ᠤᠷᠤᠭ ᠤᠨ ᠪᠠᠲᠤᠯᠠᠪᠤᠷᠢ ᠠᠪᠬᠤ
ᠨᠡᠶᠢᠲᠡᠯᠡᠭᠰᠡᠨ ᠴᠠᠭ᠄
2021/12/15
     ᠨᠢᠭᠡ᠂ ᠬᠦᠯᠢᠶᠡᠨ ᠠᠪᠬᠤ ᠨᠥᠬᠦᠴᠡᠯ      ᠲᠤᠬᠠᠶ ᠶᠢᠨ ᠬᠥᠮᠦᠨ ᠤ ᠬᠤᠶᠠᠷ ᠡᠲᠡᠭᠡᠳ ᠨᠢ ᠴᠥᠮ ᠪᠦᠭᠦᠳᠡ ᠨᠠᠶᠢᠷᠠᠮᠳᠠᠬᠤ ᠳᠤᠮᠳᠠᠳᠤ ᠤᠯᠤᠰ ᠤᠨ ᠡᠬᠡ ᠬᠠᠭᠤᠷᠠᠢ  ᠶᠢᠨ ᠰᠠᠭᠤᠭᠠᠯᠢ ᠠᠷᠠᠳ ᠪᠠᠶᠢᠵᠤ᠂ ᠨᠢᠭᠡ ᠡᠲᠡᠭᠡᠳ ᠤᠨ ᠪᠠᠶᠢᠩᠭᠤ ᠰᠠᠭᠤᠭ᠎ᠠ ᠡᠷᠦᠬᠡ ᠠᠮᠠ ᠶᠢᠨ ᠪᠠᠶᠢᠭ᠎ᠠ ᠭᠠᠵᠠᠷ ᠪᠤᠶᠤ ᠴᠡᠷᠢᠭ ᠠᠩᠭᠢ ᠶᠢᠨ ᠰᠠᠭᠤᠭ᠎ᠠ ᠭᠠᠵᠠᠷ ᠨᠢ ᠰᠦᠩᠱᠠᠨ ᠲᠣᠭᠤᠷᠢᠭ ᠲᠤ  ᠪᠠᠶᠢᠵᠤ᠂ ᠬᠤᠶᠠᠷ ᠡᠲᠡᠭᠡᠳ ᠢᠶᠠᠷ ᠢᠶᠠᠨ ᠴᠥᠮ ᠬᠠᠤᠯᠢ ᠳᠤ ᠲᠣᠭᠲᠠᠭᠠᠭᠰᠠᠨ ᠤᠷᠤᠭᠯᠠᠬᠤ ᠨᠠᠰᠤᠨ ᠳᠤ ᠬᠦᠷᠦᠭᠰᠡᠨ ᠪᠠᠶᠢᠬᠤ ᠬᠡᠷᠡᠭᠲᠡᠢ᠃      ᠬᠤᠶᠠᠷ᠂ ᠲᠣᠭᠲᠠᠭᠠᠬᠤ ᠦᠨᠳᠦᠰᠦᠯᠡᠯ      ︽ᠤᠷᠤᠭ ᠤᠨ ᠪᠦᠷᠢᠳᠬᠡᠯ ᠤᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 387 ᠳ᠋ᠤᠭᠠᠷ ᠲᠣᠭᠠᠲᠤ︶ ᠤᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠡᠬᠡ ᠬᠠᠭᠤᠷᠠᠢ  ᠶᠢᠨ ᠰᠠᠭᠤᠭᠠᠯᠢ ᠠᠷᠠᠳ ᠤᠨ ᠤᠷᠤᠭ ᠤᠨ ᠪᠦᠷᠢᠳᠬᠡᠯ ᠬᠢᠬᠦ ᠪᠠᠶᠢᠭᠤᠯᠭ᠎ᠠ ᠪᠣᠯ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠤᠶᠤ  ᠰᠢᠶᠠᠩ ︵ᠪᠠᠯᠭᠠᠰᠤ︶  ᠤᠨ ᠠᠷᠠᠳ ᠤᠨ ᠵᠠᠰᠠᠭ ᠤᠨ ᠣᠷᠳᠣᠨ ᠪᠣᠯᠤᠨ᠎ᠠ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠷᠠᠳ ᠲᠤ ᠳᠥᠭᠦᠮ ᠦᠵᠡᠭᠦᠯᠬᠦ ᠵᠠᠷᠴᠢᠮ ᠶᠣᠰᠣᠭᠠᠷ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠤᠷᠤᠭ ᠤᠨ ᠪᠦᠷᠢᠳᠬᠡᠯ ᠬᠢᠬᠦ ᠪᠣᠳᠠᠲᠠᠶ ᠪᠠᠶᠢᠭᠤᠯᠭ᠎ᠠ ᠶᠢ ᠲᠣᠭᠲᠠᠭᠠᠵᠤ ᠪᠣᠯᠤᠨ᠎ᠠ᠃      ᠭᠤᠷᠪᠠ᠂ ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ      ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ      ᠳᠥᠷᠪᠡ᠂ ᠭᠦᠢᠴᠡᠳᠬᠡᠬᠦ ᠭᠠᠵᠠᠷ      ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠶᠢᠨ ᠾᠧ ᠵᠠᠮ ᠤᠨ ᠱᠦᠶ ᠠᠨ ᠯᠦᠩ ᠲᠢᠩ  ᠪᠠᠭ᠎ᠠ ᠲᠣᠭᠤᠷᠢᠭ ᠤᠨ ᠵᠡᠭᠦᠨ ᠡᠭᠦᠳᠡᠨ ᠤ G5 ᠬᠤᠳᠠᠯᠳᠤᠭᠠᠨ ᠤ ᠲᠢᠩᠬᠢᠮ ᠤᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ ᠤᠨ 3 ᠳ᠋ᠤᠭᠠᠷ ᠠᠰᠠᠷ ᠤᠨ 9 — 13 ᠳ᠋ᠤᠭᠠᠷ ᠴᠣᠩᠬᠤ      ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 10 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠱᠦᠶ ᠠᠨ ᠯᠦᠩ ᠲᠢᠩ ᠪᠠᠭ᠎ᠠ ᠲᠣᠭᠤᠷᠢᠭ ᠤᠨ ᠥᠷᠲᠡᠭᠡᠨ ᠳᠤ  ᠪᠠᠭᠤᠨ᠎ᠠ
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号