ᠰᠦᠩᠱᠠᠨ ᠲᠣᠭᠤᠷᠢᠭ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠳ᠄ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠮᠡᠳᠡᠭᠡ | ᠵᠠᠩᠭᠢ ᠶᠢᠨ ᠣᠨᠣᠪᠴᠢᠲᠤ ᠴᠢᠨᠠᠷ ᠪᠠ ᠪᠦᠷᠢᠨ ᠭᠦᠢᠴᠡᠳ ᠴᠢᠨᠠᠷ ᠨᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠬᠠᠷᠠᠭᠠᠯᠵᠠᠯ ᠢ ᠰᠢᠭᠤᠳ ᠨᠥᠯᠥᠭᠡᠯᠡᠬᠦ ᠪᠣᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ︾ ᠤᠨ ᠡᠯ᠎ᠡ | ᠵᠦᠶ᠋ᠯ ᠤᠨ ᠦᠨᠳᠦᠰᠦᠨ ᠮᠡᠳᠡᠭᠡ ᠵᠠᠩᠭᠢ ᠶᠢᠨ ᠡᠳᠦᠷ ᠢᠷᠡᠬᠦᠶ᠎ᠡ ᠲᠡᠭᠦᠯᠳᠡᠷᠵᠢᠬᠦ ᠶᠢ ᠳᠠᠭᠠᠯᠳᠤᠨ᠂ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢ ᠨᠥᠬᠦᠵᠦ ᠲᠡᠮᠳᠡᠭᠯᠡᠬᠦ ᠵᠡᠷᠭᠡ ᠡᠷᠬᠡ ᠮᠡᠳᠡᠯ | ᠤᠳᠠᠯ ᠥᠬᠡᠶ ᠬᠠᠭᠠᠭᠳᠠᠬᠤ ᠪᠣᠯᠤᠨ᠎ᠠ᠃ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ | ᠡᠷᠬᠡ ᠠᠰᠢᠭ ᠪᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ | ᠮᠡᠳᠡᠭᠡ ᠵᠠᠩᠭᠢ ᠶᠢᠨ ᠪᠦᠷᠢᠨ ᠭᠦᠢᠴᠡᠳ ᠪᠠᠶᠢᠬᠤ ᠶᠢ ᠬᠠᠮᠠᠭᠠᠯᠠᠬᠤ ᠶᠢ ᠪᠠᠲᠤᠯᠠᠬᠤ ᠶᠢᠨ ᠲᠥᠯᠥᠭᠡ᠂ 2015 | ᠣᠨ ᠠᠴᠠ ᠡᠮᠦᠨ᠎ᠡ ᠰᠦᠩᠱᠠᠨ ᠲᠣᠭᠤᠷᠢᠭ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠪᠥᠭᠡᠳ ᠰᠦᠶ᠋ᠳᠬᠡᠯ ᠲᠤᠰᠢᠶᠠᠭᠰᠠᠨ ᠬᠥᠮᠦᠰ ᠴᠠᠭ | ᠲᠤᠬᠠᠶ ᠳᠤᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠯᠪᠠᠨ ᠰᠦᠯᠵᠢᠶ᠎ᠡ ᠳᠤ ᠭᠠᠷᠬᠤ ᠪᠤᠶᠤ ︽ᠥᠪᠥᠷ ᠮᠣᠩᠭᠤᠯ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︾ ᠤᠨ ᠭᠠᠷ ᠤᠲᠠᠰᠤᠨ ᠤ | App ᠢ ᠪᠠᠭᠤᠯᠭᠠᠨ ᠠᠪᠴᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ | ᠡᠷᠦᠬᠡ ᠶᠢ ᠪᠠᠶᠢᠴᠠᠭᠠᠨ ᠯᠠᠪᠯᠠᠬᠤ ᠶᠢᠨ ᠬᠠᠮᠲᠤ ᠲᠠᠨ ᠤ ᠰᠦᠶ᠋ᠳᠬᠡᠯ ᠲᠤᠰᠢᠶᠠᠭᠰᠠᠨ ᠪᠣᠳᠠᠲᠠᠶ ᠣᠨ ᠵᠢᠯ ᠨᠢ ᠲᠠᠩᠰᠠᠨ | ᠡᠷᠦᠬᠡ ᠶᠢᠨ ᠲᠡᠮᠳᠡᠭᠯᠡᠯ ᠲᠠᠢ ᠨᠢᠭᠡᠳᠦᠯᠲᠡᠶ ᠪᠠᠶᠢᠬᠤ ᠡᠰᠡᠬᠦ ᠶᠢ ᠬᠠᠷᠭᠤᠭᠤᠯᠬᠤ ᠬᠡᠷᠡᠭᠲᠡᠢ᠂ ᠬᠡᠷᠪᠡ ᠳᠤᠲᠠᠭᠳᠠᠯ ᠲᠠᠢ᠂ | ᠨᠡᠶᠢᠴᠡᠬᠦ ᠦᠭᠡᠢ ᠵᠡᠷᠭᠡ ᠪᠠᠶᠢᠳᠠᠯ ᠲᠠᠢ ᠪᠣᠯ᠂ ᠪᠡᠶ᠎ᠡ ᠶᠢᠨ ᠦᠨᠡᠮᠯᠡᠯ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠵᠠᠷᠤᠳᠠᠯ ᠲᠤᠰᠢᠶᠠᠭᠰᠠᠨ ᠭᠡᠷᠡᠴᠢ ᠪᠠᠷᠢᠮᠲᠠ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠠᠷ ᠳᠡᠪᠲᠡᠷ ᠵᠡᠷᠭᠡ | ᠤᠤᠯ ᠪᠢᠴᠢᠭ ᠮᠠᠲ᠋ᠧᠷᠢᠶᠠᠯ ᠢᠶᠠᠨ ᠠᠪᠴᠤ᠂ ᠰᠦᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠶ᠋ᠯᠡᠰ ᠤᠨ | ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠬᠢᠨᠠᠨ ᠬᠠᠷᠭᠤᠭᠤᠯᠵᠤ ᠳᠡᠭᠦᠯᠳᠡᠷᠵᠢᠭᠦᠯᠬᠦ ᠬᠡᠷᠡᠭᠲᠡᠢ᠂ ᠡᠭᠦᠨ ᠢᠶᠠᠷ | ᠳᠠᠮᠵᠢᠨ ᠮᠡᠳᠡᠭᠡ ᠵᠠᠩᠭᠢ ᠶᠢᠨ ᠰᠢᠰᠲ᠋ᠧᠮ ᠤᠨ ᠳᠠᠭᠠᠳᠬᠠᠯ ᠳᠤ ᠣᠷᠣᠯᠴᠠᠭᠰᠠᠨ ᠲᠡᠮᠳᠡᠭᠯᠡᠯ ᠤᠨ ᠲᠤᠭ᠎ᠠ ᠪᠠᠷᠢᠮᠲᠠ ᠶᠢᠨ | ᠵᠥᠪ ᠣᠨᠣᠪᠴᠢᠲᠠᠶ ᠪᠠᠶᠢᠵᠤ᠂ ᠠᠵᠢᠯ ᠠᠴᠠ ᠪᠠᠭᠤᠬᠤ ᠬᠠᠷᠠᠭᠠᠯᠵᠠᠯ ᠳᠤ ᠵᠥᠷᠢᠶ᠎ᠡ ᠭᠠᠷᠬᠤ ᠦᠭᠡᠢ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠶ᠃ | ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ | ᠲᠦᠷᠭᠡᠨ ᠢᠶᠠᠷ ᠪᠠᠶᠢᠴᠠᠭᠠᠨ ᠯᠠᠪᠯᠠᠵᠤ ᠬᠠᠷᠭᠤᠭᠤᠯᠤᠨ᠂ ᠲᠣᠰ ᠪᠡᠶ᠎ᠡ ᠶᠢᠨ ᠳᠠᠭᠠᠳᠬᠠᠯ ᠤᠨ ᠡᠷᠬᠡ ᠠᠰᠢᠭ ᠢᠶᠠᠨ | ᠬᠠᠮᠠᠭᠠᠯᠠᠵᠤ᠂ ᠴᠢᠬᠤᠯᠠ ᠪᠤᠰᠤ ᠬᠤᠬᠢᠷᠠᠯ ᠭᠠᠷᠬᠤ ᠶᠢ ᠰᠡᠷᠭᠡᠶᠢᠯᠡᠬᠦ ᠶᠢ ᠬᠦᠰᠡᠵᠦ ᠪᠠᠶᠢᠨ᠎ᠠ︕ | ᠠᠰᠠᠭᠤᠨ ᠯᠠᠪᠯᠠᠵᠤ ᠤᠷᠢᠳᠴᠢᠯᠠᠨ ᠪᠣᠯᠵᠣᠬᠤ ᠤᠲᠠᠰᠤ᠄ 0476 - 5670805 | ᠸᠢᠴᠠᠲ ᠤᠨ ᠨᠡᠶᠢᠲᠡ ᠶᠢᠨ ᠳ᠋ᠤᠭᠠᠷ᠄ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠨᠡᠶᠢᠭᠡᠮ ᠤᠨ | ᠳᠠᠭᠠᠳᠬᠠᠯ ᠤᠨ ᠦᠶ᠋ᠯᠡᠰ ᠤᠨ ᠬᠠᠮᠢᠶᠠᠷᠤᠯᠲᠠ ᠶᠢᠨ ᠲᠣᠪᠴᠢᠶ᠎ᠠ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠨᠡᠶᠢᠭᠡᠮ ᠤᠨ | ᠳᠠᠭᠠᠳᠬᠠᠯ ᠤᠨ ᠦᠶ᠋ᠯᠡᠰ ᠤᠨ ᠬᠠᠮᠢᠶᠠᠷᠤᠯᠲᠠ ᠶᠢᠨ ᠲᠣᠪᠴᠢᠶ᠎ᠠ | 2021 ᠣᠨ ᠤ 3 ᠰᠠᠷ᠎ᠠ ᠶᠢᠨ 1 ᠤ ᠡᠳᠦᠷ | | | | | | | | | | | ᠁ |