ᠨᠠᠮ ᠤᠨ ᠪᠠᠶᠢᠭᠤᠯᠤᠯᠲᠠ ᠶᠢᠨ ᠬᠥᠲᠥᠯᠦᠨ ᠳᠠᠭᠠᠭᠤᠯᠬᠤ ᠦᠢᠯᠡᠴᠢᠯᠡᠭᠡ ᠪᠠᠷ ᠦᠨᠳᠦᠰᠦ ᠪᠣᠯᠭᠠᠵᠤ | ᠰᠠᠭᠤᠭᠠᠯᠢ ᠠᠷᠠᠳ ᠤᠨ ᠵᠣᠯ ᠵᠢᠷᠭᠠᠯ ᠤᠨ ︽ᠨᠢᠭᠤᠴᠠ ᠨᠣᠮᠧᠷ︾ ᠢ ᠲᠠᠶᠢᠯᠤᠨ᠎ᠠ | ᠰᠢᠶᠠᠩ ᠶᠠᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠹᠠᠨ ᠰᠢᠶᠤᠤ | ᠸᠧᠶ ᠶᠢ ᠲᠤᠰᠬᠠᠶᠢᠯᠠᠨ ᠰᠤᠷᠪᠤᠯᠵᠢᠯᠠᠪᠠ | ︽ᠤᠳᠤᠷᠢᠳᠬᠠᠯ︾᠄ ᠥᠨᠥᠳᠦᠷ ᠤᠨ ︽ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ | ᠰᠠᠨᠠᠭ᠎ᠠ ᠶᠢ ᠲᠤᠤᠱᠯᠠᠭᠤᠯᠬᠤ ︿ᠨᠢᠭᠡᠳᠦᠭᠡᠷ ᠭᠠᠷ﹀ ᠤᠨ ᠰᠤᠷᠪᠤᠯᠵᠢᠯᠠᠭ᠎ᠠ︾ ᠨᠢ ᠲᠠᠨ ᠳᠤ ︽ᠰᠢᠶᠠᠩ ᠶᠠᠩ ᠵᠡᠭᠡᠯᠢ | ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠹᠠᠨ ᠰᠢᠶᠤᠤ ᠸᠧᠶ ᠶᠢ ᠲᠤᠰᠬᠠᠶᠢᠯᠠᠨ ᠰᠤᠷᠪᠤᠯᠵᠢᠯᠠᠭᠰᠠᠨ | ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠴᠢᠯᠡᠭᠡ ᠪᠠᠷ ᠦᠨᠳᠦᠰᠦ ᠪᠣᠯᠭᠠᠵᠤ ᠰᠠᠭᠤᠭᠠᠯᠢ | ᠠᠷᠠᠳ ᠤᠨ ᠵᠣᠯ ᠵᠢᠷᠭᠠᠯ ᠤᠨ ︿ᠨᠢᠭᠤᠴᠠ ᠨᠣᠮᠧᠷ﹀ ᠢ ᠲᠠᠶᠢᠯᠤᠨ᠎ᠠ ︾ ᠬᠡᠭᠦ ᠰᠤᠷᠪᠤᠯᠵᠢᠯᠠᠭ᠎ᠠ ᠶᠢ ᠨᠡᠪᠲᠡᠷᠡᠭᠦᠯᠦᠨ᠎ᠡ᠃ | | 【 ᠠᠰᠠᠭᠤᠳᠠᠯ 】ᠬᠥᠲᠥᠯᠥᠭᠴᠢ ᠦ᠋ ᠳ᠋ᠢ | ᠹᠠᠨ ᠱᠦᠵᠢ᠂ ᠲᠠ ᠰᠠᠶᠢᠨ ᠤᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ᠂ | ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ | ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠣᠷᠣᠰᠢᠨ ᠰᠠᠭᠤᠬᠤ ᠳᠤ ᠲᠣᠬᠢᠷᠠᠮᠵᠢᠲᠠᠶ | ᠪᠠᠶᠢᠬᠤ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠬᠡᠷᠡᠭᠲᠡᠶ ᠭᠡᠵᠦ ᠳᠤᠷᠠᠳᠤᠨ ᠭᠠᠷᠭᠠᠪᠠ᠃ ᠲᠡᠭᠡᠪᠡᠯ ᠮᠠᠨ ᠤ | ᠰᠢᠶᠠᠩ ᠶᠠᠩ ᠵᠡᠭᠡᠯᠢ ᠭᠤᠳᠤᠮᠵᠢ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠠᠯ᠎ᠠ ᠪᠠᠷ ᠶᠠᠭᠠᠬᠢᠵᠤ | ᠬᠢᠭᠰᠡᠨ ᠪᠤᠢ︖ | 【 ᠬᠠᠷᠢᠭᠤᠯᠲᠠ 】 ᠰᠢᠶᠠᠩ ᠶᠠᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ | ᠹᠠᠨ ᠰᠢᠶᠤᠤ ᠸᠧᠶ | ᠰᠢᠶᠠᠩ ᠶᠠᠩ ᠵᠡᠭᠡᠯᠢ ᠭᠤᠳᠤᠮᠵᠢ ᠢᠮᠠᠭᠲᠠ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ | ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ | ᠰᠠᠭᠤᠭᠠᠯᠢ ᠠᠷᠠᠳ ᠤᠨ ᠵᠥᠪᠯᠡᠯ᠂ ᠠᠵᠤ ᠦᠢᠯᠡᠰ ᠤᠨ ᠵᠥᠪᠯᠡᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠵᠣᠬᠢᠴᠠᠭᠤᠯᠤᠨ ᠬᠤᠯᠪᠣᠭᠠᠯᠠᠬᠤ ᠲᠣᠭᠲᠠᠴᠠ ᠶᠢ ᠪᠠᠶᠢᠭᠤᠯᠵᠤ᠂ ︽ᠬᠤᠪᠢᠰᠬᠠᠯ ᠤᠨ ᠳᠤᠷᠠᠰᠬᠠᠯᠲᠤ | ᠠᠳᠠᠯ ᠠᠬᠤᠢ︾ ᠶᠢ ᠬᠦᠴᠦᠯᠡᠨ ᠪᠠᠶᠢᠭᠤᠯᠵᠤ᠂ ᠤᠯᠠᠨ ᠲᠦᠮᠡᠨ ᠳᠤ ᠴᠡᠪᠡᠷ ᠲᠡᠭᠰᠢ ᠠᠮᠢᠳᠤᠷᠠᠯ ᠤᠨ ᠣᠷᠴᠢᠨ | ᠲᠣᠭᠤᠷᠢᠨ ᠢ ᠡᠳ᠋ᠯᠡᠭᠦᠯᠪᠡ︔ ᠰᠠᠭᠤᠭᠠᠯᠢ ᠠᠷᠠᠳ ᠤᠨ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ᠂ ᠰᠠᠭᠤᠭᠠᠯᠢ | ᠠᠷᠠᠳ ᠤᠨ ᠬᠡᠷᠡᠭ ᠵᠥᠪᠯᠡᠬᠦ ᠵᠥᠪᠯᠡᠯ᠂ ᠣᠷᠴᠢᠨ ᠲᠣᠭᠤᠷᠢᠨ ᠪᠠ ᠠᠳᠠᠯ ᠠᠬᠤᠶ ᠶᠢᠨ ᠬᠠᠮᠢᠶᠠᠷᠤᠯᠲᠠ ᠶᠢᠨ ᠵᠥᠪᠯᠡᠯ᠂ | ᠨᠠᠰᠤᠲᠠᠶᠢᠴᠤᠳ ᠤᠨ ᠨᠡᠶᠢᠭᠡᠮᠯᠢᠭ ᠵᠡᠷᠭᠡ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠤᠨ ᠪᠦᠲᠦᠴᠡ ᠶᠢ | ᠵᠣᠬᠢᠶᠠᠨ ᠪᠠᠶᠢᠭᠤᠯᠵᠤ᠂ ︽ᠨᠡᠶᠢᠭᠡᠮ ᠲᠣᠭᠤᠷᠢᠭ ᠢᠶᠠᠷ ᠲᠠᠪᠴᠠᠩ ᠪᠣᠯᠭᠠᠵᠤ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠨᠡᠶᠢᠭᠡᠮ ᠤᠨ ᠠᠵᠢᠯᠲᠠᠨ ︵ᠠᠯᠪᠠᠨ ᠵᠢᠷᠤᠮ ᠤᠨ ᠠᠵᠢᠯᠴᠢᠨ + | ᠰᠠᠶᠢᠨ ᠳᠤᠷ᠎ᠠ ᠶᠢᠨ ᠠᠵᠢᠯᠯᠠᠭᠴᠢ︶ ᠢᠶᠠᠷ ᠲᠤᠯᠭᠠᠭᠤᠷᠢᠯᠠᠯ ᠪᠣᠯᠭᠠᠭᠰᠠᠨ︾ ︽ᠭᠤᠷᠪᠠᠨ ᠬᠤᠷᠰᠢᠶ᠎ᠠ ᠬᠤᠯᠪᠣᠭᠠᠯᠠᠨ | ᠬᠥᠳᠡᠯᠦᠯᠴᠡᠬᠦ︾ ᠵᠠᠰᠠᠯᠲᠠ ᠶᠢᠨ ᠦᠢᠯᠡᠴᠢᠯᠡᠭᠡᠨ ᠤ ᠲᠣᠭᠲᠠᠴᠠ ᠶᠢ ᠬᠠᠶᠢᠨ ᠰᠦᠪᠡᠭᠴᠢᠯᠡᠵᠦ᠂ ᠣᠯᠠᠨ ᠨᠡᠶᠢᠭᠡᠮ ᠤᠨ | ᠵᠣᠬᠢᠶᠠᠨ ᠪᠠᠶᠢᠭᠤᠯᠤᠯᠲᠠ ᠪᠠ ᠵᠢᠵᠢᠭ ᠪᠢᠴᠢᠯ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠣᠷᠣᠭᠤᠯᠤᠨ | ᠠᠪᠴᠢᠷᠠᠵᠤ᠂ ᠣᠯᠠᠨ ᠲᠦᠮᠡᠨ ᠳᠤ ᠨᠠᠷᠢᠯᠢᠭ ᠣᠯᠠᠨ ᠶᠠᠩᠵᠤ ᠶᠢᠨ ᠳᠥᠭᠦᠮ ᠳᠥᠲᠡ ᠦᠢᠯᠡᠴᠢᠯᠡᠭᠡ ᠶᠢ ᠬᠦᠷᠲᠡᠭᠡᠪᠡ | ︔ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ︽ᠤᠯᠠᠨ ᠲᠣᠣᠷ ᠢ ᠨᠢᠭᠡᠳᠬᠡᠬᠦ︾ ᠶᠢ ᠪᠡᠶᠡᠯᠡᠭᠦᠯᠵᠦ᠂ | ᠰᠢᠨ᠎ᠡ ᠴᠠᠭ ᠦᠶ᠎ᠡ ᠶᠢᠨ ︽ ᠹᠧᠩ ᠴᠢᠶᠤᠤ ᠶᠢᠨ ᠲᠤᠷᠰᠢᠯᠭ᠎ᠠ︾ ᠶᠢ ᠬᠥᠭᠵᠢᠭᠦᠯᠵᠦ᠂ ᠠᠷᠠᠳ ᠤᠨ ᠡᠶᠡᠳᠡᠭᠦᠯᠭᠡ᠂ | ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢᠨ ︽ᠭᠤᠷᠪᠠᠨ ᠳᠤᠬᠢᠷᠠᠭᠤᠯᠭ᠎ᠠ ᠶᠢ | ᠬᠤᠯᠪᠣᠯᠳᠤᠭᠤᠯᠬᠤ︾ ᠶᠢ ᠠᠮᠢᠳᠤᠯᠢᠭᠵᠢᠭᠤᠯᠵᠤ᠂ ᠤᠯᠠᠨ ᠲᠦᠮᠡᠨ ᠤ ᠰᠡᠳᠬᠢᠯ ᠰᠠᠨᠠᠭ᠎ᠠ ᠶᠢ ᠠᠮᠤᠷ ᠲᠣᠭᠲᠠᠭᠤᠨ᠂ | ᠡᠶ᠎ᠡ ᠵᠣᠬᠢᠴᠠᠩᠭᠤᠢ ᠵᠣᠯ ᠵᠢᠷᠭᠠᠯ ᠲᠠᠢ ᠪᠣᠯᠭᠠᠨ᠎ᠠ᠃ | 【 ᠠᠰᠠᠭᠤᠳᠠᠯ 】 ᠬᠥᠲᠥᠯᠥᠭᠴᠢ ᠦ᠋ ᠳ᠋ᠢ | ᠬᠤᠶᠢᠰᠢᠳᠠ ᠶᠢᠨ ᠠᠵᠢᠯ ᠤᠨ ᠳᠤᠮᠳᠠ᠂ ᠰᠢᠶᠠᠩ ᠶᠠᠩ ᠵᠡᠭᠡᠯᠢ ᠭᠤᠳᠤᠮᠵᠢ ᠶᠠᠮᠠᠷ ᠶᠠᠮᠠᠷ ᠠᠷᠭ᠎ᠠ | ᠬᠡᠮᠵᠢᠶ᠎ᠡ ᠪᠠᠷ ᠳᠠᠮᠵᠢᠭᠤᠯᠤᠨ ᠰᠠᠭᠤᠭᠠᠯᠢ ᠠᠷᠠᠳ ᠤᠨ ᠵᠣᠯ ᠵᠢᠷᠭᠠᠯ ᠤᠨ ᠰᠡᠳᠬᠢᠭᠳᠡᠯ ᠪᠠ ᠬᠦᠷᠲᠡᠮᠵᠢ ᠶᠢᠨ | ᠰᠡᠳᠬᠢᠭᠳᠡᠯ ᠢ ᠳᠡᠭᠡᠭᠰᠢᠯᠡᠭᠦᠯᠬᠦ ᠪᠣᠶ︖ | 【 ᠬᠠᠷᠢᠭᠤᠯᠲᠠ 】 ᠰᠢᠶᠠᠩ ᠶᠠᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ | ᠹᠠᠨ ᠰᠢᠶᠤᠤ ᠸᠧᠶ | ᠬᠤᠶᠢᠰᠢᠳᠠ ᠶᠢᠨ ᠠᠵᠢᠯ ᠤᠨ ᠳᠤᠮᠳᠠ᠂ ᠮᠠᠨ ᠤ ᠰᠢᠶᠠᠩ ᠶᠠᠩ ᠵᠡᠭᠡᠯᠢ ᠭᠤᠳᠤᠮᠵᠢ ᠬᠥᠭᠰᠢᠨ ᠪᠠᠭᠤᠷᠠᠶ | ᠡᠪᠡᠳᠴᠢᠨ ᠲᠠᠢ ᠵᠡᠮᠳᠡᠭ ᠵᠢᠷᠮᠦᠰᠦᠨ ᠭᠤᠣᠨᠢ ᠪᠡᠯᠪᠡᠰᠦᠨ ᠥᠨᠥᠴᠢᠨ ᠥᠷᠥᠭᠡᠰᠦᠨ ᠵᠡᠷᠭᠡ ᠠᠳᠠᠯᠢ ᠪᠤᠰᠤ | ᠬᠠᠮᠲᠤᠯᠢᠭ ᠲᠤ ᠴᠢᠭᠯᠡᠭᠦᠯᠦᠨ᠂ ᠬᠠᠮᠤᠭ ᠤᠨ ᠦᠨᠳᠦᠰᠦᠨ ᠪᠠᠲᠤᠯᠠᠭ᠎ᠠ ᠪᠠ ᠳᠣᠲᠣᠨᠣ ᠦᠢᠯᠡᠴᠢᠯᠡᠭᠡ ᠶᠢ ᠲᠥᠷᠥᠯ | ᠬᠤᠪᠢᠶᠠᠨ ᠶᠠᠪᠤᠭᠳᠠᠭᠤᠯᠤᠨ᠎ᠠ᠃ ᠡᠭᠦᠨ ᠠᠴᠠ ᠭᠠᠳᠠᠨ᠎ᠠ᠂ ᠪᠢᠳᠡ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠥᠭᠡᠷᠡᠴᠢᠯᠡᠯᠲᠡ ᠶᠢ ᠠᠰᠢᠭᠯᠠᠵᠤ᠂ ᠰᠠᠭᠤᠭᠠᠯᠢ ᠠᠷᠠᠳ ᠤᠨ ᠲᠣᠭᠤᠷᠢᠭ ᠢ ᠪᠢᠲᠡᠭᠦᠮᠵᠢᠯᠡᠨ | ᠬᠠᠮᠢᠶᠠᠷᠬᠤ᠂ ᠭᠠᠵᠠᠷ ᠤᠨ ᠭᠠᠳᠠᠷᠭᠤ ᠶᠢ ᠬᠠᠲᠠᠭᠤᠷᠠᠭᠤᠯᠬᠤ᠂ ᠨᠣᠭᠤᠭᠠᠷᠠᠭᠤᠯᠵᠤ ᠰᠡᠯᠪᠢᠨ ᠵᠠᠰᠠᠬᠤ᠂ ᠲᠡᠷᠭᠡᠨ ᠤ | ᠰᠠᠷᠠᠪᠴᠢᠨ ᠳᠤ ᠴᠠᠬᠢᠯᠭᠠᠨ ᠴᠡᠨᠡᠭᠯᠡᠬᠦ ᠵᠡᠷᠭᠡ ᠢᠨᠵᠧᠨᠧᠷᠢᠩ ᠢ ᠥᠷᠨᠢᠭᠦᠯᠵᠦ᠂ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠰᠠᠭᠠᠳ ᠶᠡᠭᠡ᠂ ᠬᠥᠮᠦᠰ ᠤᠨ ᠬᠦᠷᠢᠶᠡᠯᠡᠯ ᠢ ᠣᠯᠵᠤ ᠳᠡᠶᠢᠯᠬᠦ ᠦᠭᠡᠢ ᠵᠡᠷᠭᠡ ᠪᠠᠴᠢᠮ ᠪᠡᠷᠬᠡ | ᠵᠣᠪᠠᠨᠢᠯ ᠤᠨ ᠠᠰᠠᠭᠤᠳᠠᠯ ᠢ ᠰᠢᠢᠳᠪᠦᠷᠢᠯᠡᠵᠦ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭᠠᠨ ᠤ ᠲᠠᠯᠠᠪᠤᠷ ᠢ | ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠬᠤᠳᠠ ᠶᠢᠨ ᠰᠢᠨᠡᠴᠢᠯᠡᠭᠰᠡᠨ ᠴᠡᠴᠡᠷᠯᠢᠭ ᠢ ᠪᠠᠶᠢᠭᠤᠯᠵᠤ᠂ ᠰᠠᠭᠤᠭᠠᠯᠢ | ᠠᠷᠠᠳ ᠢ ᠰᠡᠯᠡᠭᠦᠴᠡᠬᠦ ᠭᠠᠵᠠᠷ ᠲᠠᠢ᠂ ᠬᠥᠳᠡᠯᠭᠡᠭᠡᠨ ᠬᠢᠬᠦ ᠭᠠᠵᠠᠷ ᠲᠠᠢ ᠪᠣᠯᠭᠠᠵᠤ᠂ ᠰᠠᠭᠤᠭᠠᠯᠢ ᠠᠷᠠᠳ ᠤᠨ ᠵᠣᠯ | ᠵᠢᠷᠭᠠᠯᠲᠤ ᠲᠦᠷᠦᠭᠳᠡᠯ ᠪᠠ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠦᠨ᠎ᠡ᠃ | | | | | | | | | | | | ᠁ |