11 ᠰᠠᠷ᠎ᠠ ᠶᠢᠨ 30 ᠤ ᠡᠳᠦᠷ ᠪᠣᠯᠲᠠᠯ᠎ᠠ᠂ ᠰᠦᠩᠱᠠᠨ ᠲᠣᠭᠤᠷᠢᠭ ᠲᠠᠷᠢᠶᠠᠯᠠᠩ ᠤᠨ ᠮᠠᠰᠢᠨ ᠬᠤᠳᠠᠯᠳᠤᠨ | ᠠᠪᠬᠤ ᠨᠥᠬᠦᠪᠥᠷᠢ ᠭᠤᠶᠤᠴᠢᠯᠠᠬᠤ ᠭᠤᠶᠤᠴᠢᠯᠠᠯ ᠢ 1202 ᠬᠤᠪᠢ ᠭᠦᠢᠴᠡᠳᠬᠡᠵᠦ᠂ 1138 ᠡᠷᠦᠬᠡ ᠠᠰᠢᠭ | ᠭᠥᠷᠳᠡᠵᠦ᠂ ᠮᠠᠰᠢᠨ ᠪᠠᠭᠠᠵᠢ ᠶᠢᠨ ᠲᠤᠭ᠎ᠠ 1214 ᠰᠠᠭᠤᠷᠢ ᠪᠠᠶᠢᠵᠤ᠂ ᠶᠡᠷᠦᠩᠬᠡᠶ ᠨᠥᠬᠦᠪᠥᠷᠢ ᠪᠠᠯᠠ ᠮᠥᠩᠭᠦ ᠨᠢ | 2729.20 ᠲᠦᠮᠡᠨ ᠲᠥᠭᠦᠷᠢᠭ ᠪᠣᠯᠤᠨ᠎ᠠ︔ 6 ᠬᠤᠪᠢ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ | ᠭᠠᠷᠭᠠᠭᠰᠠᠨ ᠨᠥᠬᠦᠪᠥᠷᠢ ᠶᠢ ᠭᠦᠢᠴᠡᠳᠬᠡᠵᠦ᠂ 6 ᠡᠷᠦᠬᠡ ᠠᠰᠢᠭ ᠭᠥᠷᠳᠡᠵᠦ᠂ ᠨᠡᠶᠢᠲᠡ 9.25 ᠲᠦᠮᠡᠨ | ᠲᠥᠭᠦᠷᠢᠭ ᠤᠨ ᠨᠥᠬᠦᠪᠥᠷᠢ ᠮᠥᠩᠭᠦ ᠨᠥᠬᠦᠪᠥᠷᠢᠯᠡᠪᠡ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ︽2021 — 2023 | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠭᠤᠶᠤᠴᠢᠯᠠᠬᠤ ᠶᠢ ᠭᠦᠢᠴᠡᠳᠬᠡᠬᠦ ᠦᠢᠯᠡᠴᠢᠯᠡᠭᠡᠨ ᠤ | ᠰᠢᠰᠲ᠋ᠧᠮ︾ ᠢ ᠬᠠᠷᠠᠬᠠᠨ ᠨᠡᠭᠡᠭᠡᠭᠡ ᠥᠬᠡᠶ ᠠᠴᠠ ᠪᠣᠯᠵᠣ᠂ ᠰᠦᠩᠱᠠᠨ ᠲᠣᠭᠤᠷᠢᠭ ᠤᠨ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ 10 ᠳ᠋ᠤᠭᠠᠷ | ᠰᠠᠷ᠎ᠠ ᠶᠢᠨ ᠰᠢᠨᠡᠳ ᠠᠴᠠ ᠨᠠᠰᠢ ᠵᠣᠭᠰᠣᠩᠭᠢᠷᠠᠭᠰᠠᠨ ᠪᠠᠶᠢᠳᠠᠯ ᠳᠤ ᠣᠷᠣᠰᠢᠭᠰᠠᠭᠠᠷ ᠢᠷᠡᠪᠡ᠃ ᠮᠠᠰᠢᠨ ᠬᠤᠳᠠᠯᠳᠤᠨ | ᠠᠪᠤᠭᠴᠢ ᠶᠢᠨ ᠪᠠᠯᠠ ᠮᠥᠩᠭᠦ ᠶᠢᠨ ᠳᠠᠷᠤᠯᠲᠠ ᠶᠢ ᠠᠯᠢ ᠴᠢᠳᠠᠬᠤ ᠪᠠᠷ ᠪᠠᠭᠠᠰᠬᠠᠬᠤ ᠶᠢᠨ ᠲᠥᠯᠥᠭᠡ᠂ ᠲᠣᠭᠤᠷᠢᠭ ᠤᠨ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠠᠯᠪᠠᠨ ᠬᠡᠷ 11 ᠰᠠᠷ᠎ᠠ ᠶᠢᠨ 8 ᠤ ᠡᠳᠦᠷ | ᠨᠢᠭᠡᠨᠲᠡ ᠭᠤᠶᠤᠴᠢᠯᠠᠭᠰᠠᠨ 1197 ᠬᠤᠪᠢ ᠭᠤᠶᠤᠴᠢᠯᠠᠯ ᠂ 1134 ᠠᠰᠢᠭ ᠬᠦᠷᠲᠡᠬᠦ ᠡᠷᠦᠬᠡ᠂ 1209 | ᠮᠠᠰᠢᠨ ᠪᠠᠭᠠᠵᠢ ᠶᠢᠨ ᠲᠤᠭ᠎ᠠ ᠬᠡᠮᠵᠢᠶ᠎ᠡ᠂ 2711.84 ᠲᠦᠮᠡᠨ ᠲᠥᠭᠦᠷᠢᠭ ᠤᠨ ᠶᠡᠷᠦᠩᠬᠡᠶ ᠨᠥᠬᠦᠪᠥᠷᠢ ᠪᠠᠯᠠ | ᠮᠥᠩᠭᠦ ᠶᠢ ᠳ᠋ᠦᠩᠨᠡᠨ ᠪᠤᠳᠤᠬᠤ ᠪᠠᠷ ᠪᠠᠶᠢᠭ᠎ᠠ ᠪᠠᠶᠢᠳᠠᠯ ᠳᠤ ᠤᠷᠤᠭᠤᠯᠠᠨ ᠡᠮᠬᠢᠯᠡᠨ ᠭᠠᠷᠭᠠᠪᠠ᠃ ᠡᠯ᠎ᠡ ᠰᠢᠶᠠᠩ | ᠪᠠᠯᠭᠠᠰᠤᠨ ᠤ ᠡᠳ᠋ ᠤᠨ ᠵᠠᠰᠠᠭ ᠤᠨ ᠭᠠᠵᠠᠷ ᠲᠠᠢ ᠵᠣᠬᠢᠴᠠᠭᠤᠯᠬᠤ ᠪᠠᠷ ᠳᠠᠮᠵᠢᠭᠤᠯᠤᠨ᠂ 11 ᠰᠠᠷ᠎ᠠ ᠶᠢᠨ 16 ᠤ | ᠡᠳᠦᠷ ︽ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠰᠢᠰᠲ᠋ᠧᠮ ︾ ᠳᠠᠬᠢ ᠠᠰᠢᠭ ᠬᠦᠷᠲᠡᠭᠴᠢ ᠶᠢᠨ ᠨᠠᠷᠢᠨ | ᠲᠠᠩᠰᠠᠨ ᠳᠤ ᠪᠢᠴᠢᠵᠦ ᠣᠷᠣᠭᠤᠯᠬᠤ ᠪᠠ ᠬᠢᠨᠠᠨ ᠬᠠᠷᠭᠠᠭᠤᠯᠬᠤ ᠶᠢ ᠪᠡᠶᠡᠯᠡᠭᠦᠯᠵᠦ᠂ 17 ᠤ ᠡᠳᠦᠷ ᠲᠣᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ᠲᠠᠰᠤᠭ ᠲᠤ ᠲᠤᠰᠢᠶᠠᠪᠠ᠃ |