ᠲᠣᠮᠢᠯᠠᠬᠤ ᠪᠠᠷ ᠪᠠᠶᠢᠭ᠎ᠠ ᠺᠠᠳ᠋ᠷ ᠢ ᠢᠯᠡ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/12/9
     ᠬᠤᠲᠠ ᠶᠢᠨ ᠨᠠᠮ ᠤᠨ ᠬᠤᠷᠢᠶ᠎ᠠ ᠠᠴᠠ ᠳᠣᠣᠷᠠᠬᠢ 12 ᠺᠠᠳ᠋ᠷ ᠢ ᠢᠯᠡ ᠨᠡᠶᠢᠲᠡᠯᠡᠬᠦ ᠪᠠᠷ ᠰᠤᠳᠤᠯᠤᠨ ᠲᠣᠭᠲᠠᠪᠠ᠃      ᠨᠢᠭᠡ᠂ ᠢᠯᠡ ᠨᠡᠶᠢᠲᠡᠯᠡᠬᠦ ᠨᠡᠷᠡᠰ      ᠸᠠᠩ ᠵᠢᠩ ᠰᠢᠨ᠂ 1965 ᠣᠨ ᠤ 1 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠳᠡᠭᠡᠳᠦ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠬᠡᠰᠢᠭᠲᠡᠨ ᠬᠤᠰᠢᠭᠤᠨ ᠤ ᠨᠠᠮ ᠤᠨ ᠬᠤᠷᠢᠶᠠᠨ ᠤ ᠤᠤᠯ ᠤᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠣᠳᠣ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠵᠢᠩᠬᠢᠨᠢ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠣᠶ᠃      ᠳ᠋ᠦᠩ ᠶᠢᠨ ᠭᠧ᠂ 1971 ᠣᠨ ᠤ 5 ᠰᠠᠷ᠎ᠠ ᠳᠤ ᠳᠦᠷᠦᠵᠡᠶ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠤᠤᠯ ᠤᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ᠂ ᠣᠳᠣ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠵᠢᠩᠬᠢᠨᠢ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠣᠶ᠃      ᠯᠢᠦᠶ ᠶᠠᠨ ᠬᠠᠨ᠂ ᠡᠮᠡᠭᠲᠡᠶ᠂ 1974 ᠣᠨ ᠤ 9 ᠰᠠᠷ᠎ᠠ ᠳᠤ ᠳᠦᠷᠦᠵᠡᠶ᠂ ᠮᠣᠩᠭᠤᠯ ᠦᠨᠳᠦᠰᠦᠲᠡᠨ᠂ ᠲᠥᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠤᠤᠯ ᠤᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠵᠢᠩᠬᠢᠨᠢ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠣᠶ᠃      ᠸᠠᠩ ᠯᠢ᠂ 1971 ᠣᠨ ᠤ 11 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠤᠯ ᠤᠨ ᠳᠡᠳ᠋ ᠱᠦᠵᠢ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠵᠢᠩᠬᠢᠨᠢ ᠭᠠᠵᠠᠷ ᠤᠨ ᠲᠡᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠤᠢ᠃      ᠵᠧᠦ ᠬᠦᠢ ᠴᠢᠩ᠂ ᠡᠮᠡᠭᠲᠡᠢ᠂ 1966 ᠣᠨ ᠤ 1 ᠰᠠᠷ᠎ᠠ ᠳᠤ ᠲᠦᠷᠦᠵᠠᠢ᠂ ᠮᠣᠩᠭᠤᠯ ᠦᠨᠳᠦᠰᠦᠲᠡᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠪᠠᠭᠠᠷᠢᠨ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠤᠤᠯ ᠤᠨ ᠳᠡᠳ᠋ ᠬᠤᠰᠢᠭᠤᠨ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠣᠳᠣ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠵᠢᠩᠬᠢᠨᠢ ᠭᠠᠵᠠᠷ ᠤᠨ ᠲᠡᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠤᠢ᠃      ᠵᠢᠶᠠᠩ ᠭᠦᠸᠧ ᠬᠤᠸᠠ᠂ 1966 ᠣᠨ ᠤ 5 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠯᠠᠭᠠᠨᠬᠠᠳᠠ ᠬᠤᠳᠠ ᠶᠢᠨ ᠬᠤᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠤᠯ ᠤᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠣᠳᠣ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠵᠢᠩᠬᠢᠨᠢ ᠭᠠᠵᠠᠷ ᠤᠨ ᠲᠡᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠤᠢ᠃      ᠸᠠᠩ ᠶᠠᠨ ᠵᠢᠶᠧ᠂ 1966 ᠣᠨ ᠤ 4 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠯᠠᠭᠠᠨᠬᠠᠳᠠ ᠬᠤᠳᠠ ᠶᠢᠨ ᠬᠤᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠤᠯ ᠤᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠣᠳᠣ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠵᠢᠩᠬᠢᠨᠢ ᠭᠠᠵᠠᠷ ᠤᠨ ᠲᠡᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠤᠢ᠃      ᠸᠠᠩ ᠵᠦ᠂ 1972 ᠣᠨ ᠤ 4 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠬᠡᠰᠢᠭᠲᠡᠨ ᠬᠤᠰᠢᠭᠤᠨ ᠤ ᠵᠠᠰᠠᠭ ᠤᠨ ᠣᠷᠳᠣᠨ ᠤ ᠤᠤᠯ ᠤᠨ ᠳᠡᠳ᠋ ᠬᠤᠰᠢᠭᠤᠨ ᠳᠠᠷᠤᠭ᠎ᠠ᠂ ᠣᠳᠣ ᠬᠤᠲᠠ ᠶᠢᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠵᠢᠩᠬᠢᠨᠢ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠣᠶ᠃      ᠴᠧᠨ ᠶᠦᠩ ᠭᠠᠩ᠂ 1977 ᠣᠨ ᠤ 8 ᠰᠠᠷ᠎ᠠ ᠳᠤ ᠲᠦᠷᠦᠵᠠᠢ᠂ ᠮᠣᠩᠭᠤᠯ ᠦᠨᠳᠦᠰᠦᠲᠡᠨ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ ᠶᠢᠨ ᠲᠤᠰᠢᠶᠠᠯ ᠲᠠᠢ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠳᠡᠳ᠋ ᠭᠠᠵᠠᠷ ᠤᠨ ᠲᠡᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠤᠢ᠃      ᠸᠠᠩ ᠸᠧᠨ ᠯᠦᠩ᠂ 1981 ᠣᠨ ᠤ 8 ᠰᠠᠷ᠎ᠠ ᠳᠤ ᠳᠦᠷᠦᠵᠡᠶ᠂ ᠮᠣᠩᠭᠤᠯ ᠦᠨᠳᠦᠰᠦᠲᠡᠨ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠬᠠᠷᠠᠴᠢᠨ ᠬᠤᠰᠢᠭᠤᠨ ᠤ ᠰᠢᠴᠢᠶᠤᠤ ᠪᠠᠯᠭᠠᠰᠤᠨ ᠤ ᠤᠤᠯ ᠤᠨ ᠨᠠᠮ ᠤᠨ ᠬᠤᠷᠢᠶᠠᠨ ᠤ ᠱᠦᠵᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠳᠡᠳ᠋ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠣᠶ᠃      ᠯᠢᠦ ᠶᠠᠨ ᠴᠦᠨ᠂ 1977 ᠣᠨ ᠤ 11 ᠰᠠᠷ᠎ᠠ ᠳᠤ ᠳᠦᠷᠦᠵᠡᠶ᠂ ᠮᠣᠩᠭᠤᠯ ᠦᠨᠳᠦᠰᠦᠲᠡᠨ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠳᠡᠭᠡᠳᠦ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠠᠭᠠᠷᠢᠨ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠳᠡᠳ᠋ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠣᠶ᠃      ᠮᠠᠩᠯᠠᠢ᠂ 1984 ᠣᠨ ᠤ 3 ᠰᠠᠷ᠎ᠠ ᠳᠤ ᠲᠦᠷᠦᠵᠠᠢ᠂ ᠮᠣᠩᠭᠤᠯ ᠦᠨᠳᠦᠰᠦᠲᠡᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠡᠪ ᠬᠠᠮᠲᠤ ᠵᠠᠯᠠᠭᠤᠴᠤᠳ ᠤᠨ ᠡᠪᠯᠡᠯ ᠤᠨ ᠯᠢᠨᠰᠢ ᠰᠢᠶᠠᠨ ᠤ ᠬᠤᠷᠢᠶ᠎ᠠ ᠶᠢᠨ ᠱᠦᠵᠢ ᠶᠢᠨ ᠲᠤᠰᠢᠶᠠᠯ ᠲᠠᠢ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠳᠡᠳ᠋ ᠭᠠᠵᠠᠷ ᠤᠨ ᠲᠡᠰ ᠤᠨ ᠤᠳᠤᠷᠢᠳᠬᠤ ᠲᠤᠰᠢᠶᠠᠯ ᠳᠤ ᠲᠣᠮᠢᠯᠠᠬᠤ ᠪᠠᠷ ᠪᠤᠢ᠃      ᠬᠤᠶᠠᠷ᠂ ᠵᠠᠷᠯᠠᠨ ᠨᠡᠶᠢᠲᠡᠯᠡᠬᠦ ᠴᠠᠭ ᠄ 2021 ᠣᠨ ᠤ 7 ᠰᠠᠷ᠎ᠠ ᠶᠢᠨ 15 ᠤ ᠡᠳᠦᠷ ᠠᠴᠠ 2021 ᠣᠨ ᠤ 7 ᠰᠠᠷ᠎ᠠ ᠶᠢᠨ 21 ᠤ ᠡᠳᠦᠷ ᠪᠣᠯᠲᠠᠯ᠎ᠠ ᠪᠣᠯᠤᠨ᠎ᠠ᠃      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ      ᠨᠢᠭᠡᠴᠡ ᠪᠣᠯᠤᠨ ᠬᠤᠪᠢ ᠬᠥᠮᠦᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠺᠠᠲᠠᠷ ᠤᠨ ᠬᠤᠯᠪᠣᠭᠳᠠᠯ ᠪᠦᠬᠦᠢ ᠪᠠᠶᠢᠳᠠᠯ ᠪᠣᠯᠤᠨ ᠠᠰᠠᠭᠤᠳᠠᠯ ᠢ ᠲᠤᠰᠬᠠᠵᠤ ᠪᠣᠯᠤᠨ᠎ᠠ᠃      ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠡ ᠵᠡᠷᠭᠡ ᠮᠡᠳᠡᠭᠡ ᠵᠠᠩᠭᠢ ᠶᠢ ᠬᠠᠩᠭᠠᠭᠠᠷᠠᠶ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠳᠤᠰᠬᠠᠬᠤ ᠪᠣᠯᠤᠨ᠎ᠠ᠃      ᠵᠠᠷᠯᠠᠨ ᠨᠡᠶᠢᠲᠡᠯᠡᠬᠦ ᠠᠯᠪᠠᠨ ᠬᠡᠷ ᠢ ᠤᠯᠠᠭᠠᠨᠬᠠᠳᠠ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A ᠠᠰᠠᠷ ᠤᠨ 715 ᠳ᠋ᠤᠭᠠᠷ ᠥᠷᠥᠭᠡᠨ ᠳᠤ ᠲᠣᠬᠢᠷᠠᠭᠤᠯᠪᠠ᠃      ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30 — 12᠄ 00 ᠦᠳᠡ ᠶᠢᠨ ᠬᠤᠶᠢᠨ᠎ᠠ 2᠄ 30 — 5᠄ 30      ᠬᠦᠯᠢᠶᠡᠨ ᠠᠪᠬᠤ ᠤᠲᠠᠰᠤ᠄ ︵0476︶ 12380      ᠣᠨᠴᠠᠭᠠᠶᠢᠯᠠᠨ ᠵᠠᠷᠯᠠᠪᠠ            ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ                  2021 ᠣᠨ ᠤ 7 ᠰᠠᠷ᠎ᠠ ᠶᠢᠨ 14 ᠤ ᠡᠳᠦᠷ
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号