠡᠭᠴᠢ ᠪᠣᠯᠭᠤᠮᠵᠢ ᠥᠬᠡᠶ ᠪᠠᠷ ᠲᠠᠩᠰᠠᠨ ᠨᠣᠮᠧᠷ ᠪᠠ ᠨᠢᠭᠤᠴᠠ ᠨᠣᠮᠧᠷ ᠢᠶᠠᠨ ᠵᠠᠳᠠᠷᠠᠭᠤᠯᠬᠤ ᠳᠤ ᠭᠦᠷᠪᠡᠯ᠂ ᠴᠠᠭ ᠲᠤᠬᠠᠶ ᠳᠤᠨᠢ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠲᠠᠢ ᠬᠠᠷᠢᠯᠴᠠᠵᠤ᠂ ᠨᠢᠭᠤᠴᠠ ᠨᠣᠮᠧᠷ ᠢᠶᠠᠨ ᠳᠠᠭᠢᠵᠤ ᠲᠣᠭᠲᠠᠭᠠᠵᠤ ᠬᠡᠪ ᠤᠨ ᠬᠡᠷᠡᠭᠯᠡᠭᠡᠨ ᠳᠤ  ᠤᠷᠤᠭᠤᠯᠬᠤ ᠬᠡᠷᠡᠭᠲᠡᠶ᠃      ᠨᠠᠢᠮᠠᠳᠤᠭᠠᠷ ᠵᠦᠢᠯ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠨᠢ ᠲᠣᠭᠲᠠᠮᠠᠯ ᠬᠤᠭᠤᠴᠠᠭ᠎ᠠ ᠲᠠᠢ ᠪᠠᠷ ᠬᠠᠮᠢᠶ᠎ᠠ ᠪᠥᠬᠦᠶ ᠬᠥᠮᠦᠰ ᠲᠤ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠪᠣᠯᠪᠠᠰᠤᠷᠠᠭᠤᠯᠤᠯ ᠬᠢᠬᠦ ᠶᠢᠨ ᠬᠠᠮᠲᠤ ᠰᠢᠯᠭᠠᠨ ᠬᠢᠨᠠᠵᠤ᠂ ᠰᠦᠯᠵᠢᠶᠡᠨ ᠤ ᠬᠠᠮᠢᠶ᠎ᠠ ᠪᠥᠬᠦᠶ ᠬᠠᠮᠢᠶᠠᠷᠤᠯᠲᠠ ᠶᠢᠨ ᠠᠵᠢᠯᠲᠠᠨ ᠳᠤ ᠰᠦᠯᠵᠢᠶᠡᠨ ᠤ ᠠᠮᠤᠷ ᠲᠦᠪᠰᠢᠨ ᠤ ᠴᠢᠬᠤᠯᠠ ᠴᠢᠨᠠᠷ ᠢ  ᠭᠦᠢᠴᠡᠳ ᠲᠠᠨᠢᠭᠤᠯᠵᠤ᠂  ᠲᠦᠷᠢᠮ ᠲᠣᠭᠲᠠᠭᠠᠯ ᠢ ᠴᠢᠩᠭ᠎ᠠ ᠵᠢᠷᠤᠮᠯᠠᠭᠤᠯᠬᠤ ᠬᠡᠷᠡᠭᠲᠡᠶ᠃      ᠶᠢᠰᠦᠳᠦᠭᠡᠷ ᠵᠦᠢᠯ ᠲᠤᠰ ᠲᠥᠷᠢᠮ  ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                           2019  ᠤᠨ  ᠤ 11 ᠰᠠᠷ᠎ᠠ ᠶᠢᠨ 3 ᠤ ᠡᠳᠦᠷ            
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号