ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠮᠤᠷ ᠲᠦᠪᠰᠢᠨ ᠤ ᠬᠠᠮᠠᠭᠠᠯᠠᠯᠲᠠ ᠶᠢᠨ ᠳᠦᠷᠢᠮ
ᠨᠡᠶᠢᠲᠡᠯᠡᠭᠰᠡᠨ ᠴᠠᠭ᠄
2021/2/1
    ᠨᠢᠭᠡᠳᠦᠭᠡᠷ ᠵᠦᠢᠯ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠬᠡᠪ ᠤᠨ ᠶᠣᠰᠣᠭᠠᠷ ᠠᠵᠢᠯᠯᠠᠬᠤ ᠶᠢ ᠦᠨᠡᠨᠬᠦ ᠪᠠᠲᠤᠯᠠᠵᠤ᠂ ᠰᠦᠯᠵᠢᠶᠡᠨ ᠤ ᠬᠡᠷᠡᠭᠯᠡᠭᠴᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ᠂ ᠣᠨᠴᠣᠭᠤᠶᠢᠯᠠᠨ ᠲᠤᠰ ᠳᠦᠷᠢᠮ ᠢ ᠲᠣᠭᠲᠠᠭᠠᠪᠠ᠃     ᠬᠤᠶᠠᠳᠤᠭᠠᠷ ᠵᠦᠢᠯ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ ᠬᠡᠷᠡᠭᠯᠡᠭᠴᠢᠳ ᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠨᠢᠭᠡᠳᠦᠯᠲᠡᠶ ᠬᠠᠮᠢᠶᠠᠷᠤᠨ᠎ᠠ᠃     ᠭᠤᠷᠪᠠᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠯ᠎ᠡ ᠨᠢᠭᠡᠴᠡ ᠳᠤ ᠬᠤᠪᠢᠶᠠᠷᠢᠯᠠᠭᠰᠠᠨ ᠰᠦᠯᠵᠢᠶᠡᠨ ᠤ ᠲᠠᠪᠴᠠᠩ ᠳᠤ ᠨᠡᠪᠳᠡᠷᠡᠬᠦ ᠨᠢᠭᠤᠴᠠ ᠨᠣᠮᠧᠷ ᠢ ᠡᠷᠬᠡᠪᠰᠢ ᠲᠤᠰᠬᠠᠶ ᠬᠥᠮᠦᠨ ᠬᠠᠮᠢᠶᠠᠷᠴᠤ ᠬᠡᠷᠡᠭᠯᠡᠬᠦ ᠬᠡᠷᠡᠭᠲᠡᠶ᠃     ᠳᠥᠷᠪᠡᠳᠦᠭᠡᠷ ᠵᠦᠢᠯ ᠡᠯ᠎ᠡ ᠨᠢᠭᠡᠴᠡ ᠶᠢᠨ ᠰᠦᠯᠵᠢᠶᠡᠨ ᠤ ᠬᠠᠮᠢᠶᠠᠷᠤᠭᠴᠢ ᠺᠣᠮᠫᠢᠦ᠋ᠲ᠋ᠧᠷ ᠳᠡᠭᠡᠷ᠎ᠡ ᠸᠢᠷᠦ᠋ᠰ ᠢ ᠰᠡᠷᠭᠡᠶᠢᠯᠡᠬᠦ ᠵᠥᠭᠡᠯᠡᠨ ᠲᠣᠨᠤᠭ ᠤᠭᠰᠠᠷᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠲᠠᠰ ᠳᠡᠪᠰᠢᠭᠦᠯᠵᠦ᠂ ᠺᠣᠮᠫᠢᠦ᠋ᠲ᠋ᠧᠷ ᠤᠨ ᠸᠢᠷᠦ᠋ᠰ ᠲᠤ ᠬᠠᠯᠳᠠᠪᠤᠷᠢᠯᠠᠭᠳᠠᠨ ᠰᠦᠯᠵᠢᠶᠡᠨ ᠳᠡᠭᠡᠷ᠎ᠡ ᠲᠠᠷᠬᠠᠬᠤ ᠠᠴᠠ ᠵᠠᠶᠢᠯᠠᠰᠬᠢᠬᠦ ᠬᠡᠷᠡᠭᠲᠡᠶ᠃     ᠲᠠᠪᠤᠳᠤᠭᠠᠷ ᠵᠦᠢᠯ ᠬᠡᠷᠡᠭᠯᠡᠭᠴᠢ ᠨᠢ ᠰᠦᠯᠵᠢᠶᠡᠨ ᠤ ᠬᠡᠷᠡᠭᠯᠡᠭᠴᠢ ᠶᠢᠨ ᠳᠠᠩᠰᠠᠨ ᠨᠣᠮᠧᠷ ᠢ ᠬᠡᠷᠡᠭᠯᠡᠬᠦ ᠳᠠᠩᠰᠠᠯᠠᠨ ᠲᠡᠮᠳᠡᠭᠯᠡᠬᠦ ᠪᠠ ᠠᠵᠢᠯᠯᠠᠭᠤᠯᠬᠤ ᠡᠷᠬᠡ ᠮᠡᠳᠡᠯ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠵᠢᠷᠤᠮᠯᠠᠬᠤ ᠶᠢᠨ ᠬᠠᠮᠲᠤ᠂ ᠥᠪᠡᠷ ᠤᠨ ᠬᠡᠷᠡᠭᠯᠡᠭᠴᠢ ᠶᠢᠨ ᠳᠠᠩᠰᠠᠨ ᠨᠣᠮᠧᠷ᠂ ᠨᠢᠭᠤᠴᠠ ᠨᠣᠮᠧᠷ ᠢᠶᠠᠨ ᠲᠣᠬᠢᠲᠠᠶ ᠬᠠᠳᠠᠭᠠᠯᠠᠵᠤ᠂ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠨᠢᠭᠤᠴᠠ ᠨᠣᠮᠧᠷ ᠲᠤ ᠵᠠᠰᠠᠪᠤᠷᠢ ᠣᠷᠣᠭᠤᠯᠵᠤ᠂ ᠨᠢᠭᠤᠴᠠ ᠶᠢ ᠴᠢᠩᠭ᠎ᠠ ᠬᠠᠮᠠᠭᠠᠯᠠᠨ᠂ ᠪᠤᠰᠤᠳ ᠲᠤ ᠵᠠᠳᠠᠷᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃     ᠵᠢᠷᠭᠤᠳᠤᠭᠠᠷ ᠵᠦᠢᠯ ᠬᠡᠷᠡᠭᠯᠡᠭᠴᠢ ᠨᠢᠭᠡᠪᠦᠷᠢ ᠴᠥᠮ ᠳᠠᠩᠰᠠᠨ ᠤ ᠳ᠋ᠤᠭᠠᠷ ᠲᠠᠬᠢ ᠪᠤᠶ ᠪᠦᠬᠦᠢ ᠠᠵᠢᠯᠯᠠᠭ᠎ᠠ ᠪᠣᠯᠤᠨ ᠬᠡᠷᠡᠭ ᠶᠠᠪᠤᠳᠠᠯ ᠳᠤ ᠪᠦᠬᠦ ᠬᠠᠷᠢᠭᠤᠴᠠᠯᠭ᠎ᠠ ᠶᠢ ᠬᠠᠷᠢᠭᠤᠴᠠᠬᠤ ᠬᠡᠷᠡᠭᠲᠡᠶ᠃ ᠬᠡᠷᠡᠭᠯᠡᠭᠴᠢ ᠴᠠᠭ ᠢᠮᠠᠭᠲᠠ ᠬᠡᠷᠡᠭᠯᠡᠭᠴᠢ ᠶᠢᠨ ᠨᠢᠭᠤᠴᠠ ᠨᠣᠮᠧᠷ ᠢ ᠬᠤᠪᠢᠷᠠᠭᠤᠯᠵᠤ ᠪᠣᠯᠤᠨ᠎ᠠ᠂ ᠪᠠᠰᠠ ᠬᠠᠭᠤᠴᠢᠨ ᠳᠠᠩᠰᠠᠨ ᠤ ᠨᠣᠮᠧᠷ ᠢ ᠦᠭᠡᠶᠢᠰᠬᠡᠨ ᠰᠢᠨ᠎ᠡ ᠳᠠᠩᠰᠠᠨ ᠨᠣᠮᠧᠷ ᠳᠠᠩᠰᠠᠯᠠᠭᠤᠯᠬᠤ ᠪᠠᠷ ᠳᠠᠬᠢᠨ ᠭᠤᠶᠤᠴᠢᠯᠠᠵᠤ ᠪᠣᠯᠤᠨ᠎ᠠ᠃ ᠬᠡᠷᠡᠭᠯᠡᠭᠴᠢ ᠬᠡᠷᠪᠡ ᠬᠡᠷᠡᠭᠯᠡᠭᠴᠢ ᠨᠢ ᠪᠣᠰᠤᠳ ᠬᠦᠮᠦᠨ ᠳᠠᠩᠰᠠᠨ ᠨᠣᠮᠧᠷ ᠢ ᠬᠠᠤᠯᠢ ᠪᠤᠰᠤ ᠪᠠᠷ ᠬᠡᠷᠡᠭᠯᠡᠭᠰᠡᠨ ᠪᠤᠶᠤ ᠠᠮᠤᠷ ᠲᠦᠪᠰᠢᠨ ᠤ ᠭᠡᠮ ᠳᠤᠲᠠᠭᠳᠠᠯ ᠭᠠᠷᠤᠭᠰᠠᠨ ᠪᠠᠶᠢᠳᠠᠯ ᠢ ᠣᠯᠵᠤ ᠮᠡᠳᠡᠪᠡᠯ᠂ ᠲᠣᠭᠤᠷᠢᠭ ᠤᠨ ᠮᠡᠳᠡᠭᠡ ᠵᠠᠩᠭᠢ ᠶᠢᠨ ᠲᠥᠪ ᠲᠠᠢ ᠴᠠᠭ ᠲᠤᠬᠠᠢ ᠳᠤᠨᠢ ᠬᠠᠷᠢᠯᠴᠠᠵᠤ ᠮᠡᠳᠡᠭᠳᠡᠬᠦ ᠡᠭᠦᠷᠭᠡ ᠲᠠᠢ᠃     ᠳᠣᠯᠣᠳᠤᠭᠠᠷ ᠵᠦᠢᠯ ᠬᠡᠷᠡᠭᠯᠡᠭᠴᠢ ᠬᠡᠷᠪᠡ ᠨᠡᠪᠲᠡᠷᠡᠬᠦ ᠳᠠᠩᠰᠠᠨ ᠤ ᠳ᠋ᠤᠭᠠᠷ ᠪᠠ ᠨᠢᠭᠤᠴᠠ ᠨᠣᠮᠧᠷ ᠢᠶᠠᠨ ᠰᠠᠨᠠᠮᠰᠠᠷ ᠦᠭᠡᠶ ᠵᠠᠳᠠᠷᠠᠭᠤᠯᠤᠭᠰᠠᠨ ᠪᠠᠶᠢᠪᠠᠯ᠂ ᠴᠠᠭ ᠲᠤᠬᠠᠶ ᠳᠤᠨᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠲᠠᠢ ᠬᠠᠷᠢᠯᠴᠠᠵᠤ᠂ ᠨᠢᠭᠤᠴᠠ ᠨᠣᠮᠧᠷ ᠢᠶᠠᠨ ᠳᠠᠬᠢᠨ ᠲᠣᠭᠲᠠᠭᠠᠵᠤ ᠬᠡᠪ ᠤᠨ ᠬᠡᠷᠡᠭᠯᠡᠯᠲᠡ ᠶᠢ ᠨᠢ ᠰᠡᠷᠭᠦᠭᠡᠬᠦ ᠬᠡᠷᠡᠭᠲᠡᠶ᠃     ᠨᠠᠢᠮᠠᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠨᠢ ᠬᠠᠮᠢᠶ᠎ᠠ ᠪᠥᠬᠦᠶ ᠬᠥᠮᠦᠰ ᠲᠤ ᠲᠣᠭᠲᠠᠮᠠᠯ ᠬᠤᠭᠤᠴᠠᠭ᠎ᠠ ᠲᠠᠢ ᠪᠠᠷ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠪᠣᠯᠪᠠᠰᠤᠷᠠᠭᠤᠯᠤᠯ ᠬᠢᠬᠦ ᠶᠢᠨ ᠬᠠᠮᠲᠤ ᠰᠢᠯᠭᠠᠨ ᠬᠢᠨᠠᠵᠤ᠂ ᠰᠦᠯᠵᠢᠶᠡᠨ ᠤ ᠬᠠᠮᠢᠶ᠎ᠠ ᠪᠥᠬᠦᠶ ᠬᠠᠮᠢᠶᠠᠷᠤᠯᠲᠠ ᠶᠢᠨ ᠠᠵᠢᠯᠲᠠᠨ ᠳᠤ ᠰᠦᠯᠵᠢᠶᠡᠨ ᠤ ᠠᠮᠤᠷ ᠲᠦᠪᠰᠢᠨ ᠤ ᠴᠢᠬᠤᠯᠠ ᠴᠢᠨᠠᠷ ᠢ ᠭᠦᠶ᠋ᠴᠡᠳ ᠲᠠᠨᠢᠭᠤᠯᠵᠤ᠂ ᠵᠣᠬᠢᠬᠤ ᠲᠦᠷᠢᠮ ᠲᠣᠭᠲᠠᠭᠠᠯ ᠢ ᠴᠢᠩᠭ᠎ᠠ ᠵᠢᠷᠤᠮᠯᠠᠭᠤᠯᠬᠤ ᠬᠡᠷᠡᠭᠲᠡᠶ᠃     ᠶᠢᠰᠦᠳᠦᠭᠡᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                                  2019 ᠣᠨ ᠤ 11 ᠰᠠᠷ᠎ᠠ ᠶᠢᠨ 3 ᠤ ᠡᠳᠦᠷ
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号