2021 ᠣᠨ ᠤ 9 ᠳ᠋ᠦ᠋ᠭᠡᠷ ᠰᠠᠷ᠎ᠠ ᠪᠣᠯᠲᠠᠯ᠎ᠠ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠨᠡᠮᠡᠭᠳᠡᠯ ᠢ | ᠪᠠᠲᠤᠯᠠᠵᠤ᠂ ᠨᠡᠶᠢᠲᠡ 40.5 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠶᠡᠷᠦᠩᠬᠡᠶ ᠥᠷᠲᠡᠭ ᠢ ᠪᠡᠶᠡᠯᠡᠭᠦᠯᠵᠦ᠂ | ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ ᠨᠡᠶᠢᠲᠡ 4.6% ᠨᠡᠮᠡᠭᠳᠡᠵᠦ᠂ ᠪᠥᠬᠦ ᠬᠤᠲᠠ ᠳᠤ ᠵᠢᠷᠭᠤᠳᠤᠭᠠᠷ ᠲᠤ ᠣᠷᠣᠵᠤ᠂ ᠪᠥᠬᠦ | ᠬᠤᠲᠠ ᠶᠢᠨ ᠳᠤᠮᠳᠠᠴᠢ ᠬᠢᠷᠢ ᠲᠦᠪᠰᠢᠨ ︵7.3%︶ ᠠᠴᠠ 3.5 ᠵᠠᠭᠤᠨ ᠤ ᠨᠢᠭᠡᠴᠢ ᠳᠣᠤᠷ᠎ᠠ ᠪᠣᠯᠪᠠ᠃ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠢ ᠠᠵᠤ ᠠᠬᠤᠶ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠄ | ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ 3.5% ᠪᠠᠷ ᠪᠠᠭᠤᠷᠠᠵᠤ᠂ ᠬᠤᠪᠢ | ᠣᠷᠣᠭᠤᠯᠬᠤ ᠳᠦᠷᠢᠮᠲᠦ ᠠᠵᠤ ᠠᠬᠤᠶᠢᠯᠠᠯ 13.5% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ | ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 12.8% ᠪᠠᠷ ᠪᠠᠭᠤᠷᠠᠪᠠ᠃ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ ᠭᠤᠷᠪᠠᠨ ᠶᠡᠭᠡ ᠲᠥᠷᠥᠯ ᠳᠤ ᠬᠤᠪᠢᠶᠠᠵᠤ ᠦᠵᠡᠪᠡᠯ᠄ ᠠᠭᠤᠷᠬᠠᠶ ᠮᠠᠯᠲᠠᠬᠤ | ᠦᠢᠯᠡᠰ 64.5% ᠪᠠᠷ ᠪᠠᠭᠤᠷᠠᠵᠤ᠂ ᠦᠢᠯᠡᠳᠬᠦ ᠦᠢᠯᠡᠰ 43.1% ᠪᠠᠷ ᠨᠡᠮᠡᠭᠳᠡᠨ᠂ ᠴᠠᠬᠢᠯᠭᠠᠨ ᠬᠦᠴᠦᠨ᠂ | ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ | 7% ᠪᠠᠷ ᠪᠠᠭᠤᠷᠠᠪᠠ᠃ | 1 — 9 ᠰᠠᠷ᠎ᠠ ᠳᠤ ᠡᠵᠡᠩᠨᠡᠯᠲᠡ ᠶᠢᠨ ᠣᠷᠣᠯᠭ᠎ᠠ ᠶᠢ ᠨᠡᠶᠢᠲᠡ 45 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠪᠡ︔ ᠨᠡᠶᠢᠲᠡ 2.9 ᠳ᠋ᠦᠩᠰᠢᠭᠤᠷ | ᠲᠥᠭᠦᠷᠢᠭ ᠤᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ | 41.6% ᠪᠠᠷ ᠪᠠᠭᠤᠷᠠᠪᠠ︔ ᠨᠡᠶᠢᠲᠡ ᠪᠡᠶᠡᠯᠡᠭᠦᠯᠦᠭᠰᠡᠨ ᠭᠠᠶᠢᠯᠢ ᠶᠢᠨ ᠮᠥᠩᠭᠦ ᠶᠢᠨ ᠶᠡᠷᠦᠩᠬᠡᠶ ᠲᠤᠭ᠎ᠠ 2 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.1% ᠪᠠᠷ ᠨᠡᠮᠡᠭᠳᠡᠪᠡ᠃ |