ᠨᠢᠭᠡᠳᠦᠭᠡᠷ ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠣᠯᠬᠤ ᠶᠢ ᠪᠠᠲᠤᠯᠠᠵᠤ᠂ ᠵᠠᠰᠠᠭ ᠤᠨ ᠣᠷᠳᠣᠨ ᠤ | ᠠᠵᠢᠯ ᠤᠨ ᠢᠯᠡ ᠲᠣᠲᠤ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠠᠬᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠷᠠᠳ ᠣᠯᠠᠨ ᠤ ᠦᠶ᠋ᠯᠡᠳᠪᠦᠷᠢᠯᠡᠯ᠂ ᠠᠮᠢᠳᠤᠷᠠᠯ | ᠪᠣᠯᠤᠨ ᠠᠵᠤ ᠠᠬᠤᠶ ᠨᠡᠶᠢᠭᠡᠮ ᠤᠨ ᠠᠵᠢᠯᠯᠠᠭ᠎ᠠ ᠳᠤ ᠦᠵᠡᠭᠦᠯᠬᠦ ᠦᠶ᠋ᠯᠡᠴᠢᠯᠡᠭᠡᠨ ᠤ ᠦᠶ᠋ᠯᠡᠳᠦᠯ ᠢ ᠭᠦᠶ᠋ᠴᠡᠳ | ᠪᠠᠳᠠᠷᠠᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠤᠨ | ᠲᠣᠭᠲᠠᠭᠠᠯ ᠢ ᠦᠨᠳᠦᠰᠦᠯᠡᠨ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠳᠦᠷᠢᠮ ᠪᠦᠬᠦ ᠲᠣᠭᠤᠷᠢᠭ ᠤᠨ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ | ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠳᠤ ᠲᠣᠬᠢᠷᠠᠨ᠎ᠠ᠃ | ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠮᠡᠳᠡᠭᠡ | ᠬᠤᠯᠪᠣᠭ᠎ᠠ᠂ ᠤᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠠᠷᠠᠳ ᠤᠯᠠᠨ ᠤ ᠠᠰᠢᠭ ᠲᠤᠰᠠ ᠲᠠᠢ ᠨᠢᠭᠲᠠ | ᠬᠤᠯᠪᠣᠭ᠎ᠠ ᠲᠠᠢ ᠤᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠯᠠᠪᠯᠠᠯᠲᠠ ᠪᠣᠯᠭᠠᠨ | ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ | ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ | ᠵᠣᠬᠢᠶᠠᠨ ᠪᠠᠶᠢᠭᠤᠯᠤᠯᠲᠠ ᠠᠴᠠ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠶᠠᠪᠤᠴᠠ ᠳᠤ ᠦᠶ᠋ᠯᠡᠳᠦᠭᠰᠡᠨ ᠪᠤᠶᠤ | ᠣᠯᠤᠭᠰᠠᠨ᠂ ᠵᠣᠬᠢᠬᠤ ᠬᠡᠯᠪᠡᠷᠢ ᠪᠠᠷ ᠲᠡᠮᠳᠡᠭᠯᠡᠨ ᠬᠠᠳᠠᠭᠠᠯᠠᠭᠰᠠᠨ ᠮᠡᠳᠡᠭᠡ ᠵᠠᠩᠭᠢ ᠶᠢ ᠵᠢᠭᠠᠵᠤ ᠪᠤᠶ᠃ | ᠳᠥᠷᠪᠡᠳᠦᠭᠡᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠡᠳᠦᠷ ᠲᠤᠲᠤᠮ ᠤᠨ ᠠᠵᠢᠯ ᠤᠨ ᠪᠠᠶᠢᠭᠤᠯᠤᠮᠵᠢ ᠪᠣᠯᠬᠤ ᠪᠥᠭᠡᠳ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ | ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ᠃ | ᠲᠠᠪᠤᠳᠤᠭᠠᠷ ᠵᠦᠢᠯ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠨᠢ ᠲᠣᠭᠤᠷᠢᠭ ᠤᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠨᠢᠭᠡᠳᠦᠯᠲᠡᠶ ᠵᠢᠯᠣᠭᠤᠳᠤᠯᠭ᠎ᠠ᠂ ᠵᠣᠬᠢᠴᠠᠭᠤᠯᠭ᠎ᠠ᠂ ᠬᠢᠨᠠᠯᠲᠠ ᠲᠠᠯᠪᠢᠯᠲᠠ ᠶᠢᠨ ᠳᠣᠤᠷ᠎ᠠ ᠲᠤᠰ ᠲᠤᠰ ᠤᠨ | ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠪᠠᠨ ᠬᠠᠤᠯᠢ ᠶᠣᠰᠣᠭᠠᠷ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠤᠶᠤ ᠭᠤᠶᠤᠴᠢᠯᠠᠯ ᠶᠣᠰᠣᠭᠠᠷ ᠢᠯᠡ ᠪᠣᠯᠭᠠᠬᠤ ᠬᠡᠷᠡᠭᠲᠡᠶ᠃ | ᠡᠭᠴᠡ ᠬᠠᠮᠢᠶᠠᠷᠤᠯᠲᠠ ᠪᠣᠯᠤᠨ ᠳᠠᠪᠬᠤᠷ ᠤᠳᠤᠷᠢᠳᠤᠯᠭ᠎ᠠ ᠶᠢ ᠬᠡᠷᠡᠭᠵᠢᠭᠦᠯᠵᠦ ᠪᠠᠶᠢᠭ᠎ᠠ ᠰᠠᠯᠠᠭ᠎ᠠ ᠮᠥᠴᠢᠷ | ᠨᠢᠭᠡᠴᠡ ᠨᠢ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ᠂ ᠲᠣᠭᠤᠷᠢᠭ ᠤᠨ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ | ᠨᠢᠭᠡᠳᠦᠯᠲᠡᠶ ᠵᠢᠯᠣᠭᠤᠳᠤᠯᠭ᠎ᠠ᠂ ᠵᠣᠬᠢᠴᠠᠭᠤᠯᠭ᠎ᠠ ᠶᠢᠨ ᠳᠣᠣᠷ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠠᠵᠢᠯ ᠢ ᠥᠷᠨᠢᠭᠦᠯᠬᠦ ᠬᠡᠷᠡᠭᠲᠡᠶ᠃ | ᠵᠢᠷᠭᠤᠳᠤᠭᠠᠷ ᠵᠦᠢᠯ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠪᠠᠶᠢᠭᠤᠯᠤᠯᠭ᠎ᠠ ︵ᠨᠢᠭᠡᠴᠡ︶ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠮᠡᠳᠡᠭᠡ ᠵᠠᠩᠭᠢ ᠨᠡᠶᠢᠲᠡᠯᠡᠬᠦ ᠶᠢᠨ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠡᠳᠡᠭᠡ ᠵᠠᠩᠭᠢ ᠨᠡᠶᠢᠲᠡᠯᠡᠬᠦ ᠰᠠᠭᠠᠳ ᠦᠭᠡᠶ ᠪᠥᠭᠡᠳ | ᠥᠨᠳᠥᠷ ᠦᠷ᠎ᠡ ᠪᠦᠲᠦᠮᠵᠢᠲᠡᠶ ᠠᠷᠭ᠎ᠠ ᠵᠠᠮ ᠢ ᠪᠣᠶ ᠪᠣᠯᠭᠠᠬᠤ ᠬᠡᠷᠡᠭᠲᠡᠶ᠃ ᠵᠠᠰᠠᠭ ᠵᠠᠬᠢᠷᠭᠠᠨ ᠤ ᠪᠠᠶᠢᠭᠤᠯᠤᠯᠭ᠎ᠠ ︵ | ᠨᠢᠭᠡᠴᠡ︶ ᠶᠢᠨ ᠲᠤᠭᠤᠷᠪᠢᠨ ᠨᠡᠶᠢᠲᠡᠯᠡᠬᠦ ᠪᠠᠷ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠪᠤᠰᠤᠳ ᠵᠠᠰᠠᠭ | ᠵᠠᠬᠢᠷᠭᠠᠨ ᠤ ᠪᠠᠶᠢᠭᠤᠯᠤᠯᠭ᠎ᠠ ︵ᠨᠢᠭᠡᠴᠡ︶ ᠳᠤ ᠬᠤᠯᠪᠣᠭᠳᠠᠪᠠᠯ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠪᠠᠶᠢᠭᠤᠯᠤᠯᠭ᠎ᠠ ︵ᠨᠢᠭᠡᠴᠡ︶ ᠯᠦᠭᠡ ᠨᠡᠪᠲᠡᠷᠡᠯᠴᠡᠨ ᠵᠣᠬᠢᠴᠠᠭᠤᠯᠵᠤ᠂ ᠨᠥᠭᠦᠭᠡ ᠡᠲᠡᠭᠡᠳ ᠢᠶᠠᠷ ᠨᠤᠲᠠᠯᠠᠭᠤᠯᠤᠭᠰᠠᠨ ᠤ | ᠳᠠᠷᠠᠭ᠎ᠠ ᠰᠠᠶ᠋ᠢ ᠨᠡᠶᠢᠲᠡᠯᠡᠵᠦ ᠪᠣᠯᠤᠨ᠎ᠠ︔ ᠨᠡᠪᠲᠡᠷᠡᠯᠴᠡᠨ ᠵᠣᠬᠢᠴᠠᠭᠤᠯᠤᠭᠰᠠᠨ ᠤ ᠳᠠᠷᠠᠭ᠎ᠠ ᠰᠠᠨᠠᠯ ᠨᠢᠭᠡᠳᠴᠦ ᠳᠡᠶᠢᠯᠬᠦ | ᠦᠭᠡᠶ ᠪᠣᠯ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠲᠡᠯᠡᠬᠦ ᠪᠠᠷ ᠪᠠᠶᠢᠭ᠎ᠠ ᠵᠠᠰᠠᠭ ᠵᠠᠬᠢᠷᠭᠠᠨ ᠤ | ᠪᠠᠶᠢᠭᠤᠯᠤᠯᠭ᠎ᠠ ᠨᠢᠭᠡᠴᠡ ᠨᠢ ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠵᠣᠬᠢᠴᠠᠭᠤᠯᠤᠨ ᠰᠢᠶ᠋ᠳᠪᠦᠷᠢᠯᠡᠭᠦᠯᠬᠦ ᠬᠡᠷᠡᠭᠲᠡᠶ᠃ | ᠳᠣᠯᠣᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠨᠢᠭᠡᠴᠡ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠲᠡᠯᠡᠬᠦ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ | ᠢᠯᠡ ᠪᠣᠯᠭᠠᠬᠤ ᠪᠠᠷ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠤᠯᠪᠣᠭᠳᠠᠯ ᠪᠦᠬᠦᠢ ᠲᠤᠬᠠᠶᠢᠯᠠᠭᠰᠠᠨ | ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠨᠢᠭᠤᠴᠠ ᠶᠢ ᠬᠠᠮᠠᠭᠠᠯᠠᠬᠤ ᠠᠵᠢᠯ ᠤᠨ ᠰᠠᠯᠠᠭ᠎ᠠ | ᠮᠥᠴᠢᠷ ᠲᠤ ᠮᠡᠳᠡᠭᠦᠯᠦᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠬᠢᠯᠭᠡᠬᠦ ᠬᠡᠷᠡᠭᠲᠡᠶ᠃ ᠤᠯᠤᠰ ᠤᠨ | ᠨᠢᠭᠤᠴᠠ ᠳᠤ ᠬᠠᠷᠢᠶᠠᠯᠠᠭᠳᠠᠬᠤ ᠪᠤᠶᠤ ᠢᠯᠡ ᠪᠣᠯᠭᠠᠭᠰᠠᠨ ᠤ ᠳᠠᠷᠠᠭ᠎ᠠ ᠤᠯᠤᠰ ᠤᠨ ᠠᠮᠤᠷ ᠲᠦᠪᠰᠢᠨ᠂ ᠣᠯᠠᠨ | ᠨᠡᠶᠢᠲᠡ ᠶᠢᠨ ᠠᠮᠤᠷ ᠲᠦᠪᠰᠢᠨ᠂ ᠠᠵᠤ ᠠᠬᠤᠶ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ | ᠰᠦᠷᠳᠡᠭᠦᠯᠵᠦ ᠮᠡᠳᠡᠬᠦ ᠵᠠᠰᠠᠭ ᠤᠨ ᠣᠷᠳᠣᠨ ᠤ ᠮᠡᠳᠡᠭᠡ ᠵᠠᠩᠭᠢ ᠵᠢᠴᠢ ᠬᠤᠳᠠᠯᠳᠤᠭᠠᠨ ᠤ ᠨᠢᠭᠤᠴᠠ᠂ ᠬᠤᠪᠢ | ᠬᠥᠮᠦᠨ ᠤ ᠨᠢᠭᠤᠴᠠ ᠳᠤ ᠬᠤᠯᠪᠣᠭᠳᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠵᠤ ᠪᠣᠯᠬᠤ | ᠦᠭᠡᠶ᠃ | ᠭᠤᠣᠯ ᠠᠭᠤᠯᠭ᠎ᠠ ᠶᠢ ᠣᠯᠠᠨ ᠨᠡᠶᠢᠲᠡ ᠪᠠᠷ ᠢᠶᠠᠨ ᠥᠷᠭᠡᠨ ᠢᠶᠠᠷ ᠮᠡᠳᠡᠬᠦ ᠪᠤᠶᠤ ᠣᠷᠣᠯᠴᠠᠬᠤ ᠴᠢᠬᠤᠯᠠ ᠲᠠᠢ | ᠪᠣᠯᠪᠠᠴᠤ ᠲᠡᠭᠦᠨ ᠤ ᠳᠣᠲᠣᠷᠠᠬᠢ ᠬᠡᠰᠡᠭ ᠠᠭᠤᠯᠭ᠎ᠠ ᠨᠢ ᠤᠯᠤᠰ ᠤᠨ ᠨᠢᠭᠤᠴᠠ ᠳᠤ ᠬᠤᠯᠪᠣᠭᠳᠠᠬᠤ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢᠶᠠᠷ ᠨᠢᠭᠤᠴᠠ ᠶᠢ ᠲᠠᠶᠢᠯᠬᠤ ᠶᠢᠨ | ᠬᠠᠮᠲᠤ ᠨᠢᠭᠤᠴᠠ ᠳᠤ ᠬᠤᠯᠪᠣᠭᠳᠠᠬᠤ ᠠᠭᠤᠯᠭ᠎ᠠ ᠶᠢ ᠬᠠᠰᠤᠭᠰᠠᠨ ᠤ ᠳᠠᠷᠠᠭ᠎ᠠ ᠢᠯᠡ ᠪᠣᠯᠭᠠᠬᠤ ᠬᠡᠷᠡᠭᠲᠡᠶ᠃ | ᠨᠠᠶ᠋ᠮᠠᠳᠤᠭᠠᠷ ᠵᠦᠢᠯ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠰᠢᠶᠠᠩ ᠪᠠᠯᠭᠠᠰᠤ ᠵᠡᠭᠡᠯᠢ | ᠭᠤᠳᠤᠮᠵᠢ᠂ ᠡᠯ᠎ᠡ ᠰᠠᠯᠠᠭ᠎ᠠ ᠮᠥᠴᠢᠷ ︵ᠨᠢᠭᠡᠴᠡ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠵᠦᠭᠯᠡᠭᠦᠷ ᠪᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ ᠢ ᠨᠠᠶᠢᠷᠠᠭᠤᠯᠤᠨ ᠵᠣᠬᠢᠶᠠᠵᠤ | ᠨᠡᠶᠢᠲᠡᠯᠡᠬᠦ ᠶᠢᠨ ᠬᠠᠮᠲᠤ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠲᠤ ᠵᠠᠰᠠᠭ ᠤᠨ ᠣᠷᠳᠣᠨ ᠤ ᠮᠡᠳᠡᠭᠡ | ᠵᠠᠩᠭᠢ ᠶᠢᠨ ᠲᠥᠷᠥᠯ ᠠᠩᠭᠢᠯᠠᠯ᠂ ᠨᠠᠶᠢᠷᠠᠭᠤᠯᠤᠨ ᠵᠢᠭᠰᠠᠭᠠᠬᠤ ᠰᠢᠰᠲ᠋ᠧᠮᠵᠢ᠂ ᠣᠯᠬᠤ ᠠᠷᠭ᠎ᠠ ᠮᠠᠶ᠋ᠢᠭ᠂ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠶᠢᠨ ᠨᠡᠷᠡᠶᠢᠳᠦᠯ᠂ ᠠᠵᠢᠯᠯᠠᠬᠤ ᠬᠠᠶᠢᠭ᠂ | ᠠᠵᠢᠯᠯᠠᠬᠤ ᠴᠠᠭ᠂ ᠬᠠᠷᠢᠯᠴᠠᠬᠤ ᠤᠲᠠᠰᠤ᠂ ᠹᠠᠺᠰ ᠤᠨ ᠨᠣᠮᠧᠷ᠂ ᠡᠯᠧᠺᠲᠷᠣᠨ ᠰᠢᠦᠳᠠᠨ ᠬᠠᠶᠢᠷᠴᠠᠭ ᠵᠡᠷᠭᠡ | ᠠᠭᠤᠯᠭ᠎ᠠ ᠶᠢ ᠪᠠᠭᠲᠠᠭᠠᠬᠤ ᠬᠡᠷᠡᠭᠲᠡᠶ᠃ | ᠶᠢᠰᠦᠳᠦᠭᠡᠷ ᠵᠦᠢᠯ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ | ᠬᠡᠷᠡᠭ ᠶᠠᠪᠤᠳᠠᠯ ᠤᠨ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠪᠣᠯᠤᠨ ᠠᠷᠠᠳ ᠣᠯᠠᠨ ᠤ ᠠᠰᠢᠭ | ᠲᠤᠰᠠ ᠯᠤᠭ᠎ᠠ ᠨᠢᠭᠲᠠ ᠬᠤᠯᠪᠣᠭ᠎ᠠ ᠲᠠᠢ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠶ᠋ᠯᠡᠰ ᠤᠨ | ᠨᠢᠭᠡᠴᠡ ᠨᠦᠭᠦᠳ ︽ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠤᠯᠤᠰ ᠤᠨ ᠨᠢᠭᠤᠴᠠ᠂ | ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠦᠭᠡᠶ ᠯᠡ ᠶᠤᠮ ᠪᠣᠯ ᠴᠥᠮ | ᠲᠣᠭᠲᠠᠭᠠᠯ ᠪᠤᠶᠤ ᠵᠣᠬᠢᠰᠲᠠᠶ ᠠᠷᠭ᠎ᠠ ᠮᠠᠶ᠋ᠢᠭ ᠢᠶᠠᠷ ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ᠂ ᠢᠯᠠᠩᠭᠤᠶ᠎ᠠ ᠣᠯᠠᠨ | ᠲᠦᠮᠡᠨ ᠵᠢᠴᠢ ᠠᠵᠤ ᠠᠬᠤᠶᠢᠯᠠᠯ ᠤᠨ ᠲᠤᠰᠬᠠᠯ ᠢᠶᠠᠷ ᠬᠠᠮᠤᠭ ᠤᠨ ᠴᠢᠩᠭ᠎ᠠ᠂ ᠬᠠᠮᠤᠭ ᠤᠨ ᠰᠡᠳᠬᠢᠯ ᠲᠠᠯᠪᠢᠵᠤ | ᠪᠠᠶᠢᠭ᠎ᠠ᠂ ᠨᠡᠶᠢᠭᠡᠮ ᠳᠤ ᠬᠠᠮᠤᠭ ᠤᠨ ᠰᠡᠷᠭᠡᠭ᠂ ᠬᠠᠮᠤᠭ ᠤᠨ ᠠᠮᠠᠷᠬᠠᠨ ᠵᠥᠷᠢᠴᠡᠯ ᠡᠭᠦᠰᠭᠡᠬᠦ ᠠᠰᠠᠭᠤᠳᠠᠯ ᠢ ᠢᠯᠡ | ᠪᠣᠯᠭᠠᠬᠤ ᠪᠠᠷ ᠭᠤᠣᠯᠳᠠᠯᠭ᠎ᠠ ᠪᠣᠯᠭᠠᠵᠤ᠂ ᠴᠠᠭ ᠲᠤᠬᠠᠶ ᠳᠤᠨᠢ᠂ ᠪᠦᠬᠦ ᠲᠠᠯ᠎ᠠ ᠪᠠᠷ᠂ ᠪᠦᠲᠦᠮᠵᠢᠲᠡᠶ ᠪᠠᠷ ᠢᠯᠡ | ᠪᠣᠯᠭᠠᠬᠤ ᠬᠡᠷᠡᠭᠲᠡᠶ᠃ | ᠠᠷᠪᠠᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ | ᠴᠢᠬᠤᠯᠠ ᠶᠡᠭᠡ ᠠᠰᠢᠭ ᠲᠤᠰᠠ ᠳᠤ ᠬᠤᠯᠪᠣᠭᠳᠠᠭᠰᠠᠨ᠂ ᠡᠰᠡᠬᠦᠯ᠎ᠡ ᠴᠢᠬᠤᠯᠠ ᠶᠡᠭᠡ ᠨᠡᠶᠢᠭᠡᠮ ᠤᠨ ᠨᠥᠯᠥᠭᠡ ᠲᠠᠢ | ᠵᠦᠢᠯᠡᠰ ᠢ ᠵᠢᠩᠬᠢᠨᠢ ᠪᠠᠷ ᠢᠯᠡ ᠪᠣᠯᠭᠠᠬᠤ ᠠᠴᠠ ᠡᠮᠦᠨ᠎ᠡ ᠬᠢᠨᠠᠨ ᠪᠠᠶᠢᠴᠠᠭᠠᠵᠤ ᠬᠢᠨᠠᠨ ᠬᠠᠷᠭᠤᠭᠤᠯᠬᠤ ᠬᠡᠷᠡᠭᠲᠡᠢ᠃ | ᠲᠤᠭᠤᠷᠪᠢᠨ ᠪᠢᠴᠢᠬᠦ ᠪᠠᠶᠢᠭᠤᠯᠭ᠎ᠠ ᠪᠤᠶᠤ ᠲᠣᠭᠲᠠᠭᠠᠯ ᠭᠠᠷᠭᠠᠬᠤ ᠪᠠᠶᠢᠭᠤᠯᠭ᠎ᠠ ᠲᠥᠰᠦᠯ ᠢ ᠨᠡᠶᠢᠭᠡᠮ ᠳᠤ ᠢᠯᠡ | ᠪᠣᠯᠭᠠᠵᠤ᠂ ᠣᠯᠠᠨ ᠨᠡᠶᠢᠲᠡ ᠶᠢᠨ ᠰᠠᠨᠠᠯ ᠢ ᠭᠦᠢᠴᠡᠳ ᠰᠣᠨᠣᠰᠤᠭᠰᠠᠨ ᠤ ᠳᠠᠷᠠᠭ᠎ᠠ ᠲᠣᠭᠲᠠᠭᠠᠯ ᠭᠠᠷᠭᠠᠬᠤ ᠬᠡᠷᠡᠭᠲᠡᠢ᠃ | | ᠠᠷᠪᠠᠨ ᠨᠢᠭᠡᠳᠦᠭᠡᠷ ᠵᠦᠢᠯ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ | ᠪᠣᠯᠭᠠᠬᠤ ᠶᠢᠨ ᠳᠡᠰ ᠳᠠᠷᠠᠭᠠᠯᠠᠯ ᠪᠣᠯ᠄ | 1 . ᠬᠢᠨᠠᠨ ᠬᠠᠷᠭᠤᠭᠤᠯᠬᠤ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠨᠢ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠᠷ ᠪᠠᠶᠢᠭ᠎ᠠ ᠮᠡᠳᠡᠭᠡ ᠵᠠᠩᠭᠢ ᠶᠢ ᠴᠢᠬᠤᠯᠠ ᠴᠢᠨᠠᠷ᠂ ᠣᠨᠣᠪᠴᠢᠲᠤ ᠴᠢᠨᠠᠷ | ᠂ ᠵᠢᠷᠤᠮᠵᠢᠯᠳᠤ ᠴᠢᠨᠠᠷ ᠵᠡᠷᠭᠡ ᠲᠠᠯ᠎ᠠ ᠪᠠᠷ ᠬᠢᠨᠠᠨ ᠬᠠᠷᠭᠤᠭᠤᠯᠬᠤ ᠶᠢᠨ ᠬᠠᠮᠲᠤ᠂ ᠨᠢᠭᠤᠴᠠ ᠶᠢ ᠬᠠᠮᠠᠭᠠᠯᠠᠬᠤ ᠬᠢᠨᠠᠨ | ᠪᠠᠶᠢᠴᠠᠭᠠᠯᠲᠠ ᠬᠢᠬᠦ ᠬᠡᠷᠡᠭᠲᠡᠶ︔ ᠢᠯᠡ ᠪᠣᠯᠭᠠᠭᠰᠠᠨ ᠵᠦᠢᠯᠡᠰ ᠨᠢ ᠤᠯᠤᠰ ᠤᠨ ᠨᠢᠭᠤᠴᠠ ᠳᠤ ᠲᠣᠭᠠᠴᠠᠭᠳᠠᠬᠤ ᠡᠰᠡᠬᠦ | ᠪᠤᠶᠤ ᠶᠠᠮᠠᠷ ᠵᠦᠢᠯ ᠤᠨ ᠨᠢᠭᠤᠴᠠ ᠶᠢᠨ ᠲᠡᠰ ᠲᠤ ᠲᠣᠭᠠᠴᠠᠭᠳᠠᠬᠤ ᠨᠢ ᠲᠣᠳᠣᠷᠬᠠᠢ ᠦᠭᠡᠢ ᠪᠠᠶᠢᠪᠠᠯ᠂ ᠨᠢᠭᠤᠴᠠ ᠶᠢ | ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ | ᠲᠣᠭᠲᠠᠭᠠᠯᠭᠠᠬᠤ ᠬᠡᠷᠡᠭᠲᠡᠢ᠃ ᠨᠢᠭᠤᠴᠠ ᠶᠢ ᠬᠠᠮᠠᠭᠠᠯᠠᠬᠤ ᠬᠡᠪᠴᠢᠶᠡᠨ ᠳᠤ ᠪᠠᠭᠲᠠᠬᠤ ᠦᠭᠡᠢ ᠪᠠᠶᠢᠪᠠᠯ᠂ ᠲᠡᠭᠦᠨ ᠢ | ᠭᠤᠷᠪᠠᠳᠠᠬᠢ ᠡᠲᠡᠭᠡᠳ ᠢᠶᠠᠷ ᠵᠥᠪᠰᠢᠶᠡᠷᠡᠭᠦᠯᠬᠦ ᠴᠢᠬᠤᠯᠠᠲᠠᠢ ᠡᠰᠡᠬᠦ ᠶᠢ ᠲᠣᠭᠲᠠᠭᠠᠨ᠎ᠠ᠂ ᠭᠤᠷᠪᠠᠳᠠᠬᠢ ᠡᠲᠡᠭᠡᠳ ᠠᠴᠠ | ᠰᠠᠨᠠᠯ ᠬᠤᠷᠢᠶᠠᠬᠤ ᠭᠡᠪᠡᠯ᠂ ᠰᠠᠨᠠᠯ ᠬᠤᠷᠢᠶᠠᠬᠤ ᠪᠠᠷ ᠳᠠᠮᠵᠢᠨ᠂ ᠭᠤᠷᠪᠠᠳᠠᠬᠢ ᠡᠲᠡᠭᠡᠳ ᠢᠯᠡ ᠪᠣᠯᠭᠠᠬᠤ ᠶᠢ | ᠵᠥᠪᠰᠢᠶᠡᠷᠡᠬᠦ ᠦᠭᠡᠢ ᠪᠣᠯ ᠢᠯᠡ ᠪᠣᠯᠭᠠᠵᠤ ᠪᠣᠯᠬᠤ ᠦᠭᠡᠢ︔ ᠢᠯᠡ ᠪᠣᠯᠭᠠᠬᠤ ᠶᠢ ᠵᠥᠪᠰᠢᠶᠡᠷᠡᠭᠰᠡᠨ ᠪᠠᠶᠢᠪᠠᠯ | ᠪᠤᠰᠤᠳ ᠰᠠᠯᠠᠭ᠎ᠠ ᠮᠥᠴᠢᠷ ᠯᠦᠭᠡ ᠵᠣᠬᠢᠴᠠᠭᠤᠯᠬᠤ ᠪᠠ ᠵᠣᠬᠢᠴᠠᠭᠤᠯᠬᠤ ᠴᠢᠬᠤᠯᠠᠲᠠᠶ ᠪᠠᠶᠢᠪᠠᠯ᠂ ᠵᠣᠬᠢᠴᠠᠭᠤᠯᠤᠭᠰᠠᠨ ᠤ | ᠳᠠᠷᠠᠭ᠎ᠠ ᠢᠯᠡ ᠪᠣᠯᠭᠠᠬᠤ ᠪᠠᠶᠢᠭᠤᠯᠤᠮᠵᠢ ᠨᠢ ᠵᠣᠬᠢᠰᠲᠠᠶ ᠬᠡᠯᠪᠡᠷᠢ ᠪᠠᠷ ᠢᠯᠡ ᠪᠣᠯᠭᠠᠬᠤ ᠪᠠᠷ ᠲᠣᠭᠲᠠᠭᠠᠨ᠎ᠠ᠃ | 2 . ᠬᠢᠨᠠᠨ ᠵᠥᠪᠰᠢᠶᠡᠷᠡᠬᠦ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ | ᠨᠡᠶᠢᠲᠡᠯᠡᠬᠦ ᠪᠠᠷ ᠪᠠᠶᠢᠭ᠎ᠠ ᠮᠡᠳᠡᠭᠡ ᠵᠠᠩᠭᠢ ᠶᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠤᠨ ᠭᠤᠤᠯ | ᠤᠳᠤᠷᠢᠳᠤᠯᠭ᠎ᠠ ᠠᠴᠠ ᠬᠢᠨᠠᠨ ᠵᠥᠪᠰᠢᠶᠡᠷᠡᠵᠦ᠂ ᠴᠢᠬᠤᠯᠠ ᠵᠦᠢᠯ ᠡᠰ ᠢ ᠤᠳᠤᠷᠢᠳᠬᠤ ᠪᠠᠭ ᠠᠴᠠ ᠬᠠᠮᠲᠤ ᠪᠠᠷ | ᠰᠤᠳᠤᠯᠤᠨ ᠲᠣᠭᠲᠠᠭᠠᠨ᠎ᠠ᠃ | 3 . ᠨᠡᠶᠢᠲᠡᠯᠡᠬᠦ᠃ ᠬᠢᠨᠠᠨ ᠵᠥᠪᠰᠢᠶᠡᠷᠡᠵᠦ ᠪᠠᠲᠤᠯᠠᠭᠰᠠᠨ ᠮᠡᠳᠡᠭᠡ ᠵᠠᠩᠭᠢ ᠶᠢ ᠢᠯᠡ ᠨᠡᠶᠢᠲᠡᠯᠡᠨ᠎ᠡ᠃ | 4 . ᠲᠠᠩᠰᠠ ᠡᠪᠬᠡᠮᠡᠯ ᠳᠤ ᠣᠷᠣᠭᠤᠯᠬᠤ᠃ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠵᠢᠯ ᠤᠨ ᠡᠬᠡ ᠲᠠᠩᠰᠠ︾ ᠶᠢ ᠲᠠᠭᠯᠠᠵᠤ᠂ ᠲᠠᠩᠰᠠ ᠡᠪᠬᠡᠮᠡᠯ ᠤᠨ | ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠢᠯᠡ ᠪᠣᠯᠭᠠᠭᠰᠠᠨ ᠬᠤᠯᠪᠣᠭᠳᠠᠯ ᠪᠥᠬᠦᠶ | ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ ᠶᠢᠨ ᠬᠠᠮᠲᠤ ᠲᠣᠬᠢᠲᠠᠶ ᠬᠠᠳᠠᠭᠠᠯᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠬᠠᠷᠢᠶᠠᠯᠠᠭᠳᠠᠬᠤ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠣᠯ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠪᠤᠶ ᠪᠣᠯᠤᠭᠰᠠᠨ | ᠪᠤᠶᠤ ᠬᠤᠪᠢᠷᠠᠭᠤᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠢᠯᠡ ᠪᠣᠯᠭᠠᠬᠤ ᠬᠡᠷᠡᠭᠲᠡᠶ᠃ | ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠬᠤᠭᠤᠴᠠᠭ᠎ᠠ ᠶᠢᠨ ᠲᠤᠬᠠᠶ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠵᠢᠷᠤᠮᠯᠠᠨ᠎ᠠ᠃ | ᠠᠷᠪᠠᠨ ᠭᠤᠷᠪᠠᠳᠤᠭᠠᠷ ᠵᠦᠢᠯ ᠵᠠᠰᠠᠭ ᠤᠨ ᠣᠷᠳᠣᠨ ᠤ ᠮᠡᠳᠡᠭᠡ ᠵᠠᠩᠭᠢ ᠪᠠ ᠬᠡᠷᠡᠭ ᠰᠢᠢᠳᠪᠦᠷᠢᠯᠡᠬᠦ ᠮᠡᠳᠡᠭᠡ | ᠵᠠᠩᠭᠢ ᠶᠢ ᠢᠯᠡ ᠪᠣᠯᠭᠠᠬᠤ ᠳᠤ ᠳᠣᠤᠷᠠᠬᠢ ᠮᠡᠲᠦ ᠵᠠᠰᠠᠭ ᠵᠠᠬᠢᠷᠭᠠᠨ ᠤ ᠡᠷᠬᠡ ᠪᠠ ᠭᠦᠶ᠋ᠴᠡᠳᠬᠡᠬᠦ ᠵᠦᠢᠯ ᠡᠰ ᠤᠨ | ᠣᠨᠴᠠᠯᠢᠭ ᠲᠤ ᠨᠡᠶᠢᠴᠡᠭᠰᠡᠨ ᠨᠢᠭᠡ ᠵᠦᠢᠯ ᠪᠤᠶᠤ ᠬᠡᠳᠦᠨ ᠵᠦᠢᠯ ᠤᠨ ᠬᠡᠯᠪᠡᠷᠢ ᠶᠢ ᠠᠪᠴᠤ ᠢᠯᠡ ᠪᠣᠯᠭᠠᠬᠤ ᠬᠡᠷᠡᠭᠲᠡᠶ | ᠄᠃ | 1 . ᠰᠦᠯᠵᠢᠶ᠎ᠡ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠵᠠᠭᠤᠴᠢᠯᠠᠭᠤᠷ︔ | 2 . ᠣᠯᠠᠨ ᠨᠡᠶᠢᠲᠡ ᠶᠢᠨ ᠪᠠᠶᠢᠴᠠᠭᠠᠨ ᠦᠵᠡᠬᠦ ᠲᠠᠰᠤᠭ᠂ ᠮᠠᠲ᠋ᠧᠷᠢᠶᠠᠯ ᠠᠪᠬᠤ ᠭᠠᠵᠠᠷ᠂ ᠲᠠᠩᠰᠠ | ᠡᠪᠬᠡᠮᠡᠯ ᠤᠨ ᠰᠠᠩ᠂ ᠣᠯᠠᠨ ᠨᠡᠶᠢᠲᠡ ᠶᠢᠨ ᠨᠣᠮ ᠤᠨ ᠰᠠᠩ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠪᠤᠯᠤᠩ᠂ ᠡᠯᠧᠺᠲᠷᠣᠨ ᠳᠡᠯᠭᠡᠴᠡ᠂ ᠡᠯᠧᠺᠲᠷᠣᠨ ᠬᠦᠷᠦᠯᠴᠡᠬᠦ ᠳᠡᠯᠭᠡᠴᠡ ᠵᠡᠷᠭᠡ ᠲᠠᠯᠠᠪᠤᠷ ᠪᠤᠶᠤ | ᠪᠡᠯᠡᠳᠬᠡᠮᠵᠢ︔ | 3 . ᠰᠣᠨᠢᠨ ᠮᠡᠳᠡᠭᠡ ᠨᠡᠶᠢᠲᠡᠯᠡᠬᠦ ᠬᠤᠷᠠᠯ︔ | 4 . ᠣᠯᠠᠨ ᠨᠡᠶᠢᠲᠡ ᠶᠢᠨ ᠴᠠᠭ ᠲᠤᠬᠠᠶ ᠳᠤᠨᠢ ᠣᠨᠣᠪᠴᠢᠲᠠᠶ ᠮᠡᠳᠡᠭᠡ ᠵᠠᠩᠭᠢ ᠤᠯᠬᠤ ᠳᠤ ᠲᠥᠬᠦᠮ | ᠦᠵᠡᠭᠦᠯᠬᠦ ᠪᠤᠰᠤᠳ ᠬᠡᠯᠪᠡᠷᠢ᠃ | ᠠᠷᠪᠠᠨ ᠳᠥᠷᠪᠡᠳᠦᠭᠡᠷ ᠵᠦᠢᠯ ᠢᠯᠡ ᠪᠣᠯᠭᠠᠬᠤ ᠬᠦᠷᠢᠶ᠎ᠡ ᠬᠡᠪᠴᠢᠶ᠎ᠡ ᠶᠢ ᠵᠠᠰᠠᠭ ᠵᠠᠬᠢᠷᠭᠠᠨ ᠤ ᠡᠷᠬᠡ ᠪᠠ | ᠭᠦᠶ᠋ᠴᠡᠳᠬᠡᠬᠦ ᠵᠦᠢᠯ ᠡᠰ ᠤᠨ ᠬᠦᠷᠢᠶ᠎ᠡ ᠬᠡᠪᠴᠢᠶ᠎ᠡ ᠯᠦᠭᠡ ᠨᠢᠭᠡᠳᠦᠯᠲᠡᠶ ᠪᠠᠶᠢᠯᠭᠠᠬᠤ ᠬᠡᠷᠡᠭᠲᠡᠶ᠃ ᠤᠳᠤᠷᠢᠳᠬᠤ ᠪᠠᠭ | ᠪᠤᠶᠤ ᠨᠢᠭᠡᠴᠡ ᠶᠢᠨ ᠠᠵᠢᠯᠲᠠᠨ ᠳᠤ ᠪᠠᠶᠢᠳᠠᠯ ᠢ ᠮᠡᠳᠡᠭᠦᠯᠬᠦ ᠬᠡᠷᠡᠭᠲᠡᠶ ᠶᠢ ᠨᠢ ᠤᠳᠤᠷᠢᠳᠬᠤ ᠪᠠᠭ ᠪᠤᠶᠤ ᠨᠢᠭᠡᠴᠡ ᠶᠢᠨ | ᠳᠣᠲᠣᠭᠠᠳᠤ ᠳᠠᠭᠠᠨ ᠢᠯᠡ ᠪᠣᠯᠭᠠᠬᠤ ᠬᠡᠷᠡᠭᠲᠡᠶ︔ ᠬᠡᠰᠡᠭ ᠬᠥᠮᠦᠨ ᠪᠠ ᠬᠡᠷᠡᠭ ᠲᠤ ᠬᠤᠯᠪᠣᠭᠳᠠᠭᠰᠠᠨ ᠪᠠᠶᠢᠪᠠᠯ᠂ | ᠵᠣᠬᠢᠬᠤ ᠬᠡᠪᠴᠢᠶᠡᠨ ᠳᠣᠲᠣᠷ᠎ᠠ ᠢᠯᠡ ᠪᠣᠯᠭᠠᠬᠤ ᠪᠤᠶᠤ ᠲᠤᠬᠠᠢ ᠶᠢᠨ ᠬᠥᠮᠦᠨ ᠤ ᠭᠤᠶᠤᠴᠢᠯᠠᠯ ᠢᠶᠠᠷ ᠲᠣᠭᠲᠠᠭᠠᠭᠰᠠᠨ | ᠵᠢᠷᠤᠮ ᠶᠣᠰᠣᠭᠠᠷ ᠢᠯᠡ ᠪᠣᠯᠭᠠᠬᠤ ᠬᠡᠷᠡᠭᠲᠡᠢ︔ ᠪᠦᠬᠦ ᠨᠡᠶᠢᠭᠡᠮ ᠳᠤ ᠪᠠᠶᠢᠳᠠᠯ ᠢ ᠮᠡᠳᠡᠭᠦᠯᠬᠦ ᠶᠣᠰᠣᠲᠠᠶ ᠪᠦᠬᠦᠨ ᠢ | ᠴᠠᠭ ᠲᠤᠬᠠᠶ ᠳᠤᠨᠢ ᠪᠦᠬᠦ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ | ᠪᠠᠶᠢᠭᠤᠯᠤᠯᠲᠠ ᠲᠤᠰ ᠪᠡᠶ᠎ᠡ ᠶᠢᠨ ᠦᠶ᠋ᠯᠡᠳᠪᠦᠷᠢᠯᠡᠯ᠂ ᠠᠮᠢᠳᠤᠷᠠᠯ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ | ᠬᠡᠷᠡᠭᠴᠡᠭᠡ ᠠᠴᠠ ᠪᠣᠯᠵᠤ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠣᠷᠣᠭᠤᠯᠤᠭᠰᠠᠨ ᠦᠭᠡᠶ | ᠵᠠᠰᠠᠭ ᠤᠨ ᠣᠷᠳᠣᠨ ᠤ ᠪᠤᠰᠤᠳ ᠮᠡᠳᠡᠭᠡ ᠵᠠᠩᠭᠢ ᠶᠢ ᠭᠤᠶᠤᠴᠢᠯᠠᠨ ᠣᠯᠬᠤ ᠡᠷᠬᠡ ᠲᠠᠢ᠃ | ᠠᠷᠪᠠᠨ ᠵᠢᠷᠭᠤᠳᠤᠭᠠᠷ ᠵᠦᠢᠯ ᠭᠤᠶᠤᠴᠢᠯᠠᠯ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠶᠢ ᠭᠦᠶ᠋ᠴᠡᠳᠬᠡᠬᠦ ᠳᠤ᠂ ︽ᠬᠡᠨ ᠬᠢᠨᠠᠭᠰᠠᠨ ᠪᠣᠯ ᠲᠡᠷᠡ ᠬᠠᠷᠢᠭᠤᠴᠠᠬᠤ︾ ᠵᠠᠷᠴᠢᠮ ᠤᠨ ᠶᠣᠰᠣᠭᠠᠷ | ᠬᠡᠷᠡᠭᠵᠢᠭᠦᠯᠦᠨ᠎ᠡ᠃ | ᠠᠷᠪᠠᠨ ᠳᠣᠯᠣᠳᠤᠭᠠᠷ ᠵᠦᠢᠯ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠳ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠴᠠᠭ ᠲᠤᠬᠠᠶ ᠳᠤᠨᠢ᠂ ᠲᠣᠬᠢᠲᠠᠶ | ᠰᠢᠶ᠋ᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠭᠤᠶᠤᠴᠢᠯᠠᠭᠴᠢ ᠶᠢᠨ ᠭᠤᠶᠤᠴᠢᠯᠠᠭᠰᠠᠨ ᠢᠯᠡ ᠪᠣᠯᠭᠠᠬᠤ ᠠᠭᠤᠯᠭ᠎ᠠ ᠨᠢ ᠬᠠᠤᠯᠢ ᠶᠣᠰᠣᠭᠠᠷ ᠢᠯᠡ ᠪᠣᠯᠭᠠᠬᠤ | ᠶᠣᠰᠣᠲᠠᠶ ᠪᠠᠶᠢᠪᠠᠯ᠂ ᠭᠤᠶᠤᠴᠢᠯᠠᠭᠴᠢ ᠶᠢᠨ ᠱᠠᠭᠠᠷᠳᠠᠯᠭ᠎ᠠ ᠶᠣᠰᠣᠭᠠᠷ ᠲᠣᠭᠲᠠᠭᠰᠠᠨ ᠴᠠᠭ ᠤᠨ ᠳᠣᠲᠣᠷ᠎ᠠ | ᠬᠠᠷᠢᠭᠤᠯᠲᠠ ᠥᠭᠬᠦ ᠪᠤᠶᠤ ᠬᠡᠷᠡᠭᠰᠡᠬᠦ ᠮᠡᠳᠡᠭᠡ ᠵᠠᠩᠭᠢ ᠶᠢ ᠬᠠᠩᠭᠠᠬᠤ ᠬᠡᠷᠡᠭᠲᠡᠶ᠃ ᠭᠤᠶᠤᠴᠢᠯᠠᠭᠴᠢ ᠶᠢᠨ | ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ | ᠪᠣᠯᠤᠨ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠵᠢᠴᠢ ᠢᠯᠡ ᠪᠣᠯᠭᠠᠭᠰᠠᠨ ᠤ ᠳᠠᠷᠠᠭ᠎ᠠ ᠤᠯᠤᠰ ᠤᠨ ᠠᠮᠤᠷ | ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠵᠤ ᠠᠬᠤᠶ ᠶᠢᠨ ᠠᠮᠤᠷ ᠲᠦᠪᠰᠢᠨ ᠪᠣᠯᠤᠨ ᠨᠡᠶᠢᠭᠡᠮ ᠤᠨ | ᠲᠣᠭᠲᠠᠭᠤᠨ ᠢ ᠰᠦᠷᠳᠡᠭᠦᠯᠵᠦ ᠮᠡᠳᠡᠬᠦ ᠳᠤ ᠬᠦᠷᠪᠡᠯ᠂ ︽ᠳᠦᠷᠢᠮ︾ ᠤᠨ ᠲᠣᠭᠲᠠᠭᠠᠯ ᠶᠣᠰᠣᠭᠠᠷ ᠬᠠᠩᠭᠠᠬᠤ ᠦᠭᠡᠶ | ᠪᠠᠶᠢᠵᠤ᠂ ᠭᠤᠶᠤᠴᠢᠯᠠᠭᠴᠢ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠡᠪᠴᠢᠶᠡᠨ ᠳᠤ | ᠬᠠᠷᠢᠶᠠᠯᠠᠭᠳᠠᠬᠤ ᠦᠭᠡᠶ ᠭᠡᠳᠡᠭ ᠢ ᠮᠡᠳᠡᠭᠳᠡᠨ᠎ᠡ᠃ | ᠠᠷᠪᠠᠨ ᠨᠠᠶ᠋ᠮᠠᠳᠤᠭᠠᠷ ᠵᠦᠢᠯ ᠭᠤᠶᠤᠴᠢᠯᠠᠯ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠶᠢᠨ ᠭᠦᠢᠴᠡᠳᠬᠡᠬᠦ ᠳᠡᠰ ᠳᠠᠷᠠᠭᠠᠯᠠᠯ᠄ | 1 . ᠳᠠᠩᠰᠠᠯᠠᠬᠤ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠨᠢ | ᠭᠤᠶᠤᠴᠢᠯᠠᠭᠴᠢ ᠶᠢᠨ ᠭᠤᠶᠤᠴᠢᠯᠠᠯ ᠢ ᠣᠯᠤᠭᠰᠠᠨ ᠤ ᠳᠠᠷᠠᠭ᠎ᠠ᠂ ᠭᠤᠶᠤᠴᠢᠯᠠᠭᠴᠢ ᠠᠴᠠ ︽ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠵᠤ᠂ ᠡᠯ᠎ᠡ ᠰᠢᠶᠠᠩ ᠪᠠᠯᠭᠠᠰᠤ | ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠠᠴᠠ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠭᠤᠶᠤᠴᠢᠯᠠᠯ ᠢ ᠭᠥᠯᠢᠶᠡᠨ ᠠᠪᠴᠤ ᠰᠢᠶ᠋ᠳᠪᠦᠷᠢᠯᠡᠬᠦ ᠮᠡᠳᠡᠭᠳᠡᠯ ᠤᠨ ᠪᠢᠴᠢᠭ︾ ᠢ ᠲᠠᠭᠯᠠᠨ᠎ᠠ᠃ | 2 . ᠬᠢᠨᠠᠨ ᠬᠠᠷᠭᠤᠭᠤᠯᠬᠤ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠨᠢ | ᠭᠤᠶᠤᠴᠢᠯᠠᠯ ᠶᠣᠰᠣᠭᠠᠷ ᠢᠯᠡ ᠪᠣᠯᠭᠠᠬᠤ ᠮᠡᠳᠡᠭᠡ ᠵᠠᠩᠭᠢ ᠶᠢ ᠴᠢᠬᠤᠯᠠ ᠪᠥᠬᠦᠶ ᠴᠢᠨᠠᠷ᠂ ᠣᠨᠣᠪᠴᠢᠲᠤ ᠴᠢᠨᠠᠷ᠂ | ᠵᠢᠷᠤᠮᠵᠢᠯᠳᠤ ᠴᠢᠨᠠᠷ ᠵᠡᠷᠭᠡ ᠲᠠᠯ᠎ᠠ ᠪᠠᠷ ᠬᠢᠨᠠᠨ ᠬᠠᠷᠭᠤᠭᠤᠯᠬᠤ ᠶᠢᠨ ᠬᠠᠮᠲᠤ᠂ ᠨᠢᠭᠤᠴᠠ ᠶᠢ ᠬᠠᠮᠠᠭᠠᠯᠠᠬᠤ ᠬᠢᠨᠠᠨ | ᠪᠠᠶᠢᠴᠠᠭᠠᠯᠲᠠ ᠬᠢᠵᠦ᠂ ᠢᠯᠡ ᠪᠣᠯᠭᠠᠬᠤ ᠵᠦᠢᠯ ᠡᠰ ᠨᠢ ᠤᠯᠤᠰ ᠤᠨ ᠨᠢᠭᠤᠴᠠ ᠳᠤ ᠬᠠᠷᠢᠶᠠᠯᠠᠭᠳᠠᠬᠤ ᠡᠰᠡᠬᠦ ᠪᠤᠶᠤ | ᠶᠠᠮᠠᠷ ᠨᠢᠭᠤᠴᠠ ᠶᠢᠨ ᠲᠠᠰ ᠲᠤ ᠬᠠᠷᠢᠶᠠᠯᠠᠭᠳᠠᠬᠤ ᠨᠢ ᠲᠣᠳᠣᠷᠬᠠᠶ ᠥᠬᠡᠶ ᠪᠠᠶᠢᠪᠠᠯ᠂ ᠨᠢᠭᠤᠴᠠ ᠶᠢ ᠬᠠᠮᠠᠭᠠᠯᠠᠬᠤ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠲᠣᠭᠲᠠᠭᠠᠬᠤ ᠬᠡᠷᠡᠭᠲᠡᠶ᠃ | 3 . ᠬᠢᠨᠠᠨ ᠵᠥᠪᠰᠢᠶᠡᠷᠡᠬᠦ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠳ | ᠭᠤᠶᠤᠴᠢᠯᠠᠯ ᠢᠶᠠᠷ ᠢᠯᠡ ᠪᠣᠯᠭᠠᠬᠤ ᠮᠡᠳᠡᠭᠡ ᠵᠠᠩᠭᠢ ᠶᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠭᠤᠣᠯ | ᠤᠳᠤᠷᠢᠳᠤᠯᠭ᠎ᠠ ᠠᠴᠠ ᠬᠢᠨᠠᠨ ᠵᠥᠪᠰᠢᠶᠡᠷᠡᠵᠦ᠂ ᠴᠢᠬᠤᠯᠠ ᠵᠦᠢᠯᠡᠰ ᠢ ᠤᠳᠤᠷᠢᠳᠬᠤ ᠪᠠᠭ ᠠᠴᠠ ᠬᠠᠮᠲᠤ ᠪᠠᠷ | ᠰᠤᠳᠤᠯᠤᠨ ᠲᠣᠭᠲᠠᠭᠠᠬᠤ ᠬᠡᠷᠡᠭᠲᠡᠶ᠃ | 4 . ᠬᠠᠷᠢᠭᠤᠯᠲᠠ ᠥᠭᠬᠦ᠃ ᠬᠢᠨᠠᠨ ᠵᠥᠪᠰᠢᠶᠡᠷᠡᠭᠰᠡᠨ ᠦᠷ᠎ᠡ ᠳ᠋ᠦᠩ ᠶᠣᠰᠣᠭᠠᠷ ︽ᠭᠤᠶᠤᠴᠢᠯᠠᠯ ᠶᠣᠰᠣᠭᠠᠷ | ᠢᠯᠡ ᠪᠣᠯᠭᠠᠬᠤ ᠮᠡᠳᠡᠭᠡ ᠵᠠᠩᠭᠢ ᠶᠢᠨ ᠬᠠᠷᠢᠭᠤ ᠥᠭᠬᠦ ᠪᠢᠴᠢᠭ︾ ᠢ ᠲᠠᠭᠯᠠᠵᠤ ᠭᠤᠶᠤᠴᠢᠯᠠᠭᠴᠢ ᠳᠤ ᠬᠠᠷᠢᠭᠤ | ᠥᠭᠭᠦᠨ᠎ᠡ᠃ ᠬᠤᠶᠢᠰᠢᠯᠠᠭᠤᠯᠤᠨ ᠬᠠᠷᠢᠭᠤᠯᠲᠠ ᠥᠭᠬᠦ ᠴᠢᠬᠤᠯᠠᠲᠠᠶ ᠪᠠᠶᠢᠪᠠᠯ᠂ ︽ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠬᠤᠶᠢᠰᠢᠯᠠᠭᠤᠯᠤᠨ ᠬᠠᠷᠢᠭᠤ ᠥᠭᠬᠦ ᠮᠡᠳᠡᠭᠳᠡᠯ ᠤᠨ ᠪᠢᠴᠢᠭ︾ ᠢ ᠲᠠᠭᠯᠠᠨ᠎ᠠ᠃ | 5 . ᠲᠠᠩᠰᠠ ᠡᠪᠬᠡᠮᠡᠯ ᠳᠤ ᠣᠷᠣᠭᠤᠯᠬᠤ᠃ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ | ᠭᠤᠶᠤᠴᠢᠯᠠᠯ ᠢᠶᠠᠷ ᠢᠯᠡ ᠪᠣᠯᠭᠠᠬᠤ ᠡᠬᠡ ᠲᠠᠩᠰᠠ︾ ᠶᠢ ᠲᠠᠭᠯᠠᠵᠤ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ | ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠢᠯᠡ ᠪᠣᠯᠭᠠᠭᠰᠠᠨ ᠬᠤᠯᠪᠣᠭᠳᠠᠯ ᠪᠥᠬᠦᠶ ᠮᠠᠲ᠋ᠧᠷᠢᠶᠠᠯ ᠢ ᠲᠠᠩᠰᠠ | ᠡᠪᠬᠡᠮᠡᠯ ᠳᠤ ᠣᠷᠣᠭᠤᠯᠬᠤ ᠶᠢᠨ ᠬᠠᠮᠲᠤ ᠲᠣᠬᠢᠲᠠᠶ ᠬᠠᠳᠠᠭᠠᠯᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠤᠯᠭ᠎ᠠ ᠲᠡᠷᠡ ᠳᠠᠷᠤᠶ ᠳᠤᠨᠢ ᠬᠠᠷᠢᠭᠤᠯᠲᠠ ᠥᠭᠴᠦ | ᠳᠡᠶᠢᠯᠬᠦ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠲᠡᠷᠡ ᠳᠠᠷᠤᠶ ᠳᠤᠨᠢ ᠬᠠᠷᠢᠭᠤᠯᠲᠠ ᠥᠭᠬᠦ ᠬᠡᠷᠡᠭᠲᠡᠶ᠃ ᠲᠡᠷᠡ | ᠳᠠᠷᠤᠶ ᠳᠤᠨᠢ ᠬᠠᠷᠢᠭᠤᠯᠲᠠ ᠥᠭᠴᠦ ᠳᠡᠶᠢᠯᠬᠦ ᠥᠬᠡᠶ ᠪᠣᠯ ᠭᠤᠶᠤᠴᠢᠯᠠᠯ ᠢ ᠭᠥᠯᠢᠶᠡᠨ ᠠᠪᠤᠭᠰᠠᠨ ᠡᠳᠦᠷ ᠠᠴᠠ | ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠬᠦ ᠬᠡᠷᠡᠭᠲᠡᠶ︔ ᠬᠡᠷᠪᠡ ᠬᠠᠷᠢᠭᠤ ᠥᠭᠬᠦ | ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ ᠪᠣᠯ᠂ ᠲᠤᠰ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠠᠷᠢᠭᠤᠴᠠᠯᠭᠠᠲᠠᠨ ᠢᠶᠠᠷ | ᠵᠥᠪᠰᠢᠶᠡᠷᠡᠭᠦᠯᠦᠭᠡᠳ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠤᠶᠢᠰᠢᠯᠠᠭᠤᠯᠤᠨ ᠬᠠᠷᠢᠭᠤ ᠥᠭᠬᠦ | ᠮᠡᠳᠡᠭᠳᠡᠯ ᠤᠨ ᠪᠢᠴᠢᠭ︾ ᠢ ᠲᠠᠭᠯᠠᠬᠤ ᠶᠢᠨ ᠬᠠᠮᠲᠤ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠂ ᠬᠠᠷᠢᠭᠤ ᠥᠭᠬᠦ | ᠬᠤᠭᠤᠴᠠᠭ᠎ᠠ ᠶᠢ ᠤᠷᠲᠤᠳᠬᠠᠬᠤ ᠳᠤ ᠬᠠᠮᠤᠭ ᠤᠷᠲᠤ ᠳᠠᠭᠠᠨ 20 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ | ᠦᠭᠡᠶ᠃ | ᠬᠤᠷᠢᠳᠤᠭᠠᠷ ᠵᠦᠢᠯ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠤᠰᠤ ᠬᠠᠩᠭᠠᠬᠤ᠂ | ᠴᠠᠬᠢᠯᠭᠠᠨ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ᠂ ᠣᠷᠴᠢᠨ ᠠᠬᠤᠢ ᠶᠢᠨ ᠬᠠᠮᠠᠭᠠᠯᠠᠯᠲᠠ᠂ ᠤᠯᠠᠨ | ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠠᠷᠠᠳ ᠤᠯᠠᠨ ᠤ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠤᠯᠠᠨ | ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠡᠶᠢᠭᠡᠮ ᠨᠡᠶᠢᠲᠡ ᠶᠢᠨ ᠦᠢᠯᠡᠴᠢᠯᠡᠭᠡ ᠬᠠᠩᠭᠠᠬᠤ | ᠶᠠᠪᠤᠴᠠ ᠳᠤ ᠦᠢᠯᠡᠳᠦᠭᠰᠡᠨ᠂ ᠣᠯᠤᠭᠰᠠᠨ ᠮᠡᠳᠡᠭᠡ ᠵᠠᠩᠭᠢ ᠪᠠᠨ ᠢᠯᠡ ᠪᠣᠯᠭᠠᠵᠤ᠂ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠬᠤᠷᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠤᠯᠭ᠎ᠠ ᠭᠤᠶᠤᠴᠢᠯᠠᠯ ᠤᠨ ᠶᠣᠰᠣᠭᠠᠷ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠬᠠᠩᠭᠠᠬᠤ ᠳᠠᠭᠠᠨ ᠰᠦᠢᠳᠬᠡᠯ ᠬᠤᠷᠢᠶᠠᠬᠤ ᠦᠭᠡᠶ᠃ ᠭᠡᠪᠡᠴᠦ᠂ | ᠭᠤᠶᠤᠴᠢᠯᠠᠭᠴᠢ ᠶᠢᠨ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠤᠭ᠎ᠠ | ᠬᠡᠮᠵᠢᠶ᠎ᠡ ᠨᠢ᠂ ᠤᠳᠠᠭ᠎ᠠ ᠳᠠᠷᠠᠭ᠎ᠠ ᠨᠢ ᠵᠦᠢ ᠵᠣᠬᠢᠰᠲᠠᠶ ᠬᠡᠪᠴᠢᠶ᠎ᠡ ᠠᠴᠠ ᠢᠯᠡᠷᠬᠡᠶ ᠳᠠᠪᠠᠭᠰᠠᠨ ᠪᠠᠶᠢᠪᠠᠯ᠂ ᠵᠠᠰᠠᠭ | ᠵᠠᠬᠢᠷᠭᠠᠨ ᠤ ᠪᠠᠶᠢᠭᠤᠯᠤᠯᠭ᠎ᠠ ᠮᠡᠳᠡᠭᠡ ᠵᠠᠩᠭᠢ ᠰᠢᠶ᠋ᠳᠪᠦᠷᠢᠯᠡᠬᠦ ᠰᠦᠢᠳᠬᠡᠯ ᠬᠤᠷᠢᠶᠠᠵᠤ ᠪᠣᠯᠤᠨ᠎ᠠ ︵ᠰᠦᠢᠳᠬᠡᠯ | ᠬᠤᠷᠢᠶᠠᠬᠤ ᠪᠠᠷᠢᠮᠵᠢᠶ᠎ᠠ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ | ᠬᠡᠷᠡᠭᠵᠢᠭᠦᠯᠦᠨ᠎ᠡ︶᠃ | ᠬᠤᠷᠢᠨ ᠬᠤᠶᠠᠳᠤᠭᠠᠷ ᠵᠦᠢᠯ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ | ᠴᠢᠩᠭᠠᠳᠬᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠬᠢᠨᠠᠨ ᠰᠢᠯᠭᠠᠬᠤ | ᠠᠷᠭ᠎ᠠ ᠪᠠᠨ ᠲᠡᠭᠦᠯᠳᠡᠷᠵᠢᠭᠦᠯᠵᠦ᠂ ᠬᠢᠨᠠᠨ ᠰᠢᠯᠭᠠᠬᠤ ᠵᠠᠷᠴᠢᠮ᠂ ᠠᠭᠤᠯᠭ᠎ᠠ᠂ ᠪᠠᠷᠢᠮᠵᠢᠶ᠎ᠠ᠂ ᠳᠡᠰ ᠳᠠᠷᠠᠭᠠᠯᠠᠯ ᠪᠣᠯᠤᠨ | ᠠᠷᠭ᠎ᠠ ᠮᠠᠶ᠋ᠢᠭ ᠢᠶᠠᠨ ᠲᠣᠳᠣᠷᠬᠠᠶᠢᠯᠠᠬᠤ ᠬᠡᠷᠡᠭᠲᠡᠶ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠵᠤ᠂ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠤᠮᠳᠠ ︽ᠳᠦᠷᠢᠮ︾ ᠤᠨ | ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠪᠠᠶᠢᠳᠠᠯ ᠢ ᠴᠠᠭ ᠲᠤᠬᠠᠶ ᠳᠤᠨᠢ ᠪᠠᠶᠢᠴᠠᠭᠠᠬᠤ ᠪᠠ ᠬᠠᠤᠯᠢ | ᠶᠣᠰᠣᠭᠠᠷ ᠰᠢᠶ᠋ᠳᠪᠦᠷᠢᠯᠡᠬᠦ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠵᠤ᠂ ᠬᠠᠰᠢ ᠶᠠᠰᠢ ᠪᠠᠷ ᠳᠠᠭᠤᠰᠬᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠦᠢᠯᠡ | ᠠᠵᠢᠯᠯᠠᠭ᠎ᠠ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︔ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠨ | ᠪᠥᠭᠡᠳ ᠮᠠᠭᠤ ᠦᠷ᠎ᠡ ᠳ᠋ᠦᠩ ᠭᠠᠷᠭᠠᠭᠰᠠᠨ ᠪᠣᠯ ᠲᠣᠭᠲᠠᠭᠠᠯ ᠰᠠᠬᠢᠯᠭ᠎ᠠ ᠶᠣᠰᠣᠭᠠᠷ ᠬᠤᠯᠪᠣᠭᠳᠠᠯ ᠪᠦᠬᠦᠢ | ᠤᠳᠤᠷᠢᠳᠬᠤ ᠺᠠᠳ᠋ᠷ ᠪᠣᠯᠤᠨ ᠠᠵᠢᠯᠲᠠᠨ ᠤ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | | | | | | | | | | | ᠁ |