ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠬᠢᠨᠠᠨ ᠰᠢᠯᠭᠠᠬᠤ ᠳᠦᠷᠢᠮ
ᠨᠡᠶᠢᠲᠡᠯᠡᠭᠰᠡᠨ ᠴᠠᠭ᠄
2021/2/1
    ᠨᠢᠭᠡᠳᠦᠭᠡᠷ ᠵᠣᠷᠪᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠵᠤ᠂ ᠪᠦᠬᠦ ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠢᠯᠭᠠᠨ ᠬᠢᠨᠠᠬᠤ ᠪᠠ ᠬᠠᠮᠢᠶᠠᠷᠬᠤ ᠪᠠᠨ ᠴᠢᠩᠭᠠᠳᠬᠠᠬᠤ ᠶᠢᠨ ᠲᠤᠰᠠᠳᠠ᠂ ᠣᠨᠴᠣᠭᠤᠶᠢᠯᠠᠨ ᠲᠤᠰ ᠳᠦᠷᠢᠮ ᠢ ᠲᠣᠭᠲᠠᠭᠠᠪᠠ᠃     ᠬᠤᠶᠠᠳᠤᠭᠠᠷ ᠵᠣᠷᠪᠤᠰ ᠬᠢᠨᠠᠨ ᠰᠢᠯᠭᠠᠬᠤ ᠠᠵᠢᠯ ᠳᠤ ᠪᠤᠰᠤᠳᠴᠢ ᠪᠥᠭᠡᠳ ᠲᠥᠪ ᠭᠤᠤᠯᠴᠢ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠵᠠᠷᠴᠢᠮ ᠢ ᠪᠠᠷᠢᠮᠲᠠᠯᠠᠨ᠎ᠠ᠃     ᠭᠤᠷᠪᠠᠳᠤᠭᠠᠷ ᠵᠣᠷᠪᠤᠰ ᠰᠢᠯᠭᠠᠨ ᠬᠢᠨᠠᠬᠤ ᠠᠵᠢᠯ ᠢ ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ᠳᠥᠷᠪᠡᠳᠦᠭᠡᠷ ᠵᠣᠷᠪᠤᠰ ᠬᠢᠨᠠᠨ ᠰᠢᠯᠭᠠᠬᠤ ᠡᠲᠡᠭᠡᠳ ᠨᠢ ᠭᠤᠤᠯᠳᠠᠭᠤ ᠵᠠᠰᠠᠭ ᠵᠠᠬᠢᠷᠭᠠᠨ ᠤ ᠪᠠᠶᠢᠭᠤᠯᠭ᠎ᠠ᠂ ᠠᠷᠠᠳ ᠣᠯᠠᠨ ᠤ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠪᠠᠭᠲᠠᠨ᠎ᠠ᠃     ᠲᠠᠪᠤᠳᠤᠭᠠᠷ ᠵᠣᠷᠪᠤᠰ ᠬᠢᠨᠠᠨ ᠰᠢᠯᠭᠠᠬᠤ ᠭᠤᠤᠯ ᠠᠭᠤᠯᠭ᠎ᠠ᠄     ︵ᠨᠢᠭᠡ︶ ᠵᠣᠬᠢᠶᠠᠨ ᠪᠠᠶᠢᠭᠤᠯᠵᠤ ᠤᠳᠤᠷᠢᠳᠤᠭᠰᠠᠨ ᠪᠠᠶᠢᠳᠠᠯ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠢᠭᠠᠨ ᠲᠣᠭᠲᠠᠭᠠᠭᠰᠠᠨ ᠪᠤᠶᠤ ᠪᠠᠶᠢᠭᠤᠯᠤᠭᠰᠠᠨ ᠡᠰᠡᠬᠦ᠂ ᠭᠤᠣᠯᠴᠢᠯᠠᠨ ᠬᠠᠮᠢᠶᠠᠷᠬᠤ ᠤᠳᠤᠷᠢᠳᠤᠯᠭ᠎ᠠ ᠶᠢ ᠲᠣᠭᠲᠠᠭᠠᠭᠰᠠᠨ ᠡᠰᠡᠬᠦ᠂ ᠲᠤᠰᠬᠠᠶ ᠬᠥᠮᠦᠨ ᠢᠶᠠᠷ ᠬᠠᠷᠢᠭᠤᠴᠠᠭᠤᠯᠤᠭᠰᠠᠨ ᠡᠰᠡᠬᠦ᠂ ᠰᠤᠳᠤᠯᠤᠨ ᠪᠠᠶᠢᠷᠢᠯᠠᠭᠤᠯᠬᠤ ᠶᠢ ᠲᠣᠳᠣᠷᠬᠠᠶᠢᠯᠠᠭᠰᠠᠨ ᠡᠰᠡᠬᠦ᠃     ︵ᠬᠤᠶᠠᠷ︶ ᠳᠦᠷᠢᠮ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ ᠪᠠᠶᠢᠳᠠᠯ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠦᠷᠢᠮ ᠪᠣᠯᠤᠨ ᠭᠤᠶᠤᠴᠢᠯᠠᠯ ᠢ ᠦᠨᠳᠦᠰᠦᠯᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠦᠷᠢᠮ ᠢ ᠪᠠᠶᠢᠭᠤᠯᠤᠭᠰᠠᠨ ᠡᠰᠡᠬᠦ︔ ᠵᠠᠰᠠᠭ ᠤᠨ ᠣᠷᠳᠣᠨ ᠤ ᠮᠡᠳᠡᠭᠡ ᠵᠠᠩᠭᠢ ᠨᠡᠶᠢᠲᠡᠯᠡᠬᠦ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠤᠭᠰᠠᠨ ᠡᠰᠡᠬᠦ︔ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠣᠭᠲᠠᠭᠠᠭᠰᠠᠨ ᠡᠰᠡᠬᠦ ᠵᠡᠷᠭᠡ ᠪᠣᠯᠤᠨ᠎ᠠ᠃     ︵ᠭᠤᠷᠪᠠ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠪᠠ ᠢᠯᠡ ᠪᠣᠯᠭᠠᠬᠤ ᠭᠠᠷᠴᠠᠭ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ᠃ ᠢᠯᠡ ᠪᠣᠯᠭᠠᠬᠤ ᠵᠦᠭᠯᠡᠭᠦᠷ ᠪᠠ ᠢᠯᠡ ᠪᠣᠯᠭᠠᠬᠤ ᠭᠠᠷᠴᠠᠭ ᠨᠢ ᠪᠣᠳᠠᠲᠠᠶ᠂ ᠪᠥᠬᠦ ᠲᠠᠯ᠎ᠠ ᠶᠢᠨ  ᠪᠠᠶᠢᠬᠤ ᠡᠰᠡᠬᠦ︔ ᠰᠣᠨᠢᠨ ᠰᠡᠳᠬᠦᠯ᠂ ᠲᠧᠯᠸᠢᠰ᠂ ᠢᠯᠡ ᠨᠡᠶᠢᠲᠡᠯᠡᠬᠦ ᠪᠤᠯᠤᠩ᠂ ᠵᠠᠰᠠᠭ ᠤᠨ ᠣᠷᠳᠣᠨ ᠤ ᠰᠦᠯᠵᠢᠶ᠎ᠡ᠂ ᠰᠦᠩᠱᠠᠨ ᠲᠣᠭᠤᠷᠢᠭ ᠤᠨ ᠬᠢᠨᠠᠯᠲᠠ ᠲᠠᠯᠪᠢᠬᠤ ᠲᠠᠪᠴᠠᠩ ᠤᠨ ᠰᠦᠯᠵᠢᠶ᠎ᠡ ᠵᠡᠷᠭᠡ ᠠᠴᠢᠶᠠᠯᠠᠪᠤᠷᠢ ᠪᠠᠷ ᠨᠡᠶᠢᠲᠡᠯᠡᠭᠰᠡᠨ ᠡᠰᠡᠬᠦ︔ ᠴᠠᠭ ᠲᠤᠬᠠᠶ ᠳᠤ ᠨᠢ ᠰᠢᠨᠡᠳᠬᠡᠭᠰᠡᠨ ᠡᠰᠡᠬᠦ᠃     ︵ᠳᠥᠷᠪᠡ︶ ᠢᠯᠡ ᠪᠣᠯᠭᠠᠬᠤ ᠬᠦᠷᠢᠶ᠎ᠡ ᠬᠡᠪᠴᠢᠶᠡᠨ ᠤ ᠪᠠᠶᠢᠳᠠᠯ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠳᠤ ᠲᠣᠭᠲᠠᠭᠠᠭᠰᠠᠨ ᠱᠠᠭᠠᠷᠳᠠᠯᠭ᠎ᠠ ᠳᠤ ᠬᠦᠷᠦᠭᠰᠡᠨ ᠡᠰᠡᠬᠦ︔ ᠭᠤᠣᠯᠳᠠᠯᠭ᠎ᠠ ᠲᠠᠢ ᠢᠯᠡ ᠪᠣᠯᠭᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠪᠣᠳᠠᠲᠠᠶ ᠪᠥᠭᠡᠳ ᠪᠦᠬᠦ ᠲᠠᠯ᠎ᠠ ᠶᠢᠨ᠂ ᠪᠣᠳᠠᠲᠤ ᠪᠠᠶᠢᠳᠠᠯ ᠲᠠᠢ ᠨᠡᠶᠢᠴᠡᠬᠦ ᠡᠰᠡᠬᠦ︔ ᠢᠯᠡ ᠪᠣᠯᠭᠠᠬᠤ ᠨᠢ ᠵᠣᠬᠢᠰ ᠦᠭᠡᠶ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠰᠠᠭᠤᠳᠠᠯ ᠣᠷᠣᠰᠢᠵᠤ ᠪᠠᠶᠢᠬᠤ ᠡᠰᠡᠬᠦ᠃     ︵ᠲᠠᠪᠤ︶ ᠢᠯᠡ ᠪᠣᠯᠭᠠᠬᠤ ᠠᠷᠭ᠎ᠠ ᠮᠠᠶ᠋ᠢᠭ ᠪᠣᠯᠤᠨ ᠳᠡᠰ ᠳᠠᠷᠠᠭᠠᠯᠠᠯ ᠤᠨ ᠪᠠᠶᠢᠳᠠᠯ᠃ ᠣᠯᠠᠨ ᠨᠡᠶᠢᠲᠡ ᠶᠢᠨ ᠪᠠᠶᠢᠴᠠᠭᠠᠨ ᠦᠵᠡᠬᠦ ᠲᠠᠰᠤᠭ᠂ ᠮᠠᠲ᠋ᠧᠷᠢᠶᠠᠯ ᠡᠷᠢᠬᠦ ᠭᠠᠵᠠᠷ᠂ ᠮᠡᠳᠡᠭᠡ ᠵᠠᠩᠭᠢ ᠶᠢᠨ ᠠᠯᠪᠠᠨ ᠵᠠᠷ ᠤᠨ ᠪᠤᠯᠤᠩ᠂ ᠡᠯᠧᠺᠲᠷᠣᠨ ᠮᠡᠳᠡᠭᠡ ᠵᠠᠩᠭᠢ ᠶᠢᠨ ᠳᠡᠯᠭᠡᠴᠡ ᠵᠡᠷᠭᠡ ᠲᠠᠯᠠᠪᠤᠷ ᠪᠠ ᠲᠦᠭᠦᠭᠡᠷᠦᠮᠵᠢ ᠪᠠᠶᠢᠬᠤ ᠡᠰᠡᠬᠦ︔ ᠪᠦᠲᠦᠮᠵᠢᠲᠡᠶ ᠴᠠᠭ ᠬᠤᠭᠤᠴᠠᠭᠠᠨ ᠳᠤ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠬᠠᠷᠢᠶᠠᠯᠠᠭᠳᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠡᠰᠡᠬᠦ︔ ᠲᠣᠭᠲᠠᠭᠠᠭᠰᠠᠨ ᠬᠤᠭᠤᠴᠠᠭᠠᠨ ᠳᠣᠲᠣᠷ᠎ᠠ ᠭᠤᠶᠤᠴᠢᠯᠠᠭᠴᠢ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠠᠷᠢᠭᠤᠯᠲᠠ ᠥᠭᠭᠦᠭᠰᠡᠨ ᠡᠰᠡᠬᠦ︔ ᠲᠣᠭᠲᠠᠭᠠᠯ ᠢ ᠵᠥᠷᠢᠴᠡᠵᠦ  ᠰᠦᠢᠳᠬᠡᠯ ᠬᠤᠷᠢᠶᠠᠭᠰᠠᠨ ᠡᠰᠡᠬᠦ︔ ᠳᠠᠩᠰᠠᠯᠠᠬᠤ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ᠂ ᠨᠡᠶᠢᠲᠡᠯᠡᠬᠦ᠂ ᠲᠠᠩᠰᠠ ᠡᠪᠬᠡᠮᠡᠯ ᠳᠤ ᠣᠷᠣᠭᠤᠯᠬᠤ ᠵᠡᠷᠭᠡ ᠲᠠᠰ ᠳᠠᠷᠠᠭᠠᠯᠠᠯ ᠢᠶᠠᠷ ᠢᠯᠡ ᠪᠣᠯᠭᠠᠭᠰᠠᠨ ᠡᠰᠡᠬᠦ︔ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠦᠭᠡᠶ ᠪᠤᠶᠤ ᠴᠠᠭ ᠲᠤᠬᠠᠶ ᠳᠤᠨᠢ ᠢᠯᠡ ᠪᠣᠯᠭᠠᠭᠰᠠᠨ ᠦᠭᠡᠶ ᠠᠴᠠ ᠪᠣᠯᠤᠭᠰᠠᠨ ᠠᠳᠡᠯ ᠪᠤᠶᠤ ᠣᠯᠠᠨ ᠲᠦᠮᠡᠨ ᠤ ᠵᠠᠭᠠᠯᠳᠤᠯᠭ᠎ᠠ ᠭᠠᠷᠤᠭᠰᠠᠨ ᠡᠰᠡᠬᠦ᠃     ︵ᠵᠢᠷᠭᠤᠭ᠎ᠠ︶ ᠬᠢᠨᠠᠯᠲᠠ ᠲᠠᠯᠪᠢᠭᠰᠠᠨ ᠪᠠ ᠪᠠᠲᠤᠯᠠᠭᠰᠠᠨ ᠪᠠᠶᠢᠳᠠᠯ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠯᠲᠠ ᠪᠠ ᠦᠨᠡᠯᠡᠯᠲᠡ ᠬᠢᠭᠰᠡᠨ ᠡᠰᠡᠬᠦ︔ ᠣᠨ ᠤ ᠠᠵᠢᠯ ᠤᠨ ᠮᠡᠳᠡᠭᠦᠯᠦᠯᠲᠡ ᠪᠠᠨ ᠴᠠᠭ ᠲᠤᠬᠠᠶ ᠳᠤᠨᠢ ᠨᠠᠶᠢᠷᠠᠭᠤᠯᠤᠨ ᠵᠣᠬᠢᠶᠠᠵᠤ᠂ ᠨᠡᠶᠢᠲᠡᠯᠡᠭᠰᠡᠨ ᠡᠰᠡᠬᠦ ᠵᠡᠷᠭᠡ ᠪᠣᠯᠤᠨ᠎ᠠ᠃     ᠵᠢᠷᠭᠤᠳᠤᠭᠠᠷ ᠵᠣᠷᠪᠤᠰ ᠬᠢᠨᠠᠨ ᠰᠢᠯᠭᠠᠬᠤ ᠬᠡᠯᠪᠡᠷᠢ ᠳᠤ ᠬᠠᠷᠢᠭᠤ ᠮᠡᠳᠡᠭᠦᠯᠦᠯᠲᠡ ᠶᠢ ᠰᠣᠨᠣᠰᠬᠤ᠂ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ ᠪᠠᠶᠢᠴᠠᠭᠠᠨ ᠦᠵᠡᠬᠦ᠂ ᠣᠯᠠᠨ ᠲᠦᠮᠡᠨ ᠤ ᠦᠨᠡᠯᠡᠨ ᠶᠠᠷᠢᠯᠴᠠᠭᠰᠠᠨ ᠦᠷ᠎ᠡ ᠳ᠋ᠦᠩ ᠢᠶᠠᠷ ᠯᠠᠪᠯᠠᠯᠲᠠ ᠪᠣᠯᠭᠠᠬᠤ ᠵᠡᠷᠭᠡ ᠪᠠᠭᠲᠠᠨ᠎ᠠ᠃     ᠳᠣᠯᠣᠳᠤᠭᠠᠷ ᠵᠣᠷᠪᠤᠰ ᠰᠢᠯᠭᠠᠨ ᠬᠢᠨᠠᠬᠤ ᠠᠷᠭ᠎ᠠ ᠳᠤ ᠡᠳᠦᠷ ᠲᠤᠲᠤᠮ ᠤᠨ ᠪᠠᠶᠢᠴᠠᠭᠠᠯᠲᠠ᠂ ᠬᠠᠭᠠᠰ ᠵᠢᠯ ᠤᠨ ᠰᠤᠭᠤᠴᠢᠨ ᠪᠠᠶᠢᠴᠠᠭᠠᠯᠲᠠ᠂ ᠵᠢᠯ ᠤᠨ ᠡᠴᠦᠰ ᠤᠨ ᠰᠢᠯᠭᠠᠨ ᠬᠢᠨᠠᠯᠲᠠ ᠶᠢ ᠪᠠᠭᠲᠠᠭᠠᠨ᠎ᠠ᠃     ᠨᠠᠢᠮᠠᠳᠤᠭᠠᠷ ᠵᠣᠷᠪᠤᠰ ᠬᠢᠨᠠᠨ ᠰᠢᠯᠭᠠᠭᠰᠠᠨ ᠦᠷ᠎ᠡ ᠳ᠋ᠦᠩ ᠢ ᠰᠢᠯᠢᠳᠡᠭ᠂ ᠰᠠᠶᠢᠨ᠂ ᠡᠩ ᠤᠨ᠂ ᠠᠨᠠᠶ ᠳᠥᠷᠪᠡᠨ ᠳᠡᠰ ᠢᠶᠠᠷ ᠦᠨᠡᠯᠡᠨ ᠲᠣᠭᠲᠠᠭᠠᠨ᠎ᠠ᠃ ᠰᠢᠯᠢᠳᠡᠭ ᠢᠶᠠᠷ ᠰᠢᠯᠭᠠᠨ ᠲᠣᠭᠲᠠᠭᠠᠭᠰᠠᠨ ᠨᠢᠭᠡᠴᠡ ᠶᠢ ᠲᠣᠭᠤᠷᠢᠭ ᠤᠨ ᠵᠠᠰᠠᠭ ᠤᠨ ᠣᠷᠳᠣᠨ ᠠᠴᠠ ᠬᠥᠬᠢᠭᠦᠯᠦᠨ ᠰᠠᠶᠢᠰᠢᠶᠠᠬᠤ ᠬᠡᠷᠡᠭᠲᠡᠶ︔ ᠠᠰᠠᠭᠤᠳᠠᠯ ᠣᠷᠣᠰᠢᠵᠤ ᠪᠠᠶᠢᠭ᠎ᠠ᠂ ᠠᠨᠠᠶ ᠨᠢᠭᠡᠴᠡ ᠳᠤ᠂ ︽ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ︾ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠦᠨ᠎ᠡ᠃     ᠶᠢᠰᠦᠳᠦᠭᠡᠷ ᠵᠣᠷᠪᠤᠰ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号