ᠨᠠᠭᠤᠷ ᠪᠠᠷᠠᠳᠠᠭᠰᠠᠨ ᠵᠢᠵᠢᠭ ᠪᠠᠯᠭᠠᠰᠤ ᠰᠠᠨ ᠽᠦᠸᠧ ᠳ᠋ᠢᠶᠠᠨ
ᠨᠡᠶᠢᠲᠡᠯᠡᠭᠰᠡᠨ ᠴᠠᠭ᠄
2021/2/26
    ᠨᠠᠭᠤᠷ ᠪᠠᠷᠠᠳᠠᠭᠰᠠᠨ ᠵᠢᠵᠢᠭ ᠪᠠᠯᠭᠠᠰᠤ ᠰᠠᠨ ᠽᠦᠸᠧ ᠳ᠋ᠢᠶᠠᠨ ᠪᠣᠯ ᠰᠦᠩᠱᠠᠨ ᠲᠣᠭᠤᠷᠢᠭ ᠤᠨ ᠴᠢᠳᠬᠤᠯᠠᠩ ᠪᠠᠯᠭᠠᠰᠤ ᠶᠢᠨ ᠰᠠᠨ ᠽᠦᠸᠧ ᠳ᠋ᠢᠶᠠᠨ ᠲᠣᠰᠬᠤᠨ ᠳᠤ ᠪᠠᠶᠢᠷᠢᠯᠠᠵᠤ᠂ ᠬᠤᠳᠠ ᠶᠢᠨ ᠲᠡᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠪᠣᠯᠤᠨ᠎ᠠ᠃ ᠰᠠᠨ ᠽᠦᠸᠧ ᠳ᠋ᠢᠶᠠᠨ ᠤᠰᠤᠨ ᠴᠥᠭᠦᠷᠥᠮ ᠤᠨ ᠳᠣᠣᠷ᠎ᠠ ᠤᠷᠤᠰᠬᠠᠯ ᠳᠤ ᠪᠠᠶᠢᠷᠢᠯᠠᠵᠤ᠂ ᠣᠷᠣᠨ ᠪᠠᠶᠢᠷᠢ ᠨᠢ ᠳᠠᠪᠠᠭᠤᠯᠢᠭ᠂ ᠤᠰᠤᠨ ᠤ ᠰᠤᠷᠪᠤᠯᠵᠢ ᠭᠦᠢᠴᠡᠳ᠂ ᠡᠬᠢ ᠪᠠᠶᠠᠯᠢᠭ ᠡᠯᠪᠡᠭ᠂ ᠰᠣᠶᠣᠯ ᠢᠷᠭᠡᠨᠰᠢᠯ ᠥᠨᠢ ᠤᠳᠠᠭᠠᠨ ᠲᠡᠦᠬᠡ ᠲᠠᠢ ᠪᠠᠶᠢᠵᠤ᠂ 2006 ᠣᠨ ᠤ ᠪᠦᠬᠦ ᠤᠯᠤᠰ ᠤᠨ ᠵᠢᠷᠭᠤᠭᠠᠨ ᠶᠡᠭᠡ ᠬᠠᠭᠤᠴᠢ ᠰᠤᠳᠤᠯᠤᠯ ᠤᠨ ᠢᠯᠡᠷᠡᠭᠦᠯᠦᠯᠲᠡ ᠶᠢᠨ ᠨᠢᠭᠡ ᠪᠣᠯᠬᠤ ︽ᠰᠢᠶᠠ ᠵᠢᠶᠠ ᠳ᠋ᠢᠶᠠᠨ ᠤ ᠲᠤᠤᠷᠠᠳᠤ ᠳᠠᠪᠬᠤᠷᠭ᠎ᠠ ᠶᠢᠨ ᠰᠣᠶᠣᠯ ᠤᠨ ᠪᠠᠭᠤᠷᠢ︾ ᠠᠳᠡ ᠪᠠᠶᠢᠬᠤ ᠪᠠᠷ ᠪᠠᠷᠠᠬᠤ ᠦᠭᠡᠢ ᠤᠯᠤᠰ ᠢᠶᠠᠨ ᠬᠠᠶᠢᠷᠠᠯᠠᠬᠤ ᠬᠥᠮᠦᠵᠢᠯ ᠤᠨ ᠰᠠᠭᠤᠷᠢᠨ ᠪᠣᠯᠬᠤ ᠴᠠᠢ ᠬᠡᠦ ᠯᠠᠨ ᠽᠢ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠪᠠᠰᠠ ᠠᠳᠠ ᠪᠠᠶᠢᠷᠢᠯᠠᠵᠤ ᠪᠠᠶᠢᠳᠠᠭ᠃ ᠵᠢᠵᠢᠭ ᠪᠠᠯᠭᠠᠰᠤ ᠨᠢ ᠤᠯᠠᠭᠠᠨᠬᠠᠳᠠ ᠬᠤᠲᠠ ᠠᠴᠠ 35 ᠺᠢᠯᠣᠮᠧᠲᠷ ᠵᠠᠶᠢᠲᠠᠶ ᠪᠠᠶᠢᠵᠤ᠂ S219 ᠵᠢᠭᠤᠯᠴᠢᠯᠠᠯ ᠤᠨ ᠲᠤᠰᠬᠠᠶ ᠱᠤᠭᠤᠮ ᠢ ᠵᠠᠰᠠᠵᠤ ᠨᠡᠪᠲᠡᠷᠡᠭᠦᠯᠦᠭᠰᠡᠨ ᠤ ᠳᠠᠷᠠᠭ᠎ᠠ᠂ ᠤᠯᠠᠭᠠᠨᠬᠠᠳᠠ ᠬᠥᠷᠬᠦ ᠳᠤ ᠵᠥᠪᠬᠡᠨ 20 ᠮᠢᠨᠦ᠋ᠲ ᠤᠨ ᠴᠠᠭ ᠬᠡᠷᠡᠭᠰᠡᠨ᠎ᠡ᠂ ᠡᠷᠬᠢᠨ ᠲᠣᠭᠤᠷᠢᠨ ᠳᠤ ᠨᠢ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠦᠶ᠋ᠯᠡᠰ ᠪᠠᠶᠢᠬᠤ ᠮᠥᠷᠲᠡᠭᠡᠨ ᠪᠠᠰᠠ ᠣᠶ ᠵᠢᠮᠢᠰ ᠢᠳᠡᠰᠢᠨ ᠨᠣᠭᠤᠭ᠎ᠠ ᠲᠡᠭᠦᠵᠦ ᠪᠣᠯᠳᠠᠭ᠃     ᠣᠳᠣᠬᠠᠨ ᠪᠣᠯᠲᠠᠯ᠎ᠠ᠂ ᠨᠢᠭᠡᠨᠲᠡ 100 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠴᠢᠯᠠᠭᠤᠨ ᠬᠤᠲᠠ ᠶᠢᠨ ᠥᠪᠡᠷᠮᠢᠴᠡ ᠬᠡᠪ ᠨᠠᠮᠪᠠ ᠲᠠᠢ ᠢᠳᠡᠭᠡᠨ ᠤᠮᠳᠠᠭᠠᠨ ᠤ ᠵᠡᠭᠡᠯᠢ ᠶᠢᠨ ᠭᠠᠳᠠᠨᠠᠬᠢ ᠪᠣᠰᠤᠭ᠎ᠠ ᠲᠠᠯ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠦᠨ᠂ ᠲᠣᠰᠬᠤᠨ ᠳᠤ ᠣᠷᠣᠬᠤ ᠡᠭᠦᠳᠡ᠂ 3 A ᠲᠠᠰ ᠤᠨ ᠵᠢᠭᠤᠯᠴᠢᠯᠠᠯ ᠤᠨ ᠵᠣᠷᠯᠣᠩ ᠢ ᠨᠢᠭᠡᠨᠲᠡ ᠪᠠᠶᠢᠭᠤᠯᠵᠤ᠂ ᠰᠠᠨ ᠽᠦᠸᠧ ᠳ᠋ᠢᠶᠠᠨ ᠵᠤᠰᠠᠯᠠᠩ ᠵᠡᠷᠭᠡ 2 ᠭᠥᠯᠢᠶᠡᠨ ᠠᠪᠬᠤ ᠡᠷᠦᠬᠡ ᠨᠢᠭᠡᠨᠲᠡ ᠭᠥᠯᠢᠶᠡᠨ ᠠᠪᠬᠤ ᠴᠢᠳᠠᠪᠤᠷᠢ ᠲᠠᠢ ᠪᠣᠯᠵᠠᠶ᠃     2018 ᠣᠨ ᠳᠤ᠂ ᠵᠢᠵᠢᠭ ᠪᠠᠯᠭᠠᠰᠤ ᠨᠢ ᠬᠤᠳᠠᠯᠳᠤᠭᠠᠴᠢᠨ ᠤᠷᠢᠵᠤ 10 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠨ᠂ ᠡᠷᠬᠢᠨ ᠲᠣᠭᠤᠷᠢᠨ ᠤ ᠵᠢᠭᠤᠯᠴᠢᠯᠠᠯ ᠤᠨ ᠡᠬᠢ ᠪᠠᠶᠠᠯᠢᠭ ᠲᠤ ᠪᠦᠬᠦᠯᠢ ᠴᠣᠭᠴᠠ ᠶᠢᠨ ᠲᠥᠯᠥᠪᠵᠢᠭᠦᠯᠭᠡ ᠬᠢᠵᠦ᠂ ᠤᠰᠤᠨ ᠴᠥᠭᠦᠷᠥᠮ ᠤᠨ ᠳᠡᠭᠡᠳᠦ ᠤᠷᠤᠰᠬᠠᠯ ᠤᠨ ᠠᠮᠢ ᠠᠬᠤᠶ ᠶᠢ ᠰᠡᠷᠭᠦᠭᠡᠨ ᠵᠠᠰᠠᠬᠤ ᠦᠵᠡᠮᠵᠢ ᠶᠢᠨ ᠣᠷᠣᠨ᠂ ᠤᠰᠤᠨ ᠴᠥᠭᠦᠷᠥᠮ ᠤᠨ ᠳᠣᠤᠷᠠᠳᠤ ᠤᠷᠤᠰᠬᠠᠯ ᠤᠨ ᠲᠣᠮᠣ ᠬᠡᠯᠪᠡᠷᠢ ᠶᠢᠨ ᠤᠰᠤᠨ ᠳᠡᠭᠡᠷᠡᠬᠢ ᠬᠥᠳᠡᠯᠭᠡᠭᠡᠨ ᠤ ᠵᠤᠭ᠎ᠠ ᠴᠡᠩᠭᠡᠯ ᠤᠨ ᠣᠷᠣᠨ᠂ ᠭᠥᠯᠢᠶᠡᠨ ᠠᠪᠬᠤ ᠲᠥᠪ ᠵᠡᠷᠭᠡ ᠶᠢ ᠪᠠᠭᠲᠠᠭᠠᠭᠰᠠᠨ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢᠨ ᠶᠡᠷᠦᠩᠬᠡᠶᠢᠯᠡᠭᠰᠡᠨ ᠦᠶ᠋ᠯᠡᠴᠢᠯᠡᠭᠡᠨ ᠤ ᠣᠷᠣᠨ᠂ ᠰᠠᠨ ᠽᠦᠸᠧ ᠳ᠋ᠢᠶᠠᠨ ᠤ ᠴᠢᠯᠠᠭᠤᠨ ᠬᠤᠲᠠ ᠶᠢᠨ ᠪᠠᠭᠤᠷᠢ᠂ ᠢᠩᠭᠡ ᠶᠢᠨ ᠭᠤᠣᠯ ᠤᠨ ᠬᠠᠲᠠᠨ ᠵᠢᠷᠤᠭ᠂ ᠰᠢᠶᠠ ᠵᠢᠶᠠ ᠳ᠋ᠢᠶᠠᠨ ᠤ ᠳᠣᠤᠷᠠᠳᠤ ᠳᠠᠪᠬᠤᠷᠭ᠎ᠠ ᠶᠢᠨ ᠰᠣᠶᠣᠯ ᠵᠡᠷᠭᠡ ᠶᠢ ᠨᠢᠭᠡ ᠴᠣᠭᠴᠠᠵᠢᠭᠤᠯᠤᠭᠰᠠᠨ ᠲᠣᠮᠣ ᠬᠡᠯᠪᠡᠷᠢ ᠶᠢᠨ ᠮᠦᠽᠧᠶ ᠪᠠ ᠴᠠᠶ ᠬᠡᠦ ᠯᠠᠨ ᠽᠢ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠢᠶᠠᠷ ᠭᠤᠤᠯ ᠪᠣᠯᠭᠠᠭᠰᠠᠨ ᠬᠤᠪᠢᠰᠬᠠᠯᠲᠤ ᠵᠢᠭᠤᠯᠴᠢᠯᠠᠯ ᠵᠡᠷᠭᠡ ᠲᠥᠷᠥᠯ ᠵᠦᠶ᠋ᠯ ᠤᠨ ᠰᠣᠶᠣᠯ ᠤᠨ ᠪᠠᠭᠤᠷᠢ ᠶᠢᠨ ᠦᠵᠡᠭᠦᠯᠦᠯᠭᠡ ᠶᠢᠨ ᠣᠷᠣᠨ᠂ ᠲᠠᠷᠢᠶᠠᠯᠠᠩ ᠤᠨ ᠰᠡᠯᠡᠭᠦᠴᠡᠯ ᠤᠨ ᠪᠡᠶᠡᠴᠢᠯᠡᠨ ᠣᠶᠢᠯᠠᠭᠠᠬᠤ ᠣᠷᠣᠨ ᠢ ᠪᠥᠲᠥᠭᠡᠨ ᠪᠠᠶᠢᠭᠤᠯᠤᠨ᠎ᠠ᠃ ᠵᠢᠵᠢᠭ ᠪᠠᠯᠭᠠᠰᠤ ᠶᠢ ᠤᠯᠠᠭᠠᠨᠬᠠᠳᠠ ᠬᠤᠲᠠ ᠲᠣᠭᠤᠷᠢᠭ ᠠᠴᠠ ᠬᠠᠮᠤᠭ ᠤᠨ ᠣᠶᠢᠷ᠎ᠠ ᠪᠠᠶᠢᠭ᠎ᠠ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ᠂ ᠭᠠᠷᠠᠭ ᠤᠨ ᠠᠮᠠᠷᠠᠯᠲᠠ ᠶᠢᠨ ᠵᠢᠭᠤᠯᠴᠢᠯᠠᠯ᠂ ᠤᠰᠤᠨ ᠳᠡᠭᠡᠷᠡᠬᠢ ᠵᠤᠭ᠎ᠠ ᠴᠡᠩᠭᠡᠯ ᠤᠨ ᠵᠢᠭᠤᠯᠴᠢᠯᠠᠯ ᠤᠨ ᠬᠠᠮᠤᠭ ᠤᠨ ᠰᠠᠶᠢᠨ ᠵᠣᠷᠢᠭᠰᠠᠨ ᠭᠠᠵᠠᠷ ᠪᠣᠯᠭᠠᠨ ᠪᠦᠳᠦᠭᠡᠨ ᠪᠠᠶᠢᠭᠤᠯᠤᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号