ᠲᠣᠰ ᠵᠢᠯ ᠤᠨ ᠮᠡᠳᠡᠭᠦᠯᠦᠯᠲᠡ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢᠨ ᠵᠠᠭᠪᠤᠷ︾ ︵ᠲᠤᠷᠰᠢᠨ ᠬᠡᠷᠡᠭᠵᠢᠭᠦᠯᠬᠦ︶ ᠵᠢᠴᠢ 2020 ᠣᠨ ᠤ | ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ | ᠲᠣᠪᠴᠢᠶ᠎ᠠ᠂ ᠬᠤᠯᠪᠣᠭᠳᠠᠯ ᠪᠥᠬᠦᠶ ᠨᠢᠭᠡᠴᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠣᠨ ᠤ ᠮᠡᠳᠡᠭᠦᠯᠦᠯᠲᠡ ᠶᠢ ᠦᠨᠳᠦᠰᠦᠯᠡᠨ ᠨᠠᠶᠢᠷᠠᠭᠤᠯᠤᠨ ᠵᠤᠬᠢᠶᠠᠪᠠ᠃ ᠲᠣᠰ ᠣᠨ ᠤ ᠮᠡᠳᠡᠭᠦᠯᠦᠯᠲᠡ ᠨᠢ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠶᠡᠷᠦᠩᠬᠡᠶ ᠪᠠᠶᠢᠳᠠᠯ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ | ᠪᠠᠶᠢᠳᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠭᠤᠶᠤᠴᠢᠯᠠᠯ ᠢ ᠭᠥᠯᠢᠶᠡᠨ ᠠᠪᠤᠭᠰᠠᠨ ᠪᠠ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠠᠵᠢᠯ ᠤᠨ ᠳᠠᠬᠢᠨ ᠵᠥᠪᠯᠡᠭᠦᠯᠬᠦ ᠪᠠᠷ ᠭᠤᠶᠤᠴᠢᠯᠠᠭᠳᠠᠭᠰᠠᠨ᠂ ᠵᠠᠭᠠᠯᠳᠤᠯᠭ᠎ᠠ ᠭᠠᠷᠭᠠᠭᠰᠠᠨ ᠪᠠᠶᠢᠳᠠᠯ᠂ | ᠣᠷᠣᠰᠢᠵᠤ ᠪᠠᠶᠢᠭ᠎ᠠ ᠭᠤᠤᠯ ᠠᠰᠠᠭᠤᠳᠠᠯ ᠪᠠ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠬᠡᠰᠡᠭ ᠢᠶᠠᠷ | ᠪᠦᠷᠢᠯᠳᠦᠨ᠎ᠡ᠃ ᠮᠡᠳᠡᠭᠦᠯᠦᠯᠲᠡ ᠳᠤ ᠵᠢᠭᠰᠠᠭᠠᠭᠰᠠᠨ ᠲᠤᠭ᠎ᠠ ᠪᠠᠷᠢᠮᠲᠠ ᠶᠢᠨ ᠪᠦᠷᠢᠳᠬᠡᠬᠦ ᠬᠤᠭᠤᠴᠠᠭ᠎ᠠ ᠨᠢ 2020 | ᠣᠨ ᠤ 1 ᠰᠠᠷ᠎ᠠ ᠶᠢᠨ 1 ᠤ ᠡᠳᠦᠷ ᠠᠴᠠ 2020 ᠣᠨ ᠤ 12 ᠰᠠᠷ᠎ᠠ ᠶᠢᠨ 31 ᠤ ᠡᠳᠦᠷ ᠪᠤᠯᠲᠠᠯ᠎ᠠ᠃ ᠲᠣᠰ | ᠮᠡᠳᠡᠭᠦᠯᠦᠯᠲᠡ ᠶᠢᠨ ᠡᠯᠧᠺᠲᠷᠣᠨ ᠬᠡᠪᠯᠡᠯ ᠢ ︽ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︾ ᠤ | ᠰᠦᠯᠵᠢᠶ᠎ᠡ ︵http://www.ssq.gov.cn︶ ᠠᠴᠠ ᠪᠠᠶᠢᠴᠠᠭᠠᠨ ᠦᠵᠡᠵᠦ ᠪᠣᠯᠤᠨ᠎ᠠ᠃ ᠬᠡᠷᠪᠡ ᠲᠣᠰ | ᠵᠢᠯ ᠤᠨ ᠮᠡᠳᠡᠭᠦᠯᠦᠯᠲᠡ ᠳᠤ ᠮᠠᠳᠠᠭ ᠲᠠᠢ ᠪᠣᠯ᠂ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠲᠠᠢ ᠬᠠᠷᠢᠯᠴᠠᠭᠠᠷᠠᠶ ︵ᠤᠲᠠᠰᠤ᠄ 0476 — 8469099︶᠃ | 2020 ᠣᠨ ᠠᠴᠠ ᠨᠠᠰᠢ᠂ ᠬᠤᠲᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠯᠲᠡᠶ | ᠪᠠᠶᠢᠷᠢᠯᠠᠭᠤᠯᠤᠯᠲᠠ ᠶᠣᠰᠣᠭᠠᠷ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠢ ᠨᠢᠭᠡ ᠵᠦᠢᠯ ᠤᠨ ᠴᠢᠬᠤᠯᠠ ᠠᠵᠢᠯ ᠪᠣᠯᠭᠠᠨ ᠠᠳᠬᠤᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠡᠯ᠎ᠡ ᠵᠦᠢᠯ ᠤᠨ | ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠲᠤᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠶᠢ | ᠪᠠᠷᠢᠮᠲᠠᠯᠠᠵᠤ᠂ ᠡᠷᠬᠡ ᠶᠢ ᠢᠯᠡ ᠪᠠᠶᠢᠯᠭᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠪᠠᠷ ᠵᠣᠷᠢᠯᠭ᠎ᠠ | ᠪᠣᠯᠭᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠬᠤ᠂ ᠨᠢᠭᠡᠴᠡ ᠶᠢᠨ ᠠᠵᠢᠯ ᠤᠨ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ︽ᠢᠯᠡ ᠢᠨᠵᠧᠨᠧᠷᠢᠩ︾ ᠢ | ᠦᠷᠭᠦᠯᠵᠢᠯᠡᠨ ᠬᠡᠷᠡᠭᠵᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠂ ᠬᠠᠤᠯᠢ | ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ | ᠵᠢᠷᠤᠮᠵᠢᠭᠤᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠵᠦ᠂ ᠡᠯ᠎ᠡ ᠵᠦᠢᠯ ᠤᠨ | ᠠᠵᠢᠯ ᠤᠨ ᠡᠭᠦᠷᠭᠡ ᠶᠢ ᠪᠡᠶᠡᠯᠡᠭᠦᠯᠬᠦ ᠶᠢ ᠬᠦᠴᠦᠲᠡᠶ ᠠᠬᠢᠭᠤᠯᠪᠠ᠃ | ᠨᠢᠭᠡ᠂ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠦᠨᠳᠦᠰᠦᠨ ᠪᠠᠶᠢᠳᠠᠯ᠃ | 2020 ᠣᠨ ᠳᠤ᠂ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠬᠡᠪ ᠤᠨ | ᠶᠣᠰᠣᠭᠠᠷ ᠶᠠᠪᠤᠭᠳᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠥᠪᠯᠡᠯᠭᠡ ᠥᠭᠬᠦ᠂ ᠭᠤᠶᠤᠴᠢᠯᠠᠬᠤ ᠵᠢᠴᠢ | ᠬᠠᠷᠢᠭᠤᠯᠲᠠ ᠥᠭᠬᠦ ᠠᠵᠢᠯ ᠴᠥᠮ ᠤᠷᠤᠭᠰᠢᠲᠠᠶ ᠶᠠᠪᠤᠭᠳᠠᠵᠤ᠂ ᠣᠳᠣᠬᠠᠨ ᠳᠤ ᠵᠠᠰᠠᠭ ᠤᠨ ᠣᠷᠳᠣᠨ ᠤ | ᠰᠦᠯᠵᠢᠶᠡᠨ ᠳᠡᠭᠡᠷ᠎ᠡ 1400 ᠭᠠᠷᠤᠶ ᠵᠤᠷᠪᠤᠰ ᠵᠠᠰᠠᠭ ᠤᠨ ᠶᠠᠪᠤᠳᠠᠯ ᠢ ᠢᠯᠡ ᠪᠣᠯᠭᠠᠬᠤ ᠮᠡᠳᠡᠭᠡ ᠵᠠᠩᠭᠢ ᠶᠢ | ᠨᠡᠶᠢᠲᠡᠯᠡᠵᠦ᠂ 12 ᠬᠤᠪᠢ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠶᠢ ᠭᠥᠯᠢᠶᠡᠨ ᠠᠪᠴᠤ ᠰᠢᠢᠳᠪᠦᠷᠢᠯᠷᠪᠡ | ᠃ ᠮᠡᠳᠡᠭᠡ ᠵᠠᠩᠭᠢ ᠶᠢᠨ ᠬᠡᠮᠵᠢᠶ᠎ᠡ ᠶᠢ ᠳᠡᠭᠡᠭᠰᠢ ᠳᠠᠮᠵᠢᠭᠤᠯᠬᠤ ᠡᠷᠴᠢᠮ ᠢ ᠴᠢᠬᠤᠯᠠᠴᠢᠯᠠᠬᠤ ᠶᠢᠨ ᠵᠡᠷᠭᠡᠴᠡᠭᠡᠪᠡᠷ ᠮᠡᠳᠡᠭᠡ | ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠳᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠲᠦᠷᠢᠮ ᠢ | ᠲᠣᠭᠲᠠᠭᠠᠭᠰᠠᠨ ᠪᠠᠶᠢᠨ᠎ᠠ᠃ ᠡᠷᠬᠡᠪᠰᠢ ᠴᠢᠩᠭ᠎ᠠ ᠬᠢᠨᠠᠨ ᠬᠠᠷᠭᠤᠭᠤᠯᠵᠤ᠂ ᠪᠣᠭᠤᠮᠲᠠ ᠶᠢ ᠴᠢᠩᠭ᠎ᠠ ᠠᠳᠬᠤᠵᠤ᠂ | ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠵᠠᠳᠠᠷᠠᠭᠤᠯᠬᠤ ᠥᠬᠡᠶ ᠪᠠᠶᠢᠬᠤ ᠶᠢ ᠦᠨᠡᠨ ᠬᠦ | ᠪᠠᠲᠤᠯᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠲᠦᠷᠢᠮ︾ ᠢ ᠬᠢᠨᠠᠮᠠᠭᠠᠶ ᠰᠤᠷᠤᠯᠴᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠳᠡᠭᠡᠭᠰᠢᠯᠡᠭᠦᠯᠦᠨ᠂ ︽ᠲᠦᠷᠢᠮ︾ ᠢ | ᠬᠡᠷᠡᠭᠵᠢᠭᠦᠯᠬᠦ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠭᠦᠨ ᠤ ᠬᠠᠮᠲᠤ ︽ᠳᠦᠷᠢᠮ︾ ᠤᠨ ᠠᠭᠤᠯᠭ᠎ᠠ ᠶᠢᠨ | ᠱᠠᠭᠠᠷᠳᠠᠯᠭ᠎ᠠ ᠶᠢ ᠲᠤᠬᠠᠶᠢᠯᠠᠭᠰᠠᠨ ᠠᠵᠢᠯ ᠳᠠᠭᠠᠨ ᠠᠭᠤᠰᠬᠠᠨ ᠣᠷᠣᠭᠤᠯᠵᠠᠶ᠃ | ᠬᠤᠶᠠᠷ᠂ ᠭᠤᠤᠯᠳᠠᠯᠭ᠎ᠠ ᠶᠢ ᠳᠣᠪᠤᠶᠢᠯᠭᠠᠨ᠂ ᠬᠡᠯᠪᠡᠷᠢ ᠶᠢ ᠲᠣᠳᠣᠷᠬᠠᠶᠢᠯᠠᠵᠤ᠂ ᠲᠠᠰ ᠳᠠᠷᠠᠭᠠᠯᠠᠯ ᠢ | ᠵᠢᠷᠤᠮᠵᠢᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠎ᠡ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠬᠤ ᠶᠠᠪᠤᠴᠠ ᠳᠤ᠂ ᠪᠣᠳᠠᠲᠤ ᠦᠷ᠎ᠡ ᠪᠦᠲᠦᠮᠵᠢ ᠶᠢ | ᠡᠷᠬᠢᠮᠯᠡᠵᠦ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠭᠤᠤᠯᠳᠠᠯᠭ᠎ᠠ ᠶᠢ ᠳᠣᠪᠤᠶᠢᠯᠭᠠᠨ᠂ | ᠬᠡᠯᠪᠡᠷᠢ ᠶᠢᠨ ᠰᠢᠨ᠎ᠡ ᠶᠢ ᠡᠭᠦᠳᠴᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠢᠷᠢ ᠬᠡᠮᠵᠢᠶ᠎ᠡ ᠪᠠᠨ | ᠲᠠᠰᠤᠷᠠᠯᠲᠠ ᠥᠬᠡᠶ ᠳᠡᠭᠡᠭᠰᠢᠯᠡᠭᠦᠯᠪᠡ᠃ | ᠢᠯᠡ ᠪᠣᠯᠭᠠᠬᠤ ᠠᠭᠤᠯᠭ᠎ᠠ ᠶᠢᠨ ᠲᠠᠯ᠎ᠠ ᠪᠠᠷ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠦᠨᠳᠦᠰᠦᠨ | ᠠᠭᠤᠯᠭ᠎ᠠ ᠶᠢ ᠢᠯᠡ ᠪᠣᠯᠭᠠᠭᠰᠠᠨ ᠰᠠᠭᠤᠷᠢᠨ ᠳᠡᠭᠡᠷ᠎ᠡ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ | ᠨᠢᠭᠲᠠ ᠬᠤᠯᠪᠣᠭ᠎ᠠ ᠲᠠᠢ ᠵᠦᠢᠯᠡᠰ ᠵᠢᠴᠢ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠨᠡᠶᠢᠭᠡᠮ ᠤᠨ | ᠬᠠᠮᠤᠭ ᠠᠴᠠ ᠰᠡᠷᠭᠡᠭ᠂ ᠲᠤᠰᠬᠠᠯ ᠶᠡᠬᠡᠲᠡᠶ ᠬᠠᠯᠠᠮᠰᠢᠯ ᠠᠰᠠᠭᠤᠳᠠᠯ ᠢ ᠭᠤᠤᠯᠳᠠᠯᠭ᠎ᠠ ᠲᠠᠢ ᠢᠯᠡ ᠪᠣᠯᠭᠠᠨ᠎ᠠ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠡᠯᠪᠡᠷᠢ ᠶᠢᠨ ᠲᠡᠳᠦᠶ ᠪᠠᠶᠢᠯᠭᠠᠬᠤ ᠥᠬᠡᠶ᠂ ᠬᠠᠰᠢ ᠶᠠᠰᠢ ᠪᠠᠷ | ᠥᠩᠭᠡᠷᠡᠭᠦᠯᠬᠦ ᠥᠬᠡᠶ ᠶᠢᠨ ᠲᠤᠰᠠᠳᠠ᠂ ᠮᠠᠨ ᠤ ᠲᠤᠭᠤᠷᠢᠭ ᠵᠠᠰᠠᠭ ᠤᠨ ᠶᠠᠪᠤᠳᠠᠯ ᠢ ᠢᠯᠡ ᠪᠣᠯᠭᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠪᠣᠳᠣᠯᠬᠢᠯᠠᠵᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠨᠢᠭᠡ ᠵᠦᠢᠯ ᠤᠨ ᠤᠬᠠᠮᠰᠠᠷᠲᠤ ᠦᠵᠡᠯ ᠤᠬᠠᠮᠰᠠᠷ ᠪᠠ ᠦᠢᠯᠡ ᠠᠵᠢᠯᠯᠠᠭ᠎ᠠ ᠪᠣᠯᠭᠠᠪᠠ᠃ ᠡᠩ ᠤᠨ | ᠵᠦᠢᠯᠡᠰ ᠢ ᠢᠯᠡ ᠪᠣᠯᠭᠠᠬᠤ ᠠᠴᠠ ᠪᠠᠨ ᠭᠤᠤᠯᠳᠠᠯᠭ᠎ᠠ ᠲᠠᠢ ᠵᠦᠢᠯᠡᠰ ᠢ ᠢᠯᠡ ᠪᠣᠯᠭᠠᠬᠤ᠂ ᠦᠷ᠎ᠡ ᠳ᠋ᠦᠩ ᠢ ᠢᠯᠡ | ᠪᠣᠯᠭᠠᠬᠤ ᠠᠴᠠ ᠪᠠᠨ ᠪᠥᠬᠦ ᠶᠠᠪᠤᠴᠠ ᠶᠢ ᠢᠯᠡ ᠪᠣᠯᠭᠠᠬᠤ᠂ ᠥᠪᠡᠰᠦᠪᠡᠨ ᠲᠣᠭᠲᠠᠭᠠᠭᠰᠠᠨ ᠢᠯᠡ ᠪᠣᠯᠭᠠᠬᠤ | ᠠᠭᠤᠯᠭ᠎ᠠ ᠠᠴᠠ ᠪᠠᠨ ᠣᠯᠠᠨ ᠲᠦᠮᠡᠨ ᠤ ᠰᠡᠳᠦᠪ ᠴᠢᠭ ᠢ ᠢᠯᠡ ᠪᠣᠯᠭᠠᠬᠤ ︽ᠭᠤᠷᠪᠠ ᠶᠢ ᠬᠤᠪᠢᠷᠠᠭᠤᠯᠬᠤ︾ ᠶᠢ | ᠢᠳᠡᠪᠬᠢᠲᠡᠶ ᠪᠠᠷ ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠶᠠᠰᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠭᠤᠣᠯᠳᠠᠭᠤ ︽ᠭᠤᠷᠪᠠ ᠶᠢ ᠨᠡᠩ ᠢᠯᠡᠭᠦᠦ ᠪᠣᠯᠭᠠᠬᠤ︾ ᠶᠢ ᠪᠡᠶᠡᠯᠡᠭᠦᠯᠪᠡ᠄ ᠨᠢᠭᠡ ᠳᠤ ᠢᠯᠡ | ᠪᠣᠯᠭᠠᠬᠤ ᠠᠭᠤᠯᠭ᠎ᠠ ᠶᠢ ᠨᠡᠩ ᠪᠦᠷᠢᠨ ᠲᠡᠭᠦᠯᠳᠡᠷ ᠪᠣᠯᠭᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠬᠦᠷᠢᠶ᠎ᠡ | ᠬᠡᠪᠴᠢᠶ᠎ᠡ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠭᠤᠯᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠬᠡᠯᠪᠡᠷᠢ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠲᠦᠷᠢᠮ ᠵᠡᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠬᠤᠶᠠᠷ ᠲᠤ | ᠴᠠᠭ ᠲᠤᠬᠠᠶ ᠳᠤᠨᠢ ᠢᠯᠡ ᠪᠤᠯᠭᠠᠵᠤ ᠨᠡᠶᠢᠲᠡᠯᠡᠬᠦ ᠬᠡᠷᠡᠭᠲᠡᠶ᠃ ᠢᠯᠡ ᠪᠣᠯᠭᠠᠬᠤ ᠲᠥᠷᠥᠯ ᠵᠦᠢᠯ ᠤᠨ ᠠᠳᠠᠯᠢ ᠪᠤᠰᠤ | ᠪᠠᠶᠢᠳᠠᠯ ᠳᠤ ᠴᠢᠭᠯᠡᠭᠦᠯᠦᠨ᠂ ᠢᠯᠡ ᠪᠣᠯᠭᠠᠬᠤ ᠴᠠᠭ ᠢ ᠲᠣᠭᠲᠠᠭᠠᠵᠤ᠂ ᠪᠠᠶᠢᠩᠭᠤ ᠶᠢᠨ ᠴᠢᠨᠠᠷᠲᠠᠶ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠢᠯᠡ ᠪᠣᠯᠭᠠᠬᠤ᠂ ᠲᠦᠷ ᠴᠠᠭ ᠤᠨ ᠴᠢᠨᠠᠷᠲᠠᠶ ᠠᠵᠢᠯ ᠢ ᠴᠠᠭ ᠲᠤᠬᠠᠶ ᠳᠤᠨᠢ ᠢᠯᠡ ᠪᠣᠯᠭᠠᠬᠤ | ᠂ ᠲᠣᠭᠲᠠᠮᠠᠯ ᠴᠢᠨᠠᠷᠲᠠᠶ ᠠᠵᠢᠯ ᠢ ᠣᠷᠳᠣ ᠬᠤᠭᠤᠴᠠᠭ᠎ᠠ ᠪᠠᠷ ᠢᠯᠡ ᠪᠣᠯᠭᠠᠬᠤ ᠶᠢ ᠪᠡᠶᠡᠯᠡᠭᠦᠯᠬᠦ ᠬᠡᠷᠡᠭᠲᠡᠶ᠃ | ᠭᠤᠷᠪᠠ ᠳᠤ ᠢᠯᠡ ᠪᠣᠯᠭᠠᠬᠤ ᠭᠤᠤᠯᠳᠠᠯᠭ᠎ᠠ ᠶᠢ ᠨᠠᠩ ᠲᠣᠪᠤᠶᠢᠮ᠎ᠠ ᠪᠣᠯᠭᠠᠪᠠ᠃ ᠣᠯᠠᠨ ᠲᠦᠮᠡᠨ ᠤ ᠬᠠᠮᠤᠭ ᠠᠴᠠ | ᠠᠩᠬᠠᠷᠴᠤ ᠪᠠᠶᠢᠭ᠎ᠠ᠂ ᠬᠠᠮᠤᠭ ᠠᠴᠠ ᠣᠶᠢᠯᠠᠭᠠᠬᠤ ᠴᠢᠬᠤᠯᠠᠲᠠᠶ ︽ᠡᠷᠬᠡ᠂ ᠵᠣᠭᠤᠰ᠂ ᠬᠥᠮᠦᠨ᠂ ᠶᠠᠪᠤᠳᠠᠯ︾ ᠵᠡᠷᠭᠡ | ᠵᠦᠢᠯᠡᠰ ᠢ ᠢᠯᠡ ᠪᠣᠯᠭᠠᠬᠤ ᠶᠢ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠭᠤᠤᠯᠳᠠᠯᠭ᠎ᠠ ᠪᠣᠯᠭᠠᠵᠤ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢ | ᠲᠤᠤᠱᠯᠠᠭᠤᠯᠤᠨ ᠬᠡᠷᠡᠭᠵᠢᠭᠦᠯᠬᠦ ᠪᠠ ᠲᠣᠰ ᠪᠡᠶ᠎ᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ | ᠳᠡᠭᠡᠭᠰᠢᠯᠡᠭᠦᠯᠬᠦ ᠯᠦᠭᠡ ᠬᠠᠷᠢᠯᠴᠠᠨ ᠤᠶᠠᠯᠳᠤᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ᠂ ᠵᠠᠰᠠᠭ ᠤᠨ ᠶᠠᠪᠤᠳᠠᠯ ᠢ | ᠺᠣᠮᠫᠢᠦ᠋ᠲ᠋ᠧᠷ ᠢᠶᠠᠷ ᠭᠦᠢᠴᠡᠳᠬᠡᠬᠦ ᠪᠠ ᠠᠷᠠᠳ ᠲᠤ ᠲᠥᠬᠦᠮ ᠦᠵᠡᠭᠦᠯᠬᠦ ᠦᠶ᠋ᠯᠡᠴᠢᠯᠡᠭᠡ ᠵᠡᠷᠭᠡ ᠭᠤᠷᠪᠠᠨ | ᠲᠠᠯ᠎ᠠ ᠠᠴᠠ ᠭᠠᠷᠳᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ | ᠃ | ᠭᠤᠷᠪᠠ᠂ ᠰᠠᠨᠠᠭᠠᠴᠢᠯᠠᠭ᠎ᠠ ᠠᠴᠠ ᠪᠠᠨ ᠵᠠᠰᠠᠭ ᠤᠨ ᠣᠷᠳᠣᠨ ᠤ ᠮᠡᠳᠡᠭᠡ ᠵᠠᠩᠬᠢ ᠤᠨ ᠢᠯᠡ ᠪᠤᠯᠭᠠᠭᠰᠠᠨ | ᠪᠠᠶᠢᠳᠠᠯ | ︵ᠲᠤᠰ ᠰᠦᠯᠵᠢᠶ᠎ᠡ ᠠᠴᠠ ᠨᠠᠷᠢᠨ ᠪᠠᠶᠢᠳᠠᠯ ᠢ ᠦᠷᠡᠭᠡᠷᠡᠢ http://www.ssq.gov. | cn/zwgk/jbxxgk/zfxxgknb/202102/t20210225_544721.html ︶ | ᠳᠥᠷᠪᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠣᠯᠤᠭᠰᠠᠨ ᠪᠠ | ᠰᠢᠢᠳᠪᠦᠷᠢᠯᠡᠭᠰᠡᠨ ᠪᠠᠶᠢᠳᠠᠯ | ︵ᠲᠤᠰ ᠰᠦᠯᠵᠢᠶ᠎ᠡ ᠠᠴᠠ ᠨᠠᠷᠢᠨ ᠪᠠᠶᠢᠳᠠᠯ ᠢ ᠦᠷᠡᠭᠡᠷᠡᠢ http://www.ssq.gov. | cn/zwgk/jbxxgk/zfxxgknb/202102/t20210225_544721.html ︶ | ᠲᠠᠪᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠵᠠᠰᠠᠭ ᠵᠠᠬᠢᠷᠭᠠᠨ ᠤ ᠳᠠᠬᠢᠨ | ᠵᠥᠪᠯᠡᠭᠰᠡᠨ᠂ ᠵᠠᠰᠠᠭ ᠵᠠᠬᠢᠷᠭᠠᠨ ᠤᠵᠠᠭᠠᠯᠳᠤᠯᠭᠠ ᠭᠠᠷᠭᠠᠭᠰᠠᠨ ᠪᠠᠶᠢᠳᠠᠯ | ︵ᠲᠤᠰ ᠰᠦᠯᠵᠢᠶ᠎ᠡ ᠠᠴᠠ ᠨᠠᠷᠢᠨ ᠪᠠᠶᠢᠳᠠᠯ ᠢ ᠦᠷᠡᠭᠡᠷᠡᠢ http://www.ssq.gov. | cn/zwgk/jbxxgk/zfxxgknb/202102/t20210225_544721.html ︶ | ᠵᠢᠷᠭᠤᠭ᠎ᠠ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ | ᠣᠳᠣᠬᠠᠨ ᠳᠤ ᠣᠷᠣᠰᠢᠵᠤ ᠪᠠᠶᠢᠭ᠎ᠠ ᠭᠤᠤᠯ ᠠᠰᠠᠭᠤᠳᠠᠯ ᠭᠡᠪᠡᠯ᠄ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠠᠭᠤᠯᠭ᠎ᠠ ᠨᠢ ᠪᠦᠷᠢᠨ ᠪᠤᠰᠤ᠂ ᠢᠯᠡ ᠪᠣᠯᠭᠠᠬᠤ ᠬᠡᠯᠪᠡᠷᠢ ᠪᠠ ᠠᠴᠢᠶᠠᠯᠠᠪᠤᠷᠢ ᠨᠢ | ᠨᠡᠯᠢᠶᠡᠳ ᠲᠠᠩ ᠴᠤᠯᠭᠤᠶ᠂ ᠬᠤᠴᠣᠷᠤᠩᠭᠤᠶ᠂ ᠡᠯᠧᠺᠲᠷᠣᠨ ᠵᠠᠰᠠᠭ ᠤᠨ ᠶᠠᠪᠤᠳᠠᠯ ᠪᠠᠰᠠ ᠲᠡᠭᠦᠯᠳᠡᠷᠵᠢᠭᠡᠳᠦᠶ | ᠪᠠᠶᠢᠭᠰᠠᠭᠠᠷ᠂ ᠠᠵᠢᠯᠲᠠᠨ ᠤ ᠬᠤᠪᠢ ᠪᠠᠷ ᠲᠤᠬᠠᠶᠢᠯᠠᠭᠰᠠᠨ ᠠᠵᠢᠯ ᠤᠨ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠶ | ᠪᠠᠶᠢᠨ᠎ᠠ︔ ᠰᠦᠯᠵᠢᠶᠡᠨ ᠳᠡᠭᠡᠷ᠎ᠡ ᠢᠯᠡ ᠪᠣᠯᠭᠠᠬᠤ ᠳᠤ ᠪᠠᠰᠠ ᠡᠳᠦᠶ ᠲᠡᠳᠦᠶ ᠪᠠᠭᠤᠷᠠᠶ ᠭᠤᠭᠴᠤᠭ᠎ᠠ ᠣᠷᠣᠰᠢᠵᠤ | ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠭᠦᠨ ᠤ ᠲᠤᠯᠠᠳᠠ ᠳᠣᠣᠷᠠᠬᠢ ᠠᠷᠭ᠎ᠠ ᠬᠡᠮᠵᠢᠶ᠎ᠡ ᠨᠦᠭᠦᠳ ᠢ | ᠠᠪᠴᠤ ᠪᠠᠶᠢᠭᠠᠳ ᠬᠠᠯᠠᠨ ᠰᠠᠶᠢᠵᠢᠷᠠᠭᠤᠯᠬᠤ ᠪᠣᠯᠤᠨ᠎ᠠ᠃ | ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠯᠪᠠᠰᠤᠷᠠᠭᠤᠯᠵᠤ | ᠰᠤᠷᠤᠯᠴᠠᠬᠤ ᠡᠷᠴᠢᠮ ᠢᠶᠠᠨ ᠴᠢᠩᠭᠠᠷᠠᠭᠤᠯᠤᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾᠂ ︽ᠤᠯᠠᠭᠠᠨᠬᠠᠳᠠ ᠬᠤᠲᠠ ᠶᠢᠨ | ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ︾ | ᠤᠨ ᠰᠤᠷᠤᠯᠴᠠᠯᠭ᠎ᠠ ᠶᠢ ᠴᠢᠩᠭᠠᠳᠬᠠᠵᠤ᠂ ᠥᠷᠭᠡᠨ ᠣᠯᠠᠨ ᠺᠠᠳ᠋ᠷᠴᠤᠳ ᠤᠨ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠴᠠᠭ | ᠲᠤᠬᠠᠶ ᠳᠤᠨᠢ᠂ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠤᠶᠠᠷ ᠲᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠢᠯᠡ ᠪᠣᠯᠭᠠᠬᠤ ᠲᠠᠰ ᠳᠠᠷᠠᠭᠠᠯᠠᠯ ᠢ | ᠵᠢᠷᠤᠮᠵᠢᠭᠤᠯᠤᠨ᠎ᠠ᠃ ᠮᠡᠳᠡᠭᠡ ᠵᠠᠩᠭᠢ ᠶᠢ ᠢᠯᠡ ᠪᠣᠯᠭᠠᠬᠤ ᠶᠢᠨ ᠠᠭᠤᠯᠭ᠎ᠠ ᠬᠡᠯᠪᠡᠷᠢ᠂ ᠠᠵᠢᠯ ᠤᠨ ᠪᠠᠷᠢᠮᠵᠢᠶ᠎ᠠ᠂ | ᠴᠠᠭ ᠤᠨ ᠬᠢᠵᠠᠭᠠᠷ ᠤᠨ ᠱᠠᠭᠠᠷᠳᠠᠯᠭ᠎ᠠ ᠵᠡᠷᠭᠡ ᠶᠢᠨ ᠲᠣᠭᠤᠷᠢᠨ ᠳᠤ ᠠᠵᠢᠯ ᠤᠨ ᠲᠦᠷᠢᠮ ᠢ ᠪᠠᠶᠢᠭᠤᠯᠤᠨ | ᠪᠦᠷᠢᠨᠰᠢᠬᠦᠯᠦᠨ᠎ᠠ᠃ ︽ᠨᠢᠭᠡᠳᠦᠯᠲᠡᠶ᠂ ᠵᠢᠷᠤᠮᠵᠢᠯ ᠲᠠᠢ᠂ ᠡᠮᠬᠢ ᠵᠢᠷᠤᠮ ᠲᠠᠢ︾ ᠪᠠᠶᠢᠬᠤ ᠱᠠᠭᠠᠷᠳᠠᠯᠭ᠎ᠠ ᠶᠣᠰᠣᠭᠠᠷ᠂ | ᠢᠯᠡ ᠪᠣᠯᠭᠠᠬᠤ ᠮᠠᠲ᠋ᠧᠷᠢᠶᠠᠯ ᠢ ᠲᠠᠭᠯᠠᠨ ᠪᠢᠴᠢᠬᠦ᠂ ᠴᠤᠭᠯᠠᠭᠤᠯᠬᠤ᠂ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ᠂ | ᠢᠯᠡ ᠪᠣᠯᠭᠠᠬᠤ ᠵᠡᠷᠭᠡ ᠴᠢᠩᠭ᠎ᠠ ᠨᠢᠮᠪᠠᠶ ᠠᠵᠢᠯ ᠤᠨ ᠴᠤᠪᠤᠷᠠᠯ ᠢ ᠪᠠᠶᠢᠭᠤᠯᠵᠤ᠂ ᠡᠯ᠎ᠡ ᠵᠦᠢᠯ ᠤᠨ ᠢᠯᠡ ᠪᠣᠯᠭᠠᠬᠤ | ᠵᠦᠢᠯᠡᠰ ᠤᠨ ᠮᠠᠲ᠋ᠧᠷᠢᠶᠠᠯ ᠢ ᠴᠤᠭᠯᠠᠭᠤᠯᠤᠨ ᠬᠤᠷᠢᠶᠠᠩᠭᠤᠶᠢᠯᠠᠬᠤ᠂ ᠳᠡᠭᠡᠭᠰᠢ ᠮᠡᠳᠡᠭᠦᠯᠵᠦ ᠬᠢᠨᠠᠨ ᠵᠥᠪᠰᠢᠶᠡᠷᠡᠭᠦᠯᠬᠦ᠂ | ᠪᠢᠴᠢᠵᠦ ᠣᠷᠣᠭᠤᠯᠬᠤ ᠢᠯᠡ ᠪᠣᠯᠭᠠᠬᠤ ᠠᠵᠢᠯ ᠢ ᠴᠠᠭ ᠲᠤᠬᠠᠶ ᠳᠤᠨᠢ᠂ ᠣᠨᠣᠪᠴᠢᠲᠠᠶ᠂ ᠦᠨᠡᠨ ᠪᠣᠳᠠᠲᠠᠶ | ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠢᠯᠡ ᠪᠣᠯᠭᠠᠭᠰᠠᠨ ᠮᠠᠲ᠋ᠧᠷᠢᠶᠠᠯ ᠲᠤᠭ᠎ᠠ ᠪᠠᠷᠢᠮᠲᠠ ᠳᠤ ᠴᠠᠭ | ᠲᠤᠬᠠᠶ ᠳᠤᠨᠢ ᠪᠡᠯᠡᠳᠬᠡᠯ ᠬᠢᠵᠦ᠂ ᠡᠮᠬᠢᠯᠡᠵᠦ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃ | ᠭᠤᠷᠪᠠ ᠳᠤ ᠬᠠᠮᠢᠶᠠᠷᠤᠯᠲᠠ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠠᠵᠢᠯ ᠪᠠ ᠲᠤᠬᠠᠶᠢᠯᠠᠭᠰᠠᠨ ᠠᠵᠢᠯ ᠢ ᠨᠢᠭᠲᠠ ᠤᠶᠠᠯᠳᠤᠭᠤᠯᠤᠨ᠎ᠠ᠃ ᠮᠡᠳᠡᠭᠡ ᠵᠠᠩᠭᠢ ᠶᠢ ᠢᠯᠡ ᠪᠣᠯᠭᠠᠬᠤ | ᠠᠭᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠤᠯᠳᠠᠯᠭ᠎ᠠ ᠶᠢ ᠳᠣᠪᠤᠶᠢᠯᠭᠠᠨ᠂ ᠬᠦᠴᠢᠷ | ᠠᠰᠠᠭᠤᠳᠠᠯ ᠢ ᠰᠢᠢᠳᠪᠦᠷᠢᠯᠡᠨ᠎ᠡ᠃ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠠᠷᠠᠳ | ᠣᠯᠠᠨ ᠤ ᠠᠩᠬᠠᠷᠴᠤ ᠪᠠᠶᠢᠭ᠎ᠠ ᠬᠡᠮᠵᠢᠶ᠎ᠡ ᠪᠠᠷ ᠥᠨᠳᠥᠷ ᠮᠡᠳᠡᠭᠡ ᠵᠠᠩᠭᠢ ᠶᠢ ᠰᠣᠩᠭᠤᠨ ᠰᠢᠪᠲᠤᠯᠤᠯᠲᠠ ᠶᠢᠨ ᠴᠡᠭ | ᠪᠣᠯᠭᠠᠵᠤ᠂ ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠮᠡᠳᠡᠭᠡ | ᠵᠠᠩᠭᠢ ᠶᠢᠨ ᠠᠭᠤᠯᠭ᠎ᠠ ᠶᠢᠨ ᠰᠢᠨᠡᠴᠢᠯᠡᠯᠲᠡ ᠶᠢ ᠦᠷᠭᠦᠯᠵᠢᠯᠡᠨ ᠴᠢᠩᠭᠠᠷᠠᠭᠤᠯᠤᠨ᠎ᠠ᠃ | |