ᠪᠠᠶᠢᠭᠤᠯᠤᠮᠵᠢ ᠶᠢᠨ ᠡᠷᠬᠡ ᠴᠢᠳᠠᠪᠤᠷᠢ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠪᠣᠯ ᠲᠣᠭᠤᠷᠢᠭ ᠤᠨ ᠵᠠᠰᠠᠭ ᠤᠨ ᠣᠷᠳᠣᠨ ᠤ | ᠶᠡᠷᠦᠩᠬᠡᠶᠢᠯᠡᠭᠰᠡᠨ ᠬᠡᠷᠡᠭ ᠡᠷᠬᠢᠯᠡᠬᠦ ᠪᠠᠶᠢᠭᠤᠯᠤᠮᠵᠢ ᠪᠣᠯᠤᠨ᠎ᠠ᠃ | ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ᠂ | ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠳᠡᠭᠡᠳᠦ ᠱᠠᠲᠤᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠲᠣᠭᠤᠷᠢᠭ ᠤᠨ | ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠤ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ | ᠲᠤᠰᠬᠠᠵᠤ᠂ ᠰᠠᠨᠠᠭᠤᠯᠭ᠎ᠠ ᠭᠠᠷᠭᠠᠨ᠎ᠠ᠃ | ︵ᠬᠤᠶᠠᠷ︶ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠠᠵᠢᠯ ᠤᠨ ᠪᠠᠶᠢᠳᠠᠯ | ᠢ ᠤᠢᠢᠯᠠᠭᠠᠨ ᠡᠵᠡᠮᠰᠢᠵᠦ᠂ ᠲᠣᠭᠤᠷᠢᠭ ᠤᠨ ᠵᠠᠰᠠᠭ ᠤᠨ ᠣᠷᠳᠣᠨ ᠬᠢᠭᠡᠳ ᠬᠠᠷᠢᠶ᠎ᠠ ᠪᠥᠬᠦᠢ ᠡᠯ᠎ᠡ ᠰᠠᠯᠠᠭ᠎ᠠ | ᠮᠥᠴᠢᠷ ᠪᠣᠯᠤᠨ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠤᠭᠤᠷᠣᠨᠳᠣᠬᠢ ᠳᠡᠭᠡᠳᠦ ᠲᠤᠤᠷᠠᠳᠤ | ᠱᠠᠳᠤ ᠯᠤᠭ᠎ᠠ ᠶᠢᠨ ᠬᠠᠷᠢᠯᠴᠠᠭ᠎ᠠ ᠶᠢ ᠨᠡᠪᠲᠡᠷᠡᠭᠦᠯᠵᠦ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠠᠵᠢᠯ ᠢ | ᠬᠠᠪᠰᠤᠷᠴᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠰᠢᠢᠳᠪᠦᠷᠢᠲᠦ ᠪᠤᠳᠤᠯᠭ᠎ᠠ | ᠲᠣᠭᠲᠠᠭᠠᠬᠤ ᠳᠤ ᠬᠠᠮᠲᠤᠪᠠᠷ ᠦᠢᠯᠡᠴᠢᠯᠡᠵᠦ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠵᠦᠢᠯ ᠤᠨ | ᠰᠢᠢᠳᠪᠦᠷᠢᠲᠦ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ | ︵ᠭᠤᠷᠪᠠ︶ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ | ᠂ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠲᠤᠬᠢᠷᠠᠭᠤᠯᠤᠯᠳᠠ᠂ ᠠᠵᠢᠯ ᠤᠨ ᠳ᠋ᠦᠩᠨᠡᠯᠲᠡ᠂ ᠬᠤᠷᠠᠯ ᠤᠨ | ᠶᠠᠷᠢᠶ᠎ᠠ᠂ ᠠᠵᠢᠯ ᠤᠨ ᠢᠯᠡᠳᠬᠡᠯ ᠢ ᠲᠤᠭᠤᠷᠪᠢᠨ ᠪᠢᠴᠢᠬᠦ ᠠᠵᠢᠯ ᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ | ᠣᠷᠳᠣᠨ ᠤ ᠠᠯᠪᠠᠨ ᠬᠡᠷ ᠤᠨ ᠨᠡᠷ᠎ᠡ ᠪᠠᠷ ᠲᠠᠷᠬᠠᠭᠠᠭᠰᠠᠨ ᠪᠢᠴᠢᠭ ᠮᠠᠲ᠋ᠧᠷᠢᠶᠠᠯ ᠪᠣᠯᠤᠨ ᠬᠤᠯᠪᠣᠭᠳᠠᠯ ᠪᠥᠬᠦᠶ | ᠮᠠᠲ᠋ᠧᠷᠢᠶᠠᠯ ᠢ ᠲᠤᠭᠤᠷᠪᠢᠬᠤ ᠪᠤᠶᠤ ᠬᠢᠨᠠᠨ ᠬᠠᠷᠭᠤᠭᠤᠯᠵᠤ᠂ ᠳᠡᠭᠡᠳᠦ ᠱᠠᠲᠤᠨ ᠤ ᠪᠠᠭᠤᠯᠭᠠᠭᠰᠠᠨ ᠪᠠ ᠳᠣᠤᠷᠠᠳᠤ | ᠱᠠᠲᠤᠨ ᠤ ᠳᠡᠭᠡᠭᠰᠢ ᠮᠡᠳᠡᠭᠦᠯᠦᠭᠰᠡᠨ ᠡᠯ᠎ᠡ ᠲᠥᠷᠥᠯ ᠤᠨ ᠠᠯᠪᠠᠨ ᠪᠢᠴᠢᠭ ᠢ ᠰᠢᠢᠳᠪᠦᠷᠢᠯᠡᠨ᠎ᠡ᠃ | ︵ᠲᠥᠷᠪᠡ︶ ᠲᠣᠭᠤᠷᠢᠭ ᠤᠨ ᠵᠠᠰᠠᠭ ᠤᠨ ᠣᠷᠳᠣᠨ ᠤ ᠪᠥᠬᠦᠳᠡ ᠬᠤᠷᠠᠯ᠂ ᠪᠠᠶᠢᠩᠭᠤ ᠶᠢᠨ ᠬᠤᠷᠠᠯ᠂ | ᠲᠣᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠬᠢᠭᠡᠳ ᠲᠣᠭᠤᠷᠢᠭ ᠤᠨ ᠵᠠᠰᠠᠭ ᠤᠨ ᠣᠷᠳᠣᠨ ᠤ | ᠨᠡᠷ᠎ᠡ ᠪᠠᠷ ᠬᠤᠷᠠᠯᠳᠤᠭᠤᠯᠤᠭᠰᠠᠨ ᠡᠯ᠎ᠡ ᠵᠦᠢᠯ ᠤᠨ ᠬᠤᠷᠠᠯ ᠤᠨ ᠶᠠᠪᠤᠳᠠᠯ ᠢ ᠵᠣᠬᠢᠶᠠᠨ ᠪᠠᠶᠢᠭᠤᠯᠬᠤ ᠠᠵᠢᠯ ᠢ | ᠬᠠᠷᠢᠭᠤᠴᠠᠵᠤ᠂ ᠬᠤᠷᠠᠯ ᠤᠨ ᠲᠣᠪᠴᠢ ᠶᠢ ᠡᠮᠬᠢᠳᠬᠡᠨ᠎ᠡ᠃ | ︵ᠲᠠᠪᠤ︶ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ᠂ | ᠳᠠᠮᠵᠢᠭᠤᠯᠬᠤ ᠠᠵᠢᠯ ᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ ᠪᠠ | ᠲᠣᠭᠤᠷᠢᠭ ᠤᠨ ᠤᠳᠤᠷᠢᠳᠤᠯᠭ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ᠂ | ᠣᠷᠣᠰᠢᠵᠤ ᠪᠠᠶᠢᠭ᠎ᠠ ᠠᠰᠠᠭᠤᠳᠠᠯ ᠢ ᠳ᠋ᠦᠩᠨᠡᠨ ᠵᠠᠳᠠᠯᠵᠤ᠂ ᠤᠳᠤᠷᠢᠳᠤᠯᠭ᠎ᠠ ᠶᠢᠨ ᠰᠢᠢᠳᠪᠦᠷᠢᠲᠦ ᠪᠤᠳᠤᠯᠭ᠎ᠠ | ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ᠃ | ︵ᠵᠢᠷᠭᠤᠭ᠎ᠠ︶ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠪᠥᠬᠦ ᠲᠠᠯ᠎ᠠ ᠶᠢᠨ ᠠᠵᠢᠯ ᠤᠨ | ᠬᠠᠷᠠᠯᠲᠠ ᠶᠢ ᠲᠣᠭᠲᠠᠭᠠᠬᠤ᠂ ᠬᠢᠨᠠᠬᠤ᠂ ᠬᠤᠷᠢᠶᠠᠩᠭᠤᠶᠢᠯᠠᠬᠤ᠂ ᠬᠡᠷᠡᠭᠵᠢᠭᠦᠯᠬᠦ ᠪᠠ ᠰᠢᠮᠳᠠᠭᠤᠯᠤᠨ ᠪᠠᠶᠢᠴᠠᠭᠠᠵᠤ | ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠪᠠ ᠲᠣᠭᠤᠷᠢᠭ ᠤᠨ | ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠲᠥᠷᠥ ᠶᠢᠨ ᠶᠠᠪᠤᠳᠠᠯ ᠤᠨ ᠬᠤᠷᠢᠶ᠎ᠠ᠂ ᠦᠪᠡᠷᠲᠡᠭᠡᠨ ᠵᠠᠰᠠᠬᠤ | ᠤᠷᠤᠨ᠂ ᠬᠤᠲᠠ ᠶᠢᠨ ᠵᠠᠰᠠᠭ ᠤᠨ ᠣᠷᠳᠣᠨ ᠤ ᠴᠢᠬᠤᠯᠠ ᠪᠢᠴᠢᠭ ᠮᠠᠲ᠋ᠧᠷᠢᠶᠠᠯ᠂ ᠲᠣᠭᠲᠠᠭᠠᠭᠰᠠᠨ ᠵᠦᠢᠯᠡᠰ᠂ | ᠤᠳᠤᠷᠢᠳᠤᠯᠭ᠎ᠠ ᠶᠢᠨ ᠴᠣᠬᠤᠯᠠᠪᠤᠷᠢ ᠶᠢ ᠰᠢᠢᠳᠪᠦᠷᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ | ᠪᠠᠶᠢᠴᠠᠭᠠᠬᠤ ᠶᠢ ᠬᠠᠷᠢᠭᠤᠴᠠᠨ᠎ᠠ᠃ | ︵ᠲᠤᠯᠤᠭ᠎ᠠ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠵᠥᠪᠯᠡᠯᠭᠡ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ | ᠵᠥᠪᠯᠡᠯᠭᠡᠨ ᠤ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠰᠢᠪᠠᠳᠠᠨ | ᠪᠠᠶᠢᠴᠠᠭᠠᠨ᠎ᠠ᠃ | ︵ᠨᠠᠢᠮᠠ︶ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠭᠰᠠᠨ ᠵᠠᠰᠠᠭ ᠤᠨ ᠶᠠᠪᠤᠳᠠᠯ ᠤᠨ | ᠠᠵᠢᠯᠯᠠᠭ᠎ᠠ ᠶᠢᠨ ᠲᠤᠬᠢᠷᠠᠭᠤᠯᠤᠯᠳᠠ ᠶᠢ ᠬᠠᠷᠢᠭᠤᠴᠠᠵᠤ᠂ ᠬᠤᠳᠠ ᠲᠣᠭᠤᠷᠢᠭ ᠤᠨ ᠵᠠᠰᠠᠭ ᠤᠨ ᠣᠷᠳᠣᠨ ᠤ | ᠰᠢᠰᠲ᠋ᠧᠮ ᠤᠨ ᠪᠥᠬᠦ ᠲᠣᠭᠤᠷᠢᠭ ᠤᠨ ᠴᠢᠨᠠᠷᠲᠠᠶ ᠲᠤᠮᠤ ᠬᠡᠯᠪᠡᠷᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ᠃ | ︵ᠶᠢᠰᠦ︶ ᠲᠣᠭᠤᠷᠢᠭ ᠤᠨ ᠳᠠᠷᠤᠭ᠎ᠠ ᠶᠢᠨ ᠢᠯᠡ ᠤᠲᠠᠰᠤ ᠶᠢ ᠭᠥᠯᠢᠶᠡᠨ ᠠᠪᠴᠤ ᠰᠣᠨᠣᠰᠬᠤ ᠶᠢ | ᠬᠠᠷᠢᠭᠤᠴᠠᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠴᠢᠬᠤᠯᠠ ᠪᠠᠶᠢᠳᠠᠯ ᠢ ᠴᠠᠭ | ᠲᠤᠬᠠᠶ ᠳᠤᠨᠢ ᠮᠡᠳᠡᠭᠦᠯᠵᠦ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ | ᠠᠵᠢᠯ ᠢ ᠬᠠᠷᠢᠭᠤᠴᠠᠨ᠎ᠠ᠃ | ︵ᠠᠷᠪᠠ︶ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃ | | | | | | | | | | | ᠁ |