ᠤᠯᠠᠭᠠᠨᠬᠠᠳᠠ ᠶᠢᠨ ᠤᠯᠢᠶᠠᠰᠤ ᠣᠶ ᠰᠢᠭᠤᠶ ᠶᠢᠨ ᠠᠮᠠᠷᠠᠯᠲᠠ ᠶᠢᠨ ᠵᠢᠭᠤᠯᠴᠢᠯᠠᠯ ᠤᠨ ᠣᠷᠣᠨ
ᠨᠡᠶᠢᠲᠡᠯᠡᠭᠰᠡᠨ ᠴᠠᠭ᠄
2021/3/1
    ᠤᠯᠢᠶᠠᠰᠤ ᠤᠢ ᠰᠢᠭᠤᠢ ᠶᠢᠨ ᠠᠮᠠᠷᠠᠯᠲᠠ ᠶᠢᠨ ᠵᠢᠭᠤᠯᠴᠢᠯᠠᠯ ᠤᠨ ᠣᠷᠣᠨ ᠨᠢ ᠰᠦᠩᠱᠠᠨ ᠲᠣᠭᠤᠷᠢᠭ ᠤᠨ ᠬᠠᠭᠤᠴᠢᠨ ᠬᠤᠷᠤᠭ᠎ᠠ ᠪᠠᠯᠭᠠᠰᠤᠨ ᠳᠤ ᠪᠠᠶᠢᠷᠢᠯᠠᠵᠤ᠂ ᠢᠦᠢ ᠯᠦᠩ ᠲᠦᠷᠭᠡᠨ ᠤ ᠵᠠᠰᠠᠮᠠᠯ ᠵᠠᠮ ᠠᠴᠠ 75 ᠺᠢᠯᠤᠮᠧᠳ᠋ᠷ ᠵᠠᠶᠢᠲᠠᠢ ᠪᠠᠶᠢᠵᠤ᠂ ᠥᠪᠥᠷ ᠮᠣᠩᠭᠤᠯ ᠤᠨ ᠷᠣᠮᠠᠨᠲ᠋ᠢᠭ ᠬᠤᠷᠢᠨ ᠲᠣᠯᠤᠭᠠᠨ ᠺᠢᠯᠤᠮᠧᠳ᠋ᠷ ᠤᠨ ᠵᠢᠭᠤᠯᠴᠢᠯᠠᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠠᠴᠠ 3 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ᠂ ︽ᠭᠤᠷᠪᠠᠨ ᠵᠠᠮ᠂ ᠵᠢᠷᠭᠤᠭᠠᠨ ᠬᠡᠯᠪᠡᠷᠢ᠂ ᠶᠢᠰᠦᠨ ᠲᠣᠭᠤᠷᠢᠭ︾ ᠤᠨ ᠲᠥᠯᠥᠪᠵᠢᠭᠦᠯᠭᠡ ᠶᠣᠰᠣᠭᠠᠷ᠂ ᠤᠯᠠᠭᠠᠨᠬᠠᠳᠠ ᠬᠤᠲᠠ ᠠᠴᠠ ᠬᠠᠮᠤᠭ ᠤᠢᠢᠷ᠎ᠠ 5 A ᠲᠡᠰ ᠤᠨ ᠦᠵᠡᠮᠵᠢ ᠶᠢᠨ ᠣᠷᠣᠨ ᠢ ᠪᠠᠶᠢᠭᠤᠯᠪᠠ᠃     ᠦᠵᠡᠮᠵᠢ ᠶᠢᠨ ᠣᠷᠣᠨ ᠨᠢ ᠤᠯᠤᠰ ᠤᠨ ᠰᠤᠳᠤᠯᠤᠯ ᠤᠨ ᠡᠯᠧᠮᠧᠨ᠋ᠲ ᠢᠶᠠᠷ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠡᠭᠦᠰᠦᠯᠲᠡ ᠶᠢᠨ ᠴᠡᠭ ᠪᠣᠯᠭᠠᠨ᠂ ᠪᠠᠶᠢᠭᠠᠯᠢ ᠶᠢᠨ ᠦᠵᠡᠮᠵᠢ ᠪᠠ ᠤᠯᠤᠰ ᠤᠨ ᠰᠤᠳᠤᠯᠤᠯ ᠰᠣᠶᠣᠯ ᠢ ᠤᠶᠠᠯᠳᠤᠭᠤᠯᠵᠤ᠂ ᠣᠷᠣᠨ ᠬᠤᠪᠢᠶᠠᠵᠤ ᠪᠠᠶᠢᠭᠠᠯᠢᠯᠢᠭ ᠨᠡᠭᠡᠭᠡᠯᠲᠡ ᠲᠠᠢ ᠣᠢ ᠰᠢᠭᠤᠶ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠮᠦᠽᠧᠶ ᠶᠢᠨ ᠭᠤᠤᠯ ᠰᠡᠳᠦᠪᠲᠦ ᠦᠵᠡᠮᠵᠢ ᠶᠢᠨ ᠣᠷᠣᠨ ᠢ ᠪᠠᠢᠭᠤᠯᠤᠨ᠎ᠠ᠂ ᠡᠭᠦᠨ ᠤ ᠬᠠᠮᠲᠤ ᠣᠶ ᠰᠢᠭᠤᠶ ᠶᠢᠨ ᠦᠵᠡᠮᠵᠢ ᠰᠣᠨᠢᠷᠬᠠᠬᠤ ᠳᠡᠭᠦᠵᠢᠩ ᠵᠠᠮ᠂ ᠠᠭᠤᠯᠠᠨ ᠬᠢᠷ᠎ᠠ ᠶᠢᠨ ᠲᠣᠭᠤᠷᠢᠨ ᠦᠵᠡᠬᠦ ᠵᠠᠮ᠂ ᠪᠠᠯᠠᠷ ᠤᠢ ᠶᠢᠨ ᠪᠠᠷᠲᠠᠭ᠎ᠠ ᠬᠠᠶᠢᠬᠤ ᠶᠠᠪᠠᠭᠠᠨ ᠵᠠᠮ᠂ ᠴᠢᠩᠭᠡᠯᠢᠭ ᠤᠨ ᠪᠠᠭᠤᠳᠠᠯ᠂ ᠮᠣᠳᠣᠨ ᠭᠡᠷ ᠪᠠᠶᠢᠰᠢᠩ ᠤᠨ ᠬᠦᠢ᠂ ᠪᠦᠬᠦᠯᠢ ᠮᠣᠳᠣᠨ ᠤ ᠬᠦᠢ᠂ ᠬᠡᠭᠡᠨᠴᠢᠷ ᠪᠠᠭᠤᠳᠠᠯ᠂ ᠥᠪᠡᠷ ᠢᠶᠠᠨ ᠲᠡᠷᠭᠡ ᠵᠢᠯᠣᠭᠤᠳᠴᠤ ᠪᠠᠭᠤᠳᠠᠯᠯᠠᠬᠤ ᠭᠠᠵᠠᠷ᠂ ᠭᠡᠷᠳᠥ ᠲᠡᠷᠭᠡ ᠶᠢᠨ ᠪᠠᠭᠤᠳᠠᠯᠯᠠᠬᠤ ᠭᠠᠵᠠᠷ᠂ ᠤᠢ ᠰᠢᠭᠤᠶ ᠶᠢᠨ ᠦᠵᠡᠮᠵᠢ ᠰᠣᠨᠢᠷᠬᠠᠬᠤ ᠲᠠᠪᠴᠠᠩ᠂ ᠲᠡᠤᠬᠡ ᠶᠢᠨ ᠨᠠᠷᠠᠲᠤ ᠬᠥᠮᠦᠰ ᠤᠨ ᠱᠤᠭᠤᠮᠠᠯ ᠤᠨ ᠦᠵᠡᠭᠦᠯᠦᠯᠭᠡ ᠶᠢᠨ ᠲᠣᠭᠤᠷᠢᠭ᠂ ᠠᠯᠳᠠᠷᠲᠤ ᠤᠯᠤᠰ ᠤᠨ ᠰᠤᠳᠤᠯᠤᠯ ᠤᠨ ᠦᠵᠡᠭᠦᠯᠦᠯᠭᠡ ᠶᠢᠨ ᠲᠣᠭᠤᠷᠢᠭ᠂ ᠭᠦᠨ ᠤᠬᠠᠭᠠᠨ ᠱᠠᠰᠢᠨ ᠰᠤᠷᠲᠠᠬᠤᠨ ᠤ ᠦᠵᠡᠭᠦᠯᠦᠯᠭᠡ ᠶᠢᠨ ᠲᠣᠭᠤᠷᠢᠭ᠂ ᠤᠯᠤᠰ ᠲᠥᠷᠥ ᠴᠡᠷᠢᠭ ᠤᠨ ᠶᠠᠪᠤᠳᠠᠯ ᠤᠨ ᠦᠵᠡᠭᠦᠯᠦᠯᠭᠡ ᠶᠢᠨ ᠲᠣᠭᠤᠷᠢᠭ᠂ ᠡᠷᠲᠡᠨ ᠤ ᠰᠣᠩᠭᠤᠳᠠᠭ ᠤᠳᠬ᠎ᠠ ᠵᠣᠬᠢᠶᠠᠯ ᠤᠨ ᠦᠵᠡᠮᠦᠷᠢ ᠶᠢᠨ ᠣᠷᠣᠨ᠂ ᠶᠣᠰᠤ ᠵᠠᠩᠰᠢᠯ ᠤᠨ ᠦᠵᠡᠭᠦᠯᠦᠯᠭᠡ ᠶᠢᠨ ᠲᠣᠭᠤᠷᠢᠭ᠂ ᠤᠷᠠᠯᠢᠭ ᠤᠨ ᠭᠤᠸ᠎ᠠ ᠵᠦᠢ ᠶᠢᠨ ᠦᠵᠡᠭᠦᠯᠦᠯᠭᠡ ᠶᠢᠨ ᠲᠣᠭᠤᠷᠢᠭ᠂ ᠠᠨᠠᠭᠠᠬᠤ ᠤᠬᠠᠭᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠭᠦᠯᠦᠯᠭᠡ ᠶᠢᠨ ᠲᠣᠭᠤᠷᠢᠭ᠂ ᠨᠡᠷᠡᠲᠦ ᠦᠭᠡ ᠶᠢᠨ ᠦᠵᠡᠭᠦᠯᠦᠯᠭᠡ ᠶᠢᠨ ᠲᠣᠭᠤᠷᠢᠭ ᠵᠡᠷᠭᠡ ᠲᠥᠷᠥᠯ ᠵᠦᠢᠯ ᠢ ᠲᠥᠯᠥᠪᠵᠢᠭᠦᠯᠦᠨ ᠪᠦᠳᠦᠭᠡᠨ ᠪᠠᠶᠢᠭᠤᠯᠤᠨ᠎ᠠ᠃     ᠤᠳᠤ ᠨᠢᠭᠡᠨᠲᠡ 9850 ᠲᠦᠮᠡᠨ ᠲᠥᠭᠦᠷᠢᠭ ᠤᠨ ᠪᠡᠯᠡ ᠣᠷᠣᠭᠤᠯᠵᠤ᠂ 22 ᠺᠢᠯᠣᠮᠧᠳ᠋ᠷ ᠤᠨ ᠠᠭᠤᠯᠠᠨ ᠬᠢᠷ᠎ᠠ ᠶᠢᠨ ᠵᠤᠭᠠᠴᠠᠯ ᠤᠨ ᠵᠠᠮ᠂ 6 ᠺᠢᠯᠣᠮᠧᠳ᠋ᠷ ᠤᠨ ᠶᠠᠪᠤᠭᠠᠨ ᠵᠤᠭᠠᠴᠠᠯ ᠤᠨ ᠵᠠᠮ᠂ 6 ᠦᠵᠡᠮᠵᠢ ᠰᠣᠨᠢᠷᠬᠠᠬᠤ ᠳᠠᠪᠴᠠᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ︔ 110 ᠢᠵᠢ ᠴᠢᠩᠭᠡᠯᠢᠭ ᠤᠨ ᠵᠤᠰᠠᠯᠠᠩ ᠤᠨ ᠪᠠᠭᠤᠳᠠᠯ ᠢ ᠤᠭᠰᠠᠷᠠᠵᠤ ᠳᠠᠭᠤᠰᠬᠠᠭᠠᠳ᠂ ᠶᠠᠭ ᠲᠣᠳᠤᠷ᠎ᠠ ᠲᠠᠯ᠎ᠠ ᠶᠢᠨ ᠵᠠᠰᠠᠵᠤ ᠴᠢᠮᠡᠭᠯᠡᠬᠦ ᠠᠵᠢᠯ ᠢ ᠬᠢᠵᠦ ᠪᠤᠢ᠂ ᠡᠭᠦᠨ ᠳᠤ 8 ᠢᠵᠢ ᠶᠢ ᠨᠢ ᠨᠢᠭᠡᠨᠲᠡ ᠵᠠᠰᠠᠵᠤ ᠳᠠᠭᠤᠰᠬᠠᠪᠠ᠃     ᠦᠵᠡᠮᠵᠢ ᠶᠢᠨ ᠣᠷᠣᠨ ᠨᠢ ᠪᠠᠶᠢᠭᠠᠯᠢ ᠶᠢᠨ ᠦᠵᠡᠮᠵᠢ ᠬᠢᠭᠡᠳ ᠤᠯᠤᠰ ᠤᠨ ᠰᠤᠳᠤᠯᠤᠯ ᠰᠣᠶᠣᠯ ᠢ ᠣᠷᠭᠠᠨᠢᠭ ᠢᠶᠠᠷ ᠠᠭᠤᠰᠤᠯᠴᠠᠭᠤᠯᠬᠤ ᠶᠢᠨ ᠬᠠᠮᠲᠤ᠂ ᠦᠵᠡᠮᠵᠢ ᠶᠢᠨ ᠣᠷᠣᠨ ᠤ ᠡᠷᠬᠢᠨ ᠲᠣᠭᠤᠷᠢᠨ ᠵᠢᠴᠢ ᠵᠠᠮ ᠳᠠᠭᠠᠤ ᠶᠢᠨ ᠲᠠᠷᠢᠶᠠᠯᠠᠩ ᠤᠨ ᠬᠦᠷᠢᠶ᠎ᠡ ᠴᠠᠷᠠᠭ᠎ᠠ ᠶᠢᠨ ᠣᠯᠠᠨ ᠴᠢᠳᠠᠮᠵᠢᠳᠤ ᠴᠢᠨᠠᠷ ᠢ ᠨᠡᠭᠡᠭᠡᠨ ᠬᠥᠭᠵᠢᠭᠦᠯᠬᠦ ᠪᠠᠷ ᠳᠠᠮᠵᠢᠭᠤᠯᠵᠤ᠂ ᠲᠠᠷᠢᠶᠠᠯᠠᠩ ᠤᠨ ᠬᠦᠷᠢᠶ᠎ᠡ ᠴᠠᠷᠠᠭ᠎ᠠ ᠶᠢᠨ ᠪᠦᠲᠦᠭᠡᠯᠴᠢ ᠲᠥᠰᠦᠪᠯᠡᠯ ᠵᠢᠴᠢ ᠨᠡᠭᠡᠭᠡᠨ ᠬᠥᠭᠵᠢᠭᠦᠯᠬᠦ ᠶᠢ ᠥᠷᠭᠡᠳᠬᠡᠨ ᠪᠠᠶᠢᠭᠤᠯᠵᠤ ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠶᠢᠨ ᠶᠡᠷᠦᠩᠬᠡᠶᠢᠯᠡᠭᠰᠡᠨ ᠳᠡᠭᠡᠳᠦ ᠳᠡᠰ ᠤᠨ ᠨᠠᠷᠠᠲᠤ ᠲᠠᠷᠢᠶᠠᠯᠠᠩ ᠮᠠᠯ ᠠᠵᠤ ᠠᠬᠤᠶ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠᠲᠤ ᠦᠵᠡᠮᠵᠢᠲᠦ ᠣᠷᠣᠨ ᠢ ᠪᠣᠶ ᠪᠣᠯᠭᠠᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号