2020 ᠣᠨ ᠤ ᠮᠥᠩᠭᠦᠨ ᠭᠦᠢᠯᠭᠡᠭᠡ
ᠨᠡᠶᠢᠲᠡᠯᠡᠭᠰᠡᠨ ᠴᠠᠭ᠄
2021/12/2
     ᠪᠥᠬᠦ ᠲᠤᠭᠤᠷᠢᠭ ᠤᠨ ᠵᠢᠯ ᠤᠨ ᠡᠴᠦᠰ ᠤᠨ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 358.5 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 2.6% ᠪᠠᠭᠤᠷᠠᠪᠠ᠂ ᠡᠭᠦᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 280.9 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 2.4% ᠨᠡᠮᠡᠭᠳᠡᠪᠡ︔ ᠪᠥᠬᠦ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 296.4 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠤ ᠵᠢᠯ ᠤᠨ ᠬᠢ ᠠᠴᠠ 8.3% ᠪᠠᠷ ᠪᠠᠭᠤᠷᠠᠪᠠ᠃ ᠪᠥᠬᠦ ᠵᠢᠯ ᠤᠨ ᠳᠠᠭᠠᠳᠬᠠᠯ ᠤᠨ ᠺᠣᠮᠫᠠᠨᠢ ᠶᠢᠨ ᠳᠠᠭᠠᠳᠬᠠᠯ ᠤᠨ ᠵᠠᠷᠤᠳᠠᠯ ᠤᠨ ᠣᠷᠣᠯᠭ᠎ᠠ 2.8 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠤ ᠵᠢᠯ ᠤᠨ ᠬᠢ ᠠᠴᠠ 12.5% ᠪᠠᠷ ᠪᠠᠭᠤᠷᠠᠪᠠ᠃ ᠡᠭᠦᠨ ᠤ ᠳᠣᠲᠣᠷ᠎ᠠ ᠠᠮᠢ ᠨᠠᠰᠤᠨ ᠤ ᠳᠠᠭᠠᠳᠬᠠᠯ ᠤᠨ ᠰᠦᠢᠳᠬᠡᠯ ᠤᠨ ᠣᠷᠣᠯᠭ᠎ᠠ 1.4 ᠳ᠋ᠦᠩᠰᠢᠭᠤᠷ᠂ ᠡᠳ᠋ ᠬᠦᠷᠦᠩᠭᠡ ᠶᠢᠨ ᠳᠠᠭᠠᠳᠬᠠᠯ ᠤᠨ ᠰᠦᠢᠳᠬᠡᠯ ᠤᠨ ᠣᠷᠣᠯᠭ᠎ᠠ 1.4 ᠳ᠋ᠦᠩᠰᠢᠭᠤᠷ ᠲᠥᠭᠦᠷᠢᠭ  ᠪᠤᠯᠤᠨ᠎ᠠ᠃ ᠪᠦᠬᠦ ᠵᠢᠯ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠵᠠᠷᠤᠯᠭ᠎ᠠ 1.2 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 20% ᠪᠠᠷ  ᠨᠡᠮᠡᠭᠳᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号