︽ᠤᠯᠠᠭᠠᠨᠬᠠᠳᠠ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ | ᠲᠣᠭᠤᠷᠢᠨ ᠤ ᠵᠠᠰᠠᠯᠲᠠ ᠶᠢᠨ ᠳᠦᠷᠢᠮ︾ | ︵2020 ᠣᠨ ᠤ 11 ᠰᠠᠷ᠎ᠠ ᠶᠢᠨ 6 ᠤ ᠡᠳᠦᠷ ᠤᠨ ᠤᠯᠠᠭᠠᠨᠬᠠᠳᠠ ᠬᠤᠲᠠ ᠶᠢᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ | ᠬᠤᠶᠠᠳᠤᠭᠠᠷ ᠬᠤᠷᠠᠯᠳᠤᠭᠠᠨ ᠢᠶᠠᠷ ᠪᠠᠲᠤᠯᠠᠪᠠ᠃ 2020 ᠣᠨ ᠤ 11 ᠰᠠᠷ᠎ᠠ ᠶᠢᠨ 26 ᠤ ᠡᠳᠦᠷ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠠᠴᠠ | ᠵᠥᠪᠰᠢᠶᠡᠷᠡᠪᠡ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠮᠠᠯᠵᠢᠬᠤ ᠲᠠᠷᠢᠶᠠᠯᠠᠬᠤ ᠣᠷᠣᠨ ᠤ ᠠᠷᠠᠳ ᠢᠷᠭᠡᠳ ᠤᠨ ᠣᠷᠣᠰᠢᠨ ᠠᠮᠢᠳᠤᠷᠠᠬᠤ ᠣᠷᠴᠢᠨ | ᠲᠣᠭᠤᠷᠢᠨ ᠢ ᠬᠠᠮᠠᠭᠠᠯᠠᠨ ᠰᠠᠢᠵᠢᠷᠠᠭᠤᠯᠵᠤ᠂ ᠣᠷᠣᠰᠢᠨ ᠨᠤᠲᠤᠭᠰᠢᠬᠤ ᠳᠤ ᠲᠣᠬᠢᠷᠠᠮᠵᠢᠲᠠᠢ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠢᠭᠤᠯᠤᠯᠲᠠ ᠶᠢ ᠠᠬᠢᠭᠤᠯᠬᠤ ᠶᠢᠨ ᠲᠥᠯᠥᠭᠡ᠂ ︽ᠪᠥᠬᠦᠳᠡ | ᠨᠠᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠪᠥᠬᠦᠳᠡ | ᠨᠠᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ | ᠪᠣᠬᠢᠷᠲᠤᠭᠤᠯᠬᠤ ᠶᠢ ᠰᠡᠷᠭᠡᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ | ᠲᠣᠰ ᠬᠤᠲᠠ ᠶᠢᠨ ᠪᠣᠳᠠᠲᠠᠢ ᠲᠠᠢ ᠤᠶᠠᠯᠳᠤᠭᠤᠯᠤᠨ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠣᠰ ᠳᠦᠷᠢᠮ ᠨᠢ ᠲᠣᠰ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯᠯᠠᠭ᠎ᠠ ᠳᠤ ᠲᠣᠬᠢᠷᠠᠨ᠎ᠠ᠃ ᠳᠡᠭᠡᠳᠦ ᠳᠡᠰ ᠤᠨ ᠬᠠᠤᠯᠢ ᠳᠤ | ᠨᠢᠭᠡᠨᠲᠡ ᠲᠣᠭᠲᠠᠭᠠᠯ ᠭᠠᠷᠭᠠᠭᠰᠠᠨ ᠪᠠᠶᠢᠪᠠᠯ᠂ ᠤᠤᠯ ᠲᠣᠭᠲᠠᠭᠠᠯ ᠢ ᠵᠢᠷᠤᠮᠯᠠᠨ᠎ᠠ᠃ | ᠭᠤᠷᠪᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ | ᠵᠠᠰᠠᠬᠤ ᠳᠤ ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠲᠣᠰᠬᠤᠨ ᠤ ᠠᠷᠠᠳ ᠭᠤᠣᠯ ᠴᠣᠭᠴᠠ ᠪᠣᠯᠬᠤ᠂ | ᠨᠡᠶᠢᠭᠡᠮ ᠳᠠᠶᠠᠭᠠᠷ ᠣᠷᠣᠯᠴᠠᠬᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠲᠥᠯᠥᠪᠵᠢᠭᠦᠯᠭᠡ ᠶᠢ | ᠤᠷᠢᠳᠠᠪᠠᠷ ᠬᠡᠷᠡᠭᠵᠢᠭᠦᠯᠬᠦ᠂ ᠪᠠᠶᠢᠭᠤᠯᠬᠤ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠬᠤ | ᠬᠡᠷᠡᠭᠲᠡᠢ᠃ | ᠳᠥᠷᠪᠡᠳᠦᠭᠡᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠤᠷᠲᠤ | ᠬᠤᠭᠤᠴᠠᠭᠠᠨ ᠤ ᠪᠦᠲᠦᠮᠵᠢᠲᠡᠢ ᠳᠦᠷᠢᠮ ᠲᠣᠭᠲᠠᠴᠠ ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃ | ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ | ᠠᠬᠤᠶ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠬᠠᠢ ᠶᠢᠨ ᠵᠠᠰᠠᠭ ᠵᠠᠬᠢᠷᠭᠠᠨ ᠤ ᠣᠷᠣᠨ ᠳᠠᠬᠢ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ᠂ ᠠᠮᠢ ᠠᠬᠤᠶ ᠶᠢᠨ | ᠣᠷᠴᠢᠨ ᠨᠥᠬᠦᠴᠡᠯ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠥᠭᠵᠢᠭᠦᠯᠦᠯᠲᠡ | ᠥᠭᠡᠷᠡᠴᠢᠯᠡᠯᠲᠡ᠂ ᠡᠳ᠋ ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ᠂ ᠣᠶ ᠰᠢᠭᠤᠶ ᠨᠤᠲᠤᠭ ᠪᠡᠯᠴᠢᠭᠡᠷ᠂ ᠤᠰᠤᠨ | ᠠᠰᠢᠭᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ | ᠬᠤᠲᠠ ᠶᠢᠨ ᠬᠠᠮᠢᠶᠠᠷᠤᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ ᠶᠢ | ᠲᠦᠷᠦᠭᠦᠯᠡᠨ ᠵᠣᠬᠢᠶᠠᠨ ᠪᠠᠶᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠬᠠᠮᠢᠶ᠎ᠠ ᠪᠥᠬᠦᠶ ᠠᠵᠢᠯ ᠢ | ᠬᠠᠷᠢᠭᠤᠴᠠᠨ᠎ᠠ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠬᠠᠷᠢᠶ᠎ᠠ ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ | ᠨᠥᠬᠦᠴᠡᠯ ᠤᠨ ᠵᠠᠰᠠᠯᠲᠠ ᠶᠢᠨ ᠪᠣᠳᠠᠲᠠᠶ ᠠᠵᠢᠯ ᠢ ᠬᠠᠷᠢᠭᠤᠴᠠᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ | ᠰᠠᠭᠤᠭᠠᠯᠢ ᠠᠷᠠᠳ ᠤᠨ ᠵᠥᠪᠯᠡᠯ ᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠱᠠᠭᠠᠷᠳᠠᠵᠤ ᠪᠠᠶᠢᠭᠠᠳ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ ᠢ ᠥᠷᠨᠢᠭᠦᠯᠦᠨ᠎ᠡ᠃ | | ᠲᠠᠪᠤᠳᠤᠭᠠᠷ ᠵᠦᠢᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢ ᠲᠣᠰᠬᠤᠨ ᠤ | ᠳᠦᠷᠢᠮ ᠠᠷᠠᠳ ᠤᠨ ᠭᠡᠷ᠎ᠡ ᠳᠤ ᠣᠷᠣᠭᠤᠯᠵᠤ᠂ ᠲᠣᠰᠬᠤᠨ ᠤ ᠠᠷᠠᠳ ᠪᠠ ᠲᠣᠰᠬᠤᠨ ᠳᠤ ᠰᠠᠭᠤᠭ᠎ᠠ ᠨᠢᠭᠡᠴᠢ | ᠵᠡᠷᠭᠡ ᠶᠢ ᠵᠣᠬᠢᠶᠠᠨ ᠪᠠᠶᠢᠭᠤᠯᠤᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ ᠢ | ᠥᠷᠨᠢᠭᠦᠯᠬᠦ ᠬᠡᠷᠡᠭᠲᠡᠶ᠃ | ᠵᠢᠷᠭᠤᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠨᠥᠬᠦᠪᠥᠷᠢ ᠪᠡᠯᠡ ᠮᠥᠩᠭᠦ ᠶᠢ ᠲᠣᠰ ᠵᠢᠯ ᠤᠨ | ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠬᠤ ᠬᠡᠷᠡᠭᠲᠡᠢ᠃ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠪᠠᠯᠠ ᠮᠥᠩᠭᠦ ᠴᠤᠭᠯᠠᠭᠤᠯᠤᠨ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠳᠤ ᠬᠡᠷᠡᠭᠯᠡᠬᠦ ᠬᠡᠷᠡᠭᠲᠡᠶ᠃ ᠭᠠᠴᠠᠭ᠎ᠠ | ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠬᠠᠮᠲᠤ ᠶᠢᠨ ᠠᠵᠤ ᠠᠬᠤᠶ ᠶᠢᠨ ᠠᠰᠢᠭ | ᠣᠷᠣᠯᠭ᠎ᠠ ᠶᠢᠨ ᠳᠣᠲᠣᠷ᠎ᠠ ᠠᠴᠠ ᠵᠣᠬᠢᠬᠤ ᠬᠠᠷᠢᠴᠠᠯ ᠤᠨ ᠪᠠᠯᠠ ᠮᠥᠩᠭᠦ ᠭᠠᠷᠭᠠᠨ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠳᠤ ᠵᠠᠷᠤᠴᠠᠭᠤᠯᠬᠤ ᠬᠡᠷᠡᠭᠲᠡᠶ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠷᠠᠭᠠᠯᠵᠠᠯ ᠪᠠ ᠤᠷᠮᠠᠰᠢᠭᠤᠯᠤᠨ ᠵᠤᠷᠢᠭᠵᠢᠭᠤᠯᠬᠤ | ᠠᠷᠭ᠎ᠠ ᠬᠡᠮᠵᠢᠶ᠎ᠡ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ | ᠨᠥᠬᠦᠴᠡᠯ ᠤᠨ ᠵᠠᠰᠠᠯᠲᠠ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠬᠥᠲᠥᠯᠥᠨ ᠵᠢᠯᠣᠭᠤᠳᠴᠤ | ᠵᠣᠷᠢᠭᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ | ᠣᠷᠴᠢᠨ ᠨᠥᠬᠦᠴᠡᠯ ᠤᠨ ᠵᠠᠰᠠᠯᠲᠠ ᠶᠢᠨ ᠦᠢᠯᠡᠰ ᠲᠤ ᠪᠠᠯᠠ ᠮᠥᠩᠭᠦ ᠪᠠ ᠪᠡᠯᠡᠳᠬᠡᠯ ᠲᠥᠬᠦᠭᠡᠷᠦᠮᠵᠢ ᠬᠠᠨᠳᠢᠪᠯᠠᠬᠤ ᠶᠢ | ᠵᠣᠷᠢᠭᠵᠢᠭᠤᠯᠤᠨ᠎ᠠ᠃ | ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠵᠣᠬᠢᠶᠠᠨ | ᠪᠠᠶᠢᠭᠤᠯᠤᠯᠲᠠ ᠨᠤᠭᠤᠳ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ | ᠵᠠᠰᠠᠯᠲᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠮᠠᠯᠴᠢᠨ ᠲᠠᠷᠢᠶᠠᠴᠢᠳ ᠢ | ᠬᠥᠲᠥᠯᠥᠨ ᠵᠢᠯᠣᠭᠤᠳᠴᠤ ᠪᠠᠶᠢᠭᠠᠳ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠬᠠᠮᠠᠭᠠᠯᠠᠨ ᠰᠠᠶᠢᠵᠢᠷᠠᠭᠤᠯᠬᠤ | ᠳᠠᠳᠬᠠᠯ ᠲᠠᠢ ᠪᠣᠯᠭᠠᠬᠤ ᠬᠡᠷᠡᠭᠲᠡᠶ᠃ | ᠰᠣᠨᠢᠨ ᠮᠡᠳᠡᠭᠡᠨ ᠤ ᠵᠠᠭᠤᠴᠢᠯᠠᠭᠤᠷ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ | ᠨᠥᠬᠦᠴᠡᠯ ᠤᠨ ᠵᠠᠰᠠᠯᠲᠠ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ | ᠥᠷᠨᠢᠭᠦᠯᠬᠦ ᠬᠡᠷᠡᠭᠲᠡᠶ᠃ | ᠰᠤᠷᠭᠠᠨ ᠬᠥᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠬᠠᠮᠢᠶ᠎ᠠ ᠪᠥᠬᠦᠶ ᠮᠡᠳᠡᠯᠭᠡ ᠶᠢ ᠮᠠᠯᠵᠢᠬᠤ | ᠲᠠᠷᠢᠶᠠᠯᠠᠬᠤ ᠣᠷᠣᠨ ᠤ ᠰᠤᠷᠭᠠᠭᠤᠯᠢ ᠶᠢᠨ ᠰᠤᠷᠤᠭᠴᠢᠳ ᠤᠨ ᠨᠡᠶᠢᠭᠡᠮ ᠤᠨ ᠦᠢᠯᠡᠳᠦᠯᠭᠡ ᠶᠢᠨ ᠠᠭᠤᠯᠭ᠎ᠠ ᠳᠤ | ᠣᠷᠣᠭᠤᠯᠬᠤ ᠬᠡᠷᠡᠭᠲᠡᠶ᠃ | ᠬᠤᠶᠠᠳᠤᠭᠠᠷ ᠪᠦᠯᠦᠭ ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠ ᠬᠠᠮᠢᠶᠠᠷᠬᠤ | ᠨᠠᠢᠮᠠᠳᠣᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ | ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠰᠢᠶᠠᠨ ᠤ ᠬᠡᠪᠴᠢᠶᠡᠨ ᠤ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠦᠰᠦᠪᠯᠡᠨ ᠲᠡᠭᠦᠯᠳᠡᠷᠵᠢᠭᠦᠯᠵᠦ᠂ | ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ᠂ ᠪᠣᠬᠢᠷ ᠤᠰᠤ ᠶᠢ ᠰᠢᠢᠳᠪᠦᠷᠢᠯᠡᠬᠦ᠂ ᠵᠣᠷᠯᠣᠩ ᠢ ᠥᠭᠡᠷᠡᠴᠢᠯᠡᠬᠦ᠂ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠲᠣᠰᠬᠤᠨ ᠤ | ᠳᠦᠷᠰᠦ ᠪᠠᠶᠢᠳᠠᠯ ᠢ ᠵᠠᠰᠠᠨ ᠰᠠᠶᠢᠵᠢᠷᠠᠭᠤᠯᠬᠤ ᠵᠡᠷᠭᠡ ᠲᠤᠰᠬᠠᠶ ᠲᠦᠯᠦᠪᠯᠡᠭᠡ ᠶᠢ ᠲᠥᠯᠥᠪᠵᠢᠭᠦᠯᠭᠡ ᠳᠤ ᠣᠷᠣᠭᠤᠯᠵᠤ | ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠵᠢᠴᠢ ᠬᠤᠯᠪᠣᠭᠳᠠᠯ ᠪᠥᠬᠦᠶ ᠲᠤᠰᠬᠠᠶ | ᠲᠥᠯᠥᠪᠵᠢᠭᠦᠯᠭᠡ ᠶᠢ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠬᠠᠷᠢᠯᠴᠠᠨ | ᠵᠣᠬᠢᠴᠠᠭᠤᠯᠵᠤ᠂ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠯᠦᠭᠡ ᠬᠠᠷᠢᠯᠴᠠᠨ ᠵᠣᠯᠭᠠᠭᠤᠯᠬᠤ | ᠬᠡᠷᠡᠭᠲᠡᠶ᠃ | ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠬᠠᠢ ᠶᠢᠨ ᠭᠠᠵᠠᠷ ᠣᠷᠣᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠬᠡᠷᠡᠭᠴᠡᠭᠡ ᠪᠠᠨ ᠦᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ ᠰᠠᠭᠤᠷᠢ ᠲᠦᠬᠦᠭᠡᠷᠦᠮᠵᠢ ᠶᠢ ᠵᠦᠶ ᠵᠣᠬᠢᠰᠲᠠᠶ | ᠪᠠᠶᠢᠷᠢᠰᠢᠭᠤᠯᠤᠨ ᠪᠠᠶᠢᠭᠤᠯᠬᠤ ᠬᠡᠷᠡᠭᠲᠡᠶ᠃ | ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ | ᠰᠠᠯᠠᠭ᠎ᠠ ᠮᠥᠴᠢᠷ ᠨᠢ ᠡᠭᠦᠷᠭᠡ ᠲᠤᠰᠢᠶᠠᠯ ᠠᠵᠢᠯ ᠤᠨ ᠬᠤᠪᠢᠶᠠᠷᠢ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠰᠠᠭᠤᠷᠢ ᠲᠦᠬᠦᠭᠡᠷᠦᠮᠵᠢ ᠶᠢ ᠪᠦᠲᠦᠭᠡᠨ | ᠪᠠᠶᠢᠭᠤᠯᠬᠤ᠂ ᠠᠵᠢᠯᠯᠠᠭᠤᠯᠬᠤ᠂ ᠬᠠᠮᠢᠶᠠᠷᠴᠤ ᠬᠠᠮᠠᠭᠠᠯᠠᠬᠤ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ | ᠪᠠᠶᠢᠴᠠᠭᠠᠨ ᠬᠢᠨᠠᠯᠲᠠ ᠬᠢᠬᠦ ᠬᠡᠷᠡᠭᠲᠡᠶ᠃ | ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠮᠠᠯᠵᠢᠬᠤ ᠲᠠᠷᠢᠶᠠᠯᠠᠬᠤ | ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠰᠠᠭᠤᠷᠢ ᠲᠦᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠪᠠ ᠰᠠᠭᠤᠷᠢ ᠲᠦᠬᠦᠭᠡᠷᠦᠮᠵᠢ ᠶᠢᠨ ᠡᠳᠦᠷ ᠲᠤᠲᠤᠮ ᠤᠨ | ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | ᠠᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ | ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠠᠮᠵᠢᠯᠲᠠ ᠪᠦᠲᠦᠮᠵᠢ ᠶᠢ ᠦᠨᠡᠯᠡᠬᠦ | ᠰᠢᠰᠲ᠋ᠧᠮᠵᠢ ᠶᠢ ᠪᠠᠶᠢᠭᠤᠯᠬᠤ ᠶᠢᠨ ᠬᠠᠮᠲᠤ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠣᠭᠤᠯᠬᠤ ᠬᠡᠷᠡᠭᠲᠡᠶ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠪᠠ ᠰᠠᠭᠤᠭᠠᠯᠢ | ᠠᠷᠠᠳ ᠤᠨ ᠵᠥᠪᠯᠡᠯ ᠨᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ | ᠵᠠᠰᠠᠯᠲᠠ ᠶᠢ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠪᠠ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ | ᠪᠠᠶᠢᠭᠤᠯᠬᠤ ᠰᠢᠰᠲ᠋ᠧᠮᠵᠢ ᠳᠤ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ | ᠨᠥᠬᠦᠴᠡᠯ ᠢ ᠬᠠᠮᠠᠭᠠᠯᠠᠬᠤ᠂ ᠪᠣᠬᠢᠷᠲᠤᠯ ᠥᠬᠡᠶ ᠣᠷᠴᠢᠨ ᠠᠬᠤᠶ ᠶᠢᠨ ᠬᠠᠮᠠᠭᠠᠯᠠᠯᠲᠠ ᠶᠢ ᠦᠢᠯᠡᠳᠦᠯᠭᠡᠵᠢᠭᠦᠯᠬᠦ ᠪᠠᠷ | ᠪᠣᠯᠪᠠᠰᠤᠨ ᠬᠡᠷ ᠪᠦᠯᠢ ᠶᠢ ᠰᠢᠯᠭᠠᠷᠠᠭᠤᠯᠬᠤ ᠨᠥᠬᠦᠴᠡᠯ ᠪᠣᠯᠭᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠶᠠᠮᠠᠷᠪᠠ ᠨᠢᠭᠡᠴᠢ ᠪᠣᠯᠤᠨ ᠬᠤᠪᠢ ᠬᠥᠮᠦᠨ ᠴᠥᠮ ᠲᠠᠷᠢᠶᠠᠯᠠᠬᠤ ᠮᠠᠯᠵᠢᠬᠤ | ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠠᠭᠠᠯᠠᠬᠤ ᠡᠭᠦᠷᠭᠡ ᠲᠠᠢ᠂ ᠲᠠᠷᠢᠶᠠᠯᠠᠬᠤ ᠮᠠᠯᠵᠢᠬᠤ | ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠬᠤᠬᠢᠷᠠᠭᠤᠯᠤᠭᠰᠠᠨ᠂ ᠡᠪᠳᠡᠭᠰᠡᠨ ᠦᠢᠯᠡ ᠠᠵᠢᠯᠯᠠᠭ᠎ᠠ ᠶᠢ | ᠢᠳᠬᠠᠨ ᠰᠤᠷᠭᠠᠬᠤ᠂ ᠬᠤᠷᠢᠭᠯᠠᠨ ᠵᠣᠭᠰᠣᠭᠠᠬᠤ ᠪᠤᠶᠤ ᠢᠯᠡᠴᠢᠯᠡᠨ ᠮᠡᠳᠡᠭᠦᠯᠬᠦ ᠡᠷᠬᠡ ᠲᠠᠢ᠃ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠬᠠᠮᠠᠭᠠᠯᠠᠯᠲᠠ ᠶᠢ ᠡᠪᠳᠡᠭᠰᠡᠨ | ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠲᠦᠷᠢᠮ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠬᠡᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠵᠠᠰᠠᠯᠲᠠ ᠶᠢᠨ ᠳᠤᠮᠳᠠ | ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠬᠤ ᠬᠡᠷᠡᠭᠲᠡᠢ᠃ | ᠭᠤᠷᠪᠠᠳᠤᠭᠠᠷ ᠪᠦᠯᠦᠭ ᠠᠮᠢᠳᠤᠷᠠᠯ ᠤᠨ ᠬᠤᠭ ᠨᠣᠪᠰᠢ ᠶᠢᠨ ᠵᠠᠰᠠᠯᠲᠠ | ᠠᠷᠪᠠᠨ ᠭᠤᠷᠪᠠᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ | ᠴᠤᠭᠯᠠᠭᠤᠯᠬᠤ᠂ ᠰᠢᠯᠵᠢᠭᠦᠯᠦᠨ ᠲᠡᠭᠡᠭᠡᠪᠦᠷᠢᠯᠡᠬᠦ᠂ ᠰᠢᠢᠳᠪᠦᠷᠢᠯᠡᠬᠦ ᠰᠢᠰᠲ᠋ᠧᠮᠵᠢ ᠶᠢ ᠨᠢᠭᠡᠳᠦᠯᠲᠡᠶ ᠲᠥᠯᠥᠪᠯᠡᠨ | ᠪᠠᠶᠢᠷᠢᠯᠠᠭᠤᠯᠤᠨ ᠪᠠᠶᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠲᠠᠢ ᠬᠠᠷᠢᠯᠴᠠᠨ ᠵᠣᠯᠭᠠᠭᠤᠯᠤᠭᠰᠠᠨ | ᠡᠴᠦᠰ ᠤᠨ ᠰᠢᠢᠳᠪᠦᠷᠢᠯᠡᠬᠦ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠠᠴᠠ ᠬᠠᠮᠢᠶᠠᠷᠬᠤ᠂ | ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠬᠢ | ᠡᠭᠦᠰᠦᠯ ᠠᠴᠠ ᠨᠢ ᠪᠠᠭᠠᠰᠬᠠᠬᠤ ᠪᠠ ᠲᠤᠬᠠᠶ ᠶᠢᠨ ᠭᠠᠵᠠᠷ ᠲᠤᠨᠢ ᠲᠥᠷᠥᠯ ᠬᠤᠪᠢᠶᠠᠬᠤ ᠶᠢ ᠬᠡᠷᠡᠭᠵᠢᠭᠦᠯᠦᠨ᠂ ᠬᠤᠤᠷ | ᠥᠬᠡᠶᠢᠳᠡᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠬᠡᠷᠡᠭᠵᠢᠭᠦᠯᠬᠦ ᠬᠡᠷᠡᠭᠲᠡᠶ᠃ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠰ ᠲᠦᠷᠢᠮ ᠲᠣᠭᠲᠠᠭᠠᠯ ᠢ ᠦᠨᠳᠦᠰᠦᠯᠡᠨ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ | ᠵᠢᠯᠣᠭᠤᠳᠬᠤ ᠰᠠᠨᠠᠯ ᠢ ᠲᠣᠭᠲᠠᠭᠠᠬᠤ ᠬᠡᠷᠡᠭᠲᠡᠶ︔ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠨᠤᠭᠤᠳ ᠲᠤᠰ ᠲᠤᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠬᠠᠢ ᠶᠢᠨ ᠵᠠᠰᠠᠭ | ᠵᠠᠬᠢᠷᠭᠠᠨ ᠤ ᠣᠷᠣᠨ ᠤ ᠪᠠᠨ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠨ ᠰᠢᠢᠳᠪᠦᠷᠢᠯᠡᠬᠦ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | | ᠠᠷᠪᠠᠨ ᠳᠥᠷᠪᠡᠳᠦᠭᠡᠷ ᠵᠦᠢᠯ ᠬᠡᠨ ᠠᠰᠢᠭ ᠬᠦᠷᠲᠡᠪᠡᠯ ᠲᠡᠷᠡ ᠰᠦᠢᠳᠬᠡᠯ ᠲᠤᠰᠢᠶᠠᠬᠤ ᠵᠠᠷᠴᠢᠮ ᠤᠨ | ᠶᠣᠰᠣᠭᠠᠷ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠠᠵᠤ ᠠᠬᠤᠶ ᠶᠢᠨ | ᠬᠥᠭᠵᠢᠯᠲᠡ ᠶᠢᠨ ᠬᠢᠷᠢ ᠬᠡᠮᠵᠢᠶ᠎ᠡ᠂ ᠲᠣᠰᠬᠤᠨ ᠤ ᠠᠷᠠᠳ ᠤᠨ ᠬᠦᠯᠢᠶᠡᠨ ᠳᠠᠭᠠᠭᠠᠬᠤ ᠴᠢᠳᠠᠪᠤᠷᠢ ᠪᠣᠯᠤᠨ ᠪᠡᠯᠡ | ᠮᠥᠩᠭᠦ ᠶᠢᠨ ᠬᠡᠷᠡᠭᠴᠡᠭᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠣᠰᠬᠤᠨ ᠤ ᠠᠷᠠᠳ ᠤᠨ | ᠬᠤᠷᠠᠯ ᠪᠤᠶᠤ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ | ᠲᠣᠰᠬᠤᠨ ᠤ ᠠᠷᠠᠳ᠂ ᠲᠣᠰᠬᠤᠨ ᠳᠤ ᠰᠠᠭᠤᠭ᠎ᠠ ᠨᠢᠭᠡᠴᠢ ᠵᠡᠷᠭᠡ ᠶᠢ ᠬᠤᠭ ᠨᠣᠪᠰᠢ ᠰᠢᠢᠳᠪᠦᠷᠢᠯᠡᠬᠦ ᠰᠦᠢᠳᠬᠡᠯ | ᠲᠤᠰᠢᠶᠠᠯᠭᠠᠬᠤ ᠪᠠᠷ ᠲᠣᠭᠲᠠᠭᠠᠵᠤ ᠪᠣᠯᠤᠨ᠎ᠠ᠃ ᠬᠤᠭ ᠨᠣᠪᠰᠢ ᠰᠢᠢᠳᠪᠦᠷᠢᠯᠡᠬᠦ ᠰᠦᠢᠳᠬᠡᠯ ᠢ ᠠᠮᠢᠳᠤᠷᠠᠯ ᠤᠨ ᠬᠤᠭ | ᠨᠣᠪᠰᠢ ᠶᠢ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠵᠡᠷᠭᠡ ᠲᠤᠰᠬᠠᠶ ᠵᠦᠢᠯ ᠳᠤ ᠬᠡᠷᠡᠭᠯᠡᠵᠦ᠂ ᠣᠷᠣᠯᠭ᠎ᠠ | ᠵᠠᠷᠤᠯᠭ᠎ᠠ ᠶᠢᠨ ᠪᠠᠶᠢᠳᠠᠯ ᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ | ᠬᠠᠮᠢᠶ᠎ᠠ ᠪᠦᠬᠦᠢ ᠲᠣᠭᠲᠠᠭᠠᠯ ᠶᠣᠰᠣᠭᠠᠷ ᠢᠯᠡ ᠨᠡᠶᠢᠲᠡᠯᠡᠵᠦ᠂ ᠲᠣᠰᠬᠤᠨ ᠤ ᠠᠷᠠᠳ ᠪᠣᠯᠤᠨ ᠨᠡᠶᠢᠭᠡᠮ ᠤᠨ ᠬᠢᠨ ᠤ | ᠬᠢᠨᠠᠯᠲᠠ ᠶᠢ ᠬᠦᠯᠢᠶᠡᠬᠦ ᠬᠡᠷᠡᠭᠲᠡᠶ᠃ | ᠠᠷᠪᠠᠨ ᠲᠠᠪᠤᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠳᠤᠤᠷᠠᠬᠢ | ᠮᠡᠲᠦ ᠲᠠᠪᠤᠨ ᠲᠥᠷᠥᠯ ᠳᠤ ᠬᠤᠪᠢᠶᠠᠵᠤ ᠪᠣᠯᠤᠨ᠎ᠠ᠄ | ︵ᠨᠢᠭᠡ︶ ᠣᠪᠣᠭᠠᠷᠠᠭᠰᠠᠨ ᠪᠣᠷᠳᠣᠭᠤᠷ ᠬᠤᠭ ᠨᠣᠪᠰᠢ᠂ ᠬᠤᠭᠤᠯᠠᠨ ᠭᠡᠷ ᠤᠨ ᠬᠤᠭ ᠨᠣᠪᠰᠢ᠂ ᠢᠳᠡᠰᠢᠨ | ᠨᠣᠭᠤᠭ᠎ᠠ ᠭᠤᠸ᠎ᠠ ᠵᠢᠮᠢᠰ ᠤᠨ ᠬᠤᠭ ᠨᠣᠪᠰᠢ᠂ ᠰᠢᠨ᠎ᠡ ᠰᠣᠷᠭᠤᠭ ᠤᠷᠭᠤᠮᠠᠯ ᠤᠨ ᠡᠰᠢ ᠨᠠᠪᠴᠢ ᠵᠡᠷᠭᠡ ᠶᠢ | ᠪᠠᠭᠲᠠᠭᠠᠨ᠎ᠠ᠃ | ︵ᠬᠤᠶᠠᠷ︶ ᠲᠦᠯᠡᠰᠢᠨ ᠬᠤᠭ ᠨᠣᠪᠰᠢ᠂ ᠡᠭᠦᠨ ᠳᠤ ᠡᠷᠳᠡᠨᠢ ᠰᠢᠰᠢ ᠶᠢᠨ ᠭᠤᠣᠯ᠂ ᠬᠠᠲᠠᠭᠰᠠᠨ | ᠤᠷᠭᠤᠮᠠᠯ ᠤᠨ ᠡᠰᠢ ᠨᠠᠪᠴᠢ᠂ ᠬᠠᠶᠠᠭᠳᠠᠮᠠᠯ ᠮᠣᠳᠣᠨ ᠮᠠᠲ᠋ᠧᠷᠢᠶᠠᠯ ᠵᠡᠷᠭᠡ ᠪᠠᠭᠲᠠᠨ᠎ᠠ᠃ | ︵ᠭᠤᠷᠪᠠ︶ ᠨᠦᠬᠡ ᠳᠠᠶᠢᠯᠠᠬᠤ ᠬᠤᠭ ᠨᠣᠪᠰᠢ ᠳᠤ ᠦᠨᠡᠰᠦ ᠰᠢᠷᠣᠶ᠂ ᠨᠡᠭᠦᠷᠡᠰᠦᠨ ᠰᠢᠭᠠᠷᠤ᠂ ᠦᠯᠡᠳᠡᠭᠳᠡᠯ | ᠰᠢᠷᠣᠶ᠂ ᠬᠠᠶᠠᠭᠳᠠᠮᠠᠯ ᠪᠠᠷᠢᠯᠭ᠎ᠠ ᠶᠢᠨ ᠲᠣᠭᠤᠰᠬ᠎ᠠ ᠸᠠᠭᠠᠷ ᠴᠢᠯᠠᠭᠤ ᠵᠡᠷᠭᠡ ᠪᠠᠭᠲᠠᠨ᠎ᠠ᠃ | ︵ᠳᠥᠷᠪᠡ︶ ᠡᠭᠡᠭᠦᠯᠦᠨ ᠬᠤᠷᠢᠶᠠᠵᠤ ᠪᠣᠯᠬᠤ ᠬᠤᠭ ᠨᠣᠪᠰᠢ ᠳᠤ ᠬᠠᠶᠠᠭᠳᠠᠮᠠᠯ ᠴᠠᠭᠠᠰᠤ᠂ ᠬᠠᠶᠠᠭᠳᠠᠮᠠᠯ | ᠰᠦᠯᠢᠶᠣᠣ᠂ ᠬᠠᠶᠠᠭᠳᠠᠮᠠᠯ ᠲᠡᠮᠦᠷᠯᠢᠭ᠂ ᠬᠠᠶᠠᠭᠳᠠᠮᠠᠯ ᠪᠤᠭᠤᠳᠠᠯ ᠪᠠᠭᠯᠠᠭ᠎ᠠ ᠯᠣᠩᠬᠤ ᠰᠠᠪᠠ᠂ ᠬᠠᠶᠠᠭᠳᠠᠮᠠᠯ | ᠬᠠᠭᠤᠴᠢᠨ ᠨᠡᠬᠡᠮᠡᠯ ᠡᠳ᠋᠂ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠳ᠋ᠷᠣᠨ ᠦᠢᠯᠡᠳᠬᠦᠨ᠂ ᠬᠠᠶᠠᠭᠳᠠᠮᠠᠯ ᠰᠢᠯ ᠪᠣᠯᠤᠨ | ᠬᠠᠶᠠᠭᠳᠠᠮᠠᠯ ᠴᠠᠭᠠᠰᠤ ᠰᠦᠯᠢᠶᠣᠣ ᠬᠥᠩᠭᠡᠨ ᠴᠠᠭᠠᠨ ᠤ ᠨᠡᠶᠢᠯᠡᠮᠡᠯ ᠪᠣᠭᠤᠳᠠᠯ ᠵᠡᠷᠭᠡ ᠪᠠᠭᠲᠠᠨ᠎ᠠ᠃ | ︵ᠲᠠᠪᠤ︶ ᠬᠤᠣᠷᠲᠠᠢ ᠬᠤᠭ ᠨᠣᠪᠰᠢ ᠳᠤ ᠬᠠᠶᠠᠭᠳᠠᠮᠠᠯ ᠳ᠋ᠢᠶᠠᠨ ᡂᠢ᠂ ᠬᠠᠶᠠᠭᠳᠠᠮᠠᠯ ᠴᠡᠭᠡᠨ ᠬᠡᠷᠡᠯ ᠤᠨ | ᠳ᠋ᠧᠩ ᠤᠨ ᠬᠤᠭᠤᠯᠠᠶ᠂ ᠬᠠᠶᠠᠭᠳᠠᠮᠠᠯ ᠳᠤᠯᠠᠭᠠᠨ ᠤ ᠬᠡᠮᠵᠢᠭᠦᠷ᠂ ᠬᠠᠶᠠᠭᠳᠠᠮᠠᠯ ᠴᠢᠰᠤᠨ ᠳᠠᠷᠤᠯᠲᠠ ᠶᠢᠨ ᠬᠡᠮᠵᠢᠭᠦᠷ᠂ | ᠬᠠᠶᠠᠭᠳᠠᠮᠠᠯ ᠡᠮ ᠤᠨ ᠵᠦᠢᠯ ᠵᠢᠴᠢ ᠯᠣᠩᠬᠤ ᠰᠠᠪᠠ᠂ ᠬᠠᠶᠠᠭᠳᠠᠮᠠᠯ ᠰᠢᠷ ᠪᠣᠯᠤᠨ ᠠᠭᠤᠰᠬᠠᠭᠴᠢ ᠵᠢᠴᠢ ᠪᠣᠭᠤᠳᠠᠯ | ᠰᠠᠪᠠ᠂ ᠬᠠᠶᠠᠭᠳᠠᠮᠠᠯ ᠬᠤᠷᠣᠬᠠᠶ ᠠᠯᠠᠬᠤ ᠰᠦᠷᠴᠢᠭᠦᠷ ᠪᠣᠯᠤᠨ ᠠᠷᠢᠭᠤᠳᠬᠠᠬᠤ ᠰᠦᠷᠴᠢᠭᠦᠷ ᠵᠢᠴᠢ ᠪᠣᠭᠤᠳᠠᠯ ᠰᠠᠪᠠ | ᠂ ᠬᠠᠶᠠᠭᠳᠠᠮᠠᠯ ᠢᠯᠳᠠᠰᠤ ᠵᠢᠴᠢ ᠬᠠᠶᠠᠭᠳᠠᠮᠠᠯ ᠬᠡᠷᠡᠯ ᠵᠢᠷᠤᠭ ᠤᠨ ᠴᠠᠭᠠᠰᠤ᠂ ᠬᠤᠭᠤᠴᠠᠭᠠᠨ ᠠᠴᠠ ᠪᠠᠨ ᠬᠡᠲᠦᠷᠡᠭᠰᠡᠨ | ᠭᠤᠶᠤᠯᠠᠯ ᠤᠨ ᠡᠳ᠋ ᠪᠣᠯᠤᠨ ᠭᠡᠵᠢᠭᠡᠨ ᠤ ᠪᠤᠳᠤᠭ ᠵᠡᠷᠭᠡ ᠶᠢ ᠪᠠᠭᠲᠠᠭᠠᠨ᠎ᠠ᠃ | ᠠᠷᠪᠠᠨ ᠵᠢᠷᠭᠤᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ | ᠠᠷᠢᠯᠭᠠᠨ ᠴᠡᠪᠡᠷᠯᠡᠬᠦ᠂ ᠲᠥᠷᠥᠯ ᠬᠤᠪᠢᠶᠠᠬᠤ ᠠᠵᠢᠯ ᠳᠤ ᠬᠠᠷᠢᠭᠤᠴᠠᠯᠭᠠᠲᠠᠨ ᠤ ᠲᠦᠷᠢᠮ ᠢ ᠬᠡᠷᠡᠭᠵᠢᠭᠦᠯᠵᠦ᠂ | ᠬᠠᠷᠢᠭᠤᠴᠠᠭᠴᠢ ᠨᠢ ᠬᠠᠷᠢᠭᠤᠴᠠᠭᠰᠠᠨ ᠣᠷᠣᠨ ᠤ ᠪᠠᠨ ᠬᠡᠪᠴᠢᠶᠡᠨ ᠳᠠᠬᠢ ᠬᠤᠭ ᠨᠣᠪᠰᠢ ᠶᠢ ᠠᠷᠢᠯᠭᠠᠨ ᠴᠡᠪᠡᠷᠯᠡᠬᠦ ᠪᠠ | ᠲᠥᠷᠥᠯ ᠬᠤᠪᠢᠶᠠᠬᠤ ᠶᠢ ᠬᠠᠷᠢᠭᠤᠴᠠᠨ᠎ᠠ᠄ | ︵ᠨᠢᠭᠡ︶ ᠮᠠᠯᠴᠢᠨ ᠲᠠᠷᠢᠶᠠᠴᠢᠳ ᠤᠨ ᠰᠠᠭᠤᠵᠤ ᠪᠠᠶᠢᠭ᠎ᠠ ᠭᠡᠷ ᠵᠢᠴᠢ ᠬᠦᠷᠢᠶ᠎ᠡ ᠬᠠᠰᠢᠶᠠᠨ ᠤ ᠡᠷᠭᠢᠨ | ᠲᠣᠭᠤᠷᠢᠨ ᠤ ᠬᠠᠷᠢᠭᠤᠴᠠᠯᠭᠠᠲᠠᠨ ᠨᠢ ᠲᠤᠬᠠᠢ ᠶᠢᠨ ᠰᠠᠭᠤᠭᠠᠯᠢ ᠢᠷᠭᠡᠨ ᠪᠤᠶᠤ ᠲᠤᠬᠠᠢ ᠶᠢᠨ ᠬᠡᠷᠡᠭᠯᠡᠭᠴᠢ ᠪᠣᠯᠤᠨ᠎ᠠ᠃ | | ︵ᠬᠤᠶᠠᠷ︶ ᠭᠠᠴᠠᠭ᠎ᠠ ᠲᠣᠰᠬᠤᠨ ᠤ ᠬᠡᠪᠴᠢᠶᠡᠨ ᠳᠣᠲᠣᠷᠠᠬᠢ ᠵᠠᠮ᠂ ᠭᠤᠤᠯ ᠤᠨ ᠵᠠᠮ᠂ ᠭᠤᠤ ᠰᠤᠪᠠᠭ᠂ | ᠲᠠᠷᠢᠶᠠᠨ ᠭᠠᠵᠠᠷ᠂ ᠣᠶᠢᠲᠤ ᠭᠠᠵᠠᠷ ᠵᠡᠷᠭᠡ ᠣᠯᠠᠨ ᠨᠡᠶᠢᠲᠡ ᠶᠢᠨ ᠭᠠᠵᠠᠷ ᠤᠨ ᠬᠠᠷᠢᠭᠤᠴᠠᠯᠭᠠᠲᠠᠨ ᠨᠢ ᠭᠠᠴᠠᠭ᠎ᠠ | ᠲᠣᠰᠬᠤᠨ ᠤ ᠠᠷᠠᠳ ᠤᠨ ᠵᠥᠪᠯᠡᠯ ᠪᠤᠶᠤ ᠰᠠᠭᠤᠭᠠᠯᠢ ᠠᠷᠠᠳ ᠤᠨ ᠵᠥᠪᠯᠡᠯ ᠪᠣᠯᠤᠨ᠎ᠠ᠃ | ︵ᠭᠤᠷᠪᠠ︶ ᠴᠤᠭᠯᠠᠭ᠎ᠠ ᠮᠠᠶᠢᠮᠠᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ | ᠬᠠᠷᠢᠭᠤᠴᠠᠯᠭᠠᠲᠠᠨ ᠨᠢ ᠬᠠᠮᠢᠶᠠᠷᠤᠭᠴᠢ ᠪᠣᠯᠤᠨ᠎ᠠ᠃ | ︵ᠲᠦᠷᠪᠡ︶ ᠳᠡᠯᠭᠡᠭᠦᠷ᠂ ᠵᠤᠭᠠᠴᠠᠯ ᠤᠨ ᠭᠠᠵᠠᠷ᠂ ᠢᠳᠡᠭᠡᠨ ᠤᠮᠳᠠᠭᠠᠨ᠂ ᠵᠤᠭ᠎ᠠ ᠴᠡᠩᠭᠡᠯ ᠵᠡᠷᠭᠡ | ᠡᠵᠡᠩᠨᠡᠯᠲᠡ ᠶᠢᠨ ᠲᠠᠯᠠᠪᠤᠷ ᠤᠨ ᠡᠵᠡᠩᠨᠡᠭᠴᠢ ᠨᠢ ᠬᠠᠷᠢᠭᠤᠴᠠᠯᠭᠠᠲᠠᠨ ᠮᠥᠨ᠃ | ︵ᠲᠠᠪᠤ︶ ᠴᠡᠴᠡᠷᠯᠢᠭ᠂ ᠠᠭᠤᠳᠠᠮ ᠲᠠᠯᠠᠪᠠᠶ᠂ ᠣᠯᠠᠨ ᠨᠡᠶᠢᠲᠡ ᠶᠢᠨ ᠵᠦᠯᠭᠡ ᠭᠠᠵᠠᠷ ᠵᠡᠷᠭᠡ ᠣᠯᠠᠨ | ᠨᠡᠶᠢᠲᠡ ᠶᠢᠨ ᠲᠠᠯᠠᠪᠤᠷ ᠤᠨ ᠬᠠᠮᠢᠶᠠᠷᠤᠭᠴᠢ ᠨᠢ ᠬᠠᠷᠢᠭᠤᠴᠠᠯᠭᠠᠲᠠᠨ ᠮᠥᠨ᠃ | ︵ᠵᠢᠷᠭᠤᠭ᠎ᠠ︶ ᠪᠠᠶᠢᠭᠤᠯᠭ᠎ᠠ ᠨᠢᠭᠡᠴᠢ ᠶᠢᠨ ᠠᠵᠢᠯ ᠤᠨ ᠭᠠᠵᠠᠷ ᠪᠠ ᠦᠢᠯᠡᠳᠪᠦᠷᠢ ᠶᠢᠨ ᠭᠠᠵᠠᠷ ᠪᠣᠯ | ᠨᠢᠭᠡᠴᠢ ᠨᠢ ᠬᠠᠷᠢᠭᠤᠴᠠᠯᠭᠠᠲᠠᠨ ᠪᠣᠯᠤᠨ᠎ᠠ᠃ | ︵ᠲᠤᠯᠤᠭ᠎ᠠ︶ ᠪᠠᠷᠢᠯᠭ᠎ᠠ ᠶᠢᠨ ᠠᠵᠢᠯ ᠤᠨ ᠲᠤᠬᠠᠢ ᠶᠢᠨ ᠭᠠᠵᠠᠷ ᠲᠤ ᠪᠠᠷᠢᠯᠭ᠎ᠠ ᠪᠠᠷᠢᠬᠤ ᠨᠢᠭᠡᠴᠢ ᠨᠢ | ᠬᠠᠷᠢᠭᠤᠴᠠᠯᠭᠠᠲᠠᠨ ᠮᠦᠨ᠃ ᠡᠮᠦᠨᠡᠬᠢ ᠵᠤᠷᠪᠤᠰ ᠤᠨ ᠲᠣᠭᠲᠠᠭᠠᠯ ᠶᠣᠰᠣᠭᠠᠷ ᠬᠠᠷᠢᠭᠤᠴᠠᠯᠭ᠎ᠠ ᠡᠭᠦᠷᠭᠡᠯᠡᠭᠴᠢ ᠶᠢ | ᠲᠣᠭᠲᠠᠭᠠᠵᠤ ᠳᠡᠶᠢᠯᠬᠦ ᠦᠭᠡᠶ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠲᠣᠭᠲᠠᠭᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ | ᠳᠤᠤᠷᠠᠬᠢ ᠱᠠᠭᠠᠷᠳᠠᠯᠭ᠎ᠠ ᠶᠣᠰᠣᠭᠠᠷ ᠲᠥᠷᠥᠯ ᠬᠤᠪᠢᠶᠠᠨ ᠲᠠᠯᠪᠢᠵᠤ᠂ ᠲᠥᠷᠥᠯ ᠬᠤᠪᠢᠶᠠᠨ ᠴᠤᠭᠯᠠᠭᠤᠯᠵᠤ᠂ ᠲᠥᠷᠥᠯ | ᠬᠤᠪᠢᠶᠠᠨ ᠰᠢᠢᠳᠪᠦᠷᠢᠯᠡᠨ᠎ᠡ᠄ | ︵ᠨᠢᠭᠡ︶ ᠪᠤᠷᠳᠤᠭᠤᠷ ᠢᠶᠠᠷ ᠬᠡᠷᠡᠭᠯᠡᠵᠦ ᠪᠤᠯᠬᠤ ᠬᠤᠭ ᠨᠣᠪᠰᠢ ᠶᠢ ᠬᠤᠪᠢ ᠡᠷᠤᠭᠡ ᠶᠢᠨ ᠬᠦᠷᠢᠶ᠎ᠡ | ᠬᠠᠰᠢᠶᠠᠨ ᠳᠠᠭᠠᠨ ᠪᠠᠶᠢᠭᠤᠯᠤᠭᠰᠠᠨ ᠪᠤᠷᠳᠤᠭᠤᠷ ᠣᠪᠣᠭᠠᠯᠠᠬᠤ ᠲᠠᠲᠠᠭᠠᠯ ᠳᠤ ᠬᠠᠶᠠᠬᠤ ᠪᠤᠶᠤ ᠭᠠᠴᠠᠭ᠎ᠠ | ᠳᠤᠭᠤᠶᠢᠯᠠᠩ ᠤᠨ ᠲᠥᠪᠯᠡᠷᠡᠭᠰᠡᠨ ᠪᠤᠷᠳᠤᠭᠤᠷ ᠣᠪᠣᠭᠠᠯᠠᠬᠤ ᠲᠠᠲᠠᠭᠠᠯ ᠳᠤ ᠬᠠᠶᠠᠵᠤ᠂ ᠪᠣᠷᠳᠤᠭᠤᠷ ᠪᠣᠯᠭᠠᠵᠤ | ᠲᠠᠷᠢᠶᠠᠨ ᠳᠤ ᠬᠢᠨ᠎ᠡ᠃ | ︵ᠬᠤᠶᠠᠷ︶ ᠲᠦᠯᠡᠵᠦ ᠪᠤᠯᠬᠤ ᠬᠤᠭ ᠨᠣᠪᠰᠢ ᠶᠢ ᠲᠣᠭᠲᠠᠭᠰᠠᠨ ᠭᠠᠵᠠᠷ ᠲᠤ ᠬᠠᠳᠠᠭᠠᠯᠠᠵᠤ᠂ ᠠᠮᠢᠳᠤᠷᠠᠯ ᠤᠨ | ᠲᠦᠯᠡᠰᠢ ᠪᠣᠯᠭᠠᠬᠤ ᠳᠤ ᠬᠡᠷᠡᠭᠯᠡᠬᠦ ᠬᠡᠷᠡᠭᠲᠡᠢ᠃ | ︵ᠭᠤᠷᠪᠠ︶ ᠨᠥᠬᠡ ᠳᠠᠶᠢᠯᠠᠬᠤ ᠬᠤᠭ ᠨᠣᠪᠰᠢ ᠶᠢ ᠭᠠᠴᠠᠭ᠎ᠠ ᠳᠤᠭᠤᠶᠢᠯᠠᠩ ᠤᠨ ᠲᠤᠭᠲᠠᠭᠠᠭᠰᠠᠨ ᠭᠠᠵᠠᠷ ᠲᠤ | ᠵᠥᠭᠡᠭᠡᠪᠦᠷᠢᠯᠡᠨ ᠠᠪᠠᠴᠢᠵᠤ᠂ ᠵᠠᠮ ᠳᠡᠪᠢᠰᠴᠦ ᠨᠦᠭᠡ ᠪᠦᠭᠯᠡᠵᠦ ᠲᠡᠭᠰᠢᠯᠡᠬᠦ ᠳᠤ ᠬᠡᠷᠡᠭᠯᠡᠬᠦ ᠬᠡᠷᠡᠭᠲᠡᠢ᠃ | ︵ᠳᠥᠷᠪᠡ︶ ᠡᠭᠡᠭᠦᠯᠦᠨ ᠬᠤᠷᠢᠶᠠᠵᠤ ᠪᠣᠯᠬᠤ ᠬᠤᠭ ᠨᠣᠪᠰᠢ ᠶᠢ ᠦᠪᠡᠷᠲᠡᠭᠡᠨ ᠬᠤᠳᠠᠯᠳᠣᠬᠤ ᠪᠤᠶᠤ | ᠵᠣᠬᠢᠰᠲᠠᠢ ᠬᠤᠭ ᠨᠣᠪᠰᠢ ᠬᠤᠷᠢᠶᠠᠨ ᠴᠤᠭᠯᠠᠭᠤᠯᠬᠤ ᠰᠠᠪᠠ ᠳᠤ ᠬᠢᠵᠦ᠂ ᠴᠡᠪᠡᠷᠯᠡᠭᠴᠢ ᠬᠤᠷᠢᠶᠠᠨ ᠴᠤᠭᠯᠠᠭᠤᠯᠵᠤ᠂ | ᠬᠠᠮᠢᠶ᠎ᠠ ᠪᠦᠬᠦᠢ ᠠᠵᠤ ᠠᠬᠤᠶᠢᠯᠠᠯ ᠡᠭᠡᠭᠦᠯᠦᠨ ᠬᠤᠷᠢᠶᠠᠵᠤ ᠠᠰᠢᠭᠯᠠᠨ᠎ᠠ᠃ | ︵ᠲᠠᠪᠤ︶ ᠬᠤᠣᠷᠲᠠᠢ ᠬᠤᠭ ᠨᠣᠪᠰᠢ ᠶᠢ ᠲᠣᠬᠢᠲᠠᠢ ᠬᠠᠳᠠᠭᠠᠯᠠᠵᠤ᠂ ᠪᠠᠶᠢᠭ᠎ᠠ ᠭᠠᠵᠠᠷ ᠤᠨ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ | ᠲᠤᠰᠬᠠᠢ ᠠᠵᠢᠯ ᠤᠨ ᠨᠢᠭᠡᠴᠢ ᠳᠤ ᠨᠠᠶᠢᠳᠠᠵᠤ ᠲᠤᠰᠠᠭᠠᠷ ᠬᠤᠷᠢᠶᠠᠨ ᠲᠡᠭᠡᠭᠡᠪᠦᠷᠢᠯᠡᠵᠦ᠂ ᠠᠶᠤᠯᠲᠠᠢ ᠬᠠᠶᠠᠭᠳᠠᠮᠠᠯ | ᠪᠣᠳᠠᠰ ᠢ ᠰᠢᠢᠳᠪᠦᠷᠢᠯᠡᠬᠦ ᠬᠠᠮᠢᠶ᠎ᠠ ᠪᠦᠬᠦᠢ ᠭᠠᠵᠠᠷ ᠲᠤ ᠠᠪᠠᠴᠢᠨ ᠰᠢᠢᠳᠪᠦᠷᠢᠯᠡᠬᠦ ᠬᠡᠷᠡᠭᠲᠡᠢ᠃ | ᠬᠤᠪᠢ ᠬᠤᠷᠠᠮᠳᠤᠭᠤᠯᠵᠤ ᠱᠠᠩᠨᠠᠯ ᠣᠯᠭᠤᠬᠤ᠂ ᠣᠳᠣᠨ ᠲᠠᠰ ᠤᠨ ᠦᠨᠡᠯᠡᠨ ᠲᠣᠭᠲᠠᠭᠠᠯᠲᠠ ᠬᠢᠬᠦ ᠵᠡᠷᠭᠡ | ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ᠂ ᠲᠣᠰᠬᠤᠨ ᠳᠤ ᠰᠠᠭᠤᠭ᠎ᠠ ᠨᠢᠭᠡᠴᠢ ᠵᠡᠷᠭᠡ ᠶᠢᠨ ᠠᠮᠢᠳᠤᠷᠠᠯ ᠤᠨ | ᠬᠤᠭ ᠨᠣᠪᠰᠢ ᠪᠠᠨ ᠲᠥᠷᠥᠯ ᠬᠤᠪᠢᠶᠠᠨ ᠪᠠᠭᠠᠰᠬᠠᠬᠤ ᠶᠢ ᠵᠣᠷᠢᠭᠵᠢᠭᠤᠯᠤᠨ᠎ᠠ᠃ | ᠠᠷᠪᠠᠨ ᠨᠠᠢᠮᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠣᠭᠲᠠᠮᠠᠯ | ᠬᠤᠭᠤᠴᠠᠭ᠎ᠠ ᠲᠠᠢ ᠪᠠᠷ ᠴᠡᠪᠡᠷᠯᠡᠨ ᠲᠡᠭᠡᠭᠡᠪᠦᠷᠢᠯᠡᠵᠦ᠂ ᠲᠡᠭᠡᠭᠡᠪᠦᠷᠢᠯᠡᠬᠦ ᠶᠠᠪᠤᠴᠠ ᠳᠤ ᠨᠢᠭᠲᠠ ᠪᠢᠲᠡᠭᠦᠮᠵᠢᠯᠡᠬᠦ ᠵᠡᠷᠭᠡ | ᠠᠷᠭ᠎ᠠ ᠬᠡᠮᠵᠢᠶ᠎ᠡ ᠠᠪᠴᠤ᠂ ᠬᠠᠶᠠᠬᠤ᠂ ᠬᠡᠶᠢᠰᠬᠡᠬᠦ᠂ ᠣᠷᠬᠢᠭᠳᠠᠭᠤᠯᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠬᠠᠶᠠᠭᠳᠠᠮᠠᠯ ᠬᠠᠭᠤᠴᠢᠨ ᠡᠳ᠋ ᠪᠣᠳᠠᠰ ᠪᠤᠶᠤ ᠳᠠᠬᠢᠨ | ᠠᠰᠢᠭᠯᠠᠬᠤ ᠡᠬᠢ ᠪᠠᠶᠠᠯᠢᠭ ᠢ ᠲᠥᠪᠯᠡᠷᠡᠭᠦᠯᠦᠨ ᠡᠭᠡᠭᠦᠯᠦᠨ ᠬᠤᠷᠢᠶᠠᠬᠤ ᠴᠡᠭ ᠭᠠᠷᠭᠠᠵᠤ᠂ ᠳᠠᠬᠢᠨ ᠠᠰᠢᠭᠯᠠᠬᠤ ᠡᠬᠢ | ᠪᠠᠶᠠᠯᠢᠭ ᠯᠤᠭ᠎ᠠ ᠵᠣᠬᠢᠴᠠᠯᠳᠤᠭᠰᠠᠨ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮᠵᠢ ᠪᠠᠶᠢᠭᠤᠯᠬᠤ ᠶᠢ ᠬᠥᠲᠥᠯᠦᠨ | ᠵᠢᠯᠣᠭᠤᠳᠬᠤ ᠬᠡᠷᠡᠭᠲᠡᠶ᠃ | ᠬᠤᠷᠢᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠲᠠᠷᠢᠶᠠᠯᠠᠬᠤ ᠮᠠᠯᠵᠢᠬᠤ ᠣᠷᠣᠨ ᠤ ᠬᠤᠭ ᠨᠣᠪᠰᠢ ᠣᠪᠣᠭᠠᠯᠠᠬᠤ | ᠲᠤᠰᠬᠠᠢ ᠪᠤᠰᠤ ᠴᠡᠭ ᠢ ᠲᠣᠭᠲᠠᠮᠠᠯ ᠬᠤᠭᠤᠴᠠᠭ᠎ᠠ ᠲᠠᠢ ᠪᠠᠷ ᠳᠠᠷᠤᠨ ᠪᠠᠶᠢᠴᠠᠭᠠᠬᠤ ᠪᠠ ᠴᠡᠭᠴᠡᠯᠡᠨ ᠵᠠᠰᠠᠬᠤ ᠬᠡᠷᠡᠭᠲᠡᠶ᠃ | | ᠬᠤᠷᠢᠨ ᠨᠢᠭᠡᠳᠦᠭᠡᠷ ᠵᠦᠢᠯ ᠶᠠᠮᠠᠷᠪᠠ ᠨᠢᠭᠡᠴᠢ ᠪᠣᠯᠤᠨ ᠬᠤᠪᠢ ᠬᠥᠮᠦᠨ ᠳᠣᠣᠷᠠᠬᠢ ᠮᠡᠲᠦ ᠥᠢᠯᠡ | ᠠᠵᠢᠯᠯᠠᠭ᠎ᠠ ᠶᠢ ᠬᠢᠵᠦ ᠪᠣᠯᠬᠤ ᠥᠭᠡᠢ᠄ | ︵ᠨᠢᠭᠡ︶ ᠲᠣᠭᠲᠠᠭᠰᠠᠨ ᠭᠠᠵᠠᠷ ᠲᠤ ᠲᠦᠷᠦᠯ ᠬᠤᠪᠢᠶᠠᠨ ᠬᠤᠭ ᠨᠣᠪᠰᠢ ᠬᠠᠶᠠᠭᠰᠠᠨ ᠦᠭᠡᠢ᠃ | ︵ᠬᠤᠶᠠᠷ︶ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠬᠤ᠂ ᠬᠠᠶᠠᠬᠤ᠂ ᠴᠢᠳᠬᠤᠬᠤ᠂ ᠪᠤᠯᠠᠬᠤ ᠪᠤᠶᠤ | ᠰᠢᠲᠠᠭᠠᠬᠤ᠃ | ︵ᠭᠤᠷᠪᠠ︶ ᠲᠡᠭᠡᠭᠡᠪᠦᠷᠢᠯᠡᠬᠦ ᠶᠠᠪᠤᠴᠠ ᠳᠤ ᠬᠤᠭ ᠨᠣᠪᠰᠢ ᠶᠢ ᠬᠠᠶᠠᠬᠤ᠂ ᠬᠡᠶᠢᠰᠬᠡᠬᠦ᠂ ᠭᠡᠭᠡᠭᠳᠡᠭᠦᠯᠬᠦ᠃ | ︵ᠲᠦᠷᠪᠡ︶ ᠬᠤᠭ ᠨᠣᠪᠰᠢ ᠴᠤᠭᠯᠠᠭᠤᠯᠬᠤ᠂ ᠲᠡᠭᠡᠭᠡᠪᠦᠷᠢᠯᠡᠬᠦ ᠲᠦᠬᠦᠭᠡᠷᠦᠮᠵᠢ ᠪᠣᠯᠤᠨ ᠲᠠᠯᠠᠪᠤᠷ ᠢ ᠡᠪᠳᠡᠵᠦ | ᠰᠦᠢᠳᠬᠡᠭᠰᠡᠨ᠂ ᠡᠵᠡᠯᠡᠭᠰᠡᠨ ᠪᠤᠶᠤ ᠬᠤᠭ ᠨᠣᠪᠰᠢ ᠰᠢᠢᠳᠪᠦᠷᠢᠯᠡᠬᠦ ᠲᠦᠬᠦᠭᠡᠷᠦᠮᠵᠢ ᠪᠣᠯᠤᠨ ᠲᠠᠯᠠᠪᠤᠷ ᠢ | ᠳᠤᠷ᠎ᠠ ᠪᠠᠷ ᠢᠶᠠᠨ ᠬᠠᠭᠠᠭᠰᠠᠨ᠂ ᠰᠤᠯᠠ ᠣᠷᠬᠢᠭᠰᠠᠨ᠂ ᠡᠪᠳᠡᠵᠦ ᠨᠤᠷᠠᠭᠠᠭᠰᠠᠨ᠃ | ︵ᠲᠠᠪᠤ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠦᠢᠯᠡ ᠠᠵᠢᠯᠯᠠᠭ᠎ᠠ᠃ | ᠳᠥᠷᠪᠡᠳᠦᠭᠡᠷ ᠪᠦᠯᠦᠭ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ | ᠬᠤᠷᠢᠨ ᠬᠤᠶᠠᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠠᠳᠠᠯᠢ ᠪᠤᠰᠤ ᠣᠷᠣᠨ ᠪᠠᠶᠢᠷᠢ ᠶᠢᠨ ᠨᠥᠬᠦᠴᠡᠯ᠂ ᠠᠶᠢᠯ | ᠲᠣᠰᠬᠤᠨ ᠤ ᠬᠥᠮᠦᠨ ᠠᠮᠠ ᠶᠢᠨ ᠲᠥᠪᠯᠡᠷᠡᠭᠰᠡᠨ ᠬᠡᠮᠵᠢᠶ᠎ᠡ᠂ ᠪᠣᠬᠢᠷ ᠤᠰᠤ ᠭᠠᠷᠬᠤ ᠬᠡᠪᠴᠢᠶ᠎ᠡ ᠶᠢ ᠦᠨᠳᠦᠰᠦᠯᠡᠨ᠂ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠵᠠᠭᠪᠤᠷ ᠢ ᠵᠦᠶ ᠵᠣᠬᠢᠰᠲᠠᠶ | ᠲᠣᠭᠲᠠᠭᠠᠬᠤ ᠬᠡᠷᠡᠭᠲᠡᠶ᠃ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠠᠴᠠ ᠨᠡᠯᠢᠶᠡᠳ | ᠣᠶᠢᠷ᠎ᠠ ᠪᠠᠶᠢᠭ᠎ᠠ ᠠᠶᠢᠯ ᠲᠣᠰᠬᠤᠨ ᠨᠢ ᠠᠮᠢᠳᠤᠷᠠᠯ ᠤᠨ ᠪᠣᠬᠢᠷ ᠤᠰᠤ ᠪᠠᠨ ᠬᠤᠲᠠ ᠪᠠᠯᠭᠠᠰᠤᠨ ᠤ ᠪᠣᠬᠢᠷ ᠤᠰᠤᠨ ᠤ | ᠬᠤᠭᠤᠯᠠᠶ ᠶᠢᠨ ᠲᠤᠤᠷ ᠲᠤ ᠤᠷᠤᠰᠬᠠᠨ ᠤᠷᠤᠭᠤᠯᠵᠤ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠶ᠃ ᠬᠤᠲᠠ | ᠪᠠᠯᠭᠠᠰᠤ ᠠᠴᠠ ᠨᠡᠯᠢᠶᠡᠳ ᠬᠤᠯᠠ᠂ ᠬᠥᠮᠦᠨ ᠠᠮᠠ ᠨᠢᠭᠲᠠ᠂ ᠨᠢᠭᠡᠨᠲᠡ ᠪᠣᠬᠢᠷ ᠤᠰᠤᠨ ᠤ ᠬᠤᠭᠤᠯᠠᠶ ᠶᠢᠨ ᠲᠣᠣᠷ | ᠭᠠᠷᠭᠠᠭᠰᠠᠨ ᠠᠶᠢᠯ ᠲᠣᠰᠬᠤᠨ ᠨᠢ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠪᠠᠶᠢᠭᠤᠯᠵᠤ | ᠰᠢᠢᠳᠪᠦᠷᠢᠯᠡᠬᠦ ᠬᠡᠷᠡᠭᠲᠡᠶ᠃ ᠭᠠᠵᠠᠷ ᠤᠨ ᠪᠠᠶᠢᠴᠠ ᠨᠢ ᠪᠤᠳᠤᠯᠢᠶᠠᠨᠲᠠᠶ᠂ ᠬᠥᠮᠦᠨ ᠠᠮᠠ ᠨᠡᠯᠢᠶᠡᠳ ᠴᠥᠭᠡᠨ᠂ ᠲᠠᠷᠠᠬᠠᠶ | ᠪᠤᠲᠠᠷᠬᠠᠶ ᠰᠠᠭᠤᠷᠢᠰᠢᠵᠤ ᠪᠠᠶᠢᠭ᠎ᠠ ᠠᠶᠢᠯ ᠲᠣᠰᠬᠤᠨ ᠨᠢ ᠡᠷᠦᠬᠡ ᠳᠤ ᠬᠡᠷᠡᠭᠯᠡᠬᠦ ᠪᠣᠬᠢᠷ ᠤᠰᠤ ᠶᠢ ᠰᠢᠢᠳᠪᠦᠷᠢᠯᠡᠬᠦ | ᠲᠦᠬᠦᠭᠡᠷᠦᠮᠵᠢ ᠶᠢ ᠬᠡᠷᠡᠭᠯᠡᠨ ᠰᠢᠢᠳᠪᠦᠷᠢᠯᠡᠵᠦ ᠪᠣᠯᠤᠨ᠎ᠠ᠃ | ᠬᠤᠷᠢᠨ ᠭᠤᠷᠪᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ | ᠲᠥᠪᠯᠡᠷᠡᠭᠦᠯᠦᠨ ᠰᠢᠢᠳᠪᠦᠷᠢᠯᠡᠬᠦ ᠳᠤ ᠤᠰᠤᠨ ᠤ ᠴᠢᠨᠠᠷ ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠠᠴᠠ | ᠲᠣᠭᠲᠠᠭᠠᠭᠰᠠᠨ ᠭᠠᠳᠠᠭᠰᠢᠯᠠᠭᠤᠯᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤᠨ ᠤ | ᠵᠠᠰᠠᠯᠲᠠ ᠶᠢ ᠤᠰᠤᠨ ᠤ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮᠵᠢ ᠳᠤ ᠣᠷᠣᠭᠤᠯᠵᠤ᠂ ᠶᠡᠷᠦᠩᠬᠡᠶᠢᠯᠡᠭᠰᠡᠨ | ᠠᠷᠭ᠎ᠠ ᠬᠡᠮᠵᠢᠶ᠎ᠡ ᠠᠪᠴᠤ ᠪᠠᠶᠢᠭᠠᠳ ᠪᠣᠬᠢᠷ ᠦᠮᠡᠬᠡᠶ ᠤᠰᠤᠨ ᠴᠣᠭᠴᠠ ᠶᠢ ᠠᠷᠢᠯᠭᠠᠨ᠂ ᠤᠰᠤᠨ ᠤ ᠠᠮᠢ ᠠᠬᠤᠶ ᠶᠢ | ᠰᠡᠷᠭᠦᠭᠡᠬᠦ ᠪᠠ ᠬᠠᠮᠠᠭᠠᠯᠠᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠳᠣᠣᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠶᠢ ᠬᠢᠵᠦ ᠪᠣᠯᠬᠤ ᠦᠭᠡᠢ᠄ | ︵ᠨᠢᠭᠡ︶ ᠤᠯᠠᠨ ᠨᠡᠶᠢᠲᠡ ᠶᠢᠨ ᠲᠠᠯᠠᠪᠤᠷ᠂ ᠠᠶᠢᠯ ᠲᠣᠰᠬᠤᠨ ᠵᠡᠭᠡᠯᠢ ᠭᠤᠳᠤᠮᠵᠢ᠂ ᠭᠤᠣᠯ ᠤᠨ | ᠤᠷᠤᠰᠬᠠᠯ ᠳᠤ ᠠᠮᠢᠳᠤᠷᠠᠯ ᠤᠨ ᠪᠣᠬᠢᠷ ᠤᠰᠤ ᠴᠢᠳᠬᠤᠬᠤ | ︵ᠬᠤᠶᠠᠷ︶ ᠤᠰᠤ ᠨᠡᠪᠴᠢᠭᠦᠯᠬᠦ ᠬᠤᠳᠳᠤᠭ᠂ ᠤᠰᠤ ᠨᠡᠪᠴᠢᠭᠦᠯᠬᠦ ᠨᠦᠬᠡ ᠵᠡᠷᠭᠡ ᠪᠠᠷ ᠳᠠᠮᠵᠢᠭᠤᠯᠤᠨ | ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ | ︵ᠭᠤᠷᠪᠠ︶ ᠠᠮᠢᠳᠤᠷᠠᠯ ᠤᠨ ᠪᠣᠬᠢᠷ ᠤᠰᠤᠨ ᠤ ᠬᠤᠭᠤᠯᠠᠶ ᠲᠣᠣᠷ᠂ ᠰᠢᠢᠳᠪᠦᠷᠢᠯᠡᠬᠦ ᠲᠦᠬᠦᠭᠡᠷᠦᠮᠵᠢ ᠶᠢ ᠨᠢ | ᠡᠪᠳᠡᠵᠦ ᠰᠦᠢᠳᠬᠡᠭᠡᠳ᠂ ᠲᠡᠭᠦᠨ ᠳᠤ ᠬᠤᠭ ᠨᠣᠪᠰᠢ᠂ ᠬᠠᠶᠠᠭᠳᠠᠮᠠᠯ ᠰᠢᠷᠣᠶ᠂ ᠪᠠᠷᠢᠯᠭ᠎ᠠ ᠶᠢᠨ ᠠᠵᠢᠯ ᠤᠨ | ᠬᠠᠶᠠᠭᠳᠠᠭᠰᠠᠨ ᠰᠢᠪᠠᠷ ᠵᠡᠷᠭᠡ ᠬᠠᠶᠠᠭᠳᠠᠮᠠᠯ ᠵᠶᠠᠨ ᠴᠢᠳᠬᠤᠬᠤ | ︵ᠳᠥᠷᠪᠡ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠦᠢᠯᠡ ᠠᠵᠢᠯᠯᠠᠭ᠎ᠠ | ᠲᠠᠪᠤᠳᠤᠭᠠᠷ ᠪᠦᠯᠦᠭ ᠵᠣᠷᠯᠣᠩ ᠢ ᠥᠭᠡᠷᠡᠴᠢᠯᠡᠬᠦ ᠪᠠ ᠪᠠᠶᠢᠭᠤᠯᠬᠤ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠤᠬᠠᠢ ᠶᠢᠨ ᠭᠠᠵᠠᠷ ᠣᠷᠣᠨ ᠤ ᠪᠠᠨ ᠭᠠᠵᠠᠷ ᠵᠦᠶ ᠶᠢᠨ ᠣᠷᠴᠢᠨ | ᠲᠣᠭᠤᠷᠢᠨ᠂ ᠠᠭᠤᠷ ᠠᠮᠢᠰᠬᠤᠯ ᠤᠨ ᠣᠨᠴᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠᠨ ᠦᠨᠳᠦᠰᠦᠯᠡᠨ᠂ ᠲᠥᠬᠦᠮ᠂ ᠬᠡᠷᠡᠭᠯᠡᠵᠦ ᠪᠤᠯᠬᠤ᠂ ᠥᠪᠡᠷ ᠤᠨ | ᠥᠷᠲᠡᠭ ᠨᠢ ᠲᠣᠬᠢᠷᠠᠮᠵᠢᠲᠠᠶ᠂ ᠮᠡᠷᠭᠡᠵᠢᠯ ᠨᠢ ᠪᠣᠯᠪᠠᠰᠤᠷᠠᠩᠭᠤᠶ᠂ ᠣᠯᠠᠨ ᠲᠦᠮᠡᠨ ᠭᠥᠯᠢᠶᠡᠨ ᠠᠪᠴᠤ ᠳᠡᠶᠢᠯᠬᠦ | ᠵᠣᠷᠯᠣᠩ ᠤᠨ ᠥᠭᠡᠷᠡᠴᠢᠯᠡᠯᠲᠡ ᠶᠢᠨ ᠵᠠᠭᠪᠤᠷ ᠢ ᠰᠣᠩᠭᠤᠵᠤ᠂ ᠡᠷᠦᠬᠡ ᠳᠤ ᠬᠡᠷᠡᠭᠯᠡᠬᠦ ᠵᠣᠷᠯᠣᠩ ᠢ ᠲᠦᠭᠡᠮᠡᠯᠵᠢᠭᠦᠯᠦᠨ | ᠳᠡᠯᠭᠡᠷᠡᠭᠦᠯᠬᠦ ᠬᠡᠷᠡᠭᠲᠡᠶ᠃ ᠡᠷᠦᠬᠡ ᠳᠤ ᠬᠡᠷᠡᠭᠯᠡᠬᠦ ᠵᠣᠷᠯᠣᠩ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠤᠤᠯ ᠤᠨ | ᠪᠠᠶᠢᠭᠰᠠᠨ ᠵᠣᠷᠯᠣᠩ ᠢ ᠨᠢ ᠨᠤᠷᠠᠭᠠᠵᠤ ᠬᠠᠶᠠᠬᠤ ᠬᠡᠷᠡᠭᠲᠡᠶ᠃ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠪᠠᠷ | ᠪᠠᠶᠢᠭᠤᠯᠤᠭᠰᠠᠨ ᠣᠷᠣᠨ ᠰᠠᠭᠤᠴᠠ ᠳᠤ ᠡᠷᠦᠬᠡ ᠳᠤ ᠬᠡᠷᠡᠭᠯᠡᠬᠦ ᠵᠣᠷᠯᠣᠩ ᠢ ᠵᠡᠷᠭᠡ ᠳᠤᠨᠢ ᠢᠵᠢ ᠪᠦᠷᠢᠳᠦᠭᠦᠯᠦᠨ | ᠪᠠᠶᠢᠭᠤᠯᠬᠤ ᠬᠡᠷᠡᠭᠲᠡᠶ᠃ | ᠬᠤᠷᠢᠨ ᠳᠣᠯᠣᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ | ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠷᠢᠭᠤᠨ ᠴᠡᠪᠡᠷ ᠤᠨ ᠪᠠᠷᠢᠮᠵᠢᠶ᠎ᠠ ᠶᠣᠰᠣᠭᠠᠷ᠂ ᠮᠠᠯᠵᠢᠬᠤ | ᠲᠠᠷᠢᠶᠠᠯᠠᠬᠤ ᠣᠷᠣᠨ ᠤ ᠨᠡᠶᠢᠲᠡ ᠶᠢᠨ ᠵᠣᠷᠯᠣᠩ ᠪᠣᠯᠤᠨ ᠵᠢᠭᠤᠯᠴᠢᠯᠠᠯ ᠤᠨ ᠵᠣᠷᠯᠣᠩ ᠢ ᠵᠦᠶ ᠵᠣᠬᠢᠰᠲᠠᠶ | ᠪᠠᠶᠢᠷᠢᠰᠢᠭᠤᠯᠤᠨ ᠪᠠᠶᠢᠭᠤᠯᠬᠤ ᠬᠡᠷᠡᠭᠲᠡᠶ᠃ ᠨᠥᠬᠦᠴᠡᠯ ᠲᠠᠢ ᠠᠶᠢᠯ ᠲᠣᠰᠬᠤᠨ ᠨᠢ ᠤᠰᠤ ᠪᠠᠷ ᠵᠠᠶᠢᠯᠠᠬᠤ ᠨᠡᠶᠢᠲᠡ ᠶᠢᠨ | ᠵᠣᠷᠯᠣᠩ ᠪᠠᠶᠢᠭᠤᠯᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠵᠣᠷᠯᠣᠩ ᠢ ᠦᠭᠡᠷᠡᠴᠢᠯᠡᠨ ᠪᠠᠶᠢᠭᠤᠯᠬᠤ ᠪᠠ ᠪᠠᠷᠢᠯᠭ᠎ᠠ | ᠪᠠᠶᠢᠭᠤᠯᠬᠤ ᠠᠵᠢᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠨ᠂ | ᠵᠣᠷᠯᠣᠩ ᠢ ᠬᠠᠮᠢᠶᠠᠷᠴᠤ ᠬᠠᠮᠠᠭᠠᠯᠠᠬᠤ ᠲᠣᠭᠲᠠᠴᠠ ᠪᠣᠯᠤᠨ ᠰᠡᠯᠪᠢᠨ ᠵᠠᠰᠠᠬᠤ ᠦᠢᠯᠡᠴᠢᠯᠡᠭᠡᠨ ᠤ ᠰᠢᠰᠲ᠋ᠧᠮᠵᠢ | ᠪᠠᠶᠢᠭᠤᠯᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ | ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠰᠢᠰᠲ᠋ᠧᠮᠵᠢ | ᠪᠠᠶᠢᠭᠤᠯᠬᠤ ᠶᠢ ᠬᠥᠲᠥᠯᠦᠨ ᠵᠢᠯᠣᠭᠤᠳᠴᠤ᠂ ᠵᠣᠷᠯᠣᠩ ᠤᠨ ᠪᠠᠭᠠᠰᠤ ᠰᠢᠭᠡᠰᠦ ᠶᠢ ᠴᠤᠭᠯᠠᠭᠤᠯᠤᠨ ᠰᠢᠢᠳᠪᠦᠷᠢᠯᠡᠬᠦ ᠪᠠ | ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠲᠡᠶ᠃ | ᠵᠢᠷᠭᠤᠳᠤᠭᠠᠷ ᠪᠦᠯᠦᠭ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠶᠠᠭᠳᠠᠯ ᠡᠳ᠋ ᠤᠨ | ᠵᠠᠰᠠᠯᠲᠠ | ᠭᠤᠴᠢᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠮᠤ | ᠪᠤᠳᠠᠭ᠎ᠠ᠂ ᠢᠳᠡᠰᠢᠨ ᠨᠣᠭᠤᠭ᠎ᠠ᠂ ᠬᠢᠲᠠᠳ ᠡᠮ ᠤᠨ ᠮᠠᠲ᠋ᠧᠷᠢᠶᠠᠯ ᠵᠡᠷᠭᠡ ᠲᠠᠷᠢᠮᠠᠯ ᠤᠨ ᠡᠰᠢ ᠰᠦᠷᠡᠯ ᠢ | ᠴᠤᠭᠯᠠᠭᠤᠯᠬᠤ᠂ ᠲᠡᠭᠡᠭᠡᠪᠦᠷᠢᠯᠡᠬᠦ᠂ ᠬᠠᠳᠠᠭᠠᠯᠠᠬᠤ ᠪᠠ ᠠᠰᠢᠭᠯᠠᠬᠤ ᠶᠢ ᠨᠢᠭᠡ ᠴᠣᠭᠴᠠᠵᠢᠭᠤᠯᠬᠤ ᠰᠢᠰᠲ᠋ᠧᠮᠵᠢ | ᠪᠠᠶᠢᠭᠤᠯᠬᠤ ᠶᠢ ᠬᠥᠲᠥᠯᠥᠨ ᠵᠢᠯᠣᠭᠤᠳᠴᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠠᠪᠤᠳᠠᠯ ᠤᠨ | ᠬᠡᠪᠴᠢᠶᠡᠵᠢᠭᠰᠡᠨ᠂ ᠠᠵᠤ ᠦᠢᠯᠡᠰᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ ᠲᠠᠷᠢᠶᠠᠯᠠᠩ ᠮᠠᠯ ᠠᠵᠤ ᠠᠬᠤᠶ ᠳᠤ ᠣᠷᠣᠭᠤᠯᠬᠤ ᠡᠳ᠋ ᠤᠨ ᠦᠢᠯᠡᠳᠪᠦᠷᠢᠯᠡᠭᠴᠢ᠂ | ᠪᠣᠷᠣᠯᠠᠭᠤᠯᠤᠭᠴᠢ ᠪᠣᠯᠤᠨ ᠬᠡᠷᠡᠭᠯᠡᠭᠴᠢ ᠨᠢ ᠲᠠᠷᠢᠶᠠᠨ ᠡᠮ᠂ ᠪᠣᠷᠲᠣᠭᠤᠷ ᠵᠡᠷᠭᠡ ᠲᠠᠷᠢᠶᠠᠯᠠᠩ ᠮᠠᠯ ᠠᠵᠤ ᠠᠬᠤᠶ ᠳᠤ | ᠣᠷᠣᠭᠤᠯᠬᠤ ᠡᠳ᠋ ᠤᠨ ᠪᠣᠭᠤᠳᠠᠯ ᠪᠠᠭᠯᠠᠭ᠎ᠠ᠂ ᠯᠣᠩᠬᠤ ᠰᠠᠪᠠ ᠶᠢᠨ ᠬᠠᠶᠠᠭᠳᠠᠯ ᠪᠣᠯᠤᠨ ᠲᠠᠷᠢᠶᠠᠯᠠᠩ ᠳᠤ ᠬᠡᠷᠡᠭᠯᠡᠬᠦ | ᠨᠢᠮᠭᠡᠨ ᠰᠦᠯᠢᠶᠣᠣ ᠪᠦᠷᠬᠦᠪᠴᠢ᠂ ᠤᠰᠤᠯᠠᠯᠲᠠ ᠶᠢᠨ ᠬᠤᠭᠤᠯᠠᠶ ᠪᠦᠰᠡ᠂ ᠴᠢᠬᠢ ᠪᠤᠶᠢᠵᠢᠭᠤᠯᠬᠤ ᠲᠠᠪᠠᠭ᠂ ᠮᠥᠭᠦ | ᠤᠷᠭᠤᠭᠤᠯᠬᠤ ᠤᠭᠤᠲᠠ ᠵᠡᠷᠭᠡ ᠶᠢ ᠴᠠᠭ ᠲᠤᠬᠠᠶ ᠳᠤᠨᠢ ᠬᠤᠷᠢᠶᠠᠨ ᠠᠪᠬᠤ ᠶᠢᠨ ᠬᠠᠮᠲᠤ᠂ ᠲᠠᠷᠢᠶᠠᠨ ᠡᠮ ᠤᠨ | ᠯᠣᠩᠬᠤ ᠰᠠᠪᠠ ᠶᠢᠨ ᠬᠠᠶᠠᠭᠳᠠᠮᠠᠯ ᠢ ᠲᠤᠰᠬᠠᠶ ᠪᠠᠶᠢᠭᠤᠯᠤᠮᠵᠢ ᠪᠤᠶᠤ ᠵᠣᠬᠢᠶᠠᠨ ᠪᠠᠶᠢᠭᠤᠯᠤᠯᠲᠠ ᠳᠤ ᠲᠤᠰᠢᠶᠠᠨ ᠬᠤᠤᠷ | ᠥᠬᠡᠶᠢᠳᠡᠭᠦᠯᠦᠨ ᠰᠢᠢᠳᠪᠦᠷᠢᠯᠡᠭᠦᠯᠬᠦ ᠬᠡᠷᠡᠭᠲᠡᠶ᠃ | ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠠᠷᠢᠶᠠᠯᠠᠩ ᠳᠤ | ᠬᠡᠷᠡᠭᠯᠡᠭᠰᠡᠨ ᠨᠢᠮᠭᠡᠨ ᠰᠦᠯᠢᠶᠣᠣ ᠪᠦᠷᠬᠦᠪᠴᠢ᠂ ᠤᠰᠤᠯᠠᠯᠲᠠ ᠶᠢᠨ ᠬᠤᠭᠤᠯᠠᠶ ᠪᠦᠰᠡ᠂ ᠴᠢᠬᠢ ᠪᠤᠶᠢᠵᠢᠭᠤᠯᠬᠤ | ᠲᠠᠪᠠᠭ᠂ ᠮᠥᠭᠦ ᠤᠷᠭᠤᠭᠤᠯᠬᠤ ᠤᠭᠤᠲᠠ ᠵᠡᠷᠭᠡ ᠲᠠᠷᠢᠶᠠᠯᠠᠩ ᠮᠠᠯ ᠠᠵᠤ ᠠᠬᠤᠶ ᠳᠤ ᠣᠷᠣᠭᠤᠯᠤᠭᠰᠠᠨ ᠡᠳ᠋ ᠤᠨ | ᠬᠠᠶᠠᠭᠳᠠᠮᠠᠯ ᠢ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮᠵᠢ ᠪᠠᠶᠢᠭᠤᠯᠬᠤ ᠶᠢ ᠬᠥᠲᠥᠯᠥᠨ ᠵᠢᠯᠣᠭᠤᠳᠬᠤ ᠬᠡᠷᠡᠭᠲᠡᠶ | ᠃ | ᠭᠤᠴᠢᠨ ᠬᠤᠶᠠᠳᠤᠭᠠᠷ ᠵᠦᠢᠯ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠠᠵᠢᠯ ᠢ ᠡᠷᠬᠢᠯᠡᠵᠦ ᠪᠠᠶᠢᠭ᠎ᠠ ᠨᠢᠭᠡᠴᠢ | ᠪᠠ ᠬᠤᠪᠢ ᠬᠥᠮᠦᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠯ ᠵᠢᠭᠦᠷᠲᠡᠨ ᠤ ᠢᠯᠭᠠᠳᠠᠰᠤ ᠪᠠ | ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠰᠢᠢᠳᠪᠦᠷᠢᠯᠡᠵᠦ᠂ ᠣᠷᠴᠢᠨ ᠠᠬᠤᠢ ᠶᠢ ᠪᠣᠬᠢᠷᠲᠤᠭᠤᠯᠬᠤ ᠠᠴᠠ | ᠰᠡᠷᠭᠡᠶᠢᠯᠡᠬᠦ ᠬᠡᠷᠡᠭᠲᠡᠢ᠃ | ᠮᠠᠯ ᠵᠢᠭᠦᠷᠲᠡᠨ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠨᠤᠭᠤᠳ ᠮᠠᠯ ᠵᠢᠭᠦᠷᠲᠡᠨ ᠤ | ᠢᠯᠭᠠᠳᠠᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠠᠶᠢᠭᠤᠯᠵᠤ᠂ ᠬᠤᠣᠷ ᠦᠭᠡᠶᠢᠵᠢᠬᠦᠯᠦᠨ | ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠬᠡᠷᠡᠭᠲᠡᠢ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ | ᠡᠷᠦᠬᠡ ᠪᠤᠷᠳᠤᠭᠤᠷ ᠣᠪᠣᠭᠠᠯᠠᠵᠤ ᠲᠠᠷᠢᠶᠠᠨ ᠳᠤ ᠣᠷᠣᠭᠤᠯᠬᠤ᠂ ᠣᠷᠭᠠᠨᠢᠭ ᠪᠤᠷᠳᠤᠭᠤᠷ ᠦᠢᠯᠡᠳᠬᠦ ᠵᠡᠷᠭᠡ ᠠᠷᠭ᠎ᠠ | ᠮᠠᠶ᠋ᠢᠭ ᠢᠶᠠᠷ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠪᠠ ᠡᠬᠢ | ᠪᠠᠶᠠᠯᠢᠭᠵᠢᠭᠤᠯᠤᠨ ᠠᠰᠢᠭᠯᠠᠬᠤ ᠬᠡᠷᠡᠭᠲᠡᠢ᠃ ᠨᠥᠬᠦᠴᠡᠯ ᠲᠠᠢ ᠠᠶᠢᠯ ᠲᠣᠰᠬᠤᠨ ᠨᠢ ᠲᠥᠪᠯᠡᠷᠡᠭᠦᠯᠦᠨ ᠪᠣᠷᠳᠣᠭᠤᠷ | ᠣᠪᠣᠭᠠᠯᠠᠬᠤ ᠲᠠᠲᠠᠭᠠᠯ ᠪᠠᠶᠢᠭᠤᠯᠵᠤ᠂ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ ᠰᠢᠢᠳᠪᠦᠷᠢᠯᠡᠵᠦ ᠪᠣᠯᠤᠨ᠎ᠠ᠃ | | ᠭᠤᠴᠢᠨ ᠭᠤᠷᠪᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠳᠣᠣᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠶᠢ ᠬᠢᠵᠦ ᠪᠣᠯᠬᠤ ᠦᠭᠡᠢ᠄ | ︵ᠨᠢᠭᠡ︶ ᠡᠰᠢ ᠰᠦᠷᠡᠯ ᠢ ᠢᠯᠡ ᠪᠠᠷ ᠰᠢᠲᠠᠭᠠᠬᠤ | ︵ᠬᠤᠶᠠᠷ︶ ᠠᠶᠢᠯ ᠲᠣᠰᠬᠤᠨ ᠤ ᠵᠠᠮ ᠤᠨ ᠬᠤᠶᠠᠷ ᠲᠠᠯ᠎ᠠ ᠳᠤ ᠡᠰᠢ ᠰᠦᠷᠡᠯ᠂ ᠮᠠᠯ ᠵᠢᠭᠦᠷᠲᠡᠨ ᠤ ᠪᠠᠭᠠᠰᠤ | ᠰᠢᠭᠡᠰᠦ ᠶᠢ ᠣᠪᠣᠭᠠᠯᠠᠵᠤ ᠲᠠᠯᠪᠢᠬᠤ | ︵ᠭᠤᠷᠪᠠ︶ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠢᠶᠠᠨ ᠬᠠᠶᠠᠬᠤ᠂ ᠪᠤᠯᠠᠬᠤ᠂ | ᠰᠢᠲᠠᠭᠠᠬᠤ | ︵ᠳᠥᠷᠪᠡ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠦᠢᠯᠡ ᠠᠵᠢᠯᠯᠠᠭ᠎ᠠ | ᠳᠣᠯᠣᠳᠤᠭᠠᠷ ᠪᠦᠯᠦᠭ ᠲᠣᠰᠬᠤᠨ ᠤ ᠳᠦᠷᠰᠦ ᠪᠠᠶᠢᠳᠠᠯ ᠤᠨ ᠵᠠᠰᠠᠯᠲᠠ | ᠭᠤᠴᠢᠨ ᠳᠥᠷᠪᠡᠳᠦᠭᠡᠷ ᠵᠦᠢᠯ ᠭᠠᠴᠠᠭ᠎ᠠ ᠲᠣᠰᠬᠤᠨ ᠴᠡᠪᠡᠷ ᠲᠡᠭᠰᠢ ᠪᠠᠶᠢᠬᠤ ᠬᠡᠷᠡᠭᠲᠡᠢ᠃ ᠵᠠᠮ ᠢ ᠰᠠᠶᠢᠲᠤᠷ | ᠵᠠᠰᠠᠨ ᠬᠠᠮᠠᠭᠠᠯᠠᠵᠤ᠂ ᠵᠠᠮ ᠤᠨ ᠭᠠᠳᠠᠷᠭᠤ ᠲᠡᠭᠰᠢ ᠳᠠᠷᠳᠠᠩ ᠪᠠᠶᠢᠬᠤ ᠶᠢ ᠪᠠᠲᠤᠯᠠᠬᠤ ᠬᠡᠷᠡᠭᠲᠡᠶ᠃ ᠭᠡᠷ ᠪᠠᠷᠢᠯᠭ᠎ᠠ ᠶᠢᠨ | ᠬᠡᠷᠡᠮ᠂ ᠳᠡᠭᠡᠪᠦᠷ ᠨᠢ ᠪᠦᠷᠢᠨ ᠪᠦᠲᠦᠨ᠂ ᠬᠡᠷᠡᠮ ᠬᠠᠨ᠎ᠠ ᠨᠢ ᠠᠷᠢᠭᠤᠨ ᠴᠡᠪᠡᠷ ᠪᠠᠶᠢᠬᠤ ᠬᠡᠷᠡᠭᠲᠡᠢ᠃ ᠭᠡᠷ ᠤᠨ | ᠭᠠᠳᠠᠨᠠᠬᠢ ᠵᠠᠷ ᠮᠡᠳᠡᠭᠡ᠂ ᠬᠤᠳᠠᠯᠳᠤᠭᠠᠨ ᠤ ᠫᠠᠶᠢᠰᠠ᠂ ᠲᠡᠮᠳᠡᠭ ᠫᠠᠶᠢᠰᠠ ᠢ ᠠᠮᠤᠷ ᠲᠦᠪᠰᠢᠨ ᠪᠠᠲᠤ ᠪᠠᠬᠢ ᠪᠠᠶᠢᠯᠭᠠᠨ | ᠂ ᠵᠢᠷᠤᠭ ᠪᠢᠴᠢᠭ ᠨᠢ ᠲᠣᠳᠣᠷᠬᠠᠶ᠂ ᠪᠦᠷᠢᠨ ᠪᠦᠲᠦᠨ ᠪᠠᠶᠢᠬᠤ ᠬᠡᠷᠡᠭᠲᠡᠶ᠃ | ᠭᠤᠴᠢᠨ ᠲᠠᠪᠤᠳᠤᠭᠠᠷ ᠵᠦᠢᠯ ᠴᠤᠭᠯᠠᠭ᠎ᠠ ᠮᠠᠶᠢᠮᠠᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ | ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠢᠵᠢ ᠪᠦᠷᠢᠳᠦᠬᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠭ | ᠨᠣᠪᠰᠢ ᠶᠢ ᠬᠤᠷᠢᠶᠠᠨ ᠴᠤᠭᠯᠠᠭᠤᠯᠬᠤ ᠰᠠᠪᠠ ᠶᠢ ᠵᠦᠢ ᠵᠣᠬᠢᠰᠲᠠᠢ ᠪᠠᠶᠢᠷᠢᠯᠠᠭᠤᠯᠵᠤ᠂ ᠲᠠᠯᠠᠪᠤᠷ ᠵᠢᠴᠢ ᠡᠷᠬᠢᠨ | ᠲᠣᠭᠤᠷᠢᠨ ᠤ ᠣᠷᠴᠢᠨ ᠠᠬᠤᠢ ᠶᠢᠨ ᠴᠡᠪᠡᠷ ᠲᠡᠭᠰᠢ ᠪᠠᠶᠢᠬᠤ ᠶᠢ ᠪᠠᠲᠤᠯᠠᠬᠤ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠭᠤᠤᠯ ᠵᠠᠮ ᠤᠨ ᠬᠤᠶᠠᠷ ᠬᠠᠵᠠᠭᠤ ᠶᠢᠨ | ᠬᠤᠭᠤᠯᠠ ᠤᠮᠳᠠᠭᠠᠨ ᠬᠤᠨᠤᠭ ᠪᠠᠭᠤᠳᠠᠯ᠂ ᠮᠠᠰᠢᠨ ᠲᠡᠷᠭᠡ ᠰᠡᠯᠪᠢᠨ ᠵᠠᠰᠠᠬᠤ ᠵᠡᠷᠭᠡ ᠲᠠᠯᠠᠪᠤᠷ ᠤᠨ ᠭᠠᠳᠠᠨᠠᠬᠢ ᠡᠳ᠋ | ᠪᠣᠳᠠᠰ ᠢ ᠵᠢᠭᠳᠡ ᠡᠮᠬᠢ ᠵᠢᠷᠤᠮ ᠲᠠᠢ ᠲᠠᠯᠪᠢᠵᠤ᠂ ᠠᠶᠢᠯ ᠲᠤᠰᠬᠤᠨ ᠤ ᠴᠡᠪᠡᠷ ᠲᠡᠭᠰᠢ ᠪᠠᠶᠢᠳᠠᠯ ᠪᠠ ᠵᠠᠮ ᠤᠨ ᠰᠠᠭᠠᠳ | ᠥᠬᠡᠶ ᠨᠡᠪᠲᠡᠷᠡᠬᠦ ᠶᠢ ᠨᠥᠯᠥᠭᠡᠯᠡᠵᠦ ᠪᠣᠯᠬᠤ ᠥᠬᠡᠶ᠃ | ᠭᠤᠴᠢᠨ ᠳᠣᠯᠣᠳᠤᠭᠠᠷ ᠵᠦᠢᠯ ᠲᠠᠷᠢᠶᠠᠯᠠᠬᠤ ᠮᠠᠯᠵᠢᠬᠤ ᠣᠷᠣᠨ ᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ | ᠲᠦᠬᠦᠭᠡᠷᠦᠮᠵᠢ ᠶᠢᠨ ᠠᠷᠢᠭᠤᠨ ᠴᠡᠪᠡᠷ ᠪᠠᠶᠢᠬᠤ ᠶᠢ ᠪᠠᠲᠤᠯᠠᠬᠤ ᠬᠡᠷᠡᠭᠲᠡᠶ᠃ ᠨᠥᠬᠦᠴᠡᠯ ᠲᠠᠢ ᠠᠶᠢᠯ ᠲᠣᠰᠬᠤᠨ ᠨᠢ | ᠮᠠᠯ ᠵᠢᠭᠦᠷᠲᠡᠨ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠶᠢ ᠠᠮᠢᠳᠤᠷᠠᠯ ᠤᠨ ᠲᠣᠭᠤᠷᠢᠭ ᠠᠴᠠ ᠰᠠᠯᠭᠠᠨ | ᠪᠠᠶᠢᠷᠢᠯᠠᠭᠤᠯᠪᠠᠯ ᠵᠤᠬᠢᠨ᠎ᠠ᠃ ᠭᠤᠣᠯ ᠤᠨ ᠤᠷᠤᠰᠬᠠᠯ ᠤᠨ ᠬᠠᠮᠢᠶᠠᠷᠤᠯᠲᠠ ᠶᠢᠨ ᠬᠡᠪᠴᠢᠶ᠎ᠡ᠂ ᠤᠰᠤᠨ ᠰᠤᠷᠪᠤᠯᠵᠢ ᠶᠢᠨ | ᠭᠠᠵᠠᠷ ᠤᠨ ᠬᠠᠮᠠᠭᠠᠯᠠᠯᠲᠠ ᠶᠢᠨ ᠣᠷᠣᠨ᠂ ᠬᠥᠳᠡᠭᠡ ᠲᠣᠰᠬᠤᠨ᠂ ᠠᠶᠢᠯ ᠠᠶᠢᠮᠠᠭ ᠤᠨ ᠳᠤᠮᠳᠠᠬᠢ ᠵᠠᠮ ᠤᠨ ᠬᠤᠶᠠᠷ | ᠬᠠᠵᠠᠭᠤ ᠳᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠫᠧᠩ ᠰᠠᠷᠠᠪᠴᠢ ᠪᠠᠷᠢᠬᠤ ᠪᠤᠶᠤ ᠮᠠᠯ ᠵᠢᠭᠦᠷᠲᠡᠨ ᠢ ᠰᠤᠯᠠ | ᠲᠡᠵᠢᠭᠡᠵᠦ ᠪᠣᠯᠬᠤ ᠥᠭᠡᠢ᠃ ᠠᠶᠢᠯ ᠲᠣᠰᠬᠤᠨ ᠤ ᠵᠠᠮ ᠢᠶᠠᠷ ᠮᠠᠯ ᠤᠨᠤᠭ᠎ᠠ ᠲᠡᠵᠢᠭᠡᠪᠦᠷᠢ ᠵᠢᠭᠦᠷᠲᠡᠨ ᠤ | ᠢᠯᠭᠠᠳᠠᠰᠤ ᠶᠢ ᠲᠡᠭᠡᠭᠡᠪᠦᠷᠢᠯᠡᠬᠦ ᠳᠡᠭᠡᠨ ᠰᠠᠶᠢᠲᠤᠷ ᠠᠷᠭ᠎ᠠ ᠬᠡᠮᠵᠢᠶ᠎ᠡ ᠠᠪᠴᠤ ᠠᠰᠬᠠᠵᠤ ᠭᠤᠭᠤᠵᠢᠬᠤ ᠶᠢ ᠰᠡᠷᠭᠡᠶᠢᠯᠡᠬᠦ | ᠬᠡᠷᠡᠭᠲᠠᠢ᠃ ᠬᠡᠷᠪᠡ ᠠᠰᠬᠠᠵᠤ ᠭᠤᠭᠤᠵᠢᠭᠰᠠᠨ ᠪᠠᠶᠢᠪᠠᠯ ᠳᠠᠷᠦ᠋ᠢᠬᠠᠨ ᠴᠡᠪᠡᠷᠯᠡᠵᠦ ᠠᠷᠢᠯᠭᠠᠬᠤ ᠬᠡᠷᠡᠭᠲᠡᠶ᠃ | ᠭᠤᠴᠢᠨ ᠨᠠᠢᠮᠠᠳᠣᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠪᠠ | ᠰᠠᠭᠤᠭᠠᠯᠢ ᠠᠷᠠᠳ ᠤᠨ ᠵᠥᠪᠯᠡᠯ ᠨᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠶᠢᠯ ᠲᠣᠰᠬᠤᠨ ᠤ ᠮᠣᠳᠣ | ᠲᠠᠷᠢᠵᠤ ᠨᠣᠭᠤᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠢᠯ ᠲᠣᠰᠬᠤᠨ ᠤ ᠣᠷᠴᠢᠨ | ᠲᠣᠭᠤᠷᠢᠨ ᠢ ᠭᠤᠶᠤᠵᠢᠭᠤᠯᠬᠤ ᠬᠡᠷᠡᠭᠲᠡᠢ᠃ | ᠭᠤᠴᠢ ᠶᠢᠰᠦᠳᠦᠭᠡᠷ ᠵᠦᠢᠯ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠭᠤᠶᠤ ᠰᠠᠶᠢᠬᠠᠨ ᠬᠦᠷᠢᠶ᠎ᠡ | ᠬᠠᠰᠢᠶ᠎ᠠ ᠵᠡᠷᠭᠡ ᠰᠢᠯᠭᠠᠷᠠᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠬᠦ ᠪᠠ ᠵᠣᠷᠢᠭᠵᠢᠭᠤᠯᠵᠤ᠂ ᠮᠠᠯᠴᠢᠨ | ᠲᠠᠷᠢᠶᠠᠴᠢᠳ ᠢ ᠬᠥᠲᠥᠯᠥᠨ ᠵᠢᠯᠣᠭᠤᠳᠴᠤ ᠦᠵᠡᠰᠬᠦᠯᠡᠩᠲᠦ ᠰᠠᠶᠢᠬᠠᠨ ᠣᠷᠣᠰᠢᠨ ᠠᠮᠢᠳᠤᠷᠠᠬᠤ ᠣᠷᠴᠢᠨ | ᠲᠣᠭᠤᠷᠢᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠣᠯᠪᠠᠰᠤᠨ ᠨᠤᠲᠤᠭ ᠤᠨ ᠰᠤᠷᠲᠠᠯ ᠢ ᠪᠦᠷᠢᠯᠳᠦᠭᠦᠯᠬᠦ | ᠬᠡᠷᠡᠭᠲᠠᠢ᠃ | ᠨᠠᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠳᠥᠴᠢᠳᠦᠭᠡᠷ ᠵᠦᠢᠯ ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ | ᠲᠣᠭᠲᠠᠭᠠᠯ ᠠᠴᠠ ᠵᠥᠷᠢᠴᠡᠨ᠂ ᠵᠢᠭᠠᠨ ᠲᠣᠭᠲᠠᠭᠠᠭᠰᠠᠨ ᠭᠠᠵᠠᠷ ᠲᠤ ᠲᠥᠷᠥᠯ ᠬᠤᠪᠢᠶᠠᠨ ᠬᠤᠭ ᠨᠣᠪᠰᠢ ᠬᠠᠶᠠᠭᠰᠠᠨ | ᠦᠭᠡᠶ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ᠃ ᠦᠢᠯᠡ ᠪᠠᠶᠢᠳᠠᠯ ᠨᠢ ᠬᠦᠨᠳᠦ ᠨᠣᠴᠢᠲᠠᠶ ᠪᠤᠯᠤᠭᠰᠠᠨ | ᠪᠠᠶᠢᠭᠤᠯᠭ᠎ᠠ ᠨᠢᠭᠡᠴᠢ ᠶᠢ 5 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠵᠤ᠂ ᠬᠤᠪᠢ ᠬᠥᠮᠦᠨ ᠢ 20 ᠲᠥᠭᠦᠷᠢᠭ ᠠᠴᠠ ᠳᠡᠭᠡᠭᠰᠢ 100 ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠨ᠎ᠠ᠃ | ᠳᠥᠴᠢᠨ ᠨᠢᠭᠡᠳᠦᠭᠡᠷ ᠵᠦᠢᠯ ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠤᠨ ᠬᠤᠶᠠᠳᠤᠭᠠᠷ ᠵᠤᠷᠪᠤᠰ ᠤᠨ | ᠲᠣᠭᠲᠠᠭᠠᠯ ᠠᠴᠠ ᠵᠥᠷᠢᠴᠡᠨ᠂ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠵᠤ ᠲᠠᠯᠪᠢᠭᠰᠠᠨ᠂ ᠠᠰᠬᠠᠭᠰᠠᠨ᠂ | ᠴᠢᠳᠬᠤᠭᠰᠠᠨ᠂ ᠪᠤᠯᠠᠭᠰᠠᠨ ᠪᠤᠶᠤ ᠰᠢᠲᠠᠭᠠᠭᠰᠠᠨ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠵᠤ᠂ ᠪᠠᠶᠢᠭᠤᠯᠭ᠎ᠠ | ᠨᠢᠭᠡᠴᠢ ᠶᠢ 5 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ | ᠲᠤᠷᠭᠠᠨ᠂ ᠬᠤᠪᠢ ᠬᠥᠮᠦᠨ ᠢ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠨ᠎ᠠ᠃ | ᠳᠥᠴᠢᠨ ᠬᠤᠶᠠᠳᠤᠭᠠᠷ ᠵᠦᠢᠯ ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠤᠨ ᠭᠤᠷᠪᠠᠳᠤᠭᠠᠷ | ᠵᠤᠷᠪᠤᠰ ᠤᠨ ᠲᠣᠭᠲᠠᠭᠠᠯ ᠠᠴᠠ ᠵᠥᠷᠢᠴᠡᠨ᠂ ᠲᠡᠭᠡᠭᠡᠪᠦᠷᠢᠯᠡᠬᠦ ᠶᠠᠪᠤᠴᠠ ᠳᠤ ᠬᠤᠭ ᠨᠣᠪᠰᠢ ᠬᠠᠶᠠᠭᠰᠠᠨ᠂ ᠰᠠᠴᠤᠭᠰᠠᠨ | ᠂ ᠭᠡᠭᠡᠵᠦ ᠣᠷᠬᠢᠭᠳᠠᠭᠤᠯᠤᠭᠰᠠᠨ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠵᠤ᠂ ᠪᠠᠶᠢᠭᠤᠯᠭ᠎ᠠ ᠨᠢᠭᠡᠴᠢ ᠶᠢ ᠪᠣᠯ 5 | ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠤᠷᠭᠠᠨ᠂ ᠬᠤᠪᠢ | ᠬᠥᠮᠦᠨ ᠢ ᠪᠣᠯ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | | ᠳᠥᠴᠢᠨ ᠭᠤᠷᠪᠠᠳᠤᠭᠠᠷ ᠵᠦᠢᠯ ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠤᠨ ᠳᠥᠷᠪᠡᠳᠦᠭᠡᠷ | ᠵᠤᠷᠪᠤᠰ ᠤᠨ ᠲᠣᠭᠲᠠᠭᠠᠯ ᠠᠴᠠ ᠵᠥᠷᠢᠴᠡᠨ᠂ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ | ᠴᠤᠭᠯᠠᠭᠤᠯᠬᠤ᠂ ᠲᠡᠭᠡᠭᠡᠪᠦᠷᠢᠯᠡᠬᠦ ᠲᠦᠬᠦᠭᠡᠷᠦᠮᠵᠢ ᠪᠣᠯᠤᠨ ᠲᠠᠯᠠᠪᠤᠷ ᠢ ᠡᠪᠳᠡᠬᠦ ᠪᠤᠶᠤ ᠡᠵᠡᠯᠡᠭᠰᠡᠨ ᠪᠣᠯ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ | ᠵᠠᠷᠯᠢᠭᠳᠠᠨ ᠵᠠᠯᠠᠷᠠᠭᠤᠯᠵᠤ᠂ ᠪᠠᠶᠢᠭᠤᠯᠭ᠎ᠠ ᠨᠢᠭᠡᠴᠢ ᠪᠣᠯ 1000 ᠲᠥᠭᠦᠷᠢᠭ ᠠᠴᠠ ᠳᠡᠭᠡᠭᠰᠢ 5000 | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ | 1000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠬᠡᠷᠪᠡ ᠬᠤᠬᠢᠷᠠᠯ ᠤᠴᠠᠷᠠᠭᠤᠯᠤᠭᠰᠠᠨ ᠪᠠᠶᠢᠪᠠᠯ | ᠬᠠᠤᠯᠢ ᠶᠣᠰᠣᠭᠠᠷ ᠲᠥᠯᠥᠪᠦᠷᠢ ᠠᠪᠤᠨ᠎ᠠ᠃ | ᠲᠣᠰ ᠲᠦᠷᠢᠮ ᠤᠨ ᠬᠤᠷᠢᠨ ᠨᠢᠭᠡᠳᠦᠭᠡᠷ ᠵᠦᠢᠯ ᠤᠨ ᠳᠥᠷᠪᠡᠳᠦᠭᠡᠷ ᠵᠤᠷᠪᠤᠰ ᠤᠨ ᠲᠣᠭᠲᠠᠭᠠᠯ ᠢ ᠵᠥᠷᠢᠴᠡᠵᠦ | ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠲᠦᠬᠦᠭᠡᠷᠦᠮᠵᠢ ᠪᠠ ᠲᠠᠯᠠᠪᠤᠷ ᠢ | ᠳᠤᠷ᠎ᠠ ᠪᠠᠷ ᠢᠶᠠᠨ ᠬᠠᠭᠠᠭᠰᠠᠨ᠂ ᠰᠤᠯᠠ ᠣᠷᠬᠢᠭᠰᠠᠨ᠂ ᠨᠤᠷᠠᠭᠠᠭᠰᠠᠨ ᠪᠠᠶᠢᠪᠠᠯ᠂ ᠬᠤᠲᠠ᠂ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ 10 ᠲᠦᠮᠡᠨ | ᠲᠥᠭᠦᠷᠢᠭ ᠠᠴᠠ ᠳᠡᠭᠡᠭᠰᠢ 100 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠳᠥᠴᠢᠨ ᠳᠥᠷᠪᠡᠳᠦᠭᠡᠷ ᠵᠦᠢᠯ ᠲᠣᠰ ᠳᠦᠷᠢᠮ ᠤᠨ ᠬᠤᠷᠢᠨ ᠲᠠᠪᠤᠳᠤᠭᠠᠷ ᠵᠦᠢᠯ ᠤᠨ ᠭᠤᠷᠪᠠᠳᠤᠭᠠᠷ | ᠵᠤᠷᠪᠤᠰ ᠤᠨ ᠲᠣᠭᠲᠠᠭᠠᠯ ᠢ ᠵᠥᠷᠢᠴᠡᠵᠦ᠂ ᠠᠮᠢᠳᠤᠷᠠᠯ ᠤᠨ ᠪᠣᠬᠢᠷ ᠤᠰᠤᠨ ᠤ ᠬᠤᠭᠤᠯᠠᠢ ᠲᠣᠣᠷ᠂ ᠰᠢᠢᠳᠪᠦᠷᠢᠯᠡᠬᠦ | ᠲᠦᠬᠦᠭᠡᠷᠦᠮᠵᠢ ᠶᠢ ᠡᠪᠳᠡᠭᠰᠡᠨ ᠪᠤᠶᠤ ᠲᠡᠭᠦᠨ ᠳᠤ ᠬᠤᠭ ᠨᠣᠪᠰᠢ᠂ ᠰᠢᠭᠠᠷᠤ ᠰᠢᠷᠣᠢ᠂ ᠪᠠᠷᠢᠯᠭ᠎ᠠ ᠶᠢᠨ ᠰᠢᠪᠠᠷ ᠵᠡᠷᠭᠡ | ᠬᠠᠶᠠᠭᠳᠠᠮᠠᠯ ᠢ ᠴᠢᠳᠬᠤᠭᠰᠠᠨ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ | ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠤᠯ ᠤᠨ ᠪᠠᠶᠢᠳᠠᠯ ᠢ ᠨᠢ ᠰᠡᠷᠭᠦᠭᠡᠯᠭᠡᠬᠦ ᠪᠤᠶᠤ ᠪᠤᠰᠤᠳ ᠨᠥᠬᠦᠪᠥᠷᠢᠯᠡᠬᠦ | ᠠᠷᠭ᠎ᠠ ᠬᠡᠮᠵᠢᠶ᠎ᠡ ᠠᠪᠤᠭᠤᠯᠵᠤ᠂ ᠰᠡᠷᠡᠮᠵᠢᠯᠡᠭᠦᠯᠦᠨ᠎ᠡ᠃ ᠬᠡᠷᠪᠡ ᠬᠤᠭᠤᠴᠠᠭ᠎ᠠ ᠥᠩᠭᠡᠷᠡᠲᠡᠯ᠎ᠡ ᠨᠥᠬᠦᠪᠥᠷᠢᠯᠡᠬᠦ ᠠᠷᠭ᠎ᠠ | ᠬᠡᠮᠵᠢᠶ᠎ᠡ ᠠᠪᠤᠭᠰᠠᠨ ᠦᠭᠡᠶ ᠪᠤᠶᠤ ᠬᠦᠨᠳᠦ ᠨᠣᠴᠢᠲᠠᠶ ᠦᠷ᠎ᠡ ᠳᠠᠭᠠᠪᠤᠷᠢ ᠭᠠᠷᠭᠠᠭᠰᠠᠨ ᠪᠣᠯ ᠪᠠᠶᠢᠭᠤᠯᠭ᠎ᠠ ᠨᠢᠭᠡᠴᠢ ᠶᠢ | 10 ᠲᠦᠮᠡᠨ ᠲᠥᠭᠦᠷᠢᠭ ᠠᠴᠠ ᠳᠡᠭᠡᠭᠰᠢ 30 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠤᠷᠭᠠᠨ᠂ | ᠬᠤᠪᠢ ᠬᠥᠮᠦᠨ ᠢ 2 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ | ᠲᠣᠷᠭᠠᠨ᠎ᠠ᠃ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠲᠥᠯᠥᠪᠦᠷᠢ ᠠᠪᠤᠨ᠎ᠠ᠃ | ᠳᠥᠴᠢᠨ ᠲᠠᠪᠤᠳᠤᠭᠠᠷ ᠵᠦᠢᠯ ᠲᠣᠰ ᠳᠦᠷᠢᠮ ᠤᠨ ᠭᠤᠴᠢᠨ ᠨᠢᠭᠡᠳᠦᠭᠡᠷ ᠵᠦᠢᠯ ᠤᠨ ᠲᠣᠭᠲᠠᠭᠠᠯ ᠢ | ᠵᠥᠷᠢᠴᠡᠵᠦ᠂ ᠲᠠᠷᠢᠶᠠᠯᠠᠩ ᠮᠠᠯ ᠠᠵᠤ ᠠᠬᠤᠢ ᠳᠤ ᠣᠷᠣᠭᠤᠯᠬᠤ ᠡᠳ᠋ ᠦᠢᠯᠡᠳᠪᠦᠷᠢᠯᠡᠭᠴᠢ᠂ ᠪᠣᠷᠣᠯᠠᠭᠤᠯᠤᠭᠴᠢ᠂ | ᠬᠡᠷᠡᠭᠯᠡᠭᠴᠢ ᠲᠣᠭᠲᠠᠭᠠᠯ ᠶᠣᠰᠣᠭᠠᠷ ᠪᠣᠷᠳᠣᠭᠤᠷ ᠵᠡᠷᠭᠡ ᠲᠠᠷᠢᠶᠠᠯᠠᠩ ᠮᠠᠯ ᠠᠵᠤ ᠠᠬᠤᠢ ᠲᠤ ᠣᠷᠣᠭᠤᠯᠬᠤ ᠡᠳ᠋ ᠤᠨ | ᠪᠤᠭᠤᠳᠠᠯ ᠪᠠᠭᠯᠠᠭ᠎ᠠ ᠤᠭᠤᠲᠠ ᠵᠡᠷᠭᠡ ᠪᠤᠶᠤ ᠲᠠᠷᠢᠶᠠᠯᠠᠩ ᠳᠤ ᠬᠡᠷᠡᠭᠯᠡᠭᠰᠡᠨ ᠨᠢᠮᠭᠡᠨ ᠰᠦᠯᠢᠶᠣᠣ ᠪᠦᠷᠬᠦᠪᠴᠢ᠂ | ᠤᠰᠤᠯᠠᠯᠲᠠ ᠶᠢᠨ ᠬᠤᠭᠤᠯᠠᠢ ᠪᠦᠰᠡ᠂ ᠴᠢᠬᠢ ᠪᠤᠶᠢᠵᠢᠭᠤᠯᠬᠤ ᠲᠠᠪᠠᠭ᠂ ᠮᠥᠭᠦ ᠤᠷᠭᠤᠭᠤᠯᠬᠤ ᠤᠭᠤᠲᠠ ᠵᠡᠷᠭᠡ ᠶᠢ | ᠴᠠᠭ ᠲᠤᠬᠠᠢ ᠳᠤᠨᠢ ᠬᠤᠷᠢᠶᠠᠨ ᠠᠪᠤᠭᠰᠠᠨ ᠦᠭᠡᠢ᠂ ᠡᠰᠡᠬᠦᠯ᠎ᠡ ᠲᠣᠭᠲᠠᠭᠠᠯ ᠶᠣᠰᠣᠭᠠᠷ ᠲᠠᠷᠢᠶᠠᠨ ᠡᠮ ᠤᠨ ᠯᠣᠩᠬᠤ | ᠰᠠᠪᠠ ᠮᠡᠲᠦ ᠶᠢᠨ ᠬᠠᠶᠠᠭᠳᠠᠮᠠᠯ ᠪᠣᠳᠠᠰ ᠢ ᠴᠠᠭ ᠲᠤᠬᠠᠢ ᠳᠤᠨᠢ ᠬᠤᠷᠢᠶᠠᠨ ᠠᠪᠴᠤ ᠲᠤᠰᠬᠠᠢ ᠪᠠᠶᠢᠭᠤᠯᠤᠮᠵᠢ ᠪᠤᠶᠤ | ᠵᠣᠬᠢᠶᠠᠨ ᠪᠠᠶᠢᠭᠤᠯᠤᠯᠲᠠ ᠳᠤ ᠲᠤᠰᠢᠶᠠᠨ ᠬᠤᠣᠷ ᠦᠭᠡᠢᠳᠡᠭᠦᠯᠦᠨ ᠰᠢᠢᠳᠪᠦᠷᠢᠯᠡᠭᠰᠡᠨ ᠦᠭᠡᠢ ᠪᠠᠶᠢᠪᠠᠯ᠂ ᠬᠤᠲᠠ᠂ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ 1 ᠲᠦᠮᠡᠨ ᠲᠥᠭᠦᠷᠢᠭ ᠠᠴᠠ ᠳᠡᠭᠡᠭᠰᠢ | 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠲᠠᠷᠢᠶᠠᠯᠠᠩ ᠮᠠᠯ ᠠᠵᠤ ᠠᠬᠤᠶ ᠳᠤ | ᠣᠷᠣᠭᠤᠯᠬᠤ ᠡᠳ᠋ ᠤᠨ ᠬᠡᠷᠡᠭᠯᠡᠭᠴᠢ ᠨᠢ ᠬᠤᠪᠢ ᠬᠥᠮᠦᠨ ᠪᠠᠶᠢᠪᠠᠯ᠂ 200 ᠲᠥᠭᠦᠷᠢᠭ ᠠᠴᠠ ᠳᠡᠭᠡᠭᠰᠢ 2000 | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠳᠥᠴᠢᠨ ᠵᠢᠷᠭᠤᠳᠤᠭᠠᠷ ᠵᠦᠢᠯ ᠲᠤᠰ ᠳᠦᠷᠢᠮ ᠤᠨ ᠭᠤᠴᠢᠨ ᠭᠤᠷᠪᠠᠳᠤᠭᠠᠷ ᠵᠦᠢᠯ ᠤᠨ ᠨᠢᠭᠡᠳᠦᠭᠡᠷ | ᠵᠤᠷᠪᠤᠰ ᠤᠨ ᠲᠣᠭᠲᠠᠭᠠᠯ ᠠᠴᠠ ᠵᠥᠷᠢᠴᠡᠨ᠂ ᠬᠥᠮᠦᠨ ᠠᠮᠠ ᠲᠥᠪᠯᠡᠷᠡᠭᠰᠡᠨ ᠭᠠᠵᠠᠷ ᠣᠷᠣᠨ ᠪᠤᠶᠤ ᠬᠠᠤᠯᠢ | ᠶᠣᠰᠣᠭᠠᠷ ᠣᠨᠴᠠᠭᠠᠢ ᠬᠠᠮᠠᠭᠠᠯᠠᠬᠤ ᠴᠢᠬᠤᠯᠠ ᠲᠠᠢ ᠪᠤᠰᠤᠳ ᠣᠷᠣᠨ ᠤ ᠳᠣᠲᠣᠷ᠎ᠠ ᠡᠰᠢ ᠰᠦᠷᠡᠯ ᠢ ᠵᠠᠳᠠᠭᠠᠶ | ᠰᠢᠲᠠᠭᠠᠭᠰᠠᠨ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠵᠤ᠂ 500 ᠲᠥᠭᠦᠷᠢᠭ ᠠᠴᠠ ᠳᠡᠭᠡᠭᠰᠢ 2000 | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠳᠥᠴᠢᠨ ᠳᠣᠯᠣᠳᠤᠭᠠᠷ ᠵᠦᠢᠯ ᠲᠣᠰ ᠳᠦᠷᠢᠮ ᠤᠨ ᠭᠤᠴᠢᠨ ᠭᠤᠷᠪᠠᠳᠤᠭᠠᠷ ᠵᠦᠢᠯ ᠤᠨ ᠭᠤᠷᠪᠠᠳᠤᠭᠠᠷ | ᠵᠤᠷᠪᠤᠰ ᠤᠨ ᠲᠣᠭᠲᠠᠭᠠᠯ ᠢ ᠵᠥᠷᠢᠴᠡᠵᠦ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠢᠶᠠᠨ ᠬᠠᠶᠠᠵᠤ | ᠂ ᠪᠤᠯᠠᠵᠤ᠂ ᠰᠢᠲᠠᠭᠠᠭᠰᠠᠨ ᠪᠠᠶᠢᠪᠠᠯ᠂ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠢ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ | ᠪᠠᠶᠢᠭᠠᠳ ᠬᠤᠣᠷ ᠦᠭᠡᠶᠢᠳᠡᠭᠦᠯᠦᠨ ᠰᠢᠢᠳᠪᠦᠷᠢᠯᠡᠵᠦ᠂ ᠬᠡᠷᠡᠭᠯᠡᠭᠰᠡᠨ ᠵᠠᠷᠤᠳᠠᠯ ᠮᠦᠩᠭᠦ ᠶᠢ ᠬᠠᠤᠯᠢ | ᠵᠦᠷᠢᠴᠡᠭᠰᠡᠳ ᠢᠶᠠᠷ ᠡᠭᠦᠷᠭᠡᠯᠡᠭᠦᠯᠦᠨ᠂ 500 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠨ᠎ᠠ᠃ | ᠳᠥᠴᠢᠨ ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠲᠠ᠂ ᠬᠤᠰᠢᠭᠤ | ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ | ᠲᠡᠭᠦᠨ ᠤ ᠠᠵᠢᠯᠲᠠᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠵᠠᠰᠠᠬᠤ | ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠵᠶᠠᠨ ᠣᠮᠲᠣᠭᠠᠶᠢᠯᠠᠨ | ᠬᠠᠷᠢᠭᠤᠴᠠᠯᠭ᠎ᠠ ᠠᠯᠳᠠᠵᠤ᠂ ᠬᠤᠪᠢ ᠶᠢᠨ ᠲᠥᠯᠥᠭᠡ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ | ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ | ᠬᠠᠤᠯᠢ ᠶᠣᠰᠣᠭᠠᠷ ᠰᠢᠢᠳᠬᠡᠯ ᠥᠭᠭᠦᠨ᠎ᠡ᠃ ᠶᠠᠯᠠᠲᠤ ᠬᠡᠷᠡᠭ ᠪᠣᠯᠣᠭᠰᠠᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠳᠥᠴᠢ ᠶᠢᠰᠦᠳᠦᠭᠡᠷ ᠵᠦᠢᠯ ᠲᠣᠰ ᠲᠦᠷᠢᠮ ᠢ 2021 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ |