2021ᠣᠨ ᠤ ᠰᠥᠩᠱᠠᠨ ᠲᠣᠭᠤᠷᠢᠭ ᠤᠨ ᠵᠠᠰᠠᠭ ᠤᠨ ᠣᠷᠲᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2021/3/14
      ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ         ᠲᠠᠪᠤᠳᠤᠭᠠᠷ ᠬᠤᠷᠠᠯᠳᠤᠭᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯᠲᠥᠯᠥᠭᠡᠯᠡᠭᠴᠢᠳ ᠡ᠄     ᠣᠳᠣ᠂ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ ᠬᠠᠮᠲᠤ ᠳᠤᠨᠢ ᠬᠢᠨᠠᠨ ᠵᠥᠪᠯᠡᠬᠦ ᠪᠣᠯᠪᠠᠤ᠂ ᠡᠭᠦᠨ ᠤ ᠬᠠᠮᠲᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠤᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃     ᠨᠢᠭᠡ᠂ 2020 ᠣᠨ ᠤ ᠭᠤᠤᠯ ᠠᠵᠢᠯ     2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ ᠰᠢᠢᠳᠪᠦᠷᠢᠲᠦ ᠢᠯᠠᠯᠲᠠ ᠶᠢ ᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠪᠣᠯᠤᠨ᠎ᠠ᠂ ᠪᠠᠰᠠ ᠮᠠᠰᠢ ᠶᠡᠷᠦ ᠪᠤᠰᠤ ᠶᠢᠨ ᠨᠢᠭᠡ ᠵᠢᠯ ᠪᠣᠯᠤᠨ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠲᠣᠭᠤᠷᠢᠭ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠨ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶ ᠤᠯᠠᠷᠢᠯ ᠳᠠᠷᠠᠭᠠᠯᠠᠨ ᠰᠠᠶᠢᠵᠢᠷᠠᠨ᠂ ᠨᠡᠶᠢᠭᠡᠮ ᠨᠢ ᠶᠡᠷᠥᠩᠬᠡᠢ ᠳᠤ ᠪᠠᠨ ᠡᠶ᠎ᠡ ᠵᠣᠬᠢᠴᠠᠯ ᠲᠠᠢ ᠲᠣᠭᠲᠠᠭᠤᠨ ᠪᠠᠶᠢᠵᠤ᠂ ᠵᠢᠱᠢᠭᠰᠡᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 280.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2.4% ᠪᠠᠷ ᠨᠡᠮᠡᠭᠳᠡᠪᠡ︔ ᠡᠩ ᠤᠨ ᠨᠡᠶᠢᠲᠡ ᠶᠢᠨ ᠲᠥᠰᠥᠪ ᠤᠨ ᠣᠷᠣᠯᠭ᠎ᠠ ᠨᠢ 23.2 ᠳ᠋ᠦᠩᠰᠢᠭᠤᠷ ᠲᠥᠭᠦᠷᠢᠭ ᠲᠤ ᠬᠦᠷᠴᠦ᠂ 6.4% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 3.8% ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠣᠬᠢᠷᠠᠭᠤᠯᠵᠤ ᠪᠣᠯᠬᠤᠶᠢᠴᠠ ᠣᠷᠣᠯᠭ᠎ᠠ ᠶᠢ ᠲᠣᠰᠪᠣᠷᠢ 36819 ᠲᠥᠭᠦᠷᠢᠭ ᠪᠠ 17879 ᠲᠥᠭᠦᠷᠢᠭ ᠲᠤ ᠬᠦᠷᠭᠡᠵᠦ᠂ 1.8% ᠪᠠ 8% ᠪᠠᠷ ᠨᠡᠮᠡᠭᠳᠡᠭᠰᠡᠨ ᠪᠠᠶᠢᠨ᠎ᠠ᠃ ᠨᠢᠭᠡ ᠵᠢᠯ ᠤᠨ ᠲᠤᠷᠰᠢ ᠭᠤᠣᠯᠳᠠᠭᠤ ᠳᠣᠣᠷᠠᠬᠢ ᠠᠵᠢᠯ ᠤᠳ ᠢ ᠬᠢᠵᠡᠢ᠄     ︵ᠨᠢᠭᠡ︶ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠰᠢᠳᠪᠦᠷᠢᠳᠦ ᠴᠢᠨᠠᠷᠲᠠᠢ ᠠᠬᠢᠴᠠ ᠲᠠᠢ ᠪᠣᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠲᠡᠭᠦᠰ ᠠᠮᠵᠢᠯᠲᠠ ᠲᠠᠢ ᠥᠨᠳᠥᠷᠯᠡᠪᠡ᠃ ︽ᠳᠥᠷᠪᠡ ᠶᠢ ᠥᠯᠥ ᠬᠠᠶᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ 1.7 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ ᠶᠠᠳᠠᠭᠤ ᠶᠢ ᠲᠡᠳᠬᠦᠬᠦ ᠠᠵᠤ ᠦᠶ᠋ᠯᠡᠰ ᠤᠨ ᠬᠦᠷᠢᠶᠡᠯᠡᠩ ᠲᠣᠭᠤᠷᠢᠭ 17᠂ ᠶᠠᠳᠠᠭᠤ ᠶᠢ ᠲᠡᠳᠬᠦᠬᠦ ᠦᠶ᠋ᠯᠡᠳᠪᠦᠷᠢ ᠶᠢᠨ ᠲᠠᠰᠤᠭ 1 ᠶᠢ ᠰᠢᠨ᠎ᠡ ᠪᠠᠷ ᠪᠠᠶᠢᠭᠤᠯᠤᠨ᠂ ᠦᠯᠡᠳᠡᠭᠰᠡᠨ 156 ᠡᠷᠦᠬᠡ ᠶᠢᠨ 334 ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠶᠠᠳᠠᠭᠤᠷᠠᠬᠤ ᠶᠢ ᠰᠡᠷᠭᠡᠶᠢᠯᠡᠬᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠥᠳᠡᠯᠦᠩᠭᠦᠶ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠳᠡᠭᠡᠷ᠎ᠡ ᠭᠤᠷᠪᠠᠨ ᠱᠠᠲᠤᠨ ᠤ ᠶᠠᠳᠠᠭᠤ ᠶᠢ ᠲᠡᠳᠬᠦᠬᠦ ᠬᠦᠷᠢᠶᠡᠨ ᠳᠠᠬᠢ ᠲᠣᠭᠤᠷᠢᠨ ᠪᠠᠶᠢᠴᠠᠭᠠᠵᠤ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠳᠤ ᠤᠷᠤᠭᠰᠢᠲᠠᠶ ᠬᠢᠷᠢ ᠲᠡᠩᠴᠡᠪᠡ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠪᠡ᠃ ᠥᠷᠢ ᠥᠭᠴᠡᠭᠡ ᠶᠢᠨ ᠲᠦᠭᠰᠢᠭᠦᠷᠢ ᠶᠢ ᠦᠨᠡᠯᠡᠨ ᠵᠢᠱᠢᠬᠦ᠂ ᠲᠥᠰᠦᠭᠡᠯᠡᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠵᠤ᠂ ︽ᠢᠷᠡᠯᠲᠡ ᠶᠢ ᠨᠡᠭᠡᠭᠡᠬᠦ︾ ︽ᠵᠠᠷᠤᠯᠭ᠎ᠠ ᠶᠢ ᠪᠠᠭᠠᠰᠬᠠᠬᠤ︾ ᠬᠤᠶᠠᠷ ᠶᠠᠪᠤᠳᠠᠯ ᠢ ᠨᠢᠭᠡᠳᠦᠯᠲᠡᠶ ᠲᠥᠯᠥᠪᠯᠡᠨ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠦᠷ ᠵᠣᠭᠤᠰ ᠥᠭᠴᠦ ᠰᠢᠩᠭᠡᠭᠡᠬᠦ ᠠᠵᠢᠯ ᠤᠨ ᠱᠠᠩᠨᠠᠯ ᠤᠨ ᠮᠥᠩᠭᠦ ᠶᠢ 2.65 ᠳ᠋ᠦᠩᠰᠢᠭᠤᠷ ᠲᠥᠭᠦᠷᠢᠭ ᠬᠦᠷᠲᠡᠪᠡ᠃ ᠬᠠᠤᠯᠢ ᠪᠤᠰᠤ ᠪᠠᠷ ᠵᠢᠭᠡᠯᠡᠯᠭᠡ ᠲᠠᠯᠪᠢᠬᠤ᠂ ᠮᠥᠩᠭᠦᠨ ᠭᠦᠢᠯᠭᠡᠭᠡᠨ ᠤ ᠮᠡᠬᠡᠯᠡᠯ ᠶᠠᠪᠤᠭᠤᠯᠬᠤ ᠪᠠ ᠵᠣᠷᠢᠭᠤᠳᠠ ᠪᠠᠷ ᠥᠷᠢ ᠥᠭᠴᠡᠭᠡ ᠠᠴᠠ ᠵᠠᠶᠢᠯᠠᠬᠤ ᠪᠣᠶᠤ ᠥᠷᠢ ᠥᠭᠴᠡᠭᠡ ᠶᠢ ᠬᠦᠴᠦᠨ ᠦᠭᠡᠢ ᠪᠣᠯᠭᠠᠬᠤ ᠶᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠤᠷᠢᠳᠴᠢᠯᠠᠨ ᠰᠡᠷᠭᠡᠶᠢᠯᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠵᠢᠴᠢ ︽ᠡᠷᠭᠢᠵᠦ ᠬᠠᠷᠠᠬᠤ︾ ᠠᠵᠢᠯᠯᠠᠭ᠎ᠠ ᠶᠢᠨ ᠬᠠᠷᠢᠭᠤ ᠲᠤᠰᠬᠠᠭᠰᠠᠨ 25 ᠵᠦᠶ᠋ᠯ ᠤᠨ ᠠᠰᠠᠭᠤᠳᠠᠯ ᠢ ᠴᠥᠮ ᠴᠡᠭᠴᠡᠯᠡᠨ ᠥᠭᠡᠷᠡᠴᠢᠯᠡᠵᠦ ᠳᠠᠭᠤᠰᠬᠠᠪᠠ᠃ ᠬᠡᠪᠴᠢᠶᠡᠲᠦ ᠠᠵᠤ ᠠᠬᠤᠶᠢᠯᠠᠯ ᠤᠨ ᠠᠭᠠᠷ ᠮᠠᠨᠳᠠᠯ ᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠶᠢ ᠦᠷᠭᠦᠯᠵᠢᠯᠡᠨ ᠥᠷᠨᠢᠭᠦᠯᠵᠦ᠂ ᠰᠢᠨ᠎ᠡ ᠬᠤᠳᠠ ᠶᠢᠨ ᠢᠯᠴᠢ ᠴᠠᠬᠢᠯᠭᠠᠨ ᠤ ᠱᠠᠦ ᠥᠬᠡᠶᠢᠳᠡᠭᠦᠯᠬᠦ ᠪᠠᠭᠲᠠᠭᠠᠮᠵᠢ ᠨᠡᠮᠡᠭᠳᠡᠭᠦᠯᠬᠦ ᠥᠭᠡᠷᠡᠴᠢᠯᠡᠯᠲᠡ ᠶᠢ ᠪᠡᠶᠡᠯᠡᠭᠦᠯᠦᠨ᠂ ᠭᠤᠣᠯ ᠬᠤᠳᠠ ᠲᠣᠭᠤᠷᠢᠭ ᠤᠨ ᠠᠭᠠᠷ ᠮᠠᠨᠳᠠᠯ ᠤᠨ ᠶᠠᠰᠤ ᠴᠢᠨᠠᠷ ᠰᠠᠶᠢᠲᠠᠢ ᠡᠳᠦᠷ ᠤᠨ ᠲᠤᠭ᠎ᠠ 348 ᠡᠳᠦᠷ ᠲᠤ ᠬᠦᠷᠪᠡ᠃ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠪᠣᠬᠢᠷ ᠤᠰᠤ ᠭᠠᠳᠠᠭᠰᠢᠯᠠᠭᠤᠯᠬᠤ ᠠᠮᠠᠰᠠᠷ 17 ᠶᠢ ᠨᠤᠷᠠᠭᠠᠨ ᠪᠢᠲᠡᠭᠦᠮᠵᠢᠯᠡᠵᠦ᠂ ᠥᠪᠡᠷᠲᠡᠭᠡᠨ ᠪᠡᠯᠡᠳᠬᠡᠭᠰᠡᠨ 97 ᠬᠤᠳᠳᠤᠭ ᠢ ᠪᠢᠲᠡᠭᠦᠮᠵᠢᠯᠡᠨ᠂ ᠬᠤᠲᠠ ᠶᠢᠨ ᠲᠥᠪᠯᠡᠷᠡᠩᠭᠦᠢ ᠬᠡᠯᠪᠡᠷᠢ ᠶᠢᠨ ᠤᠤᠭᠤᠬᠤ ᠤᠰᠤᠨ ᠤ ᠴᠢᠨᠠᠷ ᠨᠢ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ 100% ᠶᠢ ᠪᠠᠲᠤᠯᠠᠪᠠ᠃ ᠠᠵᠤ ᠦᠶ᠋ᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠢᠮᠢ ᠶᠢᠨ ᠪᠣᠷᠲᠣᠭᠤᠷ᠂ ᠲᠠᠷᠢᠶᠠᠨ ᠡᠮ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠬᠠᠮᠢᠶᠠᠷᠤᠯᠲᠠ ᠪᠠ ᠬᠡᠷᠡᠭᠯᠡᠯᠲᠡ ᠶᠢ ᠴᠢᠩᠳᠠᠯᠠᠵᠤ᠂ ᠭᠠᠵᠠᠷ ᠰᠢᠷᠣᠶ ᠶᠢᠨ ᠣᠯᠠᠨ ᠡᠬᠢᠲᠦ ᠪᠣᠬᠢᠷᠲᠤᠯ ᠢ ᠪᠦᠲᠦᠮᠵᠢᠲᠡᠶ ᠬᠢᠵᠠᠭᠠᠷᠯᠠᠪᠠ᠃     ︵ᠬᠤᠶᠠᠷ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠶᠠᠪᠤᠭᠳᠠᠪᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︽ᠳᠥᠷᠪᠡᠨ ᠡᠷᠲᠡ︾ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠲᠣᠮᠣ ᠳ᠋ᠠᠶᠢᠲ᠋ᠠ + ᠲᠣᠤᠷᠵᠢᠭᠤᠯᠤᠯᠲᠠ︾ ᠶᠢ ᠬᠡᠷᠡᠭᠯᠡᠨ ᠨᠠᠷᠢᠯᠢᠭ ᠣᠨᠣᠴᠠᠲᠠᠶ ᠪᠠᠷ ᠵᠢᠭᠰᠠᠭᠠᠨ ᠪᠠᠶᠢᠴᠠᠭᠠᠵᠤ᠂ ᠬᠤᠲᠠ ᠶᠢᠨ ᠰᠠᠭᠤᠭᠠᠯᠢ ᠲᠣᠭᠤᠷᠢᠭ᠂ ᠰᠢᠶᠠᠩ ᠪᠠᠯᠭᠠᠰᠤ ᠠᠶᠢᠯ ᠲᠣᠰᠬᠤᠨ᠂ ᠨᠡᠶᠢᠭᠡᠮ ᠤᠨ ᠰᠢᠯᠵᠢᠮᠡᠯ ᠲᠠᠯ᠎ᠠ ᠶᠢᠨ ︽ᠭᠤᠷᠪᠠᠨ ᠵᠢᠭᠰᠠᠭᠠᠯ ᠤᠨ ᠭᠠᠵᠠᠷ︾ ᠢ ᠰᠠᠶᠢᠳᠤᠷ ᠰᠠᠬᠢᠨ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠪᠠ᠃ ᠡᠮᠴᠢ ᠰᠤᠪᠢᠯᠠᠭᠴᠢᠳ ᠢ ᠵᠣᠬᠢᠶᠠᠨ ᠪᠠᠶᠢᠭᠤᠯᠵᠤ ᠬᠥᠬᠡᠬᠤᠲᠠ ᠶᠢᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠢ ᠲᠤᠰᠠᠯᠠᠬᠤ ᠡᠭᠦᠷᠭᠡ ᠶᠢ ᠭᠠᠷᠮᠠᠭᠠᠶ ᠪᠡᠶᠡᠯᠡᠭᠦᠯᠪᠡ᠃ ᠡᠳ᠋ ᠤᠨ ᠵᠠᠰᠠᠭ ᠤᠨ ᠪᠠᠯᠠ ᠮᠥᠩᠭᠦ ᠶᠢ 6833 ᠲᠦᠮᠡᠨ ᠲᠥᠭᠦᠷᠢᠭ ᠡᠮᠬᠢᠯᠡᠨ ᠨᠡᠶᠢᠯᠡᠭᠦᠯᠵᠦ᠂ ᠨᠡᠶᠢᠭᠡᠮ ᠤᠨ ᠪᠠᠯᠠ ᠮᠥᠩᠭᠦ ᠶᠢ 1661 ᠲᠦᠮᠡᠨ ᠲᠥᠭᠦᠷᠢᠭ ᠴᠤᠭᠯᠠᠭᠤᠯᠤᠨ ᠠᠮᠠᠪᠴᠢ᠂ ᠪᠡᠶ᠎ᠡ ᠶᠢᠨ ᠬᠠᠯᠠᠭᠤᠨ ᠬᠡᠮᠵᠢᠬᠦ ᠮᠠᠰᠢᠨ᠂ ᠠᠪᠤᠷᠠᠨ ᠲᠤᠰᠠᠯᠠᠬᠤ ᠲᠡᠷᠭᠡ ᠵᠡᠷᠭᠡ ᠪᠠᠴᠢᠮ ᠡᠳ᠋ ᠪᠣᠳᠠᠰ ᠢ ᠬᠤᠳᠠᠯᠳᠤᠨ ᠠᠪᠴᠤ᠂ ᠨᠡᠶᠢᠭᠡᠮ ᠤᠨ ᠬᠠᠩᠭᠠᠯᠭ᠎ᠠ ᠶᠢ ᠲᠣᠭᠲᠠᠪᠤᠷᠢᠵᠢᠭᠤᠯᠤᠨ᠂ ᠣᠯᠠᠨ ᠲᠦᠮᠡᠨ ᠤ ᠦᠶ᠋ᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠪᠢᠳᠡ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾᠂ ︽ᠬᠥᠮᠦᠰ ᠪᠠ ᠪᠣᠲᠠᠰ ᠢ ᠬᠠᠮᠲᠤ ᠪᠠᠷ ᠰᠡᠷᠭᠡᠶᠢᠯᠡᠬᠦ︾ ᠡᠨᠡ ᠬᠦ ᠰᠢᠵᠢᠮ ᠢ ᠢᠮᠠᠭᠲᠠ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠨᠠᠷᠢᠨ ᠨᠢᠭᠲᠠ ᠪᠠᠶᠢᠷᠢᠯᠠᠭᠤᠯᠤᠨ᠂ ᠲᠠᠬᠤᠯ ᠤᠨ ᠪᠠᠶᠢᠴᠠᠭᠠᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠬᠢᠵᠢᠭ ᠤᠨ ᠪᠠᠶᠢᠳᠠᠯ ᠳᠠᠬᠢᠨ ᠳᠡᠯᠭᠡᠷᠡᠬᠦ ᠦᠭᠡᠢ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃ ᠡᠨᠡ ᠤᠳᠠᠭ᠎ᠠ ᠶᠢᠨ ᠦᠬᠦᠵᠦ ᠰᠡᠬᠡᠬᠦ ᠶᠢᠨ ᠲᠡᠮᠡᠴᠡᠯ ᠳᠤᠮᠳᠠ᠂ ᠪᠦᠬᠦ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠲᠦᠮᠡᠨ ᠤᠯᠠᠨ ᠢᠶᠠᠷ ᠢᠶᠠᠨ ᠬᠠᠲᠠᠭᠤᠵᠢᠯᠲᠠᠢ ᠳᠡᠮᠡᠴᠡᠨ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠴᠣᠭᠴᠠᠯᠠᠨ᠂ ᠬᠢᠵᠢᠭ ᠲᠠᠢ ᠲᠡᠮᠡᠴᠡᠭᠰᠡᠨ ᠠᠭᠤᠤ ᠶᠡᠭᠡ ᠵᠣᠷᠢᠭ ᠰᠠᠨᠠᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠪᠠ᠃     ︵ᠭᠤᠷᠪᠠ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠲᠠᠰᠤᠷᠠᠯᠲᠠ ᠦᠭᠡᠢ ᠲᠦᠷᠭᠡᠳᠪᠡ᠃ ᠤᠳᠤ ᠦᠶ᠎ᠡ ᠶᠢᠨ ᠲᠠᠷᠢᠶᠠᠯᠠᠩ ᠲᠣᠭᠲᠠᠭᠤᠨ ᠢᠶᠠᠷ ᠬᠥᠭᠵᠢᠪᠡ᠃ ᠠᠵᠤ ᠦᠢᠯᠡᠰ ᠤᠨ ᠲᠥᠪᠯᠡᠷᠡᠩᠭᠦᠢ ᠡᠷᠴᠢᠮᠵᠢᠭᠰᠡᠨ ᠴᠤᠭᠯᠠᠷᠠᠭᠰᠠᠨ ᠬᠦᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠤᠨ᠂ ᠠᠮᠤ ᠪᠤᠳᠠᠭᠠᠨ ᠤ ᠤᠨᠠᠯᠲᠠ ᠶᠢ 16 ᠳ᠋ᠦᠩᠰᠢᠭᠤᠷ ᠵᠢᠩ ᠳᠤ ᠲᠣᠭᠲᠠᠪᠤᠷᠢᠵᠢᠭᠤᠯᠵᠤ᠂ ᠲᠥᠬᠦᠭᠡᠷᠦᠮᠵᠢᠲᠦ ᠲᠠᠷᠢᠶᠠᠯᠠᠩ ᠢ 2.1 ᠲᠦᠮᠡᠨ ᠮᠦ᠂ ᠠᠵᠤ ᠠᠬᠤᠢ ᠶᠢᠨ ᠣᠢ ᠶᠢ 3.2 ᠲᠦᠮᠡᠨ ᠮᠦ ᠰᠢᠨ᠎ᠡ ᠪᠠᠷ ᠨᠡᠮᠡᠭᠳᠡᠭᠦᠯᠪᠡ᠃ ᠢ ᠨᠢᠦ ᠮᠠᠯ ᠠᠵᠤ ᠠᠬᠤᠢ ᠵᠡᠷᠭᠡ 5 ᠦᠬᠡᠷ ᠲᠡᠵᠢᠭᠡᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠬᠢᠯᠡᠨ ᠪᠠᠶᠢᠭᠤᠯᠵᠤ᠂ ᠵᠢᠯ ᠳᠤ 23 ᠲᠦᠮᠡᠨ ᠠᠯᠠᠰᠢᠨ ᠦᠬᠡᠷ ᠢ ᠪᠣᠷᠤᠯᠠᠭᠤᠯᠪᠠ᠃ ᠵᠢᠯ ᠳᠤ ᠬᠤᠳᠠᠯᠳᠤᠬᠤ ᠭᠠᠭ᠋ᠠᠢ ᠶᠢ 200 ᠲᠦᠮᠡ᠂ ᠠᠯᠠᠰᠢᠨ ᠬᠤᠨᠢ ᠶᠢ 75 ᠲᠦᠮᠡ ᠳᠤ ᠲᠣᠭᠲᠠᠪᠤᠷᠢᠵᠢᠭᠤᠯᠪᠠ᠃ 10 ︽ᠭᠤᠷᠪᠠᠨ ᠪᠦᠲᠦᠭᠡᠭᠳᠡᠬᠦᠨ ᠨᠢᠭᠡ ᠲᠡᠮᠲᠡᠭᠳᠦ︾ ᠶᠢ ᠰᠢᠨ᠎ᠡ ᠪᠠᠷ ᠭᠡᠷᠡᠴᠢᠯᠡᠵᠦ᠂ ︽ᠵᠢᠶᠠᠩ ᠵᠢᠶᠠ ᠡᠭᠡᠴᠢ ᠳᠡᠭᠦᠤ︾ ᠬᠠᠲᠠᠭᠠᠭᠰᠠᠨ ᠭᠠᠶᠢᠮᠤ ᠨᠢ ᠳᠤᠮᠳᠠᠳᠤ ᠤᠯᠤᠰ ᠤᠨ ᠪᠣᠬᠢᠷᠲᠤᠯ ᠥᠬᠡᠶ ᠢᠳᠡᠭᠡᠨ ᠤ ᠦᠵᠡᠰᠬᠦᠯᠡᠩ ᠤᠨ ᠠᠯᠲᠠᠨ ᠱᠠᠩᠨᠠᠯ ᠢ ᠭᠥᠷᠳᠡᠪᠡ᠃ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 2 ᠰᠢᠨ᠎ᠡ ᠪᠠᠷ ᠨᠡᠮᠡᠭᠳᠡᠭᠦᠯᠵᠦ᠂ ᠬᠡᠪᠴᠢᠶᠡᠵᠢᠭᠰᠡᠨ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠶᠡᠷᠦᠩᠬᠡᠶ ᠥᠷᠲᠡᠭ ᠢ 58.5 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠡᠶᠢᠲᠡ 12% ᠨᠡᠮᠡᠭᠳᠡᠪᠡ᠃ ᠳ᠋ᠠ ᠬᠤ᠋ ᠲᠠᠢ ᠶᠢᠨ 10 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠤᠯᠤᠰ ᠤᠨ ᠴᠠᠬᠢᠯᠭᠠᠨ ᠬᠦᠴᠦᠨ ᠤ ᠬᠠᠮᠲᠤᠷᠠᠭᠰᠠᠨ ᠬᠥᠳᠡᠯᠭᠡᠭᠴᠢ ᠬᠦᠴᠦᠨ ᠤ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠠᠩᠴᠢᠨ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ 7 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠶ᠋ᠯᠡᠳᠪᠦᠷᠢ ᠶᠢᠨ ᠭᠡᠷ ᠪᠠᠶᠢᠰᠢᠩ᠂ ᠪᠣᠷᠣᠭᠠᠨ ᠤ ᠤᠰᠤᠨ ᠤ ᠬᠥᠭᠡᠷᠭᠡ ᠶᠢᠨ ᠥᠷᠲᠡᠭᠡ᠂ ᠱᠤᠸᠠᠩ ᠴᠤᠸᠠᠩ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ ᠬᠤᠸᠠ ᠸᠧᠢ ᠡᠮᠴᠢᠯᠡᠭᠡᠨ ᠳᠤ ᠬᠡᠷᠡᠭᠯᠡᠬᠦ ᠪᠥᠲ᠋ᠢᠯ ᠨᠢᠲᠷᠢᠯ ᠪᠡᠭᠡᠯᠡᠢ᠂ ᠤᠮᠠᠷᠠᠲᠤ ᠶᠢᠨ ᠡᠨᠧᠷᠭᠢ ᠶᠢᠨ ᠥᠨᠳᠥᠷ ᠳᠣᠣᠷ᠎ᠠ ᠳᠠᠷᠤᠯᠲᠠ ᠶᠢᠨ ᠢᠵᠢ ᠪᠦᠷᠢᠳᠦᠭᠰᠡᠨ ᠲᠥᠬᠦᠭᠡᠷᠦᠮᠵᠢ᠂ ᠮᠧᠢ ᠵᠢᠶᠧ ᠳᠤᠯᠠᠭᠠᠯᠠᠭ᠎ᠠ ᠬᠠᠩᠭᠠᠬᠤ ᠲᠥᠬᠦᠭᠡᠷᠦᠮᠵᠢ ᠶᠢᠨ ᠦᠢᠯᠡᠳᠪᠦᠷᠢᠯᠡᠯ ᠵᠡᠷᠭᠡ 12 ᠲᠥᠷᠥᠯ ᠵᠦᠢᠯ ᠠᠰᠢᠭᠯᠠᠯᠲᠠ ᠳᠤ ᠣᠷᠣᠪᠠ᠃ ᠴᠢᠮᠡᠭᠡ ᠵᠠᠩᠭᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠨᠢ ᠠᠵᠤ ᠦᠶ᠋ᠯᠡᠰ ᠪᠠ ᠬᠤᠲᠠ ᠶᠢᠨ ᠠᠭᠤᠰᠤᠯᠴᠠᠯ ᠤᠨ ᠬᠤᠰᠢᠭᠤᠴᠢ ᠲᠣᠭᠤᠷᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠣᠭᠠᠴᠢᠯᠠᠭᠰᠠᠨ ᠦᠶ᠋ᠯᠡᠰ ᠴᠣᠭᠴᠠᠯᠠᠬᠤ ᠰᠠᠭᠤᠷᠢᠨ ᠭᠠᠵᠠᠷ ᠨᠢ 10.5 ᠲᠦᠮᠡᠨ ᠲᠡᠭᠰᠢ ᠳᠥᠷᠪᠡᠯᠵᠢᠨ ᠮᠧᠲᠷ ᠥᠨᠳᠥᠷ ᠪᠠᠷᠢᠮᠵᠢᠶᠠᠲᠤ ᠦᠶ᠋ᠯᠡᠳᠪᠦᠷᠢ ᠶᠢᠨ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠰᠢᠯᠵᠢᠯᠲᠡ᠂ ᠪᠠᠷᠢᠯᠭ᠎ᠠ ᠪᠠᠨ ᠲᠤᠰᠢᠶᠠᠵᠤ ᠰᠢᠯᠭᠠᠭᠤᠯᠬᠤ᠂ ᠥᠭᠡᠷᠡᠴᠢᠯᠡᠨ ᠰᠢᠨᠡᠳᠬᠡᠵᠦ ᠲᠠᠰ ᠳᠡᠪᠰᠢᠭᠦᠯᠬᠦ ᠵᠡᠷᠭᠡ ᠶᠢ ᠪᠡᠶᠡᠯᠡᠭᠦᠯᠦᠨ᠂ ᠪᠡᠭᠡᠵᠢᠩ ᠤᠨ ᠵᠥᠩ ᠭᠤᠸᠠᠨ ᠼᠦᠨ ᠤ ᠮᠡᠳᠡᠭᠡ ᠵᠠᠩᠭᠢ ᠶᠢᠨ ᠬᠥᠨᠳᠡᠶ ᠶᠢᠨ ᠴᠢᠮᠡᠭᠡ ᠵᠠᠩᠭᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠷᠢᠰᠢᠨ᠂ ᠯᠦᠩ ᠲᠤᠩ ᠷᠦᠢ ᠬᠤᠤ᠂ ᠵᠢᠦ ᠳ᠋ᠢᠩ ᡁᠢ ᠴᠧᠩ᠂ ᠱᠠᠨᠳᠦ᠋ᠩ ᠤᠨ ᠨᠡᠭᠡᠭᠡᠨ ᠬᠥᠭᠵᠢᠭᠦᠯᠦᠯᠲᠡ ᠵᠡᠷᠭᠡ 17 ᠠᠵᠤ ᠠᠬᠤᠶᠢᠯᠠᠯ ᠡᠵᠡᠩᠨᠡᠯᠲᠡ ᠪᠠᠨ ᠡᠬᠢᠯᠡᠭᠦᠯᠪᠡ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠥᠷᠨᠢᠨ ᠬᠥᠭᠵᠢᠪᠡ᠃ ᠠᠷᠠᠯᠵᠢᠶ᠎ᠠ ᠬᠤᠳᠠᠯᠳᠤᠭᠠᠨ ᠤ ᠪᠠᠷᠠᠭᠠᠨ ᠭᠦᠢᠯᠭᠡᠭᠡ ᠶᠢᠨ ᠬᠤᠲᠠ ᠶᠢᠨ ᠡᠵᠡᠮᠰᠢᠯ ᠢ ᠤᠯᠠᠮ ᠰᠢᠯᠢᠳᠡᠭᠵᠢᠭᠦᠯᠵᠦ᠂ ᠵᠢᠯ ᠤᠨ ᠳᠣᠲᠣᠷ᠎ᠠ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠂ ᠰᠢᠨ ᠰᠢᠤ ᠵᠡᠭᠡᠯᠢ᠂ ᠰᠢᠩ ᠶᠧ ᠵᠠᠮ ᠵᠡᠷᠭᠡ 10 ᠵᠤᠷᠪᠤᠰ ᠵᠡᠭᠡᠯᠢ ᠪᠦᠬᠦ ᠱᠤᠭᠤᠮ ᠢᠶᠠᠷ ᠲᠡᠷᠭᠡ ᠨᠡᠪᠳᠡᠷᠡᠪᠡ᠃ ᠮᠧᠩ ᠳ᠋ᠦᠩ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠤᠨ B ᠲᠣᠭᠤᠷᠢᠭ᠂ ᠸᠧᠨ ᠱᠢ ᠪᠦᠯᠦᠭᠯᠡᠯ ᠵᠡᠷᠭᠡ 17 ᠲᠥᠷᠥᠯ ᠵᠦᠶ᠋ᠯ ᠪᠠᠶᠢᠭᠤᠯᠤᠭᠳᠠᠵᠤ ᠠᠰᠢᠭᠯᠠᠯᠲᠠ ᠳᠤ ᠣᠷᠣᠪᠠ᠃ 60 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 2833 ᠮᠦ ᠭᠠᠵᠠᠷ ᠡᠵᠡᠯᠡᠭᠰᠡᠨ ᠳᠤᠮᠳᠠᠳᠤ ᠤᠯᠤᠰ . ᠤᠯᠠᠭᠠᠨᠬᠠᠳᠠ ᠶᠢᠨ ᠶᠠ ᠴᠢ ᠣᠯᠠᠨ ᠤᠯᠤᠰ ᠤᠨ ᠪᠠᠷᠠᠭᠠᠨ ᠭᠦᠢᠯᠭᠡᠭᠡ ᠠᠷᠠᠯᠵᠢᠶ᠎ᠠ ᠬᠤᠳᠠᠯᠳᠤᠭᠠᠨ ᠤ ᠬᠦᠷᠢᠶᠡᠯᠡᠩ ᠭᠡᠷ᠎ᠡ ᠲᠣᠭᠲᠠᠵᠤ᠂ 40 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠰᠦᠩᠱᠠᠨ ᠸᠠᠨ ᠳ᠋ᠠ ᠠᠭᠤᠳᠠᠮ ᠲᠠᠯᠠᠪᠠᠢ ᠶᠢᠨ ᠬᠤᠳᠠᠯᠳᠤᠭᠠᠨ ᠤ ᠭᠤᠣᠯ ᠴᠣᠭᠴᠠ ᠶᠢᠨ ᠠᠵᠢᠯ ᠢ ᠳᠠᠭᠤᠰᠬᠠᠪᠠ᠃ ᠶᠦᠩ ᠶᠧ᠂ ᠵᠦᠩ ᠯᠢᠶᠠᠨ᠂ ᠰᠢᠨ ᠲᠢᠶᠠᠨ ᠳ᠋ᠢ ᠵᠡᠷᠭᠡ ᠤᠯᠠᠮᠵᠢᠯᠠᠯᠲᠤ ᠬᠤᠳᠠᠯᠳᠤᠭᠠᠨ ᠤ ᠲᠣᠭᠤᠷᠢᠭ ᠢ ᠲᠣᠭᠲᠠᠭᠤᠨ ᠢᠶᠠᠷ ᠡᠵᠡᠩᠨᠡᠪᠡ᠃ 12.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠳ᠋ᠠ ᠰᠢᠩ ᠯᠦᠩ ᠬᠥᠳᠡᠭᠡ ᠲᠣᠰᠬᠤᠨ ᠤ ᠴᠠᠭ ᠮᠥᠴᠡ᠂ ᠤᠯᠢᠶᠠᠰᠤ ᠵᠡᠷᠭᠡ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠠᠩᠬ᠎ᠠ ᠠᠯᠬᠤᠮ ᠬᠡᠪᠴᠢᠶᠡᠵᠢᠵᠦ᠂ ᠪᠦᠬᠦ ᠬᠤᠲᠠ ᠶᠢᠨ ᠬᠤᠶᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ ᠴᠢᠨᠠᠷ ᠰᠠᠶᠢᠲᠠᠢ ᠡᠷᠬᠢᠯᠡᠨ᠂ ᠵᠢᠯ ᠳᠤ ᠵᠤᠭᠠᠴᠠᠭᠰᠠᠳ ᠢ 76.9 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ 13.5 ᠳ᠋ᠦᠩᠰᠢᠭᠤᠷ ᠲᠥᠭᠦᠷᠢᠭ ᠲᠤ ᠬᠦᠷᠪᠡ᠃     ︵ᠲᠥᠷᠪᠡ︶ ᠬᠤᠲᠠ ᠬᠥᠳᠡᠭᠡ ᠶᠢᠨ ᠰᠠᠭᠤᠷᠢ ᠨᠥᠬᠦᠴᠡᠯ ᠦᠷᠭᠦᠯᠵᠢᠯᠡᠨ ᠰᠠᠶᠢᠵᠢᠷᠠᠪᠠ᠃ ᠬᠤᠲᠠ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ 22.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 937 ᠡᠷᠦᠬᠡ᠂ 1278 ᠮᠦ ᠭᠠᠵᠠᠷ ᠰᠢᠷᠣᠢ ᠶᠢ ᠲᠠᠲᠠᠪᠤᠷᠢᠯᠠᠪᠠ᠃ ᠰᠦᠩ ᠶᠤᠸᠠᠢ ᠵᠡᠭᠡᠯᠢ᠂ ᠰᠦᠩ ᠴᠧᠩ ᠵᠠᠮ ᠵᠡᠷᠭᠡ 7 ᠵᠤᠷᠪᠤᠰ ᠵᠠᠮ ᠵᠡᠭᠡᠯᠢ ᠶᠢᠨ ᠪᠦᠬᠦ ᠱᠤᠭᠤᠮ ᠳᠤ ᠲᠡᠷᠭᠡ ᠨᠡᠪᠲᠡᠷᠡᠵᠦ᠂ ᠵᠧᠨ ᠰᠢᠩ ᠵᠡᠭᠡᠯᠢ᠂ ᠪᠦᠦ ᠱᠠᠨ ᠵᠠᠮ ᠵᠡᠷᠭᠡ 10 ᠵᠤᠷᠪᠤᠰ ᠵᠠᠮ ᠵᠡᠭᠡᠯᠢ ᠶᠢᠨ 17.8 ᠺᠢᠯᠤᠮᠧᠲᠷ ᠤᠨ ᠪᠣᠷᠣᠭᠠᠨ ᠤ ᠤᠰᠤᠨ ᠤ ᠬᠤᠭᠤᠯᠠᠢ ᠶᠢ ᠥᠭᠡᠷᠡᠴᠢᠯᠡᠨ ᠵᠠᠰᠠᠵᠤ᠂ 3 ᠰᠠᠭᠤᠷᠢ ᠵᠡᠭᠡᠯᠢ ᠥᠩᠭᠡᠷᠡᠬᠦ ᠬᠥᠭᠦᠷᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠰᠦᠩᠵᠧᠦ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠤᠲᠠ ᠶᠢᠨ 27.6 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠨ ᠭᠠᠵᠠᠷ ᠢ ᠳᠡᠰ ᠳᠡᠪᠰᠢᠭᠦᠯᠪᠡ᠃ 23.2 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ ᠰᠠᠭᠤᠭᠠᠯᠢ ᠲᠣᠭᠤᠷᠢᠭ᠂ 32 ᠲᠦᠮᠡᠨ ᠲᠡᠭᠰᠢ ᠳᠥᠷᠪᠡᠯᠵᠢᠨ ᠮᠧᠲᠷ ᠶᠠᠪᠠᠭᠠᠨ ᠬᠥᠮᠦᠨ ᠤ ᠵᠠᠮ ᠢ ᠵᠠᠰᠠᠨ ᠰᠢᠨᠡᠳᠬᠡᠵᠦ᠂ 10 ᠰᠠᠭᠤᠷᠢ ᠬᠤᠲᠠ ᠶᠢᠨ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠪᠠ᠃ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢ ᠢᠳᠡᠪᠬᠢᠲᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠤᠬᠠᠶ ᠶᠢᠨ ᠲᠠᠯᠠᠪᠠᠶ ᠶᠢᠨ ᠬᠤᠷᠠᠯ ᠢ ᠲᠡᠭᠦᠰ ᠠᠮᠵᠢᠯᠲᠠ ᠲᠠᠢ ᠳᠠᠭᠠᠭᠠᠨ ᠡᠷᠭᠢᠯᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠲᠤᠲᠠᠢ ᠠᠬᠢᠭᠤᠯᠪᠠ᠃ ︽ᠨᠢᠭᠡ ᠲᠣᠭᠤᠷᠢᠯ ᠨᠢᠭᠡ ᠪᠦᠰᠡ︾ ᠶᠢᠨ ᠵᠢᠱᠢᠶ᠎ᠡ ᠦᠵᠡᠭᠦᠯᠬᠦ ᠪᠦᠰᠡ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ 42 ᠵᠢᠱᠢᠶ᠎ᠡ ᠦᠵᠡᠭᠦᠯᠬᠦ ᠲᠥᠷᠦᠯ ᠵᠦᠢᠯ ᠢ ᠬᠡᠷᠡᠭᠵᠢᠭᠦᠯᠦᠨ ᠂ 126 ᠬᠡᠰᠡᠭ ᠠᠷᠢᠭᠤᠨ ᠴᠡᠪᠡᠷ ᠤᠤᠭᠤᠬᠤ ᠤᠰᠤ ᠶᠢ ᠪᠠᠬᠢᠵᠢᠭᠦᠯᠦᠨ ᠳᠡᠭᠡᠭᠰᠢᠯᠡᠭᠦᠯᠵᠦ᠂ 22968 ᠡᠷᠦᠬᠡ ᠬᠥᠳᠡᠭᠡ ᠲᠣᠰᠬᠤᠨ ᠤ ᠠᠷᠢᠭᠤᠨ ᠴᠡᠪᠡᠷ ᠵᠣᠷᠯᠣᠩ ᠢ ᠰᠢᠨ᠎ᠡ ᠪᠠᠷ ᠪᠠᠶᠢᠭᠤᠯᠤᠨ᠂ 11 ᠬᠤᠭ ᠨᠣᠪᠰᠢ ᠪᠤᠯᠠᠬᠤ ᠲᠠᠯᠠᠪᠠᠢ᠂ 9 ᠪᠤᠵᠠᠷ ᠤᠰᠤ ᠰᠢᠢᠳᠪᠦᠷᠢᠯᠡᠬᠦ ᠥᠷᠲᠡᠭᠡ ᠪᠠᠶᠢᠭᠤᠯᠵᠤ᠂ 268 ᠺᠢᠯᠤᠮᠧᠲᠷ ᠬᠥᠳᠡᠭᠡ ᠲᠣᠰᠬᠤᠨ ᠤ ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠴᠢᠬᠤᠯᠠ ᠶᠡᠭᠡ ᠰᠠᠭᠤᠷᠢ ᠢᠨᠵᠧᠨᠧᠷᠢᠩ ᠢ ᠲᠦᠷᠭᠡᠪᠴᠢᠯᠡᠨ ᠪᠠᠶᠢᠭᠤᠯᠪᠠ᠃ ᠰᠠᠨ ᠽᠦᠸᠧ ᠳ᠋ᠢᠶᠠᠨ ᠤᠰᠤᠨ ᠴᠥᠭᠦᠷᠥᠮ ᠤᠨ ᠲᠥᠪ ᠬᠤᠲᠠ ᠶᠢᠨ ᠲᠣᠭᠤᠷᠢᠭ ᠲᠤ ᠤᠰᠤ ᠲᠠᠲᠠᠵᠤ ᠤᠰᠤ ᠬᠠᠩᠭᠠᠬᠤ ᠢᠨᠵᠧᠨᠧᠷᠢᠩ ᠪᠦᠬᠦ ᠱᠤᠭᠤᠮ ᠢᠶᠠᠷ ᠨᠡᠪᠲᠡᠷᠡᠪᠡ᠃ ᠢᠩᠭᠡ ᠶᠢᠨ ᠭᠤᠤᠯ ᠤᠨ ᠳᠡᠭᠡᠳᠦ ᠤᠷᠤᠰᠬᠠᠯ ᠤᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠳᠤ 3.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠮᠢ ᠠᠬᠤᠶ ᠶᠢᠨ ᠨᠤᠭᠤ ᠭᠠᠵᠠᠷ ᠤᠨ ᠪᠥᠲᠥᠭᠡᠨ ᠪᠠᠶᠢᠭᠤᠯᠤᠯᠲᠠ ᠶᠢ 8000 ᠮᠥ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 15 ᠲᠦᠮᠡᠨ ᠮᠥ᠂ ᠣᠶᠢᠵᠢᠭᠤᠯᠤᠯᠲᠠ ᠶᠢ 4.7 ᠲᠦᠮᠡᠨ ᠮᠥ ᠶᠢ ᠪᠡᠶᠡᠯᠡᠭᠦᠯᠪᠡ᠃ ᠳ᠋ᠠ ᠰᠢ ᠨᠢᠦ ᠠᠴᠠ ᠺᠦᠢ ᠵᠢᠶᠠ ᠱᠠᠨ ᠬᠦᠷᠬᠦ ᠵᠡᠷᠭᠡ 3 ᠵᠤᠷᠪᠤᠰ 62 ᠺᠢᠯᠤᠮᠧᠲᠷ ᠤᠨ ᠵᠤᠭᠠᠴᠠᠯ ᠤᠨ ᠵᠠᠰᠠᠮᠠᠯ ᠵᠠᠮ ᠢ ᠪᠠᠶᠢᠭᠤᠯᠤᠨ ᠲᠡᠷᠭᠡ ᠨᠡᠪᠲᠡᠷᠡᠭᠦᠯᠵᠦ᠂ ᠤᠯᠤᠰ ᠮᠤᠵᠢ ᠶᠢᠨ ᠭᠤᠣᠯ ᠱᠤᠭᠤᠮ ᠤᠨ ᠵᠠᠮ ᠤᠨ ᠰᠢᠯᠢᠳᠡᠭ ᠰᠠᠶᠢᠨ ᠨᠤᠷᠮ᠎ᠠ ᠶᠢᠨ ᠬᠡᠮᠵᠢᠶ᠎ᠡ ᠨᠢ 84.4% ᠳᠤ ᠬᠦᠷᠪᠡ᠃ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 130.6 ᠺᠢᠯᠤᠮᠧᠲᠷ ᠥᠨᠳᠥᠷ ᠬᠦᠴᠦᠳᠡᠯᠲᠦ ᠴᠠᠬᠢᠯᠭᠠᠨ ᠱᠤᠭᠤᠮ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠴᠠᠬᠢᠯᠭᠠᠨ ᠬᠠᠩᠭᠠᠬᠤ ᠪᠠᠲᠤᠯᠠᠭ᠎ᠠ ᠶᠢᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠡ᠃     ︵ᠲᠠᠪᠤ︶ ᠬᠥᠭᠵᠢᠯᠲᠡ ᠶᠢᠨ ᠠᠮᠢᠵᠢᠷᠠᠯ ᠤᠨ ᠬᠦᠴᠦᠨ ᠡᠳᠦᠷ ᠢᠷᠡᠬᠦᠶ᠎ᠡ ᠴᠢᠩᠭᠠᠷᠠᠪᠠ᠃ ᠭᠤᠷᠪᠠᠳᠤᠭᠠᠷ ᠬᠤᠭᠤᠴᠠᠭᠠᠨ ᠤ ︽ᠤᠯᠠᠭᠠᠨᠬᠠᠳᠠ ᠶᠢᠨ ᠰᠣᠳᠣᠨᠴᠤᠳ ᠤᠨ ᠬᠤᠷᠠᠯ︾ ᠤᠨ ᠰᠦᠩᠱᠠᠨ ᠤ ᠲᠤᠰᠬᠠᠢ ᠲᠠᠯᠠᠪᠠᠢ ᠶᠢ ᠠᠮᠵᠢᠯᠲᠠ ᠲᠠᠢ ᠡᠷᠬᠢᠯᠡᠨ ᠬᠢᠵᠦ᠂ ᠹᠧᠩᠶᠤᠸᠠᠨ ᠪᠠᠯ ᠴᠢᠯᠠᠭᠤ ᠶᠢ ᠨᠠᠷᠢᠯᠢᠭ ᠡᠳ᠋ᠰᠢᠭᠦᠯᠬᠦ᠂ ᠣᠳᠣ ᠦᠶ᠎ᠡ ᠶᠢᠨ ᠲᠠᠷᠢᠶᠠᠯᠠᠩ ᠤᠨ ᠦᠵᠡᠭᠦᠯᠦᠯᠭᠡ ᠶᠢᠨ ᠣᠷᠳᠣᠨ ᠵᠡᠷᠭᠡ 31 ᠲᠥᠷᠦᠯ ᠵᠦᠢᠯ ᠢ ᠠᠮᠵᠢᠯᠲᠠ ᠲᠠᠢ ᠪᠠᠷ ᠭᠡᠷ᠎ᠡ ᠲᠣᠭᠲᠠᠵᠤ ᠂ ᠵᠥᠪᠳᠡᠯᠴᠡᠬᠡᠷ ᠤᠨ ᠪᠡᠯᠡ ᠣᠷᠣᠭᠤᠯᠤᠯᠲᠠ ᠶᠢᠨ ᠬᠡᠮᠵᠢᠶ᠎ᠡ 126.3 ᠳ᠋ᠦᠩᠰᠢᠭᠤᠷ ᠲᠥᠭᠦᠷᠢᠭ ᠲᠤ ᠬᠦᠷᠪᠡ᠃ 51 ᠭᠤᠣᠯᠳᠠᠯᠭ᠎ᠠ ᠲᠠᠢ ᠲᠥᠷᠥᠯ ᠵᠦᠢᠯ ᠢ ᠪᠦᠬᠦᠨ ᠢ ᠠᠵᠢᠯ ᠡᠬᠢᠯᠡᠭᠦᠯᠦᠨ᠂ 51.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠠᠵᠤ ᠠᠬᠤᠢ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠲᠤᠰᠬᠠᠢ ᠵᠦᠢᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ 46 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠭᠲᠠᠭᠤᠨ ᠢᠶᠠᠷ ᠬᠡᠷᠡᠭᠵᠢᠭᠦᠯᠦᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠰᠢᠨ᠎ᠡ ᠠᠯᠪᠠᠯᠠᠬᠤ ᠭᠠᠵᠠᠷ ᠢ ᠡᠬᠢᠯᠡᠨ ᠪᠠᠶᠢᠭᠤᠯᠵᠤ᠂ 99 ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠲᠣᠷᠤᠭᠰᠢ ᠪᠠᠭᠤᠯᠭᠠᠨ᠂ ᠰᠦᠯᠵᠢᠶᠡᠨ ᠳᠡᠭᠡᠷ᠎ᠡ ᠭᠦᠢᠴᠡᠳᠬᠡᠬᠦ ᠶᠢ 197 ᠵᠦᠢᠯ ᠪᠣᠯᠭᠠᠨ ᠨᠡᠮᠡᠭᠳᠡᠭᠦᠯᠵᠦ᠂ 201 ᠵᠦᠢᠯ ᠳᠤ ︽ᠬᠡᠲᠦᠷᠡᠬᠦ ᠳᠡᠭᠡᠨ ᠨᠢᠭᠡ ᠯᠡ ᠤᠳᠠᠭ᠎ᠠ ᠭᠦᠶᠦᠯᠭᠡᠬᠦ︾ ᠶᠢ ᠪᠡᠶᠡᠯᠡᠭᠦᠯᠦᠨ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠪᠦᠬᠦ ᠶᠠᠪᠤᠴᠠ ᠳᠤᠨᠢ ᠡᠯᠤᠺᠲᠷᠤᠨᠴᠢᠯᠠᠬᠤ ᠶᠢ ᠪᠡᠶᠡᠯᠡᠭᠦᠯᠪᠡ᠃ ᠪᠥᠬᠦ ᠵᠢᠯ ᠳᠤ ᠭᠠᠶᠢᠯᠢ ᠶᠢ 8.4 ᠳ᠋ᠦᠩᠰᠢᠭᠤᠷ ᠲᠥᠭᠦᠷᠢᠭ ᠬᠥᠩᠭᠡᠯᠡᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ 1.2 ᠲᠦᠮᠡᠨ ᠡᠷᠦᠬᠡ ᠰᠢᠨ᠎ᠡ ᠪᠠᠷ ᠨᠡᠮᠡᠭᠳᠡᠪᠡ᠃ ᠰᠦᠩᠱᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠲᠣᠭᠠᠴᠢᠯᠠᠭᠰᠠᠨ ᠦᠶ᠋ᠯᠡᠰ ᠴᠣᠭᠴᠠᠯᠠᠬᠤ ᠠᠵᠤ ᠦᠶ᠋ᠯᠡᠰ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ 136 ᠣᠷᠣᠯᠠᠨ ᠠᠵᠢᠯᠯᠠᠬᠤ ᠲᠥᠷᠥᠯ ᠵᠦᠶ᠋ᠯ ᠢ ᠣᠷᠤᠭᠤᠯᠵᠤ᠂ ᠦᠶ᠋ᠯᠡᠳᠬᠦᠨ ᠤ ᠥᠷᠲᠡᠭ ᠨᠢ 1230 ᠲᠦᠮᠡᠨ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠲᠣᠭᠠᠴᠢᠯᠠᠭᠰᠠᠨ ᠤᠷᠠᠯᠢᠭ ᠤᠨ ᠰᠤᠷᠭᠠᠨ ᠬᠥᠮᠦᠵᠢᠯ ᠤᠨ ᠭᠡᠷᠡᠴᠢᠯᠡᠯ ᠤᠨ ᠰᠢᠯᠭᠠᠯᠲᠠ ᠶᠢᠨ ᠲᠥᠪ ᠢᠶᠠᠷ ᠲᠣᠭᠲᠠᠭᠠᠭᠳᠠᠪᠠ᠃     ︵ᠵᠢᠷᠭᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠦᠬᠦ ᠲᠠᠯ᠎ᠠ ᠪᠠᠷ ᠨᠡᠮᠡᠭᠳᠡᠭᠦᠯᠦᠨ᠎ᠡ᠃ ᠪᠥᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 36.3 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 67.4% ᠶᠢ ᠡᠵᠡᠯᠡᠨ᠂ ᠠᠷᠠᠳ ᠲᠤ ᠠᠰᠢᠭ ᠬᠦᠷᠲᠡᠭᠡᠬᠦ ᠠᠷᠪᠠᠨ ᠪᠣᠳᠠᠲᠤ ᠶᠠᠪᠤᠳᠠᠯ ᠢ ᠴᠢᠨᠠᠷ ᠰᠠᠶᠢᠲᠠᠶ ᠪᠡᠶᠡᠯᠡᠭᠦᠯᠪᠡ᠃ ᠬᠤᠲᠠ ᠪᠠᠯᠭᠠᠰᠤᠨ ᠤ 3750 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4% ᠶᠢᠨ ᠳᠣᠲᠣᠷ᠎ᠠ ᠬᠢᠵᠠᠭᠠᠷᠯᠠᠪᠠ᠃ ᠬᠤᠲᠠ ᠬᠥᠳᠡᠭᠡ ᠶᠢᠨ ᠳᠣᠣᠷ᠎ᠠ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ ᠲᠣᠰᠪᠣᠷᠢ 28 ᠲᠥᠭᠦᠷᠢᠭ ᠪᠠ 25 ᠲᠥᠭᠦᠷᠢᠭ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠳᠣᠣᠷ᠎ᠠ ᠪᠠᠲᠤᠯᠠᠭ᠎ᠠ ᠶᠢᠨ ᠮᠥᠩᠭᠦ ᠶᠢ 1.55 ᠳ᠋ᠦᠩᠰᠢᠭᠤᠷ ᠲᠥᠭᠦᠷᠢᠭ᠂ ᠨᠡᠶᠢᠭᠡᠮ ᠤᠨ ᠠᠰᠠᠷᠠᠮᠵᠢ ᠶᠢᠨ ᠮᠥᠩᠭᠦ ᠶᠢ 7907 ᠲᠦᠮᠡᠨ ᠲᠥᠭᠦᠷᠢᠭ᠂ ᠠᠪᠤᠷᠠᠨ ᠲᠤᠰᠠᠯᠠᠬᠤ ᠮᠥᠩᠭᠦ ᠶᠢ 881 ᠲᠦᠮᠡᠨ ᠲᠥᠭᠦᠷᠢᠭ ᠲᠠᠷᠬᠠᠭᠠᠨ᠂ ᠬᠦᠴᠢᠷᠳᠡᠯᠲᠡᠢ ᠣᠯᠠᠨ ᠲᠦᠮᠡᠨ ᠢ 18.6 ᠲᠦᠮᠡᠨ ᠬᠥᠮᠦᠨ ᠤᠳᠠᠭ᠎ᠠ ᠠᠪᠤᠷᠠᠨ ᠲᠤᠰᠠᠯᠠᠪᠠ᠃ 3.97 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠨᠠᠢᠮᠠᠨ ᠬᠡᠦᠬᠡᠳ ᠤᠨ ᠴᠡᠴᠡᠷᠯᠢᠭ᠂ ᠠᠷᠪᠠᠨ ᠨᠢᠭᠡᠳᠦᠭᠡᠷ ᠪᠠᠭ᠎ᠠ ᠰᠤᠷᠭᠠᠭᠤᠯᠢ᠂ ᠠᠷᠪᠠᠨ ᠬᠤᠶᠠᠳᠤᠭᠠᠷ ᠪᠠᠭ᠎ᠠ ᠰᠤᠷᠭᠠᠭᠤᠯᠢ᠂ ᠠᠷᠪᠠᠨ ᠳᠣᠯᠣᠳᠤᠭᠠᠷ ᠪᠠᠭ᠎ᠠ ᠰᠤᠷᠭᠠᠭᠤᠯᠢ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠠᠷᠪᠠᠨ ᠲᠠᠪᠤᠳᠤᠭᠠᠷ ᠬᠡᠦᠬᠡᠳ ᠤᠨ ᠴᠡᠴᠡᠷᠯᠢᠭ᠂ ᠠᠷᠪᠠᠨ ᠵᠢᠷᠭᠤᠳᠤᠭᠠᠷ ᠬᠡᠦᠬᠡᠳ ᠤᠨ ᠴᠡᠴᠡᠷᠯᠢᠭ᠂ ᠬᠤᠷᠢᠨ ᠨᠢᠭᠡᠳᠦᠭᠡᠷ ᠪᠠᠭ᠎ᠠ ᠰᠤᠷᠭᠠᠭᠤᠯᠢ ᠶᠢ ᠡᠬᠢᠯᠡᠨ ᠪᠠᠶᠢᠭᠤᠯᠵᠤ᠂ ᠭᠠᠵᠠᠷ ᠰᠢᠨᠵᠢᠯᠡᠭᠡᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠵᠡᠷᠭᠡ 7 ᠰᠤᠷᠭᠠᠭᠤᠯᠢ ᠶᠢᠨ ᠡᠮᠦᠨᠡᠬᠢ ᠬᠤᠭᠤᠴᠠᠭᠠᠨ ᠤ ᠠᠵᠢᠯ ᠤᠷᠤᠭᠰᠢᠲᠠᠢ ᠶᠠᠪᠤᠭᠳᠠᠨ᠂ ᠬᠥᠳᠡᠭᠡ ᠲᠣᠰᠬᠤᠨ ᠤ ᠰᠤᠷᠭᠠᠭᠤᠯᠢ ᠶᠢᠨ ᠵᠣᠷᠯᠣᠩ 48 ᠶᠢ ᠥᠭᠡᠷᠡᠴᠢᠯᠡᠨ ᠪᠠᠶᠢᠭᠤᠯᠵᠤ᠂ ᠬᠥᠳᠡᠯᠭᠡᠭᠡᠨ ᠤ ᠲᠠᠯᠠᠪᠤᠷ 21 ᠶᠢ ᠪᠠᠶᠢᠭᠤᠯᠤᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠣᠷᠤᠨ ᠪᠠᠶᠢᠷᠢ ᠶᠢᠨ ᠬᠤᠪᠢ ᠶᠢᠨ ᠵᠢᠩ ᠨᠢ 80% ᠳᠤ ᠬᠦᠷᠴᠦ᠂ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠵᠢᠩᠬᠢᠨᠢ ᠠᠩᠭᠢ ᠳᠤ ᠣᠷᠣᠭᠰᠠᠨ ᠨᠣᠷᠮ᠎ᠠ 65.7% ᠳᠤ ᠬᠦᠷᠪᠡ᠃ ᠰᠦᠩᠱᠠᠨ ᠡᠮᠨᠡᠯᠭᠡ ᠶᠢᠨ ᠬᠤᠷᠢᠶ᠎ᠠ ᠨᠢ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠤᠨ ᠳᠡᠪᠰᠢᠵᠦ᠂ ᠬᠠᠯᠳᠠᠪᠤᠷᠢᠲᠤ ᠴᠢᠨᠠᠷᠲᠠᠶ ᠡᠪᠡᠳᠴᠢᠨ ᠤ ᠰᠠᠯᠠᠭᠠᠨ ᠤ ᠡᠪᠡᠳᠴᠢᠲᠡᠨ ᠤ ᠠᠰᠠᠷ ᠤᠨ ᠭᠤᠤᠯ ᠴᠣᠭᠴᠠ ᠶᠢᠨ ᠠᠵᠢᠯ ᠢ ᠳᠠᠭᠤᠰᠬᠠᠨ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 6 ᠶᠢ ᠥᠭᠡᠷᠡᠴᠢᠯᠡᠨ ᠪᠠᠶᠢᠭᠤᠯᠵᠤ᠂ ᠲᠣᠭᠠᠴᠢᠯᠠᠭᠰᠠᠨ ᠦᠯᠦ ᠬᠠᠯᠳᠠᠭᠠᠬᠤ ᠡᠭᠦᠳᠡᠨ ᠡᠮᠨᠡᠯᠭᠡ 5 ᠶᠢ ᠪᠠᠶᠢᠭᠤᠯᠤᠨ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ ᠤᠨ ᠬᠢᠲᠠᠳ ᠡᠮᠨᠡᠯᠭᠡ ᠶᠢᠨ ᠬᠤᠷᠢᠶ᠎ᠠ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠪᠡ᠃ ᠰᠢᠭᠢᠳᠬᠦ ᠬᠡᠯᠪᠡᠷᠢ ᠶᠢᠨ 4 ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠤᠷᠰᠢᠯᠲᠠ ᠶᠢᠨ ᠴᠡᠭ ᠢ ᠯᠠᠪᠳᠠᠭᠤᠨ ᠢᠶᠠᠷ ᠠᠬᠢᠭᠤᠯᠵᠤ᠂ ︽ᠰᠦᠩᠱᠠᠨ ᠰᠢᠶᠣᠤ ᡁᠢ︾ ᠤᠶᠤᠨᠲᠤ ᠨᠡᠶᠢᠭᠡᠮ ᠲᠣᠭᠤᠷᠢᠭ ᠤᠨ ᠲᠠᠪᠴᠠᠩ ᠵᠢᠩᠬᠢᠨᠢ ᠪᠠᠷ ᠠᠰᠢᠭᠯᠠᠯᠲᠠ ᠳᠤ ᠣᠷᠤᠨ᠂ 9 ᠨᠡᠶᠢᠭᠡᠮ ᠲᠣᠭᠤᠷᠢᠭ ᠢ ᠰᠢᠨ᠎ᠡ ᠪᠠᠷ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠪᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠪᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ᠂ ᠰᠠᠨ ᠽᠦᠸᠧ ᠳ᠋ᠢᠶᠠᠨ ᠤ ᠴᠢᠯᠠᠭᠤᠨ ᠬᠤᠲᠠ ᠶᠢᠨ ᠪᠠᠭᠤᠷᠢ ᠶᠢ ᠤᠯᠤᠰ ᠤᠨ ᠬᠠᠮᠠᠭᠠᠯᠠᠯᠲᠠ ᠶᠢᠨ ᠲᠥᠯᠥᠪᠯᠡᠭᠡ ᠳᠤ ᠣᠷᠤᠭᠤᠯᠪᠠ᠃ ᠰᠣᠶᠣᠯ ᠤᠨ ᠣᠷᠳᠣᠨ᠂ ᠨᠣᠮ ᠤᠨ ᠰᠠᠩ᠂ ᠵᠠᠯᠠᠭᠤᠴᠤᠳ ᠪᠠᠭᠠᠴᠤᠳ ᠤᠨ ᠣᠷᠳᠣᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠠᠰᠢᠭᠯᠠᠯᠲᠠ ᠳᠤ ᠣᠷᠤᠭᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠪᠠ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠪᠦᠬᠦ ᠤᠯᠤᠰ ᠤᠨ ᠳᠥᠷᠪᠡᠳᠦᠭᠡᠷ ᠪᠦᠯᠦᠭ ᠴᠥᠭᠡᠨ ᠲᠣᠭᠠᠲᠤ ᠦᠨᠳᠦᠰᠦᠲᠡᠨ ᠤ ᠰᠢᠯᠵᠢᠮᠡᠯ ᠬᠥᠮᠦᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠬᠤᠲᠠ︾᠂ ︽ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠪᠦᠯᠦᠭ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠲᠣᠭᠤᠷᠢᠭ︾ ᠤᠨ ᠢᠷᠠᠭᠤ ᠠᠯᠳᠠᠷ ᠢ ᠬᠦᠷᠲᠡᠪᠡ᠃ ᠡᠯ᠎ᠡ ᠵᠦᠢᠯ ᠤᠨ ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠲᠣᠭᠤᠷᠢᠭ︾ ᠢᠶᠠᠷ ᠦᠨᠡᠯᠡᠭᠳᠡᠪᠡ᠃ ︽ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠶ᠋ᠳᠪᠦᠷᠢᠯᠡᠬᠦ ᠣᠨ︾ ᠤ ᠲᠤᠰᠬᠠᠶ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠂ ᠵᠠᠬᠢᠳᠠᠯ ᠰᠤᠷᠪᠤᠯᠵᠢᠯᠠᠯ ᠤᠨ ︽ᠭᠤᠷᠪᠠ ᠦᠭᠡᠶ︾ ᠲᠣᠰᠬᠤᠨ ︵ᠨᠡᠶᠢᠭᠡᠮ ᠲᠣᠭᠤᠷᠢᠭ︶ ᠤ ᠬᠠᠷᠢᠴᠠᠯ ᠢ 95% ᠳᠤ ᠬᠦᠷᠦᠭᠦᠯᠪᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠴᠢᠨᠠᠷ ᠰᠠᠶᠢᠲᠠᠶ ᠰᠡᠭᠦᠯ ᠬᠤᠷᠢᠶᠠᠨ᠂ ᠢᠳᠡᠭᠡᠨ ᠪᠠ ᠡᠮ ᠤᠨ ᠵᠦᠶ᠋ᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠯᠠᠪᠳᠠᠭᠤᠨ ᠪᠠᠲᠤᠲᠠᠶ ᠠᠭᠢᠵᠤ᠂ ᠠᠶᠤᠯᠭᠦᠶ ᠦᠶ᠋ᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠵᠤ᠂ ᠨᠡᠶᠢᠭᠡᠮ ᠤᠨ ᠠᠮᠤᠷ ᠲᠦᠪᠰᠢᠨ ᠦᠷᠭᠦᠯᠵᠢᠯᠡᠨ ᠰᠠᠶᠢᠵᠢᠷᠠᠪᠠ     ᠬᠤᠶᠠᠷ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠷᠭᠢᠴᠡᠭᠦᠯᠦᠯ ᠪᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠪᠠᠷᠠᠯᠠᠯ     ᠲᠥᠯᠥᠭᠡᠯᠡᠭᠴᠢᠳ ᠡ᠂ ︽ᠠᠷᠪᠠᠨ ᠭᠤᠷᠪᠠᠳᠤᠭᠠᠷ ᠲᠠᠪᠤᠨ ᠵᠢᠯ︾ ᠶᠢᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠰᠢᠶ᠋ᠳᠪᠦᠷᠢᠲᠦ ᠱᠠᠲᠤ ᠦᠶ᠎ᠡ ᠪᠣᠯᠬᠤ ᠪᠥᠭᠡᠳ ᠪᠠᠰᠠ ᠴᠤ ᠮᠠᠨ ᠤ ᠲᠣᠭᠤᠷᠢᠭ ᠤᠨ ᠬᠥᠭᠵᠢᠯᠲᠡ ᠶᠢᠨ ᠠᠬᠢᠴᠠ ᠳᠠᠬᠢ ᠴᠢᠬᠤᠯᠠ ᠲᠡᠤᠬᠡᠲᠦ ᠠᠴᠢ ᠬᠤᠯᠪᠣᠭᠳᠠᠯ ᠲᠠᠢ ᠲᠠᠪᠤᠨ ᠵᠢᠯ ᠪᠣᠯᠤᠨ᠎ᠠ᠃ ᠢᠯᠠᠩᠭᠤᠶ᠎ᠠ 2019 ᠣᠨ ᠤ 7 ᠰᠠᠷ᠎ᠠ ᠶᠢᠨ 15 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠮᠠᠨ ᠤ ᠲᠣᠭᠤᠷᠢᠭ ᠤᠨ ᠯᠢᠨ ᠬᠤᠸᠠᠩ ᠵᠢᠶᠠ ᠶᠤᠸᠠᠨ ᠨᠡᠶᠢᠭᠡᠮ ᠲᠣᠭᠤᠷᠢᠭ ᠲᠤ ᠪᠡᠶ᠎ᠡ ᠪᠠᠷ ᠢᠶᠠᠨ ᠬᠦᠷᠴᠦ ᠰᠢᠨᠵᠢᠯᠡᠨ ᠪᠠᠶᠢᠴᠠᠭᠠᠵᠤ ᠵᠢᠭᠠᠨ ᠵᠢᠯᠣᠭᠤᠳᠤᠭᠰᠠᠨ ᠳᠤ᠂ ᠪᠦᠬᠦ ᠲᠣᠭᠤᠷᠢᠭ ᠢᠶᠠᠷ ᠢᠶᠠᠨ ᠶᠡᠬᠡᠳᠡ ᠵᠣᠷᠢᠭᠵᠢᠨ᠂ ᠲᠦᠢᠯ ᠢᠶᠠᠷ ᠤᠷᠮᠠᠰᠢᠨ ᠪᠠᠭ᠋ᠠᠳᠤᠵᠤ᠂ ᠰᠦᠩᠱᠠᠨ ᠤ ᠬᠥᠭᠵᠢᠯᠲᠡ ᠶᠢ ᠲᠦᠷᠭᠡᠳᠬᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃ ᠲᠠᠪᠤᠨ ᠵᠢᠯ ᠤᠨ ᠲᠤᠷᠰᠢ᠂ ᠪᠢᠳᠡ ᠲᠣᠭᠤᠷᠢᠭ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠡᠷᠬᠡ ᠶᠢ ᠲᠤᠭᠤᠯᠤᠨ ᠬᠦᠴᠢᠷ ᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠶ ᠨᠡᠶᠢᠭᠡᠮ ᠤᠨ ᠲᠠᠪᠠᠯᠳᠠᠳᠤ ᠬᠥᠭᠵᠢᠯᠲᠡ ᠶᠢ ᠪᠡᠶᠡᠯᠡᠭᠦᠯᠦᠨ᠂ ︽ᠠᠷᠪᠠᠨ ᠭᠤᠷᠪᠠᠳᠤᠭᠠᠷ ᠲᠠᠪᠤᠨ ᠵᠢᠯ︾ ᠶᠢᠨ ᠲᠥᠯᠥᠪᠵᠢᠭᠦᠯᠭᠡ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃     ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠥᠷᠭᠡᠳᠬᠡᠵᠦ᠂ ᠠᠵᠤ ᠦᠢᠯᠡᠰ ᠤᠨ ᠪᠦᠲᠦᠴᠡ ᠶᠢ ᠲᠠᠰᠤᠷᠠᠯᠳᠠ ᠦᠭᠡᠢ ᠰᠢᠯᠢᠳᠡᠭᠵᠢᠭᠦᠯᠦᠭᠰᠡᠨ ᠲᠠᠪᠤᠨ ᠵᠢᠯ ᠮᠥᠨ᠃ ᠭᠠᠵᠠᠷ ᠣᠷᠣᠨ ᠤ ᠦᠶ᠋ᠯᠡᠳᠪᠦᠷᠢᠯᠡᠯ ᠤᠨ ᠪᠥᠬᠦ ᠥᠷᠲᠡᠭ ᠵᠢᠯ ᠪᠦᠷᠢ ᠳᠤᠮᠳᠠᠴᠢ ᠪᠠᠷ 5.5% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠪᠦᠷᠢ ᠳᠤᠮᠳᠠᠴᠢ ᠪᠠᠷ 18.9% ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ 5.1% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠵᠢᠯ ᠪᠦᠷᠢ ᠳᠤᠮᠳᠠᠴᠢ ᠪᠠᠷ 5.3% ᠪᠠᠷ ᠨᠡᠮᠡᠭᠳᠡᠪᠡ᠃ 327.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 271 ᠭᠤᠣᠯᠳᠠᠯᠭ᠎ᠠ ᠲᠠᠢ ᠵᠦᠢᠯᠡᠰ ᠢ ᠬᠡᠷᠡᠭᠵᠢᠭᠦᠯᠪᠡ᠃ 8 ᠲᠦᠮᠡᠨ ᠮᠥ ᠲᠥᠬᠦᠭᠡᠷᠦᠮᠵᠢᠳᠤ ᠲᠠᠷᠢᠶᠠᠯᠠᠩ ᠢ ᠰᠢᠨ᠎ᠡ ᠪᠠᠷ ᠬᠥᠭᠵᠢᠭᠦᠯᠵᠦ᠂ 42 ᠲᠦᠮᠡᠨ ᠮᠥ ᠳᠤ ᠬᠦᠷᠦᠭᠦᠯᠪᠡ︔ ᠠᠵᠤ ᠠᠬᠤᠶ ᠶᠢᠨ ᠤᠢ ᠰᠢᠭᠤᠶ ᠶᠢ ᠬᠡᠷᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠥᠲᠥᠭᠡᠨ ᠪᠠᠶᠢᠭᠤᠯᠵᠤ᠂ 6.7 ᠲᠦᠮᠡᠨ ᠮᠥ ᠠᠵᠤ ᠠᠬᠤᠶ ᠶᠢᠨ ᠣᠶ ᠶᠢ ᠰᠢᠨ᠎ᠡ ᠪᠠᠷ ᠬᠥᠭᠵᠢᠭᠦᠯᠵᠦ᠂ 13.5 ᠲᠦᠮᠡᠨ ᠮᠥ ᠳᠤ ᠬᠦᠷᠦᠭᠦᠯᠪᠡ︔ ᠠᠵᠤ ᠠᠬᠤᠶ ᠶᠢᠨ ᠲᠠᠷᠢᠮᠠᠯ ᠤᠨ ᠲᠠᠯᠠᠪᠠᠶ ᠶᠢ 75 ᠲᠦᠮᠡᠨ ᠮᠥ ᠳᠤ ᠬᠦᠷᠭᠡᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ 88 ᠲᠦᠮᠡᠨ ᠮᠥ ᠳᠤ ᠬᠡᠷᠡᠭᠵᠢᠭᠦᠯᠦᠨ᠂ ᠠᠮᠤ ᠪᠤᠳᠠᠭᠠᠨ ᠤ ᠤᠨᠠᠯᠲᠠ ᠶᠢ 16 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠪᠠ︔ ᠵᠢᠯ ᠪᠦᠷᠢ ᠳᠤᠮᠳᠠᠴᠢ ᠪᠠᠷ 200 ᠲᠦᠮᠡᠨ ᠭᠠᠭ᠋ᠠᠶ᠂ 21 ᠲᠦᠮᠡᠨ ᠠᠯᠠᠰᠢᠨ ᠦᠬᠡᠷ᠂ 70 ᠲᠦᠮᠡᠨ ᠠᠯᠠᠰᠢᠨ ᠬᠤᠨᠢ ᠶᠢ ᠭᠠᠷᠭᠠᠪᠠ︔ ︽ᠭᠤᠷᠪᠠᠨ ᠪᠦᠲᠦᠭᠡᠭᠳᠡᠬᠦᠨ ᠨᠢᠭᠡ ᠳᠡᠮᠳᠡᠭᠳᠦ︾ ᠶᠢ 48 ᠪᠣᠯᠭᠠᠵᠤ᠂ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠤᠬᠠᠶ ᠶᠢᠨ ᠭᠠᠵᠠᠷ ᠲᠤᠨᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 67.5% ᠪᠣᠯᠲᠠᠯ᠎ᠠ ᠳᠡᠭᠡᠭᠰᠢᠯᠡᠭᠦᠯᠪᠡ᠃ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠡᠷᠡᠰ ᠢᠶᠠᠷ ᠲᠠᠶᠠᠭᠳᠠᠨ᠂ ︽ᠦᠬᠦᠰᠢᠷᠡᠮᠡᠯ ᠠᠵᠤ ᠠᠬᠤᠶᠢᠯᠠᠯ︾ ᠢ ᠢᠯᠭᠠᠷᠠᠭᠤᠯᠤᠨ ᠭᠠᠷᠭᠠᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 24 ᠪᠣᠯᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠷᠦᠯ ᠵᠦᠢᠯ ᠢ 18 ᠬᠡᠷᠡᠭᠵᠢᠭᠦᠯᠪᠡ᠃ ᠠᠩᠴᠢᠨ ᠤ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠢ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶ᠋ᠯᠡᠰ ᠤᠨ ᠨᠡᠭᠡᠭᠡᠯᠲᠡ ᠶᠢᠨ ᠲᠣᠭᠤᠷᠢᠭ ᠲᠤ ᠣᠷᠣᠭᠤᠯᠵᠤ᠂ 12 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠂ ᠬᠤᠲᠠ ᠶᠢᠨ ᠶᠠᠪᠤᠳᠠᠯ ᠤᠨ ᠵᠠᠮ᠂ ᠪᠣᠬᠢᠷ ᠤᠰᠤ ᠶᠢ ᠰᠢᠶ᠋ᠳᠪᠦᠷᠢᠯᠡᠬᠦ ᠵᠡᠷᠭᠡ ᠰᠠᠭᠤᠷᠢ ᠪᠡᠯᠡᠳᠬᠡᠮᠵᠢ ᠶᠢ ᠦᠨᠳᠦᠰᠦᠨ ᠳᠡᠭᠡᠨ ᠪᠦᠷᠢᠨ ᠲᠡᠭᠦᠯᠳᠡᠷ ᠪᠣᠯᠭᠠᠵᠤ᠂ ᠨᠡᠶᠢᠲᠡ 20 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠶ᠋ᠯᠡᠳᠪᠦᠷᠢ ᠶᠢᠨ ᠬᠡᠷ ᠪᠠᠶᠢᠰᠢᠩ ᠪᠠᠶᠢᠭᠤᠯᠤᠨ᠂ ᠬᠦᠷᠢᠶᠡᠯᠡᠩ ᠳᠤ ᠰᠠᠭᠤᠷᠢᠰᠢᠭᠰᠠᠨ ᠠᠵᠤ ᠠᠬᠤᠶᠢᠯᠠᠯ 52 ᠪᠣᠯᠪᠠ᠃ ᠮᠡᠳᠡᠭᠡ ᠵᠠᠩᠭᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠢ ᠤᠯᠠᠭᠠᠨᠬᠠᠳᠠ ᠬᠤᠲᠠ ᠶᠢᠨ ᠦᠶ᠋ᠯᠡᠳᠪᠦᠷᠢᠯᠡᠯ ᠬᠤᠲᠠ ᠶᠢᠨ ᠠᠭᠤᠰᠤᠯᠴᠠᠯ ᠤᠨ ᠬᠤᠰᠢᠭᠤᠴᠢ ᠲᠣᠭᠤᠷᠢᠭ ᠢᠶᠠᠷ ᠵᠢᠭᠰᠠᠭᠠᠵᠤ᠂ 16.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠣᠯᠠᠨ ᠨᠡᠶᠢᠲᠡ ᠶᠢᠨ ᠢᠵᠢ ᠪᠥᠷᠢᠳᠦᠭᠦᠯᠬᠦ ᠲᠦᠬᠦᠭᠡᠷᠦᠮᠵᠢ ᠶᠢ ᠠᠯᠬᠤᠮ ᠠᠯᠬᠤᠮ ᠢᠶᠠᠷ ᠳᠡᠭᠦᠯᠳᠡᠷᠵᠢᠭᠦᠯᠵᠦ᠂ ᠵᠢᠯ ᠤᠨ ᠦᠶ᠋ᠯᠡᠳᠬᠦᠨ ᠤ ᠥᠷᠲᠡᠭ ᠢ 80 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠤᠯᠠᠭᠠᠨᠬᠠᠳᠠ ᠶᠢᠨ ᠬᠤᠳᠠᠯᠳᠤᠭ᠎ᠠ ᠠᠷᠠᠯᠵᠢᠶᠠᠨ ᠤ ᠪᠠᠷᠠᠭᠠᠨ ᠤ ᠭᠦᠢᠯᠭᠡᠭᠡᠨ ᠤ ᠬᠤᠳᠠ ᠳᠤ ᠨᠡᠶᠢᠳᠡ 83 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ︽19 ᠵᠠᠮ 4 ᠬᠥᠭᠦᠷᠭᠡ︾ ᠶᠢ ᠪᠠᠶᠢᠭᠤᠯᠤᠨ ᠲᠡᠷᠭᠡ ᠨᠡᠪᠲᠡᠷᠡᠭᠦᠯᠵᠦ᠂ 27 ᠲᠦᠷᠦᠯ ᠵᠦᠢᠯ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠪᠠ᠃ ᠶᠠᠴᠢ ᠶᠢᠨ ᠣᠯᠠᠨ ᠤᠯᠤᠰ ᠤᠨ ᠪᠠᠷᠠᠭᠠᠨ ᠤ ᠭᠦᠢᠯᠭᠡᠭᠡ ᠬᠤᠳᠠᠯᠳᠤᠭ᠎ᠠ ᠠᠷᠠᠯᠵᠢᠶᠠᠨ ᠤ ᠬᠦᠷᠢᠶᠡᠯᠡᠩ ᠤᠨ ᠡᠬᠢᠨ ᠤ ᠬᠤᠭᠤᠴᠠᠭᠠᠨ ᠤ ᠠᠬᠢᠴᠠ ᠤᠷᠤᠭᠰᠢᠲᠠᠶ ᠪᠠᠶᠢᠵᠤ᠂ ᠸᠠᠨ ᠳ᠋ᠠ ᠲᠠᠯᠠᠪᠠᠶ ᠨᠢ ᠰᠦᠩᠱᠠᠨ ᠳᠤ ᠰᠠᠭᠤᠷᠢᠰᠢᠪᠠ᠃ ᠬᠤᠸᠠᠩ ᠵᠢᠶᠠ ᠮᠠᠨ ᠳ᠋ᠢᠶᠠᠨ ᠵᠡᠷᠭᠡ A ᠲᠠᠰ ᠤᠨ ᠦᠵᠡᠮᠵᠢ ᠶᠢᠨ ᠣᠷᠣᠨ ᠢ 5 ᠪᠠᠶᠢᠭᠤᠯᠵᠤ᠂ ᠨᠡᠶᠢᠲᠡ 292.6 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 45 ᠳ᠋ᠦᠩᠰᠢᠭᠤᠷ ᠲᠥᠭᠦᠷᠢᠭ ᠲᠤ ᠬᠥᠷᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ 314.9 ᠳ᠋ᠦᠩᠰᠢᠭᠤᠷ ᠲᠥᠭᠦᠷᠢᠭ ᠪᠠ 266.7 ᠳ᠋ᠦᠩᠰᠢᠭᠤᠷ ᠲᠥᠭᠦᠷᠢᠭ ᠲᠤ ᠬᠦᠷᠴᠦ᠂ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠤᠨ ᠬᠢ ᠠᠴᠠ ᠲᠤᠰ ᠲᠤᠰ 55% ᠪᠠ 87% ᠪᠠᠷ ᠨᠡᠮᠡᠭᠳᠡᠪᠡ᠃     ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠰᠠᠭᠤᠷᠢ ᠲᠥᠬᠦᠭᠡᠷᠦᠮᠵᠢ ᠶᠢᠨ ᠣᠷᠣᠭᠤᠯᠤᠯᠲᠠ ᠪᠠᠷ ᠬᠠᠮᠤᠭ ᠤᠨ ᠤᠯᠠᠨ᠂ ᠬᠤᠳᠠ ᠬᠥᠳᠡᠭᠡ ᠶᠢᠨ ᠳᠦᠷᠰᠦ ᠪᠠᠶᠢᠳᠠᠯ ᠤᠨ ᠬᠤᠪᠢᠷᠠᠯᠲᠠ ᠪᠠᠷ ᠬᠠᠮᠤᠭ ᠤᠨ ᠶᠡᠭᠡ ᠲᠠᠪᠤᠨ ᠵᠢᠯ ᠪᠣᠯᠤᠨ᠎ᠠ᠃ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠨᠡᠶᠢᠲᠡ 188 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠤᠭᠤᠯᠤᠨ᠂ ᠡᠨᠡ ᠨᠢ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠢ ᠠᠴᠠ 1.6 ᠳᠠᠬᠢᠨ ᠪᠣᠯᠵᠠᠶ᠃ ᠡᠮᠦᠨ᠎ᠡ ᠬᠤᠲᠠ ᠶᠢᠨ ᠥᠭᠡᠷᠡᠴᠢᠯᠡᠯᠲᠡ ᠡᠳᠦᠷ ᠢᠷᠡᠬᠦᠶ᠎ᠡ ᠲᠡᠭᠦᠯᠳᠡᠷᠵᠢᠵᠦ᠂ ᠰᠦᠩᠪᠸᠢ ᠶᠢᠨ ᠰᠢᠨ᠎ᠡ ᠬᠤᠲᠠ ᠨᠢ ᠠᠵᠤ ᠲᠥᠷᠦᠵᠦ ᠣᠷᠣᠰᠢᠨ ᠠᠮᠢᠳᠤᠷᠠᠬᠤ ᠳᠤ ᠲᠣᠬᠢᠷᠠᠮᠵᠢᠲᠠᠢ ᠪᠠᠶᠢᠵᠤ᠂ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠬᠤᠲᠠ ᠶᠢᠨ ᠵᠡᠭᠡᠯᠢ ᠭᠤᠳᠤᠮᠵᠢ 42 ᠵᠤᠷᠪᠤᠰ 74.7 ᠺᠢᠯᠣᠮᠧᠲᠷ ᠲᠤ ᠬᠦᠷᠴᠦ᠂ ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠤᠭᠰᠠᠨ ᠭᠠᠵᠠᠷ 381.8 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠨ᠂ 7477 ᠡᠷᠦᠬᠡ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠪᠠ 67.1 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠪᠠᠶᠢᠭᠤᠯᠤᠭᠰᠠᠨ ᠲᠣᠭᠤᠷᠢᠭ ᠤᠨ ᠲᠠᠯᠠᠪᠠᠶ ᠨᠢ 47 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠬᠤᠲᠠ ᠪᠠᠯᠭᠠᠰᠤᠵᠢᠯᠲᠠ ᠶᠢᠨ ᠨᠣᠷᠮ᠎ᠠ ᠨᠢ 55% ᠳᠤ ᠬᠥᠷᠪᠡ᠃ ᠬᠥᠳᠡᠭᠡ ᠲᠣᠰᠬᠤᠨ ᠤ ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ 860 ᠠᠶᠤᠯ ᠦᠭᠡᠢ ᠤᠤᠭᠤᠬᠤ ᠤᠰᠤᠨ ᠤ ᠢᠨᠵᠧᠨᠧᠷᠢᠩ ᠢ ᠬᠡᠷᠡᠭᠵᠢᠭᠦᠯᠦᠨ᠂ 2.8 ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ᠪᠣᠬᠢᠷ ᠤᠰᠤ ᠰᠢᠶ᠋ᠳᠪᠦᠷᠢᠯᠡᠬᠦ 12 ᠦᠢᠯᠡᠳᠪᠦᠷᠢ᠂ ᠬᠤᠭ ᠨᠣᠪᠰᠢ ᠪᠤᠯᠠᠬᠤ 21 ᠭᠠᠵᠠᠷ ᠢ ᠪᠦᠳᠦᠭᠡᠨ ᠪᠠᠶᠢᠭᠤᠯᠪᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠪᠠ ᠠᠮᠢ ᠠᠬᠤᠶ ᠵᠡᠷᠭᠡ ᠲᠦᠷᠪᠡᠨ ᠲᠠᠯ᠎ᠠ ᠶᠢᠨ 12 ᠲᠤᠰᠬᠠᠶ ᠵᠦᠢᠯ ᠤᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠬᠤᠳᠠ ᠶᠢᠨ ᠲᠣᠭᠤᠷᠢᠭ ᠤᠨ ᠠᠭᠠᠷ ᠮᠠᠨᠳᠠᠯ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠤᠨ ᠬᠢ ᠠᠴᠠ 52 ᠡᠳᠦᠷ ᠨᠡᠮᠡᠭᠳᠡᠭᠦᠯᠪᠡ᠃ ᠤᠯᠤᠰ ᠤᠨ ᠭᠠᠵᠠᠷ ᠤᠨ ᠭᠠᠳᠠᠷᠭᠤ ᠶᠢᠨ ᠤᠰᠤ ᠶᠢᠨ ᠬᠢᠨᠠᠨ ᠰᠢᠯᠭᠠᠯᠲᠠ ᠶᠢᠨ ᠣᠭᠲᠣᠯᠤᠭᠠᠰᠤ ᠶᠢᠨ ᠤᠰᠤᠨ ᠤ ᠴᠢᠨᠠᠷ ᠦᠷᠭᠦᠯᠵᠢᠯᠡᠨ ᠳᠡᠭᠡᠭᠰᠢᠯᠡᠵᠦ᠂ ᠲᠠᠷᠢᠶᠠᠨ ᠡᠮ᠂ ᠬᠢᠮᠢ ᠶᠢᠨ ᠪᠣᠷᠲᠣᠭᠤᠷ ᠬᠡᠷᠡᠭᠯᠡᠬᠦ ᠬᠡᠮᠵᠢᠶ᠎ᠡ ᠦᠷᠭᠦᠯᠵᠢᠯᠡᠨ ᠰᠥᠭᠡᠷᠭᠦ ᠨᠡᠮᠡᠭᠳᠡᠯ ᠲᠠᠢ ᠪᠣᠯᠵᠣ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠵᠡᠷᠭᠡ ᠠᠮᠢ ᠠᠬᠤᠶ ᠶᠢᠨ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠵᠠᠰᠠᠬᠤ ᠲᠠᠯᠠᠪᠠᠶ ᠶᠢ 20 ᠲᠦᠮᠡᠨ ᠮᠥ ᠪᠡᠶᠡᠯᠡᠭᠦᠯᠦᠨ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 33.34% ᠳᠤ ᠬᠦᠷᠦᠭᠦᠯᠪᠡ᠃ ᠢᠩᠭᠡ ᠶᠢᠨ ᠭᠤᠣᠯ ᠤᠨ ᠤᠰᠤᠨ ᠤ ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ᠂ ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠶ ᠶᠢ ᠴᠡᠭᠴᠡᠯᠡᠨ ᠵᠠᠰᠠᠬᠤ᠂ ᠪᠠᠨ ᡁᠢ ᠵᠢᠶᠠᠨ ᠭᠤᠣᠯ ᠤᠨ ᠭᠤᠣᠯ ᠤᠨ ᠵᠠᠮ ᠢ ᠵᠠᠰᠠᠬᠤ᠂ ᠤᠰᠤᠯᠠᠯᠲᠠ ᠶᠢᠨ ᠣᠷᠣᠨ ᠢ ᠢᠵᠢ ᠪᠦᠷᠢᠳᠦᠭᠦᠯᠦᠨ ᠥᠭᠡᠷᠡᠴᠢᠯᠡᠬᠦ ᠵᠡᠷᠭᠡ ᠨᠢᠭᠡ ᠪᠦᠯᠦᠭ ᠤᠰᠤᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠪᠡ᠃ ᠮᠤᠵᠢ ᠶᠢᠨ ᠵᠠᠮ ᠤᠨ 219 ᠱᠤᠭᠤᠮ ᠤᠨ ᠰᠦᠩᠱᠠᠨ ᠤ ᠬᠡᠰᠡᠭ ᠤᠨ ᠪᠦᠬᠦ ᠱᠤᠭᠤᠮ ᠢᠶᠠᠷ ᠲᠡᠷᠭᠡ ᠨᠡᠪᠲᠡᠷᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠢ 980.5 ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 29 ᠰᠠᠭᠤᠷᠢ ᠬᠥᠭᠦᠷᠭᠡ ᠪᠠᠶᠢᠭᠤᠯᠤᠨ᠂ ᠤᠯᠤᠰ ᠤᠨ ︽ᠳᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ᠃     ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠦᠨ ᠠᠬᠢᠭᠤᠯᠵᠤ᠂ ᠬᠥᠭᠵᠢᠯᠲᠡ ᠶᠢᠨ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠤᠭᠰᠠᠨ ᠲᠠᠪᠤᠨ ᠵᠢᠯ ᠮᠥᠨ᠃ ᠠᠵᠤ ᠠᠬᠤᠶ ᠪᠠ ᠠᠮᠢ ᠠᠬᠤᠶ ᠶᠢᠨ ᠪᠣᠯᠪᠠᠰᠤᠨ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠤᠷᠤᠭᠰᠢᠲᠠᠶ ᠠᠬᠢᠵᠤ᠂ ᠵᠠᠰᠠᠭ ᠤᠨ ᠣᠷᠳᠣᠨ ᠤ ᠪᠠᠶᠢᠭᠤᠯᠤᠮᠵᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠤᠯᠤᠰ ᠤᠨ ᠥᠮᠴᠢᠯᠡᠯ ᠤᠨ ᠤᠢ ᠰᠢᠭᠤᠶ ᠶᠢᠨ ᠲᠠᠯᠠᠪᠠᠢ ᠵᠡᠷᠭᠡ ᠶᠢᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠵᠡᠷᠭᠡ ᠲᠤᠰᠬᠠᠶ ᠵᠦᠢᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠬᠤᠳᠠᠯᠳᠤᠭᠠᠨ ᠤ ᠡᠵᠡᠩᠨᠡᠯᠲᠡ ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠵᠤ᠂ 326 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠦᠢᠯᠡᠴᠢᠯᠡᠭᠡᠨ ᠤ ᠵᠦᠢᠯᠡᠰ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠭᠤᠯᠵᠤ᠂ ᠪᠤᠢ ᠪᠦᠬᠦᠢ ᠬᠢᠨᠠᠨ ᠵᠥᠪᠰᠢᠶᠡᠷᠡᠬᠦ ᠭᠤᠭᠴᠤᠭ᠎ᠠ ᠪᠠ ᠭᠦᠢᠴᠡᠳᠬᠡᠵᠦ ᠳᠠᠭᠤᠰᠬᠠᠬᠤ ᠴᠠᠭ ᠤᠨ ᠬᠢᠵᠠᠭᠠᠷ ᠢ ᠴᠥᠮ ᠭᠤᠷᠪᠠᠨ ᠤ ᠨᠢᠭᠡ ᠠᠴᠠ ᠳᠡᠭᠡᠭᠰᠢ ᠪᠠᠭᠠᠰᠬᠠᠪᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ︽ᠡᠪᠦᠯ ᠤᠨ ᠤᠯᠠᠷᠢᠯ ᠤᠨ ᠠᠵᠢᠯᠯᠠᠭ᠎ᠠ︾ ᠶᠢ ᠢᠳᠡᠪᠬᠢᠲᠡᠶ ᠥᠷᠨᠢᠭᠦᠯᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 64 ᠲᠥᠷᠥᠯ ᠵᠦᠶ᠋ᠯ ᠳᠤ ᠭᠠᠷ ᠤᠨ ᠥᠰᠥᠭ ᠵᠢᠷᠤᠵᠤ ᠨᠠᠶᠢᠳᠠᠪᠤᠷᠢᠵᠢᠭᠤᠯᠪᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠲᠣᠭᠠᠴᠢᠯᠠᠭᠰᠠᠨ ᠡᠭᠦᠳᠦᠯᠲᠡ ᠶᠢᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ︽ᠬᠤᠶᠠᠷ ᠪᠠᠭᠰᠢ ᠱᠠᠪᠢ ᠳᠠᠭᠠᠭᠤᠯᠬᠤ᠂ ᠦᠢᠯᠡᠳᠪᠦᠷᠢ ᠪᠠ ᠰᠤᠷᠤᠯᠴᠠᠯᠭ᠎ᠠ ᠶᠢ ᠨᠢᠭᠡ ᠴᠣᠭᠴᠠᠯᠠᠬᠤ︾ ᠠᠵᠢᠯ ᠮᠡᠷᠭᠡᠵᠢᠯ ᠤᠨ ᠰᠤᠷᠭᠠᠨ ᠬᠦᠮᠦᠵᠢᠯ ᠪᠠ ᠴᠢᠳᠠᠪᠤᠷᠢᠲᠠᠨ ᠤ ᠬᠦᠮᠦᠵᠢᠯ ᠤᠨ ᠵᠠᠭᠪᠤᠷ ᠢ ᠠᠭᠠᠵᠢᠮ ᠢᠶᠠᠷ ᠳᠡᠭᠦᠯᠳᠡᠷᠵᠢᠭᠦᠯᠦᠨ᠂ ︽ᠤᠯᠤᠰ ᠤᠨ ᠲᠠᠰ ᠤᠨ ᠬᠥᠳᠡᠭᠡ ᠲᠣᠰᠬᠤᠨ ᠤ ᠠᠵᠢᠯ ᠮᠡᠷᠭᠡᠵᠢᠯ ᠬᠢᠭᠡᠳ ᠨᠠᠰᠤᠨ ᠳᠤ ᠭᠦᠷᠦᠭᠰᠡᠳ ᠤᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠢᠶᠠᠨ︾ ︽ᠥᠪᠡᠷᠲᠡᠭᠡᠨ ᠵᠠᠰᠠᠬᠤ ᠣᠷᠣᠨ ᠤ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ︾ ᠤᠨ ᠢᠷᠠᠭᠤ ᠠᠯᠳᠠᠷ ᠢ ᠭᠥᠷᠳᠡᠵᠦ᠂ ᠯᠦᠩ ᠽᠧ ᠤᠰᠤ ᠠᠷᠪᠢᠯᠠᠬᠤ᠂ ᠵᠥᠩ ᠢ ᠰᠢᠬᠢᠷ ᠤᠨ ᠦᠶ᠋ᠯᠡᠰ ᠵᠡᠷᠭᠡ 15 ᠠᠵᠤ ᠠᠬᠤᠶᠢᠯᠠᠯ ᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠪᠠ᠃     ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠢᠯᠡᠳᠲᠡ ᠳᠡᠭᠡᠭᠰᠢᠯᠡᠭᠰᠡᠨ ᠲᠠᠪᠤᠨ ᠵᠢᠯ ᠪᠣᠯᠤᠨ᠎ᠠ᠃ ᠠᠷᠠᠳ ᠤᠨ ᠠᠮᠢᠳᠤᠷᠠᠯ ᠤᠨ ᠵᠠᠷᠤᠯᠭ᠎ᠠ 173.4 ᠳ᠋ᠦᠩᠰᠢᠭᠤᠷ ᠲᠥᠭᠦᠷᠢᠭ ᠲᠤ ᠬᠦᠷᠴᠦ᠂ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ 1.53 ᠳᠠᠬᠢᠨ ᠪᠣᠯᠵᠠᠶ᠃ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠡᠶᠢᠲᠡ 9.7 ᠳ᠋ᠦᠩᠰᠢᠭᠤᠷ ᠲᠥᠭᠦᠷᠢᠭ ᠣᠷᠣᠭᠤᠯᠵᠤ᠂ ︽ᠨᠠᠶ᠋ᠮᠠᠨ ᠵᠦᠶ᠋ᠯ ᠤᠨ ᠠᠷᠭ᠎ᠠ ᠵᠠᠮ︾ ᠪᠠ ︽ᠲᠠᠪᠤᠨ ᠪᠠᠲᠤᠯᠠᠭ᠎ᠠ︾ ᠳᠤ ᠠᠩᠬᠠᠷᠤᠯ ᠢᠶᠠᠨ ᠲᠥᠪᠯᠡᠷᠡᠭᠦᠯᠦᠨ᠂ ᠶᠠᠳᠠᠭᠤ ᠶᠢ ᠲᠡᠳᠬᠦᠬᠦ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠢ 50᠂ ᠰᠠᠭᠤᠷᠢᠨ ᠭᠠᠵᠠᠷ ᠢ 20 ᠭᠠᠷᠤᠶ ᠲᠦᠮᠡᠨ ᠮᠥ ᠪᠠᠶᠢᠭᠤᠯᠵᠤ᠂ ᠨᠡᠶᠢᠲᠡ 16710 ᠡᠷᠦᠬᠡ ᠶᠢᠨ 43084 ᠬᠥᠮᠦᠨ ᠢ ᠶᠠᠳᠠᠭᠤ ᠠᠴᠠ ᠠᠩᠭᠢᠵᠢᠷᠠᠭᠤᠯᠤᠨ᠂ ︽ᠬᠥᠮᠦᠨ ᠢ ᠶᠠᠳᠠᠭᠤ ᠠᠴᠠ ᠠᠩᠭᠢᠵᠢᠷᠠᠭᠤᠯᠬᠤ᠂ ᠲᠣᠰᠬᠤᠨ ᠢ ᠶᠠᠳᠠᠭᠤ ᠠᠴᠠ ᠠᠩᠭᠢᠵᠢᠷᠠᠭᠤᠯᠬᠤ᠂ ᠰᠢᠶᠠᠨ ᠢ ᠶᠠᠳᠠᠭᠤ ᠠᠴᠠ ᠠᠩᠭᠢᠵᠢᠷᠠᠭᠤᠯᠬᠤ︾ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠪᠡ᠃ ᠬᠤᠳᠠ ᠪᠠᠯᠭᠠᠰᠤᠨ ᠳᠤ ᠨᠡᠶᠢᠳᠡ 1.5 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠳᠤ ᠰᠢᠯᠵᠢᠭᠦᠯᠦᠨ ᠠᠵᠢᠯ ᠣᠯᠭᠤᠭᠰᠠᠨ ᠬᠥᠮᠦᠨ ᠤᠳᠠᠭ᠎ᠠ 51.86 ᠲᠦᠮᠡᠨ ᠬᠥᠮᠦᠨ ᠤᠳᠠᠭ᠎ᠠ ᠳᠤ ᠬᠦᠷᠴᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5% ᠶᠢᠨ ᠳᠣᠲᠣᠷ᠎ᠠ ᠬᠢᠵᠠᠭᠠᠷᠯᠠᠪᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠡᠮᠬᠢᠯᠡᠨ ᠨᠡᠶᠢᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠨᠡᠶᠢᠲᠡ 17.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 93 ᠰᠤᠷᠭᠠᠭᠤᠯᠢ ᠶᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ ︽ᠭᠤᠷᠪᠠᠨ ᠰᠢᠷᠣᠶ︾ ᠶᠢ ᠪᠥᠬᠦ ᠲᠠᠯ᠎ᠠ ᠪᠠᠷ ᠦᠭᠡᠶᠢᠰᠬᠡᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠶᠢᠨ ᠬᠤᠪᠢ ᠶᠢᠨ ᠪᠠᠷᠢᠮᠵᠢᠶ᠎ᠠ ᠠᠴᠠ ᠳᠠᠪᠠᠭᠰᠠᠨ ᠨᠣᠷᠮ᠎ᠠ ᠶᠢ ᠢᠮᠠᠭᠲᠠ 65% ᠠᠴᠠ ᠳᠡᠭᠡᠭᠰᠢ ᠪᠠᠶᠢᠯᠭᠠᠬᠤ ᠶᠢ ᠪᠠᠲᠤᠯᠠᠪᠠ᠃ ᠰᠦᠩᠱᠠᠨ ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠬᠤᠭᠤᠴᠠᠭ᠎ᠠ᠂ ᠰᠦᠩᠱᠠᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠤᠨ ᠰᠢᠨ᠎ᠡ ᠪᠠᠭᠤᠷᠢ ᠶᠢ ᠠᠰᠢᠭᠯᠠᠯᠲᠠ ᠳᠤ ᠣᠷᠣᠭᠤᠯᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ ᠢ 18 ᠥᠭᠡᠷᠡᠴᠢᠯᠡᠨ ᠳᠡᠭᠡᠭᠰᠢᠯᠡᠭᠦᠯᠪᠡ᠃ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠰᠣᠶᠣᠯ ᠤᠨ ᠥᠷᠲᠡᠭᠡ᠂ ᠲᠣᠰᠬᠤᠨ ︵ᠨᠡᠶᠢᠭᠡᠮ ᠲᠣᠭᠤᠷᠢᠭ︶ ᠤ ᠰᠣᠶᠣᠯ ᠤᠨ ᠥᠷᠥᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ︽ᠳᠤᠮᠳᠠᠳᠤ ᠶᠢᠨ ᠰᠢᠯᠦᠭ ᠳᠠᠭᠤᠯᠠᠯ ᠤᠨ ᠨᠤᠲᠤᠭ︾ ᠤᠨ ᠢᠷᠠᠭᠤ ᠠᠯᠳᠠᠷ ᠢ ᠭᠥᠷᠳᠡᠪᠡ᠃ 25 ᠨᠡᠶᠢᠭᠡᠮ ᠲᠣᠭᠤᠷᠢᠭ ᠢ ᠰᠢᠨ᠎ᠡ ᠪᠠᠷ ᠪᠠᠶᠢᠭᠤᠯᠵᠤ᠂ ᠯᠢᠨ ᠬᠤᠸᠠᠩ ᠵᠢᠶᠠ ᠶᠤᠸᠠᠨ ᠨᠡᠶᠢᠭᠡᠮ ᠲᠣᠭᠤᠷᠢᠭ ᠢ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ︾ ᠭᠡᠵᠦ ᠨᠡᠷᠡᠶᠢᠳᠪᠡ᠃ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠲᠠᠬᠢᠨ ᠬᠢᠨᠠᠯᠲᠠ ᠤᠷᠤᠭᠰᠢᠲᠠᠶ ᠪᠠᠲᠤᠯᠠᠭᠳᠠᠪᠠ᠃ ᠠᠶᠤᠯ ᠥᠭᠡᠢ ᠦᠢᠯᠡᠳᠪᠦᠷᠢᠯᠡᠯ ᠪᠣᠯᠤᠨ ᠤᠯᠠᠨ ᠨᠡᠶᠢᠲᠡ ᠶᠢᠨ ᠠᠮᠤᠷ ᠲᠦᠪᠰᠢᠨ  ᠤ ︽ᠭᠤᠷᠪᠠᠨ ᠲᠠᠪᠬᠤᠷᠭ᠎ᠠ ᠨᠢᠭᠡᠳᠦᠭᠡᠷ ᠹᠷᠣᠨᠲ︾ ᠤᠨ ᠬᠢᠨᠠᠯᠲᠠ ᠬᠠᠮᠢᠶᠠᠷᠤᠯᠲᠠ ᠶᠢᠨ ᠲᠥᠷᠢᠮ  ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯ ᠥᠭᠡᠢ ᠦᠢᠯᠡᠳᠪᠦᠷᠢᠯᠡᠯ  ᠤᠨ ᠨᠡᠯᠢᠶᠡᠳ ᠶᠡᠭᠡ ᠠᠴᠠ ᠳᠡᠭᠡᠭᠰᠢᠬᠢ ᠡ᠊ᠨᠳᠡᠯ ᠭᠠᠷᠤᠭᠰᠠᠨ ᠥᠭᠡᠢ᠃ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠰᠢᠶᠠᠩ ᠶᠠᠩ ᠲᠣᠮᠢᠯᠠᠭᠰᠠᠨ ᠰᠠᠯᠪᠤᠷᠢ ᠨᠢ ︽ᠪᠥᠬᠦ ᠤᠯᠤᠰ ᠤᠨ ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ ᠤ ᠬᠠᠮᠲᠤ ᠨᠡᠶᠢᠲᠠ︾ ︽ᠪᠥᠬᠦ ᠤᠯᠤᠰ ᠤᠨ ᠰᠢᠯᠢᠳᠡᠭ ᠦᠨᠳᠦᠰᠦᠨ ᠱᠠᠲᠤᠨ ᠤ ᠨᠢᠭᠡᠴᠡ︾ ᠶᠢᠨ ᠢᠷᠠᠭᠤ ᠠᠯᠳᠠᠷ ᠤᠨ ᠴᠣᠯᠠ ᠭᠥᠷᠳᠡᠪᠡ᠃ ᠬᠤᠶᠠᠷ ᠢ ᠬᠦᠷᠢᠶᠡᠯᠡᠬᠦ ᠬᠠᠷᠠᠭᠠᠯᠵᠠᠯ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠡᠮᠡᠭᠲᠡᠶᠢᠴᠦᠳ ᠬᠡᠤᠬᠡᠳ᠂ ᠵᠡᠮᠳᠡᠭᠴᠦᠳ᠂ ᠴᠠᠭ ᠠᠭᠤᠷ᠂ ᠲᠠᠩᠰᠠ ᠡᠪᠬᠡᠮᠡᠯ᠂ ᠲᠡᠤᠬᠡ ᠣᠶᠢᠯᠠᠯᠭ᠎ᠠ᠂ ᠨᠢᠭᠦᠯᠡᠰᠦᠩᠭᠦᠶ ᠶᠢᠨ ᠦᠶ᠋ᠯᠡᠰ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠴᠥᠮ ᠰᠢᠨ᠎ᠡ ᠠᠮᠵᠢᠯᠲᠠ ᠤᠯᠪᠠ᠃     ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠷᠥ ᠪᠠᠷᠢᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠭᠰᠡᠨ ᠲᠠᠪᠤᠨ ᠵᠢᠯ ᠪᠣᠯᠤᠨ᠎ᠠ᠃ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠲᠣᠭᠤᠷᠢᠭ ᠤᠨ ᠬᠤᠷᠢᠶ᠎ᠠ ᠶᠢᠨ ᠡᠯ᠎ᠡ ᠵᠦᠶ᠋ᠯ ᠤᠨ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠨᠡᠶᠢᠲᠡ 276 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠡᠶᠢᠲᠡ 474 ᠬᠤᠪᠢ ᠰᠢᠶ᠋ᠳᠪᠦᠷᠢᠯᠡᠵᠦ᠂ ᠰᠢᠶ᠋ᠳᠪᠦᠷᠢᠯᠡᠵᠦ ᠳᠠᠭᠤᠰᠬᠠᠭᠰᠠᠨ ᠨᠣᠷᠮ᠎ᠠ 100% ᠳᠤ ᠬᠦᠷᠴᠦ᠂ ᠰᠢᠶ᠋ᠳᠪᠦᠷᠢᠯᠡᠭᠰᠡᠨ ᠶᠠᠰᠤ ᠴᠢᠨᠠᠷ ᠵᠢᠯ ᠳᠠᠷᠠᠭᠠᠯᠠᠨ ᠳᠡᠭᠡᠭᠰᠢᠯᠡᠪᠡ᠃ ᠬᠠᠤᠯᠢ ᠴᠠᠭᠠᠵᠠ ᠶᠢ ᠲᠦᠭᠡᠮᠡᠯᠵᠢᠭᠦᠯᠬᠦ ᠳᠣᠯᠣᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠢ ᠴᠢᠩᠭ᠎ᠠ ᠵᠢᠷᠤᠮᠯᠠᠨ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠪᠠ ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠪᠠ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠵᠢᠴᠢ ᠡᠯ᠎ᠡ ᠱᠠᠲᠤᠨ ᠤ ᠢᠵᠢ ᠪᠦᠷᠢᠳᠦᠭᠦᠯᠬᠦ ᠨᠠᠷᠢᠨ ᠲᠦᠷᠢᠮ ᠢ ᠬᠢᠨᠠᠮᠠᠭᠠᠶ ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠶᠡᠭᠡ ᠪᠠᠷ ᠪᠠᠭᠠᠰᠬᠠᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ︽ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠠᠵᠢᠯ ᠬᠢᠬᠦ ᠥᠬᠡᠶ᠂ ᠠᠵᠢᠯ ᠢᠶᠠᠨ ᠤᠳᠠᠭᠠᠨ ᠬᠢᠬᠦ᠂ ᠳᠤᠷ᠎ᠠ ᠪᠠᠷ ᠢᠶᠠᠨ ᠠᠵᠢᠯ ᠬᠢᠬᠦ ᠶᠢ ᠲᠤᠰᠬᠠᠶᠢᠯᠠᠨ ᠴᠡᠭᠴᠡᠯᠡᠨ ᠵᠠᠰᠠᠬᠤ ᠶᠢ ᠯᠠᠪᠳᠠᠭᠤᠨ ᠢᠶᠠᠷ ᠠᠬᠢᠭᠤᠯᠪᠠ᠃ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠦᠵᠡᠯ ᠤᠬᠠᠮᠰᠠᠷ ᠤᠨ ᠬᠡᠯᠪᠡᠷᠢ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃     ᠲᠥᠯᠥᠭᠡᠯᠡᠭᠴᠢᠳ ᠡ᠂ ᠲᠠᠪᠤᠨ ᠵᠢᠯ ᠤᠨ ᠬᠥᠭᠵᠢᠯᠲᠡ ᠶᠢ ᠪᠡᠶᠡᠯᠡᠭᠦᠯᠬᠦ ᠳᠤ ᠬᠦᠴᠢᠷ ᠪᠡᠷᠬᠡᠰᠢᠶᠡᠯ ᠲᠠᠢ᠂ ᠲᠠᠪᠤᠨ ᠵᠢᠯ ᠤᠨ ᠰᠢᠷᠭᠠᠭᠤ ᠴᠢᠷᠮᠠᠶᠢᠯᠭ᠎ᠠ ᠪᠠᠷ ᠡᠯᠪᠡᠭ ᠳᠡᠯᠪᠡᠭ ᠦᠷ᠎ᠡ ᠪᠦᠲᠦᠮᠵᠢ ᠤᠯᠪᠠ᠃ ᠲᠠᠪᠤᠨ ᠵᠢᠯ ᠤᠨ ᠲᠤᠷᠰᠢ᠂ ᠠᠵᠤ ᠠᠬᠤᠶ ᠪᠠᠭᠤᠷᠠᠬᠤ ᠳᠠᠷᠤᠯᠲᠠ ᠶᠡᠬᠡᠰᠴᠦ᠂ ᠵᠥᠷᠢᠴᠡᠯ ᠠᠶᠤᠯ ᠲᠦᠭᠰᠢᠭᠦᠷᠢ ᠳᠠᠪᠬᠤᠴᠠᠵᠤ ᠪᠠᠶᠢᠭ᠎ᠠ ᠵᠡᠷᠭᠡ ᠠᠯᠢ ᠣᠯᠠᠨ ᠠᠰᠢᠭ ᠥᠬᠡᠶ ᠬᠦᠴᠦᠨ ᠵᠦᠶ᠋ᠯ ᠤᠨ ᠡᠮᠦᠨ᠎ᠡ᠂ ᠪᠢᠳᠡ ᠬᠦᠴᠢᠷ ᠢ ᠰᠦᠷᠦᠨ ᠤᠷᠤᠭᠰᠢᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠭᠤᠶᠠᠴᠢ ᠥᠬᠡᠶ ᠵᠣᠷᠢᠭᠲᠠᠶ᠂ ᠦᠨᠡᠨ ᠪᠣᠳᠠᠲᠠᠶ ᠪᠠᠷ ᠠᠵᠢᠯᠯᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠣᠭᠢᠷᠠᠭᠤᠯᠤᠨ ᠪᠠᠶᠢᠷᠢᠯᠠᠭᠤᠯᠤᠭᠰᠠᠨ ᠡᠯ᠎ᠡ ᠵᠦᠶ᠋ᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠦᠨ᠂ ᠶᠡᠷᠦᠩᠬᠡᠶᠢᠯᠡᠭᠰᠡᠨ ᠠᠵᠤ ᠠᠬᠤᠶ ᠶᠢᠨ ᠲᠠᠪᠠᠯᠳᠠᠳᠤ ᠬᠥᠭᠵᠢᠯᠲᠡ ᠶᠢ ᠪᠡᠶᠡᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠠᠲᠤᠯᠠᠨ᠂ ᠪᠣᠳᠠᠲᠠᠶ ᠦᠷ᠎ᠡ ᠪᠦᠲᠦᠮᠵᠢ ᠶᠢ ᠣᠯᠵᠤ᠂ ᠰᠢᠨ᠎ᠡ ᠴᠠᠭ ᠦᠶ᠎ᠡ ᠶᠢᠨ ᠰᠦᠩᠱᠠᠨ ᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠪᠠᠶᠢᠨ᠎ᠠ᠃ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ᠂ ᠳᠣᠲᠣᠨᠣ ᠬᠠᠯᠠᠮᠵᠢᠯᠠᠯ ᠤᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢ᠊ ᠡᠶ᠎ᠡ᠂ ᠵᠠᠰᠠᠭ ᠤᠨ ᠣᠷᠳᠣᠨ ᠪᠠ ᠲᠣᠭᠤᠷᠢᠭ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠵᠤ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠴᠠᠭ ᠤᠨ ᠪᠡᠷᠬᠡ ᠶᠢ ᠬᠠᠮᠲᠤᠪᠠᠷ ᠲᠤᠭᠤᠯᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠰᠦᠩᠱᠠᠨ ᠤ ᠪᠦᠳᠦᠭᠡᠨ ᠪᠠᠶᠢᠭᠤᠯᠤᠯᠲᠠ ᠪᠣᠯᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠣᠯᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕     ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠪᠢᠳᠡ ᠪᠠᠰᠠ ᠮᠠᠨ ᠤ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠮᠦᠨ ᠮᠠᠰᠢ ᠣᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠬᠤ ᠬᠡᠷᠡᠭᠲᠡᠢ᠃ ᠪᠦᠲᠦᠴᠡ ᠶᠢᠨ ᠵᠥᠷᠢᠴᠡᠯ ᠲᠤᠪᠤᠶᠢᠮ᠎ᠠ᠂ ᠠᠵᠤ ᠦᠢᠯᠡᠰ ᠤᠨ ᠬᠥᠭᠵᠢᠯᠲᠡ ᠭᠦᠢᠴᠡᠳ ᠪᠤᠰᠤ ᠪᠠᠶᠢᠵᠤ᠂ ᠶᠠᠰᠤ ᠴᠢᠨᠠᠷ ᠪᠠ ᠦᠷ᠎ᠡ ᠠᠰᠢᠭ ᠢ ᠲᠦᠷᠭᠡᠨ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ ᠬᠤᠲᠠ ᠬᠥᠳᠡᠭᠡ ᠶᠢᠨ ᠬᠥᠭᠵᠢᠯᠲᠡ ᠵᠣᠬᠢᠴᠠᠩᠭᠤᠶ ᠪᠤᠰᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠲᠡᠩᠴᠡᠭᠦᠷᠢ ᠥᠬᠡᠶ᠂ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠮᠥᠨ ᠬᠦ ᠭᠦᠶ᠋ᠴᠡᠳ ᠰᠢᠶ᠋ᠳᠪᠦᠷᠢᠯᠡᠭᠡᠳᠦᠶ ᠪᠠᠶᠢᠭᠰᠠᠭᠠᠷ︔ ᠠᠮᠢ ᠠᠬᠤᠢ ᠶᠢᠨ ᠣᠷᠴᠢᠨ ᠲᠣᠭᠤᠷᠢᠨ ᠤ ᠬᠢᠵᠠᠭᠠᠷᠯᠠᠯ ᠨᠡᠩ ᠴᠢᠩᠭᠠᠷᠠᠵᠤ᠂ ᠵᠥᠷᠢᠴᠡᠯ ᠵᠢᠭᠤᠷᠠᠯᠳᠤᠭᠠᠨ ᠠᠮᠠᠷᠬᠠᠨ ᠤᠯᠠᠨ ᠡᠭᠦᠰᠴᠦ᠂ ᠤᠯᠠᠨ ᠨᠡᠶᠢᠲᠡ ᠶᠢᠨ ᠠᠮᠤᠷ ᠲᠦᠪᠰᠢᠨ ᠳᠤ ᠮᠥᠨᠬᠦ ᠪᠠᠭᠤᠷᠠᠢ ᠭᠤᠭᠴᠤᠭ᠎ᠠ ᠣᠷᠤᠰᠢᠨ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠲᠦᠷᠭᠡᠨ ᠰᠠᠶᠢᠵᠢᠷᠠᠭᠤᠯᠤᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠵᠠᠰᠠᠭ ᠤᠨ ᠣᠷᠳᠣᠨ ᠤ ᠰᠢᠰᠲ᠋ᠧᠮ ᠤᠨ ᠣᠨᠴᠠ ᠵᠠᠷᠢᠮ ᠺᠠᠳ᠋ᠷ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠨᠢ ᠤᠯᠠᠨ ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠵᠥᠷᠢᠶ᠎ᠡ ᠲᠠᠢ ᠪᠠᠶᠢᠬᠤ ᠮᠡᠲᠦ ᠶᠢᠨ ᠣᠯᠠᠨ ᠠᠰᠠᠭᠤᠳᠠᠯ ᠣᠷᠤᠰᠢᠵᠤ ᠪᠣᠢ᠃ ᠪᠢᠳᠡ ᠪᠣᠲᠠᠲᠠᠢ ᠳᠤ ᠰᠢᠭᠤᠳ ᠬᠠᠨᠳᠤᠵᠤ᠂ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠡᠭᠦᠷᠭᠡᠯᠡᠨ᠂ ᠨᠠᠷᠢᠨ ᠬᠢᠨᠠᠮᠠᠭᠠᠶ ᠪᠠᠷ ᠰᠢᠶ᠋ᠳᠪᠦᠷᠢᠯᠡᠨ᠎ᠡ᠃     ᠲᠥᠯᠥᠭᠡᠯᠡᠭᠴᠢᠳ ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠵᠦᠭ ᠤᠷᠤᠭᠰᠢᠯᠠᠬᠤ ᠠᠩᠬᠠᠳᠤᠭᠠᠷ ᠲᠠᠪᠤᠨ ᠵᠢᠯ ᠮᠥᠨ᠂ ᠨᠡᠩ ᠴᠤ ᠰᠦᠩᠱᠠᠨ ᠤ ᠳᠠᠪᠠᠯᠲᠠ ᠲᠠᠢ ᠬᠥᠭᠵᠢᠯᠲᠡ ᠶᠢ ᠪᠡᠶᠡᠯᠡᠭᠦᠯᠬᠦ᠂ ᠰᠡᠭᠦᠯᠴᠢ ᠶᠢᠨ ᠦᠶ᠎ᠡ ᠳᠤ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠵᠠᠩᠭᠢᠯᠠᠭ᠎ᠠ ᠶᠢᠨ ᠬᠤᠭᠤᠴᠠᠭ᠎ᠠ ᠮᠥᠨ᠃ ᠲᠣᠭᠤᠷᠢᠭ ᠤᠨ ᠬᠤᠷᠢᠶ᠎ᠠ ᠶᠢᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠢᠷᠡᠬᠦ ᠲᠠᠪᠤᠨ ᠵᠢᠯ ᠳᠤ ᠪᠢᠳᠡ ᠳᠣᠤᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠃     ︵ᠨᠢᠭᠡ︶ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠳᠣᠪᠤᠶᠢᠯᠭᠠᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠢ ᠡᠷᠡᠰ ᠰᠠᠬᠢᠵᠤ᠂ ᠬᠦᠬᠡ ᠲᠩᠷᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠬᠤᠳᠠ ᠶᠢᠨ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠦᠨ᠂ ᠭᠠᠵᠠᠷ ᠳᠡᠭᠡᠷᠡᠬᠢ ᠤᠰᠤᠨ ᠤ ᠰᠢᠯᠢᠳᠡᠭ ᠰᠠᠶᠢᠨ ᠤᠰᠤᠨ ᠴᠣᠭᠴᠠ ᠶᠢᠨ ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠥᠷᠥᠰᠥ ᠰᠢᠷᠣᠢ ᠶᠢᠨ ᠤᠯᠠᠨ ᠡᠬᠢᠳᠤ ᠪᠣᠬᠢᠷᠲᠤᠯ ᠢ ᠦᠷᠭᠦᠯᠵᠢᠯᠡᠨ ᠰᠠᠶᠢᠵᠢᠷᠠᠭᠤᠯᠬᠤ ᠶᠢ ᠪᠠᠲᠤᠯᠠᠨ᠎ᠠ᠃ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠨᠢᠭᠡᠳᠦᠯᠲᠡᠶ ᠲᠥᠯᠥᠪᠯᠡᠨ ᠴᠢᠩᠭᠠᠳᠬᠠᠵᠤ᠂ ᠢᠩᠭᠡ ᠶᠢᠨ ᠭᠤᠣᠯ ᠤᠨ ᠳᠡᠭᠡᠳᠦ ᠤᠷᠤᠰᠬᠠᠯ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ ︾ ᠶᠢ ᠴᠢᠩᠭᠠᠳᠬᠠᠨ᠂ ᠪᠣᠬᠢᠷᠲᠤᠯ ᠦᠭᠡᠢ ᠦᠷᠭᠦᠯᠵᠢᠯᠡᠬᠦᠶᠢᠴᠡ ᠬᠥᠭᠵᠢᠯᠲᠡ ᠶᠢ ᠲᠦᠯᠬᠢᠨ ᠠᠬᠢᠭᠤᠯᠤᠨ᠎ᠠ᠃     ︵ᠬᠤᠶᠠᠷ︶ ᠠᠵᠤ ᠦᠶ᠋ᠯᠡᠰ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠣᠶ ᠪᠣᠯᠭᠠᠨ᠎ᠠ᠃ ︽ᠤᠯᠠᠮᠵᠢᠯᠠᠯᠲᠤ ᠠᠵᠤ ᠦᠢᠯᠡᠰ ᠤᠨ ᠬᠤᠪᠢᠰᠤᠯᠲᠠ︾ ᠪᠠ ︽ᠰᠢᠨ᠎ᠡ ᠠᠵᠤ ᠦᠢᠯᠡᠰ ᠤᠨ ᠮᠠᠨᠳᠤᠯᠲᠠ︾ ᠶᠢ ᠲᠦᠯᠬᠢᠨ ᠠᠬᠢᠭᠤᠯᠵᠤ᠂ ᠪᠦᠲᠦᠴᠡ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠪᠣᠳᠠᠲᠤ ᠴᠣᠭᠴᠠ ᠶᠢᠨ ᠠᠵᠤ ᠠᠬᠤᠶ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠵᠦ᠂ ᠰᠢᠯᠢᠳᠡᠭᠵᠢᠭᠦᠯᠦᠨ᠂ ᠰᠢᠨ᠎ᠡ ᠶᠢ ᠡᠭᠦᠳᠬᠦ ᠬᠥᠳᠡᠯᠭᠡᠭᠴᠢ ᠬᠦᠴᠦᠨ ᠢᠶᠠᠷ ᠴᠢᠩᠭ᠎ᠠ᠂ ᠠᠵᠤ ᠦᠢᠯᠡᠰ ᠤᠨ ᠣᠨᠴᠠᠯᠢᠭ ᠢᠶᠠᠷ ᠢᠯᠡ ᠲᠣᠳᠣ᠂ ᠪᠥᠭᠡᠮᠨᠡᠷᠡᠯ ᠤᠨ ᠦᠢᠯᠡᠳᠦᠯ ᠢᠶᠠᠷ ᠢᠯᠡᠳᠲᠡ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠤᠢ ᠪᠣᠯᠭᠠᠨ᠎ᠠ᠃ ᠲᠠᠷᠢᠶᠠᠯᠠᠩ ᠤᠨ ᠲᠥᠪᠯᠡᠷᠡᠩᠭᠦᠶ ᠡᠷᠴᠢᠮᠯᠢᠭ ᠴᠤᠭᠯᠠᠷᠠᠬᠤᠢ ᠬᠥᠭᠵᠢᠬᠦ ᠶᠢ ᠪᠠᠷᠢᠮᠲᠠᠯᠠᠨ᠂ ᠭᠤᠣᠯᠯᠠᠬᠤ ᠤᠨᠴᠠᠯᠢᠭᠳᠤ ᠠᠵᠤ ᠦᠢᠯᠡᠰ ᠢ ᠬᠦᠴᠦᠲᠡᠶ ᠲᠦᠯᠬᠢᠨ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠲᠣᠭᠲᠠᠭᠤᠨ ᠢᠶᠠᠷ ᠬᠥᠭᠵᠢᠭᠦᠯᠦᠨ᠂ ᠦᠷᠭᠦᠯᠵᠢᠯᠡᠨ ᠠᠭᠤᠰᠤᠯᠴᠠᠭᠤᠯᠤᠨ ᠬᠥᠭᠵᠢᠭᠦᠯᠬᠦ ᠳᠡᠭᠡᠷ᠎ᠡ ᠬᠦᠴᠦ ᠲᠠᠯᠪᠢᠵᠤ᠂ ᠨᠢᠭᠡᠳᠦᠭᠡᠷ ᠠᠵᠤ ᠦᠢᠯᠡᠰ ᠢ ᠨᠠᠷᠢᠯᠢᠭᠵᠢᠭᠤᠯᠤᠨ᠎ᠠ᠃ ᠠᠷᠢᠭᠤᠨ ᠴᠡᠪᠡᠷ ᠡᠨᠧᠷᠬᠢ᠂ ᠥᠩᠭᠡᠲᠦ ᠲᠡᠮᠦᠷᠯᠢᠭ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠦᠨᠵᠡᠭᠡᠶ ᠡᠳ᠋ᠰᠢᠭᠦᠯᠬᠦ ᠵᠡᠷᠭᠡ ᠡᠬᠢ ᠪᠠᠶᠠᠯᠢᠭ ᠤᠨ ᠳᠠᠪᠠᠭᠤᠯᠢᠭ ᠲᠥᠷᠥᠯ ᠵᠦᠶ᠋ᠯ ᠢ ᠶᠡᠬᠡᠪᠡᠷ ᠬᠥᠭᠵᠢᠭᠦᠯᠵᠦ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠡᠷᠡᠰ ᠭᠤᠶᠢᠪᠢᠰᠢ ᠥᠬᠡᠶ ᠪᠠᠷ ᠬᠥᠭᠵᠢᠭᠦᠯᠦᠨ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠬᠤᠶᠠᠳᠤᠭᠠᠷ ᠠᠵᠤ ᠦᠶ᠋ᠯᠡᠰ ᠢ ᠪᠤᠵᠠᠭᠠᠶᠢᠷᠠᠭᠤᠯᠤᠨ᠎ᠠ᠃ ᠲᠤᠰᠬᠠᠶ ᠵᠠᠬ᠎ᠠ ᠳᠡᠯᠭᠡᠭᠦᠷ᠂ ᠣᠲᠣ ᠦᠶ᠎ᠡ ᠶᠢᠨ ᠪᠠᠷᠠᠭᠠᠨ ᠤ ᠭᠦᠶ᠋ᠯᠭᠡᠭᠡ ᠶᠢ ᠶᠡᠬᠡᠪᠡᠷ ᠬᠥᠭᠵᠢᠭᠦᠯᠵᠦ᠂ ᠣᠲᠣ ᠶᠢᠨ ᠪᠠᠶᠢᠭ᠎ᠠ ᠬᠤᠳᠠᠯᠳᠤᠭᠠᠨ ᠤ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠣᠲᠣ ᠦᠶ᠎ᠡ ᠶᠢᠨ ᠬᠤᠳᠠᠯᠳᠤᠭᠠᠨ ᠤ ᠲᠥᠪ ᠪᠠ ᠤᠨᠴᠠᠯᠢᠬᠳᠤ ᠵᠡᠭᠡᠯᠢ ᠲᠣᠭᠤᠷᠢᠭ ᠢ ᠪᠠᠶᠢᠭᠤᠯᠵᠤ᠂ ᠭᠤᠤᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠵᠢᠭᠤᠯᠴᠢᠯᠠᠯ ᠤᠨ ᠣᠯᠠᠨ ᠨᠡᠶᠢᠲᠡ ᠶᠢᠨ ᠦᠶ᠋ᠯᠡᠴᠢᠯᠡᠭᠡ ᠪᠠ ᠢᠵᠢ ᠪᠥᠷᠢᠳᠦᠭᠦᠯᠬᠦ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠭᠤᠷᠪᠠᠳᠤᠭᠠᠷ ᠠᠵᠤ ᠦᠶ᠋ᠯᠡᠰ ᠢ ᠬᠦᠴᠦᠷᠬᠡᠭᠵᠢᠭᠦᠯᠦᠨ᠎ᠡ᠃     ︵ᠭᠤᠷᠪᠠ︶ ᠬᠤᠲᠠ ᠬᠥᠳᠡᠭᠡ ᠶᠢᠨ ᠠᠭᠤᠰᠤᠯᠴᠠᠯ ᠢ ᠨᠢᠭᠡᠳᠦᠯᠲᠡᠶ ᠲᠥᠯᠥᠪᠯᠡᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠬᠤᠳᠠ ᠶᠢᠨ ᠬᠥᠭᠵᠢᠯᠲᠡ ᠶᠢᠨ ᠡᠵᠡᠩᠨᠡᠯᠲᠡ ᠶᠢᠨ ᠰᠡᠳᠬᠢᠬᠦᠢ ᠶᠢᠨ ᠰᠢᠨ᠎ᠡ ᠶᠢ ᠡᠭᠦᠳᠴᠦ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠂ ᠦᠢᠯᠡᠳᠪᠦᠷᠢᠯᠡᠯ ᠢᠶᠠᠷ ᠬᠤᠳᠠ ᠶᠢ ᠮᠠᠨᠳᠤᠭᠤᠯᠬᠤ᠂ ᠬᠤᠳᠠ ᠪᠠᠷ ᠦᠢᠯᠡᠳᠪᠦᠷᠢᠯᠡᠯ ᠢ ᠳᠠᠶᠢᠴᠢᠯᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠤᠨ᠎ᠠ᠃ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠬᠤᠲᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠰᠢᠯᠢᠳᠡᠭᠵᠢᠭᠦᠯᠦᠨ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠶᠡᠷᠦᠩᠬᠡᠶᠢᠯᠡᠨ ᠢᠵᠢ ᠪᠦᠷᠢᠳᠦᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠣᠷᠣᠰᠢᠨ ᠰᠠᠭᠤᠬᠤ ᠪᠠ ᠠᠵᠢᠯ ᠦᠶ᠋ᠯᠡᠰ ᠪᠦᠳᠦᠭᠡᠬᠦ ᠳᠤ ᠲᠣᠬᠢᠷᠠᠮᠵᠢᠲᠠᠶ ᠬᠤᠲᠠ ᠶᠢ ᠪᠥᠲᠥᠭᠡᠨ ᠪᠠᠶᠢᠭᠤᠯᠤᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠣᠳᠣᠬᠢᠴᠢᠯᠠᠯᠲᠠ ᠪᠠᠷ ᠠᠵᠤ ᠠᠬᠤᠢ ᠶᠢᠨ ᠬᠥᠭᠵᠢᠯᠲᠡ ᠶᠢᠨ ᠣᠳᠣᠬᠢᠴᠢᠯᠠᠯᠲᠠ ᠶᠢ ᠠᠬᠢᠭᠤᠯᠤᠨ᠎ᠠ᠃     ︵ᠲᠦᠷᠪᠡ︶ ᠬᠦᠴᠦᠨ ᠢᠶᠠᠨ ᠲᠥᠪᠯᠡᠷᠡᠭᠦᠯᠦᠨ ᠬᠥᠳᠡᠯᠭᠡᠬᠦ ᠬᠦᠴᠦᠨ ᠢ ᠬᠤᠪᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠡᠭᠡᠵᠢᠩ ᠲᠢᠶᠠᠨᠵᠢᠨ ᠾᠧᠪᠧᠢ ᠳᠤ ᠭᠦᠨᠵᠡᠭᠡᠢ ᠠᠭᠤᠰᠤᠯᠴᠠᠨ᠂ ᠪᠦᠸᠧᠬᠠᠢ ᠲᠠᠩᠭᠢᠰ ᠳᠠᠭᠠᠤ ᠣᠷᠣᠨ ᠲᠠᠢ ᠵᠣᠯᠭᠠᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠯᠤᠭ᠎ᠠ ᠶᠢᠨ ᠶᠠᠪᠤᠯᠴᠠᠭ᠎ᠠ ᠬᠠᠷᠢᠯᠴᠠᠭ᠎ᠠ ᠶᠢ ᠴᠢᠩᠭᠠᠳᠬᠠᠵᠤ᠂ ᠰᠠᠭᠤᠷᠢ ᠶᠢ ᠪᠠᠲᠤᠳᠬᠠᠬᠤ᠂ ᠴᠢᠳᠠᠮᠵᠢ ᠶᠢ ᠨᠡᠮᠡᠭᠳᠡᠭᠦᠯᠬᠦ᠂ ᠠᠯᠤᠰ ᠬᠡᠳᠦ ᠳᠤ ᠠᠰᠢᠭᠲᠠᠢ ᠨᠢᠭᠡ ᠪᠦᠯᠦᠭ ᠰᠢᠯᠢᠳᠡᠭ ᠲᠦᠷᠦᠯ ᠵᠦᠢᠯ ᠢ ᠣᠷᠣᠭᠤᠯᠤᠨ ᠠᠪᠴᠢᠷᠠᠨ᠎ᠠ ᠃ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠪᠦᠲᠦᠮᠵᠢᠲᠡᠶ ᠪᠡᠯᠡ ᠣᠷᠣᠭᠤᠯᠤᠯᠲᠠ ᠶᠢ ᠨᠠᠷᠢᠯᠢᠭ ᠣᠨᠣᠴᠠᠲᠠᠶ ᠪᠠᠷ ᠥᠷᠭᠡᠳᠬᠡᠵᠦ᠂ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠨ᠎ᠡ᠃ ᠰᠢᠨ᠎ᠡ ᠶᠢ ᠡᠭᠦᠳᠬᠦ ᠬᠥᠭᠵᠢᠯᠲᠡ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠥᠨ ᠵᠢᠯᠣᠭᠤᠳᠬᠤ ᠪᠠ ᠲᠡᠮᠵᠢᠵᠤ᠂ ᠨᠡᠩ ᠤᠯᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠤᠨ᠂ ᠠᠵᠤ ᠠᠬᠤᠶ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃     ︵ᠲᠠᠪᠤ︶ ᠠᠷᠠᠳ ᠤᠨ ᠠᠮᠢᠳᠤᠷᠠᠯ ᠳᠤ ᠨᠡᠶᠢᠳᠡᠮ ᠠᠰᠢᠭ ᠬᠦᠷᠲᠡᠭᠡᠬᠦ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠡᠷ ᠣᠷᠣᠨ ᠢ ᠪᠥᠲᠥᠭᠡᠨ ᠪᠠᠶᠢᠭᠤᠯᠤᠨ᠎ᠠ᠃ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠬᠤ ᠪᠠᠷ ᠬᠥᠭᠵᠢᠯᠲᠡ ᠶᠢᠨ ᠡᠭᠦᠰᠭᠡᠯ ᠪᠠ ᠲᠡᠭᠦᠰᠬᠡᠯ ᠪᠣᠯᠭᠠᠬᠤ ᠶᠢ ᠪᠠᠷᠢᠮᠲᠠᠯᠠᠨ᠎ᠠ᠃ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠪᠠᠲᠤᠯᠠᠭ᠎ᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠠᠴᠠ ᠲᠦᠷᠭᠡᠨ ᠪᠠᠶᠢᠯᠭᠠᠬᠤ ᠶᠢ ᠪᠠᠲᠤᠯᠠᠨ᠎ᠠ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠵᠦ ᠬᠥᠭᠵᠢᠭᠦᠯᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠭᠦᠯᠬᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠤᠨᠴᠠᠯᠢᠭᠳᠤ ᠲᠦᠷᠦᠯ ᠲᠡᠮᠳᠡᠭ ᠢ ᠬᠥᠭᠵᠢᠭᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠨ ᠬᠥᠭᠵᠢᠭᠦᠯᠬᠦ ᠶᠢ ᠲᠥᠯᠬᠢᠨ ᠠᠬᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠶᠡᠬᠡᠪᠡᠷ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠡᠬᠢ ᠪᠠᠶᠠᠯᠢᠭ ᠢ ᠵᠦᠢ ᠵᠣᠬᠢᠰᠲᠠᠶ ᠪᠠᠷ ᠲᠣᠬᠢᠷᠠᠭᠤᠯᠤᠨ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠢᠳᠡᠪᠬᠢᠲᠡᠶ ᠪᠠᠷ ᠴᠡᠴᠡᠭᠯᠡᠭᠦᠯᠦᠨ ᠬᠥᠭᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠤᠯᠠᠨ ᠡᠰᠢᠲᠦ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠰᠢᠰᠲ᠋ᠧᠮ ᠢ ᠲᠦᠷᠭᠡᠪᠴᠢᠯᠡᠨ ᠳᠡᠭᠦᠯᠳᠡᠷᠵᠢᠭᠦᠯᠦᠨ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃     ︵ᠵᠢᠷᠭᠤᠭ᠎ᠠ︶ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠴᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠲᠣᠭᠲᠠᠴᠠ ᠶᠢ ᠪᠦᠷᠢᠨᠰᠢᠬᠦᠯᠦᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠬᠢᠨᠠᠨ ᠬᠡᠮᠵᠢᠬᠦ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠨ᠎ᠠ᠃ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠩᠭᠤ ᠪᠠᠶᠢᠴᠠᠭᠠᠨ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠪᠦᠬᠦ ᠬᠦᠴᠦᠨ ᠢᠶᠠᠷ ᠢᠶᠠᠨ ᠬᠤᠷᠢᠭᠯᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ ᠠᠮᠤᠷ ᠠᠮᠤᠭᠤᠯᠠᠩ ᠰᠦᠩᠱᠠᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠵᠥᠷᠢᠴᠡᠯ ᠢ ᠡᠬᠢ ᠡᠭᠦᠰᠦᠯ ᠠᠴᠠ ᠨᠢ ᠠᠷᠢᠯᠭᠠᠬᠤ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ᠵᠦᠢ ᠵᠣᠬᠢᠰᠲᠠᠶ ᠬᠠᠤᠯᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ᠂ ᠨᠡᠶᠢᠭᠡᠮ ᠤᠨ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃      ᠭᠤᠷᠪᠠ᠂ 2021 ᠣᠨ ᠤ ᠭᠤᠣᠯᠳᠠᠯᠭ᠎ᠠ ᠲᠠᠢ ᠠᠵᠢᠯ     ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠦᠭᠰᠡᠨ ᠤ ᠲᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠮᠥᠨ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ︽ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ︾ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠦᠶ᠋ᠯᠡᠰ ᠤᠨ ᠪᠦᠲᠦᠴᠡ ᠶᠢ ᠳᠣᠭᠢᠷᠠᠭᠤᠯᠬᠤ᠂ ᠰᠢᠯᠢᠳᠡᠭᠵᠢᠭᠦᠯᠬᠦ ᠪᠠ ᠲᠠᠰ ᠳᠡᠪᠰᠢᠭᠦᠯᠬᠦ ᠶᠢ ᠶᠡᠬᠡᠪᠡᠷ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠠᠵᠤ ᠦᠶ᠋ᠯᠡᠳᠪᠦᠷᠢ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠣᠲᠣ ᠦᠶ᠎ᠡ ᠶᠢᠨ ᠦᠶ᠋ᠯᠡᠴᠢᠯᠡᠭᠡᠨ ᠤ ᠦᠶ᠋ᠯᠡᠰ ᠢ ᠲᠦᠷᠭᠡᠳᠬᠡᠨ ᠬᠥᠭᠵᠢᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠨ᠂ ᠰᠢᠯᠢᠳᠡᠭ ᠬᠢᠷᠢ ᠪᠦᠲᠦᠮᠵᠢ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ᠃     ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠶ᠋ᠯᠡᠳᠪᠦᠷᠢᠯᠡᠯ ᠤᠨ ᠶᠡᠷᠦᠩᠬᠡᠶ ᠥᠷᠲᠡᠭ ᠢ 6.5% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7% ᠣᠷᠴᠢᠮ ᠨᠡᠮᠡᠭᠳᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 6.5% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 6% ᠣᠷᠴᠢᠮ ᠨᠡᠮᠡᠭᠳᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6.5% ᠪᠠ 8.5% ᠣᠷᠴᠢᠮ ᠨᠡᠮᠡᠭᠳᠡᠭᠦᠯᠦᠨ᠎ᠡ᠃     ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠣᠭᠤᠷᠢᠨ ᠳᠤ᠂ ᠡᠨᠡ ᠵᠢᠯ ᠶᠢᠰᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄     ︵ᠨᠢᠭᠡ︶ ᠲᠠᠷᠢᠶᠠᠯᠠᠩ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ     ᠭᠤᠣᠯᠯᠠᠬᠤ ᠠᠵᠤ ᠦᠢᠯᠡᠰ ᠢ ᠬᠦᠴᠦᠲᠡᠶ ᠲᠦᠯᠬᠢᠨ ᠠᠬᠢᠭᠤᠯᠤᠨ᠎ᠠ᠃ ᠲᠦᠬᠦᠭᠡᠷᠦᠮᠵᠢᠲᠦ ᠲᠠᠷᠢᠶᠠᠯᠠᠩ ᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠰᠡ ᠶᠢᠨ ᠲᠣᠭᠤᠷᠢᠨ ᠳᠤ᠂ ᠵᠦᠶ ᠵᠣᠬᠢᠰᠲᠠᠶ ᠪᠠᠶᠢᠷᠢᠰᠢᠭᠤᠯᠤᠨ᠂ ᠳᠠᠪᠠᠭᠤᠯᠢᠭ ᠲᠥᠷᠥᠯ ᠵᠦᠶ᠋ᠯ ᠢ ᠲᠥᠪᠯᠡᠷᠡᠭᠦᠯᠦᠨ᠂ ᠵᠢᠯ ᠤᠨ ᠳᠣᠲᠣᠷ᠎ᠠ 2 ᠲᠦᠮᠡᠨ ᠮᠥ ᠲᠦᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ ᠬᠥᠭᠵᠢᠭᠦᠯᠵᠦ ᠂ ᠣᠲᠣ ᠶᠢᠨ ᠪᠠᠶᠢᠭ᠎ᠠ ᠪᠡᠯᠡᠳᠬᠡᠮᠵᠢᠲᠦ ᠬᠦᠷᠢᠶᠡᠯᠡᠩ ᠲᠣᠭᠤᠷᠢᠭ ᠲᠤ 3 ᠵᠢᠯ ᠤᠨ ᠥᠭᠡᠷᠡᠴᠢᠯᠡᠨ ᠲᠠᠰ ᠳᠡᠪᠰᠢᠭᠦᠯᠬᠦ ᠲᠥᠯᠥᠪᠯᠡᠭᠡ ᠶᠢ ᠲᠣᠭᠲᠠᠭᠠᠨ᠂ ᠰᠠᠭᠤᠷᠢ ᠪᠡᠯᠡᠳᠬᠡᠮᠵᠢ ᠶᠢ ᠢᠵᠢ ᠪᠥᠷᠢᠳᠦᠭᠦᠯᠬᠦ ᠶᠢ ᠲᠡᠭᠦᠯᠳᠡᠷᠵᠢᠭᠦᠯᠵᠦ᠂ ᠲᠣᠭᠤᠷᠢᠨ ᠦᠵᠡᠬᠦ᠂ ᠲᠡᠭᠦᠬᠦ ᠵᠡᠷᠭᠡ ᠵᠢᠭᠤᠯᠴᠢᠯᠠᠯ ᠤᠨ ᠡᠯᠧᠮᠧᠨ᠋ᠲ ᠶᠢ ᠠᠭᠤᠰᠤᠯᠴᠠᠭᠤᠯᠤᠨ᠂ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ᠂ ᠬᠦᠶ᠋ᠲᠡᠨ ᠬᠡᠯᠬᠢᠶᠡᠲᠦ ᠪᠠᠷᠠᠭᠠᠨ ᠤ ᠭᠦᠶ᠋ᠯᠭᠡᠭᠡᠨ ᠵᠡᠷᠭᠡ ᠢᠵᠢ ᠪᠥᠷᠢᠳᠦᠭᠦᠯᠬᠦ ᠠᠵᠤ ᠦᠶ᠋ᠯᠡᠰ ᠢ ᠣᠷᠣᠭᠤᠯᠤᠨ ᠠᠪᠴᠢᠷᠠᠵᠤ᠂ ᠨᠢᠭᠡ ᠪᠦᠯᠦᠭ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠤᠭᠰᠠᠨ ᠣᠲᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠠᠵᠤ ᠠᠬᠤᠶ ᠶᠢᠨ ᠣᠶ ᠶᠢᠨ ᠠᠵᠤ ᠦᠶ᠋ᠯᠡᠰ ᠢ ᠡᠷᠡᠰ ᠭᠤᠶᠢᠪᠢᠰᠢ ᠥᠬᠡᠶ ᠪᠠᠷ ᠬᠥᠭᠵᠢᠭᠦᠯᠵᠦ᠂ ᠬᠤᠲᠠ ᠶᠢᠨ ᠲᠣᠭᠤᠷᠢᠭ ᠤᠨ ᠣᠶᠢᠷ᠎ᠠ ᠲᠡᠭᠦᠷᠭᠡ ᠪᠠ ᠤᠯᠤᠰ ᠮᠤᠵᠢ ᠶᠢᠨ ᠭᠤᠤᠯ ᠵᠠᠮ ᠳᠠᠭᠠᠤ ᠪᠠᠷ ᠭᠤᠤᠯᠳᠠᠯᠭ᠎ᠠ ᠪᠣᠯᠭᠠᠨ᠂ 123 ᠠᠯᠮᠤᠷᠠᠳ᠂ ᠠᠯᠮᠤᠷᠠᠳ ᠤᠨ ᠠᠯᠢᠮ᠎ᠠ ᠂ ᠬᠠᠪᠲᠠᠭᠠᠶ ᠭᠦᠢᠯᠡᠰᠦ ᠵᠡᠷᠭᠡ ᠳᠠᠪᠠᠭᠤᠯᠢᠭ ᠡᠭᠦᠯᠳᠡᠷ ᠢ ᠭᠤᠤᠯᠳᠠᠭᠤᠯᠤᠨ ᠳᠡᠯᠭᠡᠷᠡᠭᠦᠯᠵᠦ᠂ ᠵᠢᠯ ᠤᠨ ᠳᠣᠲᠣᠷ᠎ᠠ 3 ᠲᠦᠮᠡᠨ ᠮᠥ ᠰᠢᠨ᠎ᠡ ᠪᠠᠷ ᠬᠥᠭᠵᠢᠭᠦᠯᠦᠨ᠂ 10 ᠰᠣᠳᠣᠨ ᠵᠢᠮᠢᠰ ᠲᠡᠭᠦᠬᠦ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠠᠯᠠᠰᠢᠨ ᠦᠬᠡᠷ ᠤᠨ ᠠᠵᠤ ᠦᠶ᠋ᠯᠡᠰ ᠢ ᠪᠠᠷᠢᠮᠵᠢᠶᠠᠵᠢᠭᠤᠯᠤᠨ ᠬᠡᠪᠴᠢᠶᠡᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠮᠢᠩᠭ᠎ᠠ ᠠᠴᠠ ᠳᠡᠭᠡᠭᠰᠢᠬᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 5᠂ ᠵᠠᠭᠤ ᠠᠴᠠ ᠳᠡᠭᠡᠭᠰᠢᠬᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠭᠠᠵᠠᠷ ᠢ 15 ᠰᠢᠨ᠎ᠡ ᠪᠠᠷ ᠪᠠᠶᠢᠭᠤᠯᠤᠨ᠂ ᠵᠢᠯ ᠤᠨ ᠠᠯᠠᠰᠢᠨ ᠦᠬᠡᠷ ᠤᠨ ᠭᠠᠷᠭᠠᠯᠲᠠ ᠶᠢ 27 ᠲᠦᠮᠡ ᠳᠤ ᠬᠦᠷᠭᠡᠨ᠎ᠡ᠃ ᠠᠮᠤ ᠪᠤᠳᠠᠭ᠎ᠠ᠂ ᠭᠠᠭ᠋ᠠᠶ᠂ ᠠᠯᠠᠰᠢᠨ ᠬᠤᠨᠢ ᠵᠡᠷᠭᠡ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠲᠣᠭᠲᠠᠭᠤᠨ ᠢᠶᠠᠷ ᠬᠥᠭᠵᠢᠭᠦᠯᠵᠦ᠂ ᠠᠮᠤ ᠪᠤᠳᠠᠭᠠᠨ ᠤ ᠤᠨᠠᠯᠲᠠ ᠶᠢ 16 ᠳ᠋ᠦᠩᠰᠢᠭᠤᠷ ᠵᠢᠩ ᠳᠤ ᠪᠠᠲᠤᠯᠠᠨ᠂ ᠵᠢᠯ ᠳᠤ 200 ᠲᠦᠮᠡᠨ ᠭᠠᠭ᠋ᠠᠶ᠂ 75 ᠲᠦᠮᠡᠨ ᠠᠯᠠᠰᠢᠨ ᠬᠤᠨᠢ ᠭᠠᠷᠭᠠᠨ᠎ᠠ᠃     ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ︽ᠭᠤᠷᠪᠠᠨ ᠪᠦᠲᠦᠭᠡᠭᠳᠡᠬᠦᠨ ᠨᠢᠭᠡ ᠲᠡᠮᠲᠡᠭᠲᠦ︾ ᠶᠢᠨ ᠱᠠᠩᠨᠠᠨ ᠲᠡᠳᠬᠦᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠢᠲᠠᠳ ᠡᠮ ᠤᠨ ᠮᠠᠲ᠋ᠧᠷᠢᠶᠠᠯ᠂ ᠢᠳᠡᠭᠡᠨ ᠤ ᠮᠥᠭᠦ᠂ ᠰᠢᠬᠢᠷ ᠯᠤᠤᠪᠠᠩ᠂ ᠬᠤᠯᠢᠮᠠᠭ ᠠᠮᠤ ᠬᠤᠯᠢᠮᠠᠭ ᠪᠤᠷᠴᠠᠭ ᠵᠡᠷᠭᠡ ᠤᠨᠴᠠᠯᠢᠭᠳᠤ ᠠᠵᠤ ᠦᠶ᠋ᠯᠡᠰ ᠢ ᠰᠠᠶᠢᠲᠤᠷ ᠬᠥᠭᠵᠢᠭᠦᠯᠦᠨ᠂ ︽ᠭᠤᠷᠪᠠᠨ ᠪᠦᠲᠦᠭᠡᠭᠳᠡᠬᠦᠨ ᠨᠢᠭᠡ ᠲᠡᠮᠲᠡᠭᠲᠦ︾ ᠶᠢ ᠰᠢᠨ᠎ᠡ ᠪᠠᠷ ᠭᠡᠷᠡᠴᠢᠯᠡᠬᠦ ᠪᠤᠶᠤ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠭᠠᠷᠴᠠᠭ ᠲᠤ 8 ᠠᠴᠠ ᠳᠡᠭᠡᠭᠰᠢ ᠦᠶ᠋ᠯᠡᠳᠬᠦᠨ ᠢ ᠰᠢᠨ᠎ᠡ ᠪᠠᠷ ᠵᠢᠭᠰᠠᠭᠠᠨ ᠣᠷᠤᠭᠤᠯᠬᠤ ᠪᠠᠷ ᠴᠢᠷᠮᠠᠶᠢᠨ᠎ᠠ᠃ ︽ᠤᠯᠠᠭᠠᠨᠬᠠᠳᠠ︾ ᠶᠢᠨ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠠᠰᠢᠭᠯᠠᠨ ᠂ ᠰᠥᠩᠱᠠᠨ ᠤ ᠨᠠᠷᠢᠮᠤ᠂ ᠬᠤᠯᠢᠮᠠᠭ ᠠᠮᠤ ᠬᠤᠯᠢᠮᠠᠭ ᠪᠤᠷᠴᠠᠭ᠂ ᠠᠯᠠᠰᠢᠨ ᠬᠤᠨᠢ ᠵᠡᠷᠭᠡ ᠪᠦᠲᠦᠭᠡᠭᠳᠡᠬᠦᠨ ᠢ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠳᠤ ᠣᠷᠣᠭᠤᠯᠬᠤ ᠪᠠᠷ ᠴᠢᠷᠮᠠᠶᠢᠨ᠎ᠠ᠃ ᠢᠩᠭᠡ ᠶᠢᠨ ᠭᠤᠤᠯ ᠤᠨ ᠳᠡᠭᠡᠳᠦ ᠤᠷᠤᠰᠬᠠᠯ ᠤᠨ ᠰᠠᠪᠠ ᠭᠠᠵᠠᠷ ᠤᠨ ᠪᠣᠬᠢᠷᠲᠤᠯ ᠥᠬᠡᠶ᠂ ᠪᠠᠷᠢᠮᠵᠢᠶᠠᠵᠢᠭᠰᠠᠨ᠂ ᠠᠵᠤ ᠦᠶᠢᠯᠡᠰᠵᠢᠭᠰᠡᠨ ᠲᠠᠷᠢᠶᠠᠯᠠᠩ ᠤᠨ ᠪᠦᠲᠦᠭᠡᠭᠳᠡᠬᠦᠨ ᠤ ᠦᠶ᠋ᠯᠡᠳᠪᠦᠷᠢᠯᠡᠯ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠪᠡᠶ᠎ᠡ ᠪᠠᠨ ᠳᠠᠭᠠᠭᠠᠭᠰᠠᠨ ᠣᠷᠣᠨ ᠪᠦᠰᠡ ᠶᠢᠨ ᠨᠠᠷᠠᠲᠤ ᠲᠥᠷᠥᠯ ᠲᠡᠮᠲᠡᠭᠳᠦ ᠶᠢ ᠡᠭᠦᠳᠦᠨ ᠪᠦᠳᠦᠭᠡᠨ᠎ᠡ᠃ ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠨᠠᠷᠢᠨ ᠬᠤᠪᠢᠶᠠᠵᠤ᠂ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ︽ᠰᠢᠶᠤᠤ ᠮᠢᠶᠣᠣ ᠽᠢ ᠲᠣᠰᠬᠤᠨ︾᠂ ᠴᠢᠶᠠ ᠯᠢᠨ᠂ ᠮᠤᠩ ᠰᠤᠨ ᠵᠡᠷᠭᠡ ᠪᠡᠶ᠎ᠡ ᠪᠠᠨ ᠳᠠᠭᠠᠭᠠᠭᠰᠠᠨ ᠨᠠᠷᠠᠲᠤ ᠲᠥᠷᠥᠯ ᠲᠡᠮᠳᠡᠭᠲᠦ ᠶᠢ ᠬᠥᠭᠵᠢᠭᠦᠯᠦᠨ ᠪᠤᠵᠠᠭᠠᠶᠢᠷᠠᠭᠤᠯᠵᠤ᠂ ᠪᠦᠲᠦᠭᠡᠭᠳᠡᠬᠦᠨ ᠤ ᠵᠠᠬ᠎ᠠ ᠳᠡᠯᠭᠡᠭᠦᠷ ᠲᠠᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃     ᠠᠵᠤ ᠦᠢᠯᠡᠰᠵᠢᠭᠦᠯᠬᠦ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠵᠤ ᠦᠶ᠋ᠯᠡᠰ ᠢᠶᠠᠷ ᠬᠤᠳᠠᠯᠳᠤᠭᠠᠴᠢᠨ ᠤᠷᠢᠬᠤ ᠶᠢ ᠥᠷᠨᠢᠭᠦᠯᠦᠨ᠂ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠡᠳᠡᠨ ᠤ ᠪᠠᠯᠠ ᠮᠥᠩᠭᠦ᠂ ᠮᠡᠷᠭᠡᠵᠢᠯ᠂ ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠲᠤ ᠲᠦᠰᠢᠭᠯᠡᠨ ᠮᠠᠨ ᠤ ᠲᠣᠭᠤᠷᠢᠭ ᠤᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠠᠶᠢᠴᠢᠯᠠᠨ᠎ᠠ᠃ ᠣᠲᠣ ᠶᠢᠨ ᠪᠠᠶᠢᠭ᠎ᠠ ᠦᠶ᠋ᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠬᠦ ᠪᠠ ᠦᠶ᠋ᠯᠡᠳᠬᠦᠨ ᠤ ᠲᠠᠰ ᠳᠡᠪᠰᠢᠬᠦ ᠶᠢ ᠵᠣᠷᠢᠭᠵᠢᠭᠤᠯᠵᠤ᠂ ᠬᠠᠨ ᠲᠠᠩ ᠢᠳᠡᠭᠡᠨ ᠤ ᠵᠦᠶ᠋ᠯ᠂ ᠵᠢᠤᠢ ᠹᠧᠩ ᠠᠵᠤ ᠦᠶ᠋ᠯᠡᠳᠪᠦᠷᠢ ᠠᠷᠠᠯᠵᠢᠶ᠎ᠠ ᠵᠡᠷᠭᠡ ᠬᠥᠲᠥᠴᠢ ᠠᠵᠤ ᠠᠬᠤᠶᠢᠯᠠᠯ ᠤᠨ ᠰᠠᠭᠤᠷᠢᠨ ᠭᠠᠵᠠᠷ ᠢ ᠬᠥᠭᠵᠢᠭᠦᠯᠬᠦ᠂ ᠦᠶ᠋ᠯᠡᠳᠪᠦᠷᠢᠯᠡᠬᠦ ᠴᠢᠳᠠᠪᠤᠷᠢ ᠶᠢ ᠥᠷᠭᠡᠳᠬᠡᠬᠦ᠂ ᠬᠡᠯᠬᠢᠶᠡᠰᠦ ᠶᠢ ᠤᠷᠳᠤᠳᠬᠠᠬᠤ ᠶᠢ ᠳᠡᠮᠵᠢᠨ᠂ ᠵᠢᠱᠢᠶ᠎ᠡ ᠦᠵᠡᠭᠦᠯᠦᠨ ᠳᠠᠶᠢᠴᠢᠯᠠᠬᠤ ᠦᠶ᠋ᠯᠡᠳᠦᠯ ᠢ ᠪᠠᠳᠠᠷᠠᠭᠤᠯᠤᠨ᠎ᠠ᠃ ᠶᠠᠳᠠᠭᠤ ᠶᠢ ᠲᠡᠳᠬᠦᠬᠦ ᠦᠶ᠋ᠯᠡᠳᠪᠦᠷᠢ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠨᠢᠭᠡ ᠪᠦᠯᠦᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠦᠶ᠋ᠯ ᠢ ᠬᠦᠴᠦᠯᠡᠨ ᠪᠤᠶᠢᠵᠢᠭᠤᠯᠤᠨ ᠪᠣᠶ ᠪᠣᠯᠭᠠᠵᠤ᠂ ᠲᠤᠬᠠᠶ ᠶᠢᠨ ᠭᠠᠵᠠᠷ ᠲᠤᠨᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃     ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠯᠬᠤᠴᠠ ᠶᠢ ᠲᠦᠷᠭᠡᠳᠬᠡᠨ᠎ᠡ     ᠠᠵᠤ ᠦᠶ᠋ᠯᠡᠳᠪᠦᠷᠢ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠠᠩᠴᠢᠨ ᠤ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠦᠶ᠋ᠯᠡᠴᠢᠯᠡᠭᠡᠨ ᠤ ᠢᠵᠢ ᠪᠥᠷᠢᠳᠦᠭᠦᠯᠬᠦ ᠴᠢᠳᠠᠮᠵᠢ ᠶᠢ ᠲᠡᠭᠦᠯᠳᠡᠷᠵᠢᠭᠦᠯᠦᠨ᠂ 15 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠢ ᠵᠢᠯ ᠤᠨ ᠲᠣᠲᠤᠷ᠎ᠠ ᠪᠠᠶᠢᠭᠤᠯᠤᠨ ᠳᠠᠭᠤᠰᠬᠠᠬᠤ ᠪᠠᠷ ᠴᠢᠷᠮᠠᠶᠢᠨ᠎ᠠ᠂ ᠲᠡᠮᠦᠷ ᠵᠠᠮ ᠤᠨ ᠲᠤᠰᠬᠠᠶ ᠱᠤᠭᠤᠮ᠂ ᠵᠥᠩ ᠱᠦᠶ ᠰᠢᠶ᠋ᠳᠪᠦᠷᠢᠯᠡᠬᠦ ᠦᠶ᠋ᠯᠡᠳᠪᠦᠷᠢ ︵ᠨᠢᠭᠡᠳᠦᠭᠡᠷ ᠬᠤᠭᠤᠴᠠᠭ᠎ᠠ︶ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠂ ᠰᠠᠨ ᠽᠦᠸᠧ ᠳ᠋ᠢᠶᠠᠨ ᠴᠥᠭᠦᠷᠥᠮ ᠤᠨ ᠤᠰᠤ ᠬᠠᠳᠠᠭᠠᠯᠠᠬᠤ ᠥᠷᠲᠡᠭᠡ ᠶᠢᠨ ᠤᠰᠤ ᠲᠠᠲᠠᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠨᠡᠪᠴᠢᠭᠦᠯᠬᠦ ᠰᠠᠭᠤᠷᠢᠨ ᠭᠠᠵᠠᠷ ᠤᠨ ᠲᠥᠷᠥᠯ ᠵᠦᠶ᠋ᠯ ᠢ ᠡᠬᠢᠯᠡᠭᠦᠯᠦᠨ᠂ ᠦᠶ᠋ᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠬᠦᠷᠢᠶᠡᠯᠡᠩ ᠳᠤ ᠰᠠᠭᠤᠷᠢᠰᠢᠬᠤ ᠠᠵᠤ ᠠᠬᠤᠶᠢᠯᠠᠯ ᠢ 62 ᠡᠷᠦᠬᠡ ᠳᠤ ᠬᠦᠷᠦᠭᠦᠯᠬᠦ ᠪᠠᠷ ᠴᠢᠷᠮᠠᠶᠢᠨ᠎ᠠ᠃ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠤᠨ 5 ᠲᠦᠮᠡᠨ ᠲᠡᠭᠰᠢ ᠳᠥᠷᠪᠡᠯᠵᠢᠨ ᠮᠧᠲᠷ ᠤᠨ ᠰᠢᠨ᠎ᠡ ᠬᠡᠯᠪᠡᠷᠢ ᠶᠢᠨ ᠪᠠᠷᠢᠮᠵᠢᠶᠠᠵᠢᠭᠤᠯᠤᠭᠰᠠᠨ ᠦᠶ᠋ᠯᠡᠳᠪᠦᠷᠢ ᠶᠢᠨ ᠬᠡᠷ ᠪᠠᠶᠢᠰᠢᠩ ᠪᠠ ᠨᠡᠶᠢᠲᠡ ᠶᠢᠨ ᠪᠠᠶᠢᠷᠢ ᠶᠢᠨ ᠢᠵᠢ ᠪᠥᠷᠢᠳᠦᠭᠦᠯᠬᠦ ᠲᠥᠷᠥᠯ ᠵᠦᠶ᠋ᠯ ᠢ ᠡᠬᠢᠯᠡᠭᠦᠯᠵᠦ᠂ ᠲᠢᠶᠠᠨ ᠢ ᠵᠠᠮ᠂ ᠲᠢᠶᠠᠨ ᠢ ᠬᠥᠭᠦᠷᠭᠡ ᠵᠢᠴᠢ ᠬᠤᠰᠢᠭᠤᠴᠢ ᠲᠣᠭᠤᠷᠢᠭ ᠤᠨ ᠳᠣᠲᠣᠷᠠᠬᠢ 15 ᠵᠤᠷᠪᠤᠰ ᠵᠡᠭᠡᠯᠢ ᠵᠠᠮ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠂ ᠬᠦᠷᠢᠶᠡᠯᠡᠩ ᠲᠣᠭᠤᠷᠢᠭ ᠤᠨ ᠠᠵᠤ ᠦᠶ᠋ᠯᠡᠰ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃     ᠠᠵᠤ ᠦᠢᠯᠡᠳᠪᠦᠷᠢ ᠶᠢᠨ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃ ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠨᠧᠷᠭᠢ ᠶᠢᠨ ᠬᠤᠷᠣᠭᠳᠠᠭᠤᠯᠤᠯ ᠢᠶᠠᠷ ᠶᠡᠭᠡ ᠲᠥᠷᠥᠯ ᠵᠦᠶ᠋ᠯ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠬᠡᠪᠴᠢᠶᠡᠨ ᠳᠤ ᠣᠷᠣᠭᠤᠯᠤᠨ ᠬᠠᠮᠢᠶᠠᠷᠬᠤ ᠴᠢᠨᠠᠷ ᠰᠠᠶᠢᠲᠠᠶ ᠠᠵᠤ ᠠᠬᠤᠶᠢᠯᠠᠯ ᠢ ᠢᠳᠡᠪᠬᠢᠲᠡᠶ ᠪᠤᠶᠢᠵᠢᠭᠤᠯᠤᠨ᠂ ᠵᠢᠯ ᠤᠨ ᠳᠣᠲᠣᠷ᠎ᠠ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 3 ᠰᠢᠨ᠎ᠡ ᠪᠠᠷ ᠨᠡᠮᠡᠭᠳᠡᠭᠦᠯᠦᠨ᠎ᠡ᠃ ᠪᠥᠲ᠋ᠢᠯ ᠨᠢᠲᠷᠢᠯ ᠪᠡᠭᠡᠯᠡᠶ᠂ ᠤᠯᠤᠰ ᠤᠨ ᠴᠠᠬᠢᠯᠭᠠᠨ ᠬᠦᠴᠦᠨ ᠤ 300 ᠰᠠᠶ᠎ᠠ ᠸᠠᠲ ᠤᠨ ᠰᠠᠯᠬᠢᠨ ᠬᠦᠴᠦᠨ ᠤ ᠴᠠᠬᠢᠯᠭᠠᠨ᠂ ᠲᠢᠶᠠᠨ ᠫᠦ᠋ ᠰᠢᠬᠢᠷ ᠯᠤᠤᠪᠠᠩ ᠤᠨ ᠱᠦᠯᠲᠦ ᠵᠡᠷᠭᠡ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ᠃ ᠹᠦ᠋ ᠷᠦᠨ ᠭᠠᠭ᠋ᠠᠢ ᠨᠢᠲᠤᠯᠬᠤ ᠲᠦᠷᠦᠯ ᠵᠦᠢᠯ ᠤᠨ ᠦᠢᠯᠡᠳᠪᠦᠷᠢᠯᠡᠯ ᠢᠶᠠᠨ ᠲᠦᠷᠭᠡᠨ ᠰᠡᠷᠭᠦᠭᠡᠬᠦ ᠶᠢ ᠠᠬᠢᠭᠤᠯᠵᠤ᠂ ᠵᠢᠶᠠ ᠢᠦᠢ ᠡᠭᠦᠳᠡ ᠴᠣᠩᠬᠤ᠂ ᠢᠦᠢ ᠷᠦᠨ ᠦᠬᠡᠷ ᠤᠨ ᠦᠢᠯᠡᠰ ᠤᠨ ᠶᠡᠷᠦᠩᠬᠡᠢ ᠬᠡᠯᠲᠡᠰ ᠤᠨ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃     ᠮᠡᠳᠡᠭᠡ ᠵᠠᠩᠭᠢ ᠶᠢᠨ ᠠᠵᠤ ᠦᠢᠯᠡᠰ ᠢ ᠡᠷᠡᠰ ᠬᠥᠭᠵᠢᠭᠦᠯᠦᠨ᠎ᠡ᠃ ︽ᠠᠵᠤ ᠦᠶ᠋ᠯᠡᠰ ᠪᠠ ᠬᠤᠲᠠ ᠶᠢ ᠠᠭᠤᠰᠤᠯᠴᠠᠭᠤᠯᠬᠤ ᠬᠤᠰᠢᠭᠤᠴᠢ ᠣᠷᠣᠨ︾ ᠢ ᠪᠥᠲᠥᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠣᠭᠤᠷᠢᠨ ᠳᠤ᠂ ︽ᠤᠯᠠᠭᠠᠨᠬᠠᠳᠠ ᠶᠢᠨ ᠵᠥᠩ ᠭᠤᠸᠠᠨ ᠼᠦᠨ ᠤ ᠮᠡᠳᠡᠭᠡ ᠵᠠᠩᠭᠢ ᠶᠢᠨ ᠬᠥᠨᠳᠡᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ︾ ᠤᠨ ᠲᠠᠪᠴᠠᠩ ᠢ ᠠᠰᠢᠭᠯᠠᠨ᠂ ᠲᠣᠭᠠᠴᠢᠯᠠᠭᠰᠠᠨ ᠪᠦᠲᠦᠭᠡᠯᠴᠢ ᠰᠡᠳᠬᠢᠮᠵᠢ᠂ ᠣᠶᠤᠨᠴᠢ ᠦᠶ᠋ᠯᠡᠳᠬᠦ ᠵᠡᠷᠭᠡ ᠲᠥᠷᠥᠯ ᠵᠦᠶ᠋ᠯ ᠢ ᠭᠤᠤᠯᠳᠠᠯᠭ᠎ᠠ ᠲᠠᠢ ᠬᠥᠭᠵᠢᠭᠦᠯᠦᠨ᠎ᠡ᠃ ᠳᠤᠮᠳᠠᠳᠤ ᠤᠯᠤᠰ · ᠤᠯᠠᠭᠠᠨᠬᠠᠳᠠ ᠶᠢᠨ ᠵᠥᠩ ᠭᠤᠸᠠᠨ ᠼᠦᠨ ᠤ ᠮᠡᠳᠡᠭᠡ ᠵᠠᠩᠭᠢ ᠶᠢᠨ ᠬᠥᠨᠳᠡᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠠᠷᠢᠶᠠᠨ ᠤ ᠲᠠᠪᠴᠠᠩ ᠢ ᠴᠢᠨᠠᠷ ᠰᠠᠶᠢᠲᠠᠶ ᠡᠷᠭᠢᠯᠡᠵᠦ᠂ ᠣᠷᠣᠵᠤ ᠰᠠᠭᠤᠷᠢᠰᠢᠭᠰᠠᠨ ᠠᠵᠤ ᠠᠬᠤᠶᠢᠯᠠᠯ ᠤᠨ ᠠᠯᠢ ᠲᠦᠷᠭᠡᠨ ᠢᠶᠠᠷ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠠᠬᠢᠭᠤᠯᠤᠨ᠂ ᠵᠢᠯ ᠤᠨ ᠳᠣᠲᠣᠷ᠎ᠠ ᠴᠢᠨᠠᠷ ᠰᠠᠶᠢᠲᠠᠶ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠠᠵᠤ ᠠᠬᠤᠶᠢᠯᠠᠯ ᠢ 20 ᠠᠴᠠ ᠳᠡᠭᠡᠭᠰᠢ ᠣᠷᠣᠭᠤᠯᠤᠨ ᠠᠪᠴᠢᠷᠠᠵᠤ᠂ A ᠲᠣᠭᠤᠷᠢᠭ ᠤᠨ ᠪᠦᠷᠢᠨ ᠡᠵᠡᠩᠨᠡᠯᠲᠡ ᠶᠢ ᠪᠡᠶᠡᠯᠡᠭᠦᠯᠦᠨ᠎ᠡ᠃     ︵ᠭᠤᠷᠪᠠ︶ ᠭᠤᠷᠪᠠᠳᠤᠭᠠᠷ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠷᠠᠭᠤᠯᠤᠨ᠎ᠠ     ᠰᠠᠴᠤᠷᠠᠭᠯᠠᠨ ᠳᠠᠶᠢᠴᠢᠯᠠᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠤᠯᠠᠭᠠᠨᠬᠠᠳᠠ ᠬᠤᠲᠠ ᠶᠢᠨ ᠣᠷᠣᠨ ᠪᠦᠰᠡ ᠶᠢᠨ ᠴᠢᠨᠠᠷᠲᠠᠶ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠶ᠋ᠯᠭᠡᠭᠡᠨ ᠤ ᠲᠥᠪ ᠪᠠ ᠵᠡᠭᠦᠨ ᠬᠤᠶᠢᠲᠤ ᠣᠷᠣᠨ ᠤ ᠠᠮᠢᠳᠤᠷᠠᠯ ᠤᠨ ᠡᠳ᠋ ᠪᠠᠷᠠᠭ᠎ᠠ ᠬᠤᠳᠠᠯᠳᠤᠨ ᠠᠪᠬᠤ ᠲᠥᠪ ᠢ ᠪᠠᠶᠢᠭᠤᠯᠵᠤ᠂ ᠲᠤᠰᠬᠠᠶ ᠵᠠᠬ᠎ᠠ ᠳᠡᠯᠭᠡᠭᠦᠷ ᠪᠠ ᠣᠲᠣ ᠦᠶ᠎ᠡ ᠶᠢᠨ ᠪᠠᠷᠠᠭᠠᠨ ᠤ ᠭᠦᠶ᠋ᠯᠭᠡᠭᠡᠨ ᠤ ᠲᠥᠷᠥᠯ ᠵᠦᠶ᠋ᠯ ᠤᠨ ᠬᠥᠭᠵᠢᠯᠲᠡ ᠶᠢ ᠲᠥᠷᠭᠡᠳᠬᠡᠨ᠂ ᠶᠠᠴᠢ ᠶᠢᠨ ᠣᠯᠠᠨ ᠤᠯᠤᠰ ᠤᠨ ᠪᠠᠷᠠᠭᠠᠨ ᠤ ᠭᠦᠶ᠋ᠯᠭᠡᠭᠡᠨ ᠤ ᠠᠷᠠᠯᠵᠢᠶ᠎ᠠ ᠬᠤᠳᠠᠯᠳᠤᠭᠠᠨ ᠤ ᠬᠦᠷᠢᠶᠡᠯᠡᠩ ᠢ 4 ᠳ᠋ᠦᠭᠡᠷ ᠰᠠᠷ᠎ᠠ ᠳᠤ ᠡᠬᠢᠯᠡᠨ ᠪᠠᠶᠢᠭᠤᠯᠵᠤ᠂ ᠶᠤᠸᠠᠨ ᠪᠦᠦ ᠠᠷᠠᠯᠵᠢᠶ᠎ᠠ ᠬᠤᠳᠠᠯᠳᠤᠭ᠎ᠠ᠂ ᠶᠤᠸᠠᠨ ᠲᠦᠩ ᠴᠠᠬᠢᠯᠭᠠᠨ ᠬᠦᠴᠦᠨ ᠵᠡᠷᠭᠡ 8 ᠲᠥᠷᠥᠯ ᠵᠦᠶ᠋ᠯ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠂ ᠶᠢᠨ ᠶᠦᠨ ᠬᠦᠮᠦᠷᠭᠡ᠂ ᠶᠢᠩ ᠶᠢᠨ ᠠᠷᠠᠯᠵᠢᠶ᠎ᠠ ᠬᠤᠳᠠᠯᠳᠤᠭ᠎ᠠ ᠵᠡᠷᠭᠡ 11 ᠲᠥᠷᠥᠯ ᠵᠦᠶ᠋ᠯ ᠢ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ᠎ᠡ᠃ ᠠᠷᠠᠯᠵᠢᠶ᠎ᠠ ᠬᠤᠳᠠᠯᠳᠤᠭ᠎ᠠ ᠶᠢᠨ ᠪᠠᠷᠠᠭᠠᠨ ᠤ ᠭᠦᠶ᠋ᠯᠭᠡᠭᠡᠨ ᠤ ᠬᠤᠲᠠ ᠶᠢᠨ ᠰᠠᠭᠤᠷᠢ ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠢᠯ ᠤᠨ ᠳᠣᠲᠣᠷ᠎ᠠ ᠶᠠᠴᠢ ᠶᠢᠨ ᠲᠥᠷᠥᠯ ᠵᠦᠶ᠋ᠯ ᠤᠨ ᠳᠣᠲᠣᠷᠠᠬᠢ 12 ᠵᠤᠷᠪᠤᠰ ᠵᠡᠭᠡᠯᠢ ᠭᠤᠳᠤᠮᠵᠢ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠂ ᠪᠣᠬᠢᠷ ᠤᠰᠤ ᠰᠢᠶ᠋ᠳᠪᠦᠷᠢᠯᠡᠬᠦ ᠦᠶ᠋ᠯᠡᠳᠪᠦᠷᠢ᠂ ᠨᠡᠶᠢᠲᠡ ᠶᠢᠨ ᠮᠠᠰᠢᠨ ᠤ ᠵᠠᠮ ᠬᠠᠷᠢᠯᠴᠠᠭᠠᠨ ᠤ ᠥᠷᠲᠡᠭᠡ᠂ ᠤᠰᠤ ᠲᠠᠲᠠᠷᠠᠭᠤᠯᠬᠤ ᠬᠥᠭᠡᠷᠭᠡ ᠶᠢᠨ ᠥᠷᠲᠡᠭᠡ ᠵᠡᠷᠭᠡ ᠢᠵᠢ ᠪᠥᠷᠢᠳᠦᠭᠦᠯᠬᠦ ᠦᠶ᠋ᠯᠡᠴᠢᠯᠡᠭᠡᠨ ᠤ ᠲᠥᠷᠥᠯ ᠵᠦᠶ᠋ᠯ ᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃     ᠤᠳᠤ ᠦᠶ᠎ᠡ ᠶᠢᠨ ᠦᠢᠯᠡᠴᠢᠯᠡᠭᠡᠨ ᠤ ᠰᠢᠰᠲ᠋ᠧᠮ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠬᠤᠲᠠ ᠶᠢᠨ ᠲᠣᠭᠤᠷᠢᠭ ᠤᠨ ᠵᠠᠭᠤᠨ ᠲᠦᠮᠡᠨ ᠬᠥᠮᠦᠨ ᠠᠮᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠬᠤᠳᠠᠯᠳᠤᠭᠠᠨ ᠤ ᠦᠢᠯᠡᠰ ᠤᠨ ᠬᠤᠪᠢᠰᠤᠯᠲᠠ ᠳᠤ ᠵᠣᠬᠢᠴᠠᠭᠤᠯᠤᠨ᠂ ᠶᠦᠩ ᠶᠧ᠂ ᠵᠥᠩ ᠯᠢᠶᠠᠨ᠂ ᠰᠢᠨ ᠲᠢᠶᠠᠨ ᠳ᠋ᠢ ᠵᠡᠷᠭᠡ ᠭᠤᠷᠪᠠᠨ ᠶᠡᠭᠡ ᠤᠯᠠᠮᠵᠢᠯᠠᠯᠲᠤ ᠬᠤᠳᠠᠯᠳᠤᠭᠠᠨ ᠤ ᠬᠦᠷᠢᠶᠡᠨ ᠤ ᠵᠦᠷᠢᠶᠡᠴᠢᠯᠡᠭᠰᠡᠨ ᠬᠥᠭᠵᠢᠯᠲᠡ ᠶᠢ ᠬᠥᠲᠥᠯᠦᠨ ᠵᠢᠯᠣᠭᠤᠳᠴᠤ᠂ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠤᠨ᠂ ᠬᠡᠷᠡᠭᠯᠡᠭᠡᠨ ᠤ ᠲᠠᠰ ᠳᠡᠪᠰᠢᠬᠦ ᠶᠢ ᠠᠬᠢᠭᠤᠯᠤᠨ᠎ᠠ᠃ ᠰᠦᠩᠪᠸᠢ ᠶᠢᠨ ᠰᠢᠨ᠎ᠡ ᠬᠤᠲᠠ ᠶᠢᠨ ᠭᠠᠵᠠᠷ ᠵᠦᠶ ᠶᠢᠨ ᠳᠠᠪᠠᠭᠤᠯᠢᠭ᠂ ᠬᠥᠮᠦᠨ ᠠᠮᠠ ᠶᠢᠨ ᠬᠡᠪᠴᠢᠶ᠎ᠡ᠂ ᠬᠥᠭᠵᠢᠯᠲᠡ ᠶᠢᠨ ᠣᠷᠣᠨ ᠵᠠᠶ ᠳᠤ ᠭᠦᠶ᠋ᠴᠡᠳ ᠲᠦᠰᠢᠭᠯᠡᠨ᠂ ︽ᠬᠤᠳᠠᠯᠳᠤᠭᠠᠨ ᠤ ᠦᠢᠯᠡᠰ +︾ ᠵᠠᠭᠪᠤᠷ ᠤᠨ ᠲᠣᠭᠤᠷᠢᠨ ᠳᠤ᠂ ᠳᠡᠭᠡᠳᠦ ᠲᠠᠰ ᠤᠨ ᠪᠠᠭᠤᠳᠠᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠵᠡᠷᠭᠡ ᠲᠥᠷᠥᠯ ᠵᠦᠶ᠋ᠯ ᠢ ᠢᠳᠡᠪᠬᠢᠲᠡᠶ ᠬᠥᠭᠵᠢᠭᠦᠯᠵᠦ᠂ ᠰᠦᠩᠱᠠᠨ ᠤ ᠸᠠᠨ ᠳ᠋ᠠ ᠶᠢᠨ 8 ᠳ᠋ᠤᠭᠠᠷ ᠰᠠᠷ᠎ᠠ ᠳᠤ ᠡᠵᠡᠩᠨᠡᠯᠲᠡ ᠪᠠᠨ ᠡᠬᠢᠯᠡᠭᠦᠯᠬᠦ ᠶᠢ ᠦᠨᠡᠨᠬᠦ ᠪᠠᠲᠤᠯᠠᠨ᠂ ᠠᠵᠤ ᠦᠶ᠋ᠯᠡᠰ ᠤᠨ ᠬᠤᠭᠤᠰᠣᠨ ᠢ ᠨᠥᠬᠦᠪᠥᠷᠢᠯᠡᠵᠦ᠂ ᠬᠤᠲᠠ ᠶᠢᠨ ᠰᠢᠨ᠎ᠡ ᠬᠤᠳᠠᠯᠳᠤᠭᠠᠨ ᠤ ᠲᠣᠭᠤᠷᠢᠭ ᠢ ᠴᠣᠭᠴᠠᠯᠠᠨ ᠪᠠᠶᠢᠭᠤᠯᠵᠤ᠂ ᠠᠵᠤ ᠦᠶ᠋ᠯᠡᠰ ᠪᠠ ᠬᠤᠲᠠ ᠶᠢᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃     ᠵᠢᠭᠤᠯᠴᠢᠯᠠᠯ ᠤᠨ ᠠᠵᠤ ᠦᠶ᠋ᠯᠡᠰ ᠢ ᠬᠦᠴᠦ ᠪᠠᠨ ᠲᠥᠪᠯᠡᠷᠡᠭᠦᠯᠦᠨ ᠬᠥᠭᠵᠢᠭᠦᠯᠦᠨ᠎ᠡ᠃ ᠤᠯᠢᠶᠠᠰᠤ᠂ ᠳ᠋ᠠ ᠰᠢᠩ ᠯᠦᠩ ᠤᠨ ᠬᠦᠳᠡᠭᠡ ᠲᠤᠰᠬᠤᠨ ᠤ ᠴᠠᠭ ᠦᠶ᠎ᠡ᠂ ᠭᠦᠩᠵᠦ ᠶᠢᠨ ᠣᠩᠭᠤᠨ ᠵᠡᠷᠭᠡ 7 ᠭᠤᠣᠯᠳᠠᠯᠭ᠎ᠠ ᠲᠠᠢ ᠵᠤᠭᠠᠴᠠᠯ ᠤᠨ ᠲᠦᠷᠦᠯ ᠵᠦᠢᠯ ᠵᠢᠴᠢ ᠢᠵᠢ ᠪᠦᠷᠢᠳᠦᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠤᠨᠴᠠᠯᠢᠬᠳᠤ ᠵᠢᠵᠢᠭ ᠪᠠᠯᠭᠠᠰᠤ ᠶᠢ ᠬᠥᠭᠵᠢᠭᠦᠯᠦᠨ᠂ ᠠᠷᠠᠳ ᠤᠨ ᠣᠷᠣᠨ ᠰᠠᠭᠤᠴᠠ᠂ ᠵᠤᠭᠠᠴᠠᠨ ᠲᠣᠭᠤᠷᠢᠬᠤ᠂ ᠰᠡᠯᠡᠭᠦᠴᠡᠵᠦ ᠰᠤᠪᠢᠯᠠᠬᠤ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ ᠦᠢᠯᠡᠰ ᠢ ᠪᠠᠶᠠᠯᠢᠭᠵᠢᠭᠤᠯᠤᠨ᠂ ︽ᠬᠥᠳᠡᠭᠡ ᠲᠣᠰᠬᠤᠨ ᠤ ᠵᠢᠭᠤᠯᠴᠢᠯᠠᠯ ᠤᠨ ᠵᠣᠷᠢᠭᠰᠠᠨ ᠭᠠᠵᠠᠷ︾ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃ ᠳᠡᠭᠡᠳᠦ ᠬᠤᠷᠳᠤᠴᠠᠲᠤ ᠲᠡᠮᠦᠷ ᠵᠠᠮ ᠤᠨ ᠣᠷᠣᠨ ᠢ ᠨᠡᠭᠡᠭᠡᠨ ᠬᠥᠭᠵᠢᠭᠦᠯᠬᠦ ᠠᠬᠢᠴᠠ ᠶᠢ ᠴᠢᠩᠭ᠎ᠠ ᠠᠩᠬᠠᠷᠴᠤ᠂ ᠣᠷᠣᠨ ᠪᠦᠰᠡ ᠶᠢᠨ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠤᠯᠴᠠᠨ᠂ ᠳᠡᠭᠡᠳᠦ ᠬᠤᠷᠳᠤᠴᠠᠲᠤ ᠲᠡᠮᠦᠷ ᠵᠠᠮ ᠨᠡᠪᠲᠡᠷᠡᠭᠰᠡᠨ ᠠᠵᠠ ᠲᠣᠬᠢᠶᠠᠯ ᠢ ᠠᠰᠢᠭᠯᠠᠨ᠂ ᠮᠠᠨ ᠤ ᠲᠣᠭᠤᠷᠢᠭ ᠤᠨ ᠴᠢᠨᠠᠷ ᠰᠠᠶᠢᠲᠠᠶ ᠵᠢᠭᠤᠯᠴᠢᠯᠠᠯ ᠤᠨ ᠡᠬᠢ ᠪᠠᠶᠠᠯᠢᠭ ᠪᠠ ᠦᠶ᠋ᠯᠡᠳᠬᠦᠨ ᠢ ᠤᠬᠠᠭᠤᠯᠤᠨ ᠲᠠᠨᠢᠯᠴᠠᠭᠤᠯᠵᠤ᠂ ᠵᠢᠯ ᠤᠨ ᠳᠣᠲᠣᠷ᠎ᠠ ᠵᠤᠭᠠᠴᠠᠭᠰᠠᠳ ᠢ 86 ᠲᠦᠮᠡᠨ ᠬᠥᠮᠦᠨ ᠤᠳᠠᠭ᠎ᠠ ᠠᠴᠠ ᠳᠡᠭᠡᠭᠰᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 15 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃     ︵ᠳᠥᠷᠪᠡ︶ ᠪᠦᠲᠦᠮᠵᠢᠲᠡᠶ ᠪᠠᠯᠠ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠢ ᠳᠡᠭᠡᠭᠰᠢᠯᠡᠭᠦᠯᠦᠨ᠎ᠡ᠃ ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠯᠡ ᠡᠭᠦᠳᠡ ᠪᠠᠷ ᠣᠷᠣᠵᠤ᠂ ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠶᠢ ᠬᠡᠷᠡᠭᠵᠢᠭᠦᠯᠦᠨ᠂ ︽ᠡᠵᠡᠩᠨᠡᠯᠲᠡ ᠶᠢ ᠥᠴᠦᠬᠡᠨ ᠴᠦ ᠬᠠᠷᠰᠢᠯᠠᠬᠤ ᠥᠬᠡᠶ᠂ ᠦᠶ᠋ᠯᠡᠴᠢᠯᠡᠭᠡ ᠶᠢ ᠥᠴᠦᠬᠡᠨ ᠴᠦ ᠵᠠᠶᠢᠳᠠᠭᠤᠯᠬᠤ ᠥᠬᠡᠶ︾ ᠬᠡᠯᠪᠡᠷᠢ ᠶᠢᠨ ᠠᠵᠢᠯ ᠶᠠᠪᠤᠳᠠᠯ ᠭᠦᠶ᠋ᠴᠡᠳᠬᠡᠬᠦ ᠦᠶ᠋ᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠨ᠎ᠠ᠃ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠦᠶ᠋ᠯᠡᠴᠢᠯᠡᠭᠡᠨ ᠤ ᠲᠥᠪ ᠤᠨ ᠰᠢᠨ᠎ᠡ ᠠᠯᠪᠠᠯᠠᠬᠤ ᠭᠠᠵᠠᠷ ᠢ ᠵᠢᠯ ᠤᠨ ᠡᠴᠦᠰ ᠠᠴᠠ ᠡᠮᠦᠨ᠎ᠡ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠪᠣᠶ ᠪᠥᠬᠦᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠶ᠋ᠯᠡᠴᠢᠯᠡᠭᠡᠨ ᠤ ᠵᠦᠶ᠋ᠯᠡᠰ ᠢ ᠣᠷᠣᠭᠤᠯᠬᠤ ᠶᠣᠰᠤᠲᠠᠢ ᠶᠢ ᠨᠢ ᠪᠦᠬᠦᠨ ᠢ ᠣᠷᠤᠭᠤᠯᠤᠨ᠎ᠠ᠃ ᠡᠵᠡᠩᠨᠡᠯᠲᠡ ᠶᠢᠨ ᠣᠷᠴᠢᠨ ᠲᠣᠭᠤᠷᠢᠨ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠵᠦ᠂ ᠴᠢᠩᠭ᠎ᠠ ᠠᠷᠭ᠎ᠠ ᠬᠡᠮᠵᠢᠶ᠎ᠡ ᠠᠪᠴᠤ᠂ ᠠᠷᠬᠠᠭ ᠭᠡᠮ ᠢ ᠠᠷᠢᠯᠭᠠᠨ᠂ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠂ ︽ᠲᠦᠭᠵᠢᠷᠡᠯ ᠤᠨ ᠴᠡᠭ︾ ︽ᠡᠪᠡᠷᠰᠢᠶᠡᠯ ᠤᠨ ᠴᠡᠭ︾ ︽ᠬᠦᠴᠢᠷ ᠠᠰᠠᠭᠤᠳᠠᠯ︾ ᠢ ᠪᠥᠬᠦ ᠬᠦᠴᠦᠨ ᠢᠶᠠᠷ ᠢᠶᠠᠨ ᠰᠢᠶ᠋ᠳᠪᠦᠷᠢᠯᠡᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠡᠯ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠵᠤ᠂ ᠮᠠᠨ ᠤ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠡᠯ ᠤᠨ ᠲᠠᠰᠤᠷᠠᠯᠲᠠ ᠥᠬᠡᠶ ᠰᠢᠯᠢᠳᠡᠭᠵᠢᠬᠦ ᠶᠢ ᠠᠬᠢᠭᠤᠯᠤᠨ᠎ᠠ᠃     ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠢᠳᠡᠪᠬᠢᠲᠡᠶ ᠪᠠᠷ ᠥᠷᠨᠢᠭᠦᠯᠦᠨ᠎ᠡ᠃ 4 ᠭᠤᠤᠯᠳᠠᠯᠭ᠎ᠠ ᠲᠠᠢ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ 6 ᠭᠤᠤᠯ ᠰᠢᠪᠲᠤᠯᠤᠯᠲᠠ ᠶᠢᠨ ᠴᠢᠭᠯᠡᠯ ᠤᠨ ᠲᠣᠭᠤᠷᠢᠨ ᠳᠤ᠂ ᠵᠠᠮ ᠬᠠᠷᠢᠯᠴᠠᠭᠠᠨ ᠤ ᠳᠠᠪᠠᠭᠤᠯᠢᠭ᠂ ᠲᠠᠪᠴᠠᠩ ᠤᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠡᠯ᠎ᠡ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠬᠤ ᠵᠢᠷᠤᠭ ᠤᠨ ᠵᠢᠭᠰᠠᠯ ᠪᠠ ᠠᠵᠤ ᠦᠶ᠋ᠯᠡᠰ ᠤᠨ ᠨᠠᠷᠢᠨ ᠲᠠᠩᠰᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ 69 ᠬᠤᠳᠠᠯᠳᠤᠭᠠᠴᠢᠨ ᠤᠷᠢᠬᠤ ᠬᠠᠷᠠᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠦᠨ᠎ᠡ᠃ ᠬᠤᠳᠠᠯᠳᠤᠭᠠᠴᠢᠨ ᠤᠷᠢᠬᠤ ᠲᠥᠷᠥᠯ ᠵᠦᠶ᠋ᠯ ᠢ ᠮᠥᠷᠳᠡᠨ ᠲᠣᠬᠢᠷᠠᠭᠤᠯᠬᠤ ᠶᠢ ᠴᠢᠩᠭᠠᠳᠬᠠᠵᠤ᠂ ︽ᠲᠥᠷᠥᠯ ᠵᠦᠶ᠋ᠯ ᠤᠨ ᠬᠠᠮᠢᠶᠠᠷᠤᠭᠴᠢ︾ ᠶᠢᠨ ᠲᠦᠷᠢᠮ ᠢ ᠪᠠᠶᠢᠭᠤᠯᠤᠨ᠂ ᠲᠥᠷᠥᠯ ᠵᠦᠶ᠋ᠯ ᠤᠨ ᠶᠠᠷᠢᠯᠴᠠᠬᠤ᠂ ᠭᠡᠷ᠎ᠡ ᠲᠣᠭᠲᠠᠬᠤ᠂ ᠪᠣᠳᠠᠲᠠᠶᠢᠵᠢᠭᠤᠯᠬᠤ᠂ ᠠᠰᠢᠭᠯᠠᠯᠲᠠ ᠳᠤ ᠣᠷᠣᠭᠤᠯᠬᠤ ᠪᠥᠬᠦ ᠶᠠᠪᠤᠴᠠ ᠶᠢᠨ ᠦᠶ᠋ᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠾᠧᠩ ᠳ᠋ᠡ ᠰᠣᠶᠣᠯ ᠵᠢᠭᠤᠯᠴᠢᠯᠠᠯ ᠤᠨ ᠬᠤᠲᠠ᠂ ᠲᠢᠶᠠᠨ ‍ᠤᠤᠢ ᠠᠷᠢᠬᠢᠨ ᠤ ᠦᠶ᠋ᠯᠡᠰ ᠵᠡᠷᠭᠡ ᠭᠤᠤᠯᠳᠠᠯᠭ᠎ᠠ ᠲᠠᠢ ᠲᠥᠷᠥᠯ ᠵᠦᠶ᠋ᠯ ᠤᠨ ᠠᠯᠢ ᠲᠦᠷᠭᠡᠨ ᠢᠶᠠᠷ ᠭᠡᠷ᠎ᠡ ᠲᠣᠭᠲᠠᠨ ᠨᠠᠶᠢᠳᠠᠪᠤᠷᠢᠵᠢᠭᠤᠯᠬᠤ᠂ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ᠃     ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠱᠠᠨᠳᠦ᠋ᠩ ᠤᠨ ᠰᠢᠵᠢᠷ ᠠᠯᠲᠠᠨ ᠤ ᠠᠭᠤᠷᠬᠠᠶ᠂ ᠬᠤᠸᠠ ᠸᠧᠶ ᠡᠮᠨᠡᠯᠭᠡ ᠶᠢᠨ ᠬᠡᠷᠡᠭᠯᠡᠭᠡᠨ᠂ ᠵᠥᠩ ᠢ ᠰᠢᠬᠢᠷ ᠤᠨ ᠦᠶ᠋ᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠠᠰ ᠳᠡᠪᠰᠢᠬᠦ ᠠᠯᠬᠤᠴᠠ ᠶᠢ ᠲᠦᠷᠭᠡᠳᠬᠡᠵᠦ᠂ ᠲᠣᠰ ᠭᠠᠵᠠᠷ ᠣᠷᠣᠨ ᠤ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠤᠨ᠎ᠠ᠃ ᠣᠲᠣ ᠶᠢᠨ ᠪᠠᠶᠢᠭ᠎ᠠ ᠦᠶ᠋ᠯᠡᠳᠪᠦᠷᠢᠯᠡᠯ ᠢᠶᠠᠨ ᠵᠣᠭᠰᠣᠭᠠᠭᠰᠠᠨ᠂ ᠦᠢᠯᠡᠳᠪᠦᠷᠢᠯᠡᠯ ᠢᠶᠠᠨ ᠬᠠᠭᠠᠰ ᠵᠣᠭᠰᠣᠭᠠᠭᠰᠠᠨ ᠠᠵᠤ ᠠᠬᠤᠶᠢᠯᠠᠯ ᠢ ᠬᠠᠪᠰᠤᠷᠤᠨ ᠲᠡᠳᠬᠦᠬᠦ ᠵᠢᠯᠤᠭᠤᠳᠬᠤ ᠪᠠᠨ ᠴᠢᠩᠭᠠᠳᠬᠠᠵᠤ᠂ ᠭᠠᠶᠢᠯᠢ ᠰᠦᠶ᠋ᠳᠬᠡᠯ ᠢ ᠬᠠᠰᠤᠵᠤ ᠬᠡᠯᠲᠦᠷᠢᠭᠦᠯᠦᠨ᠂ ᠪᠠᠯᠠ ᠲᠣᠬᠢᠷᠠᠭᠤᠯᠭ᠎ᠠ ᠶᠢᠨ ᠵᠢᠭᠡᠯᠡᠯᠭᠡ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠮᠡᠷᠭᠡᠵᠢᠯ ᠤᠨ ᠦᠶ᠋ᠯᠡᠴᠢᠯᠡᠭᠡ ᠵᠡᠷᠭᠡ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠲᠡᠳᠬᠦᠮᠵᠢ ᠦᠵᠡᠭᠦᠯᠵᠦ᠂ ᠭᠥᠸᠧ ᠶᠢᠨ ᠠᠭᠤᠷᠬᠠᠶ ᠶᠢᠨ ᠦᠶ᠋ᠯᠡᠰ᠂ ᠳ᠋ᠦᠩ ᠰᠢᠤᠢ ᠭᠤᠸᠠᠩ ᠹᠦ᠋ ᠵᠡᠷᠭᠡ 4 ᠠᠵᠤ ᠠᠬᠤᠶᠢᠯᠠᠯ ᠢ ᠲᠠᠬᠢᠨ ᠰᠡᠷᠭᠦᠭᠡᠨ᠎ᠡ᠃ ᠲᠣᠭᠠᠴᠢᠯᠠᠭᠰᠠᠨ ᠰᠢᠨ᠎ᠡ ᠶᠢ ᠡᠭᠦᠳᠬᠦ ᠠᠵᠤ ᠦᠢᠯᠡᠰ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠪᠠᠭᠰᠢ ᠶᠢᠨ ᠡᠩᠨᠡᠭᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠰᠤᠷᠤᠭᠴᠢ ᠡᠯᠰᠡᠬᠦ ᠬᠡᠪᠴᠢᠶ᠎ᠡ ᠶᠢ ᠥᠷᠭᠡᠳᠬᠡᠨ᠂ ᠣᠷᠣᠯᠠᠨ ᠠᠵᠢᠯᠯᠠᠬᠤ ᠲᠦᠷᠦᠯ ᠵᠦᠢᠯ ᠢ ᠨᠡᠮᠡᠵᠦ ᠣᠷᠣᠭᠤᠯᠤᠨ᠂ ᠬᠡᠪᠴᠢᠶᠡᠵᠢᠭᠰᠡᠨ ᠲᠣᠭᠠᠴᠢᠯᠠᠭᠰᠠᠨ ᠰᠢᠨ᠎ᠡ ᠶᠢ ᠡᠭᠦᠳᠬᠦ ᠠᠵᠤ ᠠᠬᠤᠶᠢᠯᠠᠯ ᠢ 3 ᠠᠴᠠ ᠳᠡᠭᠡᠭᠰᠢ ᠰᠢᠨ᠎ᠡ ᠪᠠᠷ ᠣᠷᠣᠭᠤᠯᠵᠤ᠂ ᠣᠷᠣᠯᠠᠨ ᠠᠵᠢᠯᠯᠠᠬᠤ ᠲᠥᠷᠥᠯ ᠵᠦᠶ᠋ᠯ ᠢ 150 ᠪᠡᠶᠡᠯᠡᠭᠦᠯᠦᠨ᠂ ᠲᠣᠭᠠᠴᠢᠯᠠᠭᠰᠠᠨ ᠰᠢᠨ᠎ᠡ ᠶᠢ ᠡᠭᠦᠳᠬᠦ ᠠᠵᠤ ᠦᠶ᠋ᠯᠡᠰ ᠤᠨ ᠲᠦᠷᠭᠡᠨ ᠢᠶᠠᠷ ᠬᠥᠭᠵᠢᠬᠦ ᠶᠢ ᠠᠬᠢᠭᠤᠯᠤᠨ᠎ᠠ᠃     ︵ᠲᠠᠪᠤ︶ ᠭᠤᠷᠪᠠᠨ ᠶᠡᠭᠡ ᠪᠡᠷᠬᠡ ᠰᠡᠳᠦᠪ ᠢ ᠰᠢᠶ᠋ᠳᠪᠦᠷᠢᠯᠡᠬᠦ ᠠᠵᠢᠯ ᠢ ᠭᠦᠨᠵᠡᠭᠡᠶ ᠬᠡᠷᠡᠭᠵᠢᠭᠦᠯᠵᠦ᠂ ᠨᠢᠭᠡᠳᠦᠯᠲᠡᠶ ᠲᠥᠯᠥᠪᠯᠡᠨ ᠵᠣᠬᠢᠴᠠᠩᠭᠤᠶ ᠪᠠᠷ ᠬᠥᠭᠵᠢᠭᠦᠯᠬᠦ ᠶᠢ ᠲᠦᠯᠬᠢᠨ ᠠᠬᠢᠭᠤᠯᠤᠨ᠎ᠠ     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠶᠢ ᠦᠷᠭᠦᠯᠵᠢᠯᠡᠨ ᠠᠩᠬᠠᠷᠴᠤ᠂ ᠶᠠᠳᠠᠭᠤ ᠠᠴᠠ ᠠᠩᠭᠢᠵᠢᠷᠠᠭᠤᠯᠤᠭᠰᠠᠨ ᠲᠣᠭᠲᠠᠭᠤᠨ ᠪᠤᠰᠤ ᠡᠷᠦᠬᠡ᠂ ᠶᠠᠳᠠᠭᠤᠷᠠᠵᠤ ᠮᠡᠳᠡᠬᠦ ᠶᠠᠳᠠᠭᠤ ᠬᠦᠴᠢᠷᠳᠡᠯᠲᠡᠶ ᠡᠷᠦᠬᠡ ᠶᠢ ᠬᠥᠳᠡᠯᠦᠩᠭᠦᠶ ᠪᠠᠷ ᠬᠢᠨᠠᠨ ᠬᠡᠮᠵᠢᠬᠦ ᠡᠷᠴᠢᠮ ᠢᠶᠠᠨ ᠴᠢᠩᠭᠠᠳᠬᠠᠨ᠂ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠠᠵᠤ ᠦᠶ᠋ᠯᠡᠰ ᠢᠶᠠᠷ ᠲᠡᠳᠬᠦᠨ ᠳᠡᠮᠵᠢᠬᠦ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠵᠤ ᠶᠠᠳᠠᠭᠤ ᠶᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠴᠢᠩᠭᠠᠳᠬᠠᠵᠤ᠂ 19 ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠲᠣᠭᠤᠷᠢᠭ᠂ 2 ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠢ ᠰᠢᠨ᠎ᠡ ᠪᠠᠷ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠡᠷᠡᠰ ᠪᠠᠲᠤ ᠰᠠᠬᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ᠂ ᠬᠤᠶᠠᠷ ᠵᠦᠢᠯ ᠤᠨ ᠠᠵᠢᠯ ᠤᠨ ᠬᠠᠷᠢᠯᠴᠠᠨ ᠲᠤᠯᠭᠠᠭᠤᠷᠢᠯᠠᠬᠤ᠂ ᠲᠣᠭᠲᠠᠭᠤᠨ ᠢᠶᠠᠷ ᠰᠢᠯᠵᠢᠬᠦ ᠶᠢ ᠪᠠᠲᠤᠯᠠᠨ᠎ᠠ᠃     ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠨ᠎ᠠ᠃ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠂ ᠲᠥᠰᠦᠪ ᠢ ᠬᠢᠵᠠᠭᠠᠷᠯᠠᠬᠤ᠂ ᠡᠳ᠋ ᠤᠨ ᠵᠠᠰᠠᠭ ᠢ ᠬᠢᠨᠠᠨ ᠲᠣᠭᠲᠠᠭᠠᠬᠤ ᠪᠠ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠨ᠂ ᠥᠷᠢ ᠥᠭᠴᠡᠭᠡ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠯᠠᠪᠳᠠᠭᠤᠨ ᠢᠶᠠᠷ ᠠᠷᠢᠯᠭᠠᠵᠤ᠂ ᠪᠡᠯᠡ ᠮᠥᠩᠭᠦ ᠶᠢ ᠬᠡᠷᠡᠭᠯᠡᠬᠦ ᠠᠮᠵᠢᠯᠲᠠ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠷᠬᠡᠪᠰᠢ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠬᠦ ᠪᠠᠲᠤᠯᠠᠨ᠎ᠠ᠃ ᠳᠡᠭᠡᠳᠦ ᠱᠠᠲᠤᠨ ᠤ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠶ᠋ᠯ ᠤᠨ ᠪᠥᠲᠥᠭᠡᠨ ᠮᠥᠩᠭᠦᠨ ᠭᠦᠢᠯᠭᠡᠭᠡᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠪᠠᠶᠢᠭᠤᠯᠤᠯᠲᠠ ᠶᠢ ᠲᠥᠯᠬᠢᠨ ᠠᠬᠢᠭᠤᠯᠬᠤ ᠦᠢᠯᠡᠳᠦᠯ ᠢ ᠨᠡᠩ ᠰᠠᠶᠢᠨ ᠪᠠᠳᠠᠷᠠᠭᠤᠯᠤᠨ᠎ᠠ᠃ ᠮᠥᠩᠭᠦᠨ ᠭᠦᠢᠯᠭᠡᠭᠡᠨ ᠤ ᠬᠦᠷᠢᠶ᠎ᠡ ᠬᠡᠪᠴᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠦᠴᠦᠯᠡᠴᠡ ᠪᠠᠨ ᠨᠡᠮᠡᠭᠳᠡᠭᠦᠯᠵᠦ᠂ ᠨᠡᠶᠢᠭᠡᠮ ᠤᠨ ᠠᠶᠤᠯ ᠲᠦᠭᠰᠢᠭᠦᠷᠢ ᠶᠢ ᠴᠠᠭ ᠲᠤᠬᠠᠶ ᠳᠤᠨᠢ ᠪᠦᠲᠦᠮᠵᠢᠲᠡᠶ ᠪᠠᠷ ᠠᠷᠢᠯᠭᠠᠨ᠎ᠠ᠃     ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠶ᠋ᠳᠪᠦᠷᠢᠯᠡᠬᠦ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ᠎ᠡ᠃ ᠳᠡᠭᠡᠳᠦ ᠱᠠᠲᠤᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠪᠠ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ 6 ᠠᠰᠠᠭᠤᠳᠠᠯ ᠢ ᠴᠡᠭᠴᠡᠯᠡᠨ ᠥᠭᠡᠷᠡᠴᠢᠯᠡᠬᠦ ᠶᠢ ᠪᠡᠶᠡᠯᠡᠭᠦᠯᠦᠨ᠎ᠡ᠃ ᠠᠵᠤ ᠦᠶ᠋ᠯᠡᠳᠪᠦᠷᠢ ᠶᠢᠨ ᠬᠠᠶᠠᠭᠳᠠᠮᠠᠯ ᠬᠡᠶ᠂ ᠨᠡᠭᠦᠷᠡᠰᠦᠨ ᠣᠲᠤᠭ᠎ᠠ ᠶᠢᠨ ᠵᠠᠰᠠᠯᠲᠠ᠂ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠶ ᠵᠡᠷᠭᠡ ᠪᠣᠬᠢᠷᠲᠤᠯ ᠤᠨ ᠡᠬᠢ ᠶᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ ᠳᠡᠭᠡᠷ᠎ᠡ ᠵᠢᠯ ᠤᠨ ᠬᠢ ᠠᠴᠠ ᠳᠠᠪᠠᠭᠤᠯᠢᠭ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠢᠩᠭᠡ ᠶᠢᠨ ᠭᠤᠣᠯ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠤᠯᠤᠰ ᠠᠴᠠ ᠡᠵᠡᠮᠳᠡᠬᠦ᠂ ᠣᠷᠣᠨ ᠠᠴᠠ ᠡᠵᠡᠮᠳᠡᠬᠦ ᠪᠠ ᠬᠤᠳᠠ ᠠᠴᠠ ᠡᠵᠡᠮᠳᠡᠬᠦ ᠣᠭᠲᠣᠯᠤᠭᠠᠰᠤ ᠶᠢ ᠬᠠᠮᠢᠶᠠᠷᠤᠨ ᠡᠵᠡᠮᠳᠡᠬᠦ ᠪᠠ ᠬᠢᠨᠠᠨ ᠬᠡᠮᠵᠢᠬᠦ ᠶᠢ ᠴᠢᠩᠭᠠᠳᠬᠠᠨ᠂ ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠢ ᠵᠠᠰᠠᠬᠤ ᠡᠭᠦᠷᠭᠡ ᠶᠢ ᠲᠦᠷᠭᠡᠳᠬᠡᠨ ᠠᠬᠢᠭᠤᠯᠵᠤ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢ ᠠᠬᠢᠭᠤᠯᠤᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠬᠡᠷᠡᠭᠵᠢᠭᠦᠯᠵᠦ᠂ ︽ᠳᠥᠷᠪᠡ ᠶᠢ ᠡᠵᠡᠮᠳᠡᠬᠦ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠤᠨ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃     ︵ᠵᠢᠷᠭᠤᠭ᠎ᠠ︶ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠰᠥᠩᠱᠠᠨ ᠢ ᠪᠥᠲᠥᠭᠡᠨ ᠪᠠᠶᠢᠭᠤᠯᠤᠨ᠎ᠠ     ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠥᠩ ᠵᠧᠤ ᠵᠠᠮ ᠤᠨ ᠤᠮᠠᠷᠠᠰᠢ ᠨᠡᠪᠲᠡᠷᠡᠬᠦ ᠪᠥᠬᠦ ᠱᠤᠭᠤᠮ ᠢᠶᠠᠷ ᠲᠡᠷᠭᠡ ᠨᠡᠪᠲᠡᠷᠡᠭᠦᠯᠬᠦ ᠪᠠᠷ ᠴᠢᠷᠮᠠᠶᠢᠵᠤ᠂ ᠵᠧᠨ ᠰᠢᠩ ᠶᠡᠭᠡ ᠵᠡᠭᠡᠯᠢ᠂ ᠰᠢᠪᠡᠭᠡ ᠭᠤᠤᠯ ᠵᠡᠭᠡᠯᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠂ ᠰᠥᠩ ᠵᠧᠤ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠲᠥᠷᠭᠡᠳᠬᠡᠵᠦ᠂ ᠪᠦᠦ ᠱᠠᠨ ᠵᠠᠮ᠂ ᠲᠢᠶᠠᠨ ᠢ ᠵᠠᠮ ᠵᠡᠷᠭᠡ 14 ᠵᠤᠷᠪᠤᠰ ᠵᠡᠭᠡᠯᠢ ᠭᠤᠳᠤᠮᠵᠢ ᠶᠢᠨ ᠪᠣᠷᠣᠭᠠᠨ ᠤ ᠤᠰᠤ ᠪᠠ ᠪᠣᠬᠢᠷᠲᠤᠯ ᠤᠰᠤ ᠶᠢ ᠰᠠᠯᠭᠠᠬᠤ ᠢᠨᠵᠧᠨᠧᠷᠢᠩ ᠢ ᠪᠡᠶᠡᠯᠡᠭᠦᠯᠦᠨ᠂ 16.8 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ᠎ᠡ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ᠬᠤᠲᠠ ᠶᠢᠨ ᠲᠣᠭᠤᠷᠢᠭ ᠤᠨ ᠣᠶᠤᠨᠴᠢ ᠪᠠᠷ ᠲᠡᠷᠭᠡ ᠵᠣᠭᠰᠣᠭᠠᠬᠤ ᠲᠥᠷᠥᠯ ᠵᠦᠶ᠋ᠯ ᠢ ᠡᠬᠢᠯᠡᠭᠦᠯᠵᠦ᠂ ᠬᠤᠲᠠ ᠶᠢᠨ ᠶᠠᠪᠤᠳᠠᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠺᠣᠮᠫᠠᠨᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠷᠠᠭᠤᠯᠤᠨ᠂ ᠵᠢᠵᠢᠭ ᠲᠣᠭᠤᠷᠢᠭ ᠤᠨ ᠠᠳᠠᠯ ᠠᠬᠤᠶ ᠶᠢᠨ ᠦᠶ᠋ᠯᠡᠴᠢᠯᠡᠭᠡᠨ ᠤ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠬᠡᠰᠡᠭ ᠲᠣᠭᠤᠷᠢᠭ ᠢ ᠴᠣᠭᠴᠠᠯᠠᠨ᠂ ᠡᠭᠡᠭᠦᠯᠦᠨ ᠬᠤᠷᠢᠶᠠᠵᠤ ᠪᠣᠯᠬᠤ ᠪᠣᠳᠠᠰ ᠢ ᠪᠠᠭᠯᠠᠵᠤ ᠵᠠᠳᠠᠯᠬᠤ ᠲᠥᠪ ᠢ ᠪᠠᠶᠢᠭᠤᠯᠤᠨ᠎ᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠪᠠ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠷᠡᠭᠦᠯ ᠲᠣᠭᠲᠠᠭᠤᠨ ᠪᠠᠶᠢᠬᠤ ᠶᠢ ᠪᠠᠲᠤᠯᠠᠨ᠂ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠳᠣᠭᠢᠷᠠᠭᠤᠯᠤᠨ ᠰᠢᠯᠢᠳᠡᠭᠵᠢᠭᠦᠯᠵᠦ᠂ ᠬᠤᠳᠠᠯᠳᠤᠭᠠᠨ ᠤ ᠭᠠᠵᠠᠷ ᠰᠢᠷᠣᠶ ᠶᠢᠨ ᠨᠡᠭᠡᠭᠡᠨ ᠠᠰᠢᠭᠯᠠᠯᠲᠠ ᠶᠢ ᠰᠠᠶᠢᠲᠤᠷ ᠬᠢᠵᠦ᠂ ᠠᠵᠤ ᠦᠶ᠋ᠯᠡᠰ ᠪᠠ ᠬᠤᠲᠠ ᠶᠢᠨ ᠠᠭᠤᠰᠤᠯᠴᠠᠯ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃     ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ 2 ᠬᠤᠭ ᠨᠣᠪᠰᠢ ᠪᠤᠯᠠᠬᠤ ᠭᠠᠵᠠᠷ᠂ 15 ᠺᠢᠯᠣᠮᠧᠲᠷ ᠤᠨ ᠪᠣᠬᠢᠷ ᠤᠰᠤᠨ ᠤ ᠬᠤᠭᠤᠯᠠᠶ ᠶᠢᠨ ᠲᠣᠣᠷ ᠢ ᠰᠢᠨ᠎ᠡ ᠪᠠᠷ ᠪᠠᠶᠢᠭᠤᠯᠤᠨ᠂ 112 ᠲᠠᠷᠠᠬᠠᠶ ᠮᠠᠶ᠋ᠢᠭ ᠤᠨ ᠪᠣᠬᠢᠷ ᠤᠰᠤ ᠶᠢ ᠰᠢᠶ᠋ᠳᠪᠦᠷᠢᠯᠡᠬᠦ ᠪᠠ 135 ᠣᠤᠭᠤᠬᠤ ᠤᠰᠤᠨ ᠤ ᠢᠨᠵᠧᠨᠧᠷᠢᠩ ᠢ ᠬᠡᠷᠡᠭᠵᠢᠭᠦᠯᠵᠦ᠂ 10 ᠣᠷᠣᠨ ᠪᠦᠰᠡ ᠶᠢᠨ ᠪᠠᠭᠠᠰᠤᠨ ᠪᠣᠬᠢᠷᠲᠤᠯ ᠢ ᠰᠢᠶ᠋ᠳᠪᠦᠷᠢᠯᠡᠬᠦ ᠲᠥᠪ ᠢ ᠪᠦᠬᠦᠨ ᠢ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠨᠡᠶᠢᠲᠡ ᠶᠢᠨ ᠮᠠᠰᠢᠨᠴᠢᠯᠠᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠲᠣᠭᠤᠷᠢᠭ ᠤᠨ 50 ᠺᠢᠯᠣᠮᠧᠲᠷ ᠤᠨ ᠬᠡᠪᠴᠢᠶᠡᠨ ᠳᠣᠲᠣᠷ᠎ᠠ ᠨᠡᠶᠢᠲᠡ ᠶᠢᠨ ᠮᠠᠰᠢᠨ ᠢ ᠪᠦᠬᠦᠨ ᠢ ᠬᠠᠮᠤᠷᠤᠭᠤᠯᠤᠨ᠎ᠠ᠃ ︽ᠵᠣᠷᠯᠣᠩ ᠢ ᠥᠭᠡᠷᠡᠴᠢᠯᠡᠨ ᠪᠠᠶᠢᠭᠤᠯᠬᠤ︾ ᠢ ᠦᠷᠭᠦᠯᠵᠢᠯᠡᠨ ᠠᠬᠢᠭᠤᠯᠵᠤ᠂ ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠲᠦᠷᠢᠮ ᠢ ᠪᠥᠷᠢᠨᠰᠢᠭᠦᠯᠦᠨ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠥᠨᠳᠥᠷ ᠪᠠᠷᠢᠮᠵᠢᠶᠠᠲᠤ ᠲᠦᠪᠰᠢᠨ ᠪᠥᠬᠦᠶ ᠱᠠᠲᠤᠨ ᠲᠠᠷᠢᠶ᠎ᠠ ᠵᠡᠷᠭᠡ ᠲᠥᠷᠥᠯ ᠵᠦᠶ᠋ᠯ ᠢ ᠤᠯᠬᠤ ᠪᠠᠷ ᠢᠳᠡᠪᠬᠢᠲᠡᠶ ᠴᠢᠷᠮᠠᠶᠢᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃     ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠠᠮᠢ ᠠᠬᠤᠶ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠤᠰ ᠤᠨ ᠵᠠᠮ ᠤᠨ 111 ᠱᠤᠭᠤᠮ ᠤᠨ ᠪᠠᠭ᠎ᠠ ᠺᠠᠷᠠ ᠠᠴᠠ ᠤᠯᠠᠭᠠᠨᠬᠠᠳᠠ ᠬᠦᠷᠬᠦ ᠬᠡᠰᠡᠭ᠂ ᠭᠠᠩ ᠽᠢ ᠠᠴᠠ ᠱᠢ ᠰᠠᠨ ᠲᠠᠢ ᠪᠦᠦ ᠬᠦᠷᠬᠦ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠥᠳᠡᠭᠡ ᠲᠣᠰᠬᠤᠨ ᠤ 50 ᠺᠢᠯᠣᠮᠧᠲᠷ ᠤᠷᠲᠤ ᠵᠠᠮ ᠪᠠ ᠨᠤᠷᠠᠬᠤ ᠠᠶᠤᠯ ᠲᠠᠢ 2 ᠬᠥᠭᠦᠷᠭᠡ ᠶᠢ ᠥᠭᠡᠷᠡᠴᠢᠯᠡᠨ ᠪᠠᠶᠢᠭᠤᠯᠤᠨ᠎ᠠ᠃ 9.4 ᠺᠢᠯᠣᠮᠧᠲᠷ ᠭᠤᠣᠯ ᠤᠨ ᠵᠠᠮ ᠤᠨ ᠵᠠᠰᠠᠯᠲᠠ ᠶᠢ ᠬᠡᠷᠡᠭᠵᠢᠭᠦᠯᠵᠦ᠂ ᠮᠦ ᠵᠢᠶᠠ ᠶᠢᠩ ᠭᠤᠣᠯ ᠰᠤᠪᠠᠭ ᠤᠨ ᠤᠰᠤ ᠠᠷᠪᠢᠯᠠᠬᠤ ᠥᠭᠡᠷᠡᠴᠢᠯᠡᠯᠲᠡ ᠶᠢ 13.9 ᠺᠢᠯᠣᠮᠧᠲᠷ ᠬᠡᠷᠡᠭᠵᠢᠭᠦᠯᠦᠨ᠂ 12.6 ᠺᠢᠯᠣᠮᠧᠲᠷ ᠦᠶᠡᠷ ᠢ ᠰᠡᠷᠭᠡᠶᠢᠯᠡᠬᠦ ᠬᠠᠰᠢᠯᠭ᠎ᠠ ᠶᠢ ᠰᠢᠨ᠎ᠡ ᠪᠠᠷ ᠪᠠᠶᠢᠭᠤᠯᠤᠨ᠎ᠠ᠃ 2500 ᠮᠥ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠵᠦ᠂ 1000 ᠮᠥ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠳᠤ ᠤᠢ ᠮᠣᠲᠤ ᠣᠶᠢᠵᠢᠭᠤᠯᠵᠤ᠂ 8000 ᠮᠥ ᠣᠶ ᠰᠢᠭᠤᠶ ᠶᠢ ᠠᠷᠠᠴᠢᠯᠠᠨ ᠪᠣᠶᠢᠵᠢᠭᠤᠯᠤᠨ᠎ᠠ᠃ 3 ᠰᠠᠭᠤᠷᠢ ᠬᠦᠴᠦᠳᠡᠯ ᠥᠭᠡᠷᠡᠴᠢᠯᠡᠬᠦ ᠥᠷᠲᠡᠭᠡ ᠪᠠ 177 ᠺᠢᠯᠣᠮᠧᠲᠷ ᠥᠨᠳᠥᠷ ᠪᠣᠭᠤᠨᠢ ᠬᠦᠴᠦᠳᠡᠯᠲᠦ ᠴᠠᠬᠢᠯᠭᠠᠨ ᠱᠤᠭᠤᠮ ᠢ ᠰᠢᠨ᠎ᠡ ᠪᠠᠷ ᠥᠭᠡᠷᠡᠴᠢᠯᠡᠨ ᠥᠷᠭᠡᠳᠬᠡᠨ ᠪᠠᠶᠢᠭᠤᠯᠤᠨ᠎ᠠ᠃     ︵ᠳᠣᠯᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠠᠷᠠᠳ ᠲᠦᠮᠡᠨ ᠤ ᠪᠤᠶᠠᠨ ᠵᠢᠷᠭᠠᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ     ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠷᠪᠠᠨ ᠲᠠᠪᠤᠳᠤᠭᠠᠷ ᠬᠡᠤᠬᠡᠳ ᠤᠨ ᠴᠡᠴᠡᠷᠯᠢᠭ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠵᠡᠷᠭᠡ 7 ᠲᠥᠷᠥᠯ ᠵᠦᠶ᠋ᠯ ᠢ 9 ᠳ᠋ᠦᠭᠡᠷ ᠰᠠᠷ᠎ᠠ ᠳᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠭᠠᠵᠠᠷ ᠰᠢᠨᠵᠢᠯᠡᠭᠡᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠠᠷᠪᠠᠨ ᠵᠢᠷᠭᠤᠳᠤᠭᠠᠷ ᠬᠡᠤᠬᠡᠳ ᠤᠨ ᠴᠡᠴᠡᠷᠯᠢᠭ ᠵᠡᠷᠭᠡ 11 ᠲᠥᠷᠥᠯ ᠵᠦᠶ᠋ᠯ ᠢ ᠵᠢᠯ ᠤᠨ ᠳᠣᠲᠣᠷ᠎ᠠ ᠭᠤᠤᠯ ᠴᠣᠭᠴᠠ ᠶᠢ ᠨᠢ ᠳᠠᠭᠤᠰᠬᠠᠵᠤ᠂ ᠴᠢᠨ ᠱᠦᠶ ᠸᠠᠨ ᠪᠠᠭ᠎ᠠ ᠲᠣᠭᠤᠷᠢᠭ ᠤᠨ ᠢᠵᠢ ᠪᠥᠷᠢᠳᠦᠭᠰᠡᠨ ᠬᠡᠤᠬᠡᠳ ᠤᠨ ᠴᠡᠴᠡᠷᠯᠢᠭ ᠤᠨ ᠵᠠᠰᠠᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠢᠯᠢᠳᠡᠭ ᠪᠠᠭᠰᠢ ᠶᠢ ᠰᠢᠯᠢᠨ ᠰᠣᠩᠭᠤᠵᠤ ᠣᠷᠣᠭᠤᠯᠤᠨ ᠠᠪᠴᠢᠷᠠᠬᠤ ᠶᠢ ᠴᠢᠩᠭᠠᠳᠬᠠᠨ᠂ ᠪᠠᠭᠰᠢ ᠶᠢᠨ ᠪᠣᠯᠪᠠᠰᠤᠷᠠᠯ ᠢ ᠴᠢᠩᠳᠠᠯᠠᠵᠤ᠂ ᠵᠢᠭᠠᠨ ᠰᠤᠷᠭᠠᠬᠤ ᠪᠠ ᠰᠤᠳᠤᠯᠬᠤ ᠡᠷᠴᠢᠮ ᠢ ᠴᠢᠩᠭᠠᠷᠠᠭᠤᠯᠤᠨ᠂ ᠵᠢᠭᠠᠨ ᠰᠤᠷᠭᠠᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃     ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶ᠋ᠯᠡᠴᠢᠯᠡᠭᠡ ᠶᠢ ᠰᠢᠯᠢᠳᠡᠭᠵᠢᠭᠦᠯᠦᠨ᠎ᠡ᠃ ᠬᠤᠲᠠ ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠷᠢᠰᠢᠭᠤᠯᠤᠯᠲᠠ ᠶᠢ ᠳᠣᠭᠢᠷᠠᠭᠤᠯᠤᠨ ᠰᠢᠯᠢᠳᠡᠭᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠬᠠᠰ ᠯᠤᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ ᠤᠨ ᠰᠢᠨ᠎ᠡ ᠠᠯᠪᠠᠯᠠᠬᠤ ᠭᠠᠵᠠᠷ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠂ 7 ᠡᠷᠡᠭᠦᠯ ᠬᠠᠮᠠᠭᠠᠯᠠᠯ ᠤᠨ ᠬᠤᠷᠢᠶ᠎ᠠ ᠪᠠ 1 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ ᠤᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠦᠨ᠎ᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠶᠢᠨ ᠬᠤᠪᠢᠶᠠᠷᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠲᠦᠷᠭᠡᠳᠬᠡᠨ᠂ ᠰᠦᠩᠱᠠᠨ ᠡᠮ ᠡᠮᠨᠡᠯᠭᠡ ᠶᠢᠨ ᠪᠦᠯᠦᠭᠯᠡᠯ ᠢ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠳᠣᠯᠣᠳᠤᠭᠠᠷ ᠤᠳᠠᠭᠠᠨ ᠤ ᠲᠠᠬᠢᠨ ᠬᠢᠨᠠᠯᠲᠠ ᠶᠢᠨ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠨ᠎ᠠ᠃     ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠰᠠᠶᠢᠲᠤᠷ ᠠᠳᠬᠤᠵᠤ᠂ ᠬᠤᠳᠠ ᠪᠠᠯᠭᠠᠰᠤᠨ ᠤ 3000 ᠬᠥᠮᠦᠨ ᠳᠤ ᠰᠢᠨ᠎ᠡ ᠪᠠᠷ ᠠᠵᠢᠯ ᠣᠯᠭᠤᠨ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠬᠤᠳᠠ ᠬᠥᠳᠡᠭᠡ ᠶᠢᠨ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠪᠠ ᠲᠠᠪᠤᠨ ᠪᠠᠲᠤᠯᠠᠭ᠎ᠠ ᠶᠢᠨ ᠠᠰᠠᠷᠠᠨ ᠲᠡᠵᠢᠭᠡᠬᠦ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠰᠢᠬᠢᠳᠬᠡᠬᠦ ᠬᠡᠯᠪᠡᠷᠢ ᠶᠢᠨ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠬᠤ ᠪᠠᠶᠢᠭᠤᠯᠤᠮᠵᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠵᠡᠮᠳᠡᠭᠴᠦᠳ ᠤᠨ ᠡᠷᠡᠭᠦᠯᠵᠢᠯ ᠤᠨ ᠲᠥᠪ ᠤᠨ 8 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ᠂ ᠨᠢᠭᠦᠯᠡᠰᠦᠩᠭᠦᠶ ᠶᠢᠨ ᠨᠡᠶᠢᠲᠡ ᠶᠢᠨ ᠠᠰᠠᠷᠠᠮᠵᠢ᠂ ᠬᠠᠷᠠᠭᠠᠯᠵᠠᠨ ᠲᠥᠪᠬᠢᠨᠡᠭᠦᠯᠬᠦ ᠵᠡᠷᠭᠡ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃     ᠨᠡᠶᠢᠭᠡᠮ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ︽ᠰᠣᠶᠣᠯ ᠢ ᠲᠦᠮᠡᠨ ᠡᠷᠦᠬᠡ ᠳᠤ ᠬᠦᠷᠭᠡᠬᠦ︾ ᠢᠨᠵᠧᠨᠧᠷᠢᠩ ᠢ ᠭᠦᠨᠵᠡᠭᠡᠶ ᠠᠬᠢᠭᠤᠯᠵᠤ᠂ ᠡᠯ᠎ᠡ ᠲᠥᠷᠥᠯ ᠤᠨ ᠰᠣᠶᠣᠯ ᠢ ᠬᠥᠳᠡᠭᠡ ᠪᠠᠭᠤᠯᠭᠠᠬᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠵᠡᠷᠭᠡ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠂ 5 ᠬᠤᠲᠠ ᠶᠢᠨ ᠨᠣᠮ ᠤᠨ ᠪᠠᠭᠠᠷ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠨᠣᠮ ᠤᠨ ᠰᠠᠩ᠂ ᠰᠣᠶᠣᠯ ᠤᠨ ᠣᠷᠳᠣᠨ ᠢ 4 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠭᠡᠮ ᠳᠤ ᠨᠡᠭᠡᠭᠡᠬᠦ ᠶᠢ ᠦᠨᠡᠨᠬᠦ ᠪᠠᠲᠤᠯᠠᠨ᠎ᠠ᠃ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠠ ᠤᠳᠤᠮᠯᠠᠯ ᠤᠨ ᠪᠤᠰᠤ ᠵᠠᠯᠭᠠᠮᠵᠢᠯᠠᠯ ᠢ ᠴᠢᠩᠭᠠᠳᠬᠠᠨ᠎ᠠ᠃ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠴᠢᠨᠠᠷ ᠰᠠᠶᠢᠲᠠᠶ ᠪᠡᠶᠡᠯᠡᠭᠦᠯᠦᠨ᠎ᠡ᠃ ᠨᠡᠶᠢᠭᠡᠮ ᠲᠣᠭᠤᠷᠢᠭ ᠤᠨ ᠲᠣᠣᠷᠵᠢᠯᠲᠠ ᠶᠢᠨ ᠰᠠᠭᠤᠷᠢ ᠶᠢ ᠲᠡᠭᠦᠯᠳᠡᠷᠵᠢᠭᠦᠯᠵᠦ᠂ ᠤᠶᠤᠨᠲᠤ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠴᠢᠩᠭᠠᠳᠬᠠᠨ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠪᠣᠯᠪᠠᠰᠤᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠦᠢᠯᠡᠴᠢᠯᠡᠭᠡ ᠶᠢ ᠨᠡᠶᠢᠳᠡᠮ ᠬᠠᠮᠤᠷᠬᠤ ᠶᠢ ᠪᠡᠶᠡᠯᠡᠭᠦᠯᠦᠨ᠎ᠡ᠃      ︵ᠨᠠᠢᠮᠠ︶ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠬᠠᠮᠠᠭᠠᠯᠠᠨ᠎ᠠ     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠬᠥᠮᠦᠨ ᠪᠠ ᠡᠳ᠋ ᠪᠣᠲᠠᠰ ᠢ ᠬᠠᠮᠲᠤ ᠳᠤᠨᠢ ᠰᠡᠷᠭᠡᠶᠢᠯᠡᠬᠦ︾ ᠶᠢ ᠪᠠᠷᠢᠮᠲᠠᠯᠠᠨ᠂ ᠳᠡᠭᠡᠳᠦ ᠬᠤᠷᠳᠤᠴᠠᠲᠤ ᠲᠡᠮᠦᠷ ᠵᠠᠮ ᠤᠨ ᠥᠷᠲᠡᠭᠡ᠂ ᠮᠠᠰᠢᠨ ᠲᠡᠷᠭᠡᠨ ᠤ ᠥᠷᠲᠡᠭᠡ ᠂ ᠭᠤᠤᠯ ᠪᠣᠯᠬᠤ ᠵᠠᠮ ᠬᠠᠷᠢᠯᠴᠠᠭ᠎ᠠ ᠵᠡᠷᠭᠡ ᠣᠷᠣᠭᠤᠯᠬᠤ ᠡᠭᠦᠳᠡ ᠶᠢ ᠴᠢᠩᠭ᠎ᠠ ᠠᠳᠬᠤᠵᠤ᠂ ᠨᠡᠶᠢᠭᠡᠮ ᠲᠣᠭᠤᠷᠢᠭ᠂ ᠲᠣᠰᠬᠤᠨ ᠳᠤᠭᠤᠶᠢᠯᠠᠩ᠂ ᠵᠣᠴᠢᠳ ᠤᠨ ᠪᠠᠭᠤᠳᠠᠯ ᠵᠡᠷᠭᠡ ᠶᠢᠨ ᠬᠠᠮᠢᠶᠠᠷᠤᠯᠲᠠ ᠡᠵᠡᠮᠳᠡᠯ ᠢ ᠲᠠᠰᠤᠷᠠᠯᠲᠠ ᠥᠬᠡᠶ ᠴᠢᠩᠭᠠᠳᠬᠠᠨ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠬᠤᠳᠠᠯᠳᠤᠭᠠᠨ ᠤ ᠲᠠᠯᠠᠪᠤᠷ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠤᠨ ᠬᠠᠮᠢᠶᠠᠷᠤᠯᠲᠠ ᠶᠢ ᠲᠣᠪᠤᠶᠢᠮ᠎ᠠ ᠰᠠᠶᠢᠲᠤᠷ ᠠᠳᠬᠤᠵᠤ ᠂ ᠬᠦᠢᠲᠡᠨ ᠬᠡᠯᠬᠢᠶᠡᠲᠦ ᠢᠳᠡᠭᠡᠨ ᠤ ᠬᠢᠨᠠᠯᠲᠠ ᠬᠠᠮᠢᠶᠠᠷᠤᠯᠲᠠ ᠪᠠ ᠭᠤᠤᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠰᠠᠶᠢᠲᠤᠷ ᠬᠢᠨ᠎ᠠ᠃ ᠲᠠᠬᠤᠯ ᠤᠨ ᠪᠠᠶᠢᠴᠠᠭᠠᠯᠲᠠ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠭᠤᠤᠯᠳᠠᠯᠭ᠎ᠠ ᠲᠠᠢ ᠬᠥᠮᠦᠰ ᠲᠤ ᠸᠠᠺᠼᠢᠨ ᠤ ᠲᠠᠷᠢᠯᠭ᠎ᠠ ᠶᠢᠨ ᠠᠵᠢᠯ ᠢ ᠠᠮᠤᠷ ᠲᠦᠪᠰᠢᠨ ᠢᠶᠠᠷ ᠥᠷᠨᠢᠭᠦᠯᠦᠨ᠂ ︽ᠬᠠᠮᠤᠭ ᠤᠨ ᠡᠷᠲᠡ ᠢᠯᠡᠷᠡᠭᠦᠯᠵᠦ᠂ ᠬᠠᠮᠤᠭ ᠠᠴᠠ ᠪᠠᠭ᠎ᠠ ᠲᠠᠷᠬᠠᠭᠠᠬᠤ︾ ᠰᠡᠷᠭᠡᠶᠢᠯᠡᠨ ᠡᠵᠡᠮᠳᠡᠬᠦ ᠬᠠᠷᠠᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠎ᠡ     ᠦᠨᠳᠦᠰᠦᠲᠡᠨ ᠤ ᠪᠦᠯᠬᠦᠮᠳᠡᠯ ᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠤᠨ᠂ ᠦᠨᠳᠦᠰᠦᠲᠡᠨ ᠤ ᠠᠵᠢᠯ ᠤᠨ ︽ᠭᠤᠷᠪᠠᠨ ᠱᠠᠲᠤᠨ ᠤ ᠲᠣᠤᠷ ᠰᠦᠯᠵᠢᠶ᠎ᠡ︾ ︽ᠬᠤᠶᠠᠷ ᠱᠠᠲᠤᠨ ᠤ ᠬᠠᠷᠢᠭᠤᠴᠠᠯᠭ᠎ᠠ ᠶᠢᠨ ᠲᠦᠷᠢᠮ︾ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠠᠰᠤᠷᠠᠯᠲᠠ ᠥᠬᠡᠶ ᠠᠬᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠰᠠᠭᠤᠷᠢᠨ ᠭᠠᠵᠠᠷ ᠢ ᠴᠢᠩᠭ᠎ᠠ ᠰᠠᠬᠢᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ ᠂ ᠦᠨᠳᠦᠰᠦᠲᠡᠨ ᠤ ᠪᠦᠯᠬᠦᠮᠳᠡᠯ ᠪᠠ ᠡᠭᠡ ᠣᠷᠣᠨ ᠤ ᠨᠢᠭᠡᠳᠦᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃     ᠡᠩᠭᠡ ᠠᠮᠤᠭᠤᠯᠠᠩ ᠰᠥᠩᠱᠠᠨ ᠢ ᠰᠢᠨᠲᠠᠷᠠᠰᠢ ᠦᠭᠡᠢ ᠪᠦᠳᠦᠭᠡᠨ ᠪᠠᠶᠢᠭᠤᠯᠤᠨ᠎ᠠ᠃ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ︽ᠬᠤᠶᠠᠷ ᠦᠨᠳᠦᠰᠦᠨ︾ ᠤ ᠪᠦᠲᠦᠭᠡᠨ ᠪᠠᠶᠢᠭᠤᠯᠤᠯᠲᠠ ᠶᠢᠨ ᠣᠨ ᠪᠠ ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯ ᠥᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠴᠢᠩᠭ᠎ᠠ ᠬᠠᠮᠢᠶᠠᠷᠴᠤ ᠬᠦᠨᠳᠦ ᠪᠠᠷ ᠲᠣᠷᠭᠠᠬᠤ ᠶᠢ ᠪᠠᠷᠢᠮᠲᠠᠯᠠᠨ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ᠂ ᠪᠠᠷᠢᠯᠭ᠎ᠠ ᠶᠢᠨ ᠭᠠᠵᠠᠷ᠂ ᠨᠡᠭᠦᠷᠡᠰᠦᠨ ᠤ ᠪᠤᠰᠤ ᠠᠭᠤᠷᠬᠠᠶ ᠵᠡᠷᠭᠡ ᠭᠤᠣᠯᠳᠠᠯᠭ᠎ᠠ ᠲᠠᠢ ᠬᠦᠷᠢᠶᠡᠨ ᠤ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠦᠨᠳᠦ ᠶᠡᠭᠡ ᠣᠨᠴᠠ ᠶᠡᠭᠡ ᠠᠶᠤᠯ ᠥᠭᠡᠢ ᠶᠢᠨ ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠨ᠎ᠠ᠃ ᠢᠳᠡᠭᠡᠨ ᠪᠠ ᠡᠮ ᠤᠨ ᠵᠦᠶ᠋ᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠲᠥᠪᠯᠡᠷᠡᠭᠦᠯᠦᠨ ᠥᠷᠨᠢᠭᠦᠯᠵᠦ᠂ ᠣᠶᠤᠨᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ︽ᠹᠧᠩ ᠴᠢᠶᠣᠤ ᠶᠢᠨ ᠲᠤᠷᠰᠢᠯᠭ᠎ᠠ︾ ᠶᠢ ᠦᠢᠯᠡᠳᠦᠯᠭᠡᠵᠢᠭᠦᠯᠵᠦ᠂ ︽ᠡᠶᠡᠳᠡᠭᠦᠯᠭᠡ ᠶᠢᠨ ᠺᠣᠮᠢᠰ + ᠬᠠᠤᠯᠢᠴᠢ︾ ᠶᠢᠨ ᠵᠠᠭᠪᠤᠷ ᠢ ᠪᠤᠢ ᠪᠣᠯᠭᠠᠨ ᠵᠠᠬᠢᠳᠠᠯ ᠰᠤᠷᠪᠤᠯᠵᠢᠯᠠᠭ᠎ᠠ ᠶᠢ ᠰᠢᠶ᠋ᠳᠪᠦᠷᠢᠯᠡᠬᠦ ᠲᠤᠮᠤ ᠲᠠᠪᠴᠠᠩ ᠢ ᠪᠠᠶᠢᠭᠤᠯᠵᠤ᠂ ᠲᠥᠪ ᠤᠨ ᠲᠣᠭᠤᠷᠢᠨ ᠪᠠᠶᠢᠴᠠᠭᠠᠯᠲᠠ ᠪᠠ ᠲᠥᠪ ᠤᠨ ᠬᠠᠮᠲᠤᠷᠠᠭᠰᠠᠨ ᠠᠯᠪᠠᠨ ᠭᠡᠷ ᠤᠨ ᠲᠤᠰᠢᠶᠠᠨ ᠰᠢᠶ᠋ᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠴᠢᠨᠠᠷ ᠰᠠᠶᠢᠲᠠᠶ ᠰᠢᠶ᠋ᠳᠪᠦᠷᠢᠯᠡᠨ᠎ᠡ᠃ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠭᠦᠨᠵᠡᠭᠡᠶ ᠵᠢᠭᠰᠠᠭᠠᠨ ᠪᠠᠶᠢᠴᠠᠭᠠᠵᠤ ᠠᠷᠢᠯᠭᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠨᠢ ᠤᠳᠠᠭᠠᠨ ᠠᠮᠤᠷ ᠲᠦᠪᠰᠢᠨ ᠪᠠᠶᠢᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃     ︵ᠶᠢᠰᠦ︶ ᠲᠦᠷᠦ ᠪᠠᠷᠢᠬᠤ ᠴᠢᠳᠠᠪᠤᠷᠢ ᠶᠢᠨ ᠬᠢᠷᠢ ᠳᠥᠪᠰᠢᠨ ᠢᠶᠠᠨ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠠᠶᠢᠭᠤᠯᠤᠨ᠎ᠠ     ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ᠎ᠠ᠃ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠳᠤ ᠲᠤᠤᠱᠯᠠᠭᠤᠯᠤᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠬᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠤᠯᠤᠰ ᠲᠥᠷᠥ ᠶᠢᠨ ᠴᠢᠳᠠᠪᠤᠷᠢ᠂ ᠪᠠᠶᠢᠯᠳᠤᠬᠤ ᠪᠣᠳᠣᠯᠭ᠎ᠠ ᠶᠢᠨ ᠬᠠᠷᠠᠴᠠ ᠪᠠ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠲᠣᠭᠤᠷᠢᠭ ᠤᠨ ᠬᠤᠷᠢᠶ᠎ᠠ ᠶᠢᠨ ᠡᠯ᠎ᠡ ᠵᠦᠶ᠋ᠯ ᠤᠨ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃     ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠨ᠎ᠠ᠃ ︽ᠬᠠᠤᠯᠢ ᠠᠴᠠ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠷᠬᠡᠪᠰᠢ ᠭᠦᠢᠴᠡᠳᠬᠡᠬᠦ︾ ᠶᠢ ᠪᠠᠷᠢᠮᠲᠠᠯᠠᠵᠤ᠂ ᠬᠠᠤᠯᠢ ᠪᠠᠷ ᠲᠣᠭᠲᠠᠭᠠᠭᠰᠠᠨ ᠵᠢᠷᠤᠮ ᠪᠠ ᠠᠭᠤᠯᠭ᠎ᠠ ᠶᠢ ᠴᠢᠩᠭ᠎ᠠ ᠵᠢᠷᠤᠮᠯᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠢᠶᠠᠨ ᠲᠦᠯᠬᠢᠨ ᠠᠬᠢᠭᠤᠯᠤᠨ᠎ᠠ᠃ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠨ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠰᠢᠶ᠋ᠳᠪᠦᠷᠢᠲᠦ ᠪᠤᠳᠤᠯᠭ᠎ᠠ ᠶᠢᠨ ᠠᠷᠠᠳᠴᠢᠯᠠᠯᠲᠠ᠂ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠥᠪᠰᠢᠨ ᠢ ᠦᠨᠡᠨᠬᠦ ᠳᠡᠭᠡᠭᠰᠢᠯᠡᠭᠦᠯᠦᠨ᠎ᠡ᠃     ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠴᠢᠩᠭᠠᠳᠬᠠᠨ᠎ᠠ᠃ ᠬᠥᠭᠵᠢᠭᠦᠯᠦᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠷᠢᠮᠲᠠᠯᠠᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ᠂ ᠵᠣᠷᠢᠯᠲᠠ ᠡᠭᠦᠷᠭᠡ ᠪᠠᠨ ᠪᠠᠲᠤ ᠴᠡᠭᠡᠵᠢᠯᠡᠵᠦ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠨ᠂ ᠬᠥᠭᠵᠢᠯᠲᠡ ᠶᠢᠨ ᠬᠠᠷᠠᠯᠲᠠ ᠪᠠᠨ ᠲᠣᠭᠲᠠᠭᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠪᠠᠷ ᠲᠦᠯᠬᠢᠨ ᠤᠷᠤᠭᠰᠢᠯᠠᠭᠤᠯᠤᠨ᠎ᠠ᠃ ᠴᠢᠩᠭ᠎ᠠ ᠬᠠᠮᠢᠶᠠᠷᠬᠤ ᠭᠦᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠦᠨ᠂ ᠥᠷᠭᠡᠨ ᠤᠯᠠᠨ ᠺᠠᠳ᠋ᠷ ᠤᠨ ᠠᠵᠢᠯ ᠬᠢᠬᠦ ᠰᠠᠨᠠᠭ᠎ᠠ ᠲᠠᠢ᠂ ᠵᠣᠷᠢᠭᠲᠠᠢ ᠪᠠᠷ ᠠᠵᠢᠯ ᠬᠢᠬᠦ᠂ ᠠᠵᠢᠯ ᠶᠠᠪᠤᠳᠠᠯ ᠪᠦᠲᠦᠭᠡᠬᠦ ᠬᠠᠯᠠᠭᠤᠨ ᠰᠡᠳᠬᠢᠯᠭᠡ ᠶᠢ ᠬᠠᠮᠠᠭᠠᠯᠠᠨ ᠬᠥᠭᠵᠢᠭᠡᠵᠦ᠂ ᠥᠷᠭᠡᠨ ᠤᠯᠠᠨ ᠺᠠᠳ᠋ᠷ ᠢ ᠬᠡᠬᠦᠳᠡᠭ ᠴᠡᠭᠡᠵᠢᠨ ᠳᠡᠭᠡᠨ ᠰᠥᠰᠥ ᠵᠣᠷᠢᠭ ᠲᠠᠢ᠂ ᠬᠢᠳᠡᠯ ᠲᠤᠮᠲᠠ ᠪᠠᠨ ᠢᠲᠡᠭᠡᠯ ᠵᠣᠷᠢᠭ ᠲᠠᠢ ᠪᠣᠯᠭᠠᠨ᠎ᠠ᠃     ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠭᠦᠢᠴᠡᠳᠬᠡᠵᠦ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠪᠠ ᠬᠤᠯᠪᠣᠭᠳᠠᠯ ᠪᠦᠬᠦᠢ ᠢᠵᠢ ᠪᠦᠷᠢᠳᠦᠭᠰᠡᠨ ᠲᠣᠭᠲᠠᠭᠠᠯ ᠢ ᠴᠥᠬᠦᠷᠡᠯ ᠦᠭᠡᠢ ᠬᠡᠷᠡᠭᠵᠢᠭᠦᠯᠦᠨ᠎ᠡ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠲᠥᠰᠦᠪ ᠢ ᠴᠢᠩᠭ᠎ᠠ ᠬᠢᠵᠠᠭᠠᠷᠯᠠᠨ᠎ᠠ᠃ ᠠᠷᠠᠳ ᠲᠦᠮᠡᠨ ᠤ ᠠᠯᠪᠠᠨ ᠵᠠᠷᠤᠴᠠ ᠶᠢᠨ ᠮᠥᠨ ᠴᠢᠨᠠᠷ ᠢ ᠪᠠᠷᠢᠮᠲᠠᠯᠠᠵᠤ᠂ ᠲᠡᠰᠪᠦᠷᠢ ᠬᠠᠲᠠᠭᠤᠵᠢᠯᠲᠠᠶ ᠪᠠᠷ ᠳᠡᠮᠡᠴᠡᠨ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠤᠷᠲᠠᠯ ᠢ ᠪᠠᠷᠢᠮᠲᠠᠯᠠᠵᠤ᠂ ᠦᠵᠡᠯ ᠰᠠᠨᠠᠭ᠎ᠠ ᠶᠣᠰᠣ ᠮᠣᠷᠠᠯ ᠤᠨ ᠠᠬᠤᠶ ᠪᠠᠶᠢᠳᠠᠯ ᠢᠶᠠᠨ ᠤᠬᠠᠮᠰᠠᠷ ᠠᠴᠠ ᠪᠠᠨ ᠳᠡᠭᠡᠭᠰᠢᠯᠡᠭᠦᠯᠦᠨ᠂ ᠺᠠᠳ᠋ᠷᠴᠤᠳ ᠲᠥᠪ ᠴᠢᠬᠡᠴᠢ᠂ ᠵᠠᠰᠠᠭ ᠤᠨ ᠣᠷᠳᠣᠨ ᠠᠷᠢᠭᠤᠨ ᠴᠢᠬᠡᠴᠢ ᠪᠠᠶᠢᠬᠤ ᠶᠢ ᠪᠡᠶᠡᠯᠡᠭᠦᠯᠦᠨ᠎ᠡ᠃     ᠲᠥᠯᠥᠭᠡᠯᠡᠭᠴᠢᠳ ᠡ᠂ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠨᠢᠭᠡᠨᠲᠡ ᠵᠢᠷᠤᠭᠯᠠᠵᠤ᠂ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠬᠥᠮᠦᠰ ᠢ ᠡᠷᠡᠯᠬᠡᠭᠯᠡᠨ ᠤᠷᠤᠭᠰᠢᠯᠠᠭᠤᠯᠵᠤ᠂ ᠮᠢᠩᠭᠠᠨ ᠠᠭᠤᠯᠠ ᠶᠢᠨ ᠤᠷᠬᠢᠯ ᠢ ᠲᠤᠭᠤᠯᠵᠤ᠂ ᠲᠦᠮᠡᠨ ᠭᠠᠵᠠᠷ ᠤᠨ ᠠᠶᠠᠨ ᠳᠤ ᠳᠠᠷᠪᠠᠭᠤᠯ ᠬᠡᠶᠢᠰᠬᠡᠨ ᠲᠠᠬᠢᠨ ᠠᠶᠠᠯᠠᠯ ᠢᠶᠠᠨ ᠡᠬᠢᠯᠡᠭᠦᠯᠦᠯ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠲᠣᠭᠤᠷᠢᠭ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠥᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠡᠷᠡᠯᠬᠡᠭᠯᠡᠨ ᠤᠷᠤᠭᠰᠢᠯᠠᠵᠤ᠂ ᠪᠣᠳᠠᠲᠤ ᠬᠦᠴᠦᠨ ᠲᠠᠢ᠂ ᠭᠡᠭᠡᠨ ᠰᠠᠷᠠᠭᠤᠯ᠂ ᠴᠢᠳᠠᠮᠠᠭᠠᠢ ᠪᠠᠷ ᠵᠠᠰᠠᠬᠤᠢ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠰᠥᠩᠱᠠᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ     ᠨᠡᠷᠡᠰ ᠤᠨ ᠲᠠᠶᠢᠯᠪᠤᠷᠢ᠄     ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠄ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ᠂ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ᠂ ᠭᠠᠳᠠᠭᠠᠳᠤ ᠪᠠᠯᠠ ᠶᠢ ᠲᠣᠭᠲᠠᠭᠤᠨ ᠪᠠᠶᠢᠯᠭᠠᠬᠤ᠂ ᠪᠠᠯᠠ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ᠂ ᠵᠢᠱᠢᠯᠲᠡ ᠶᠢ ᠲᠣᠭᠲᠠᠭᠤᠨ ᠪᠠᠶᠢᠯᠭᠠᠬᠤ᠃     ︽ᠵᠢᠷᠭᠤᠭ᠎ᠠ ᠶᠢ ᠪᠠᠲᠤᠯᠠᠬᠤ︾᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭ᠎ᠠ ᠶᠢ ᠪᠠᠲᠤᠯᠠᠬᠤ᠃     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ︽ᠲᠦᠷᠪᠡ ᠶᠢ ᠬᠠᠶᠠᠬᠤ ᠦᠭᠡᠢ︾᠄ ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠶᠢ ᠨᠢ ᠠᠪᠴᠤ ᠬᠠᠶᠠᠬᠤ ᠦᠭᠡᠢ᠂ ᠲᠦᠷᠦ ᠶᠢᠨ ᠪᠤᠳᠤᠯᠭ᠎ᠠ ᠶᠢ ᠨᠢ ᠠᠪᠴᠤ ᠬᠠᠶᠠᠬᠤ ᠦᠭᠡᠢ᠂ ᠬᠠᠪᠰᠤᠷᠤᠨ ᠲᠡᠳᠬᠦᠬᠦ ᠶᠢ ᠨᠢ ᠠᠪᠴᠤ ᠦᠭᠡᠢ᠂ ᠬᠢᠨᠠᠨ ᠬᠠᠮᠢᠶᠠᠷᠤᠯᠲᠠ ᠶᠢ ᠨᠢ ᠠᠪᠴᠤ ᠬᠠᠶᠠᠬᠤ ᠦᠭᠡᠢ᠃     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠳᠥᠷᠪᠡᠨ ᠡᠷᠲᠡ︾ ᠶᠢᠨ ᠠᠷᠭ᠎ᠠ ᠬᠡᠮᠵᠢᠶ᠎ᠡ᠄ ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠲᠤᠰᠠᠭᠠᠷᠯᠠᠵᠤ᠂ ᠡᠷᠲᠡ ᠡᠮᠨᠡᠨ ᠵᠠᠰᠠᠬᠤ᠃     ︽ᠭᠤᠷᠪᠠᠨ ᠪᠦᠲᠦᠭᠡᠭᠳᠡᠬᠦᠨ ᠨᠢᠭᠡ ᠳᠡᠮᠲᠡᠭᠲᠦ︾᠄ ᠭᠤᠷᠪᠠᠨ ᠪᠦᠲᠦᠭᠡᠭᠳᠡᠬᠦᠨ ᠨᠢᠭᠡ ᠲᠡᠮᠳᠡᠭ᠄ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠥᠬᠡᠶ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ ᠤᠨ ᠶᠡᠷᠦᠩᠬᠡᠶ ᠨᠡᠷᠡᠶᠢᠳᠦᠯ᠃     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠨᠢᠭᠡ ᠲᠣᠭᠤᠷᠢᠯ ᠨᠢᠭᠡ ᠪᠦᠰᠡ︾᠄ ᠬᠤᠲᠠ ᠶᠢᠨ ᠲᠣᠭᠤᠷᠢᠭ ᠤᠨ ᠣᠶᠢᠷ᠎ᠠ ᠲᠡᠭᠦᠷᠭᠡ ᠶᠢᠨ ᠲᠣᠭᠤᠷᠢᠯ ᠵᠠᠮ ᠤᠨ ᠲᠣᠰᠬᠤᠨ ︵ᠨᠢᠭᠡ ᠲᠣᠭᠤᠷᠢᠯ ᠵᠠᠮ︶᠂ ᠬᠤᠲᠠ ᠶᠢᠨ ᠲᠣᠭᠤᠷᠢᠭ ᠠᠴᠠ ᠰᠢᠶᠤᠤ ᠮᠢᠶᠣᠣ ᠽᠢ ᠲᠣᠰᠬᠤᠨ ᠬᠦᠷᠬᠦ ︵ᠨᠢᠭᠡ ᠪᠦᠰᠡ︶᠃     ᠵᠠᠬᠢᠳᠠᠯ ᠰᠤᠷᠪᠤᠯᠵᠢᠯᠠᠭ᠎ᠠ ᠶᠢᠨ ︽ᠭᠤᠷᠪᠠ ᠥᠬᠡᠶ︾ ᠲᠣᠰᠬᠤᠨ ︵ᠨᠡᠶᠢᠭᠡᠮ ᠲᠣᠭᠤᠷᠢᠭ︶᠄ ᠪᠡᠭᠡᠵᠢᠩ᠂ ᠥᠪᠡᠷᠲᠡᠭᠡᠨ ᠵᠠᠰᠠᠬᠤ ᠣᠷᠤᠨ ᠳᠤ ᠣᠴᠢᠵᠤ ᠵᠠᠬᠢᠳᠠᠯ ᠰᠤᠷᠪᠤᠯᠵᠢᠯᠠᠯ ᠤᠨ ᠪᠤᠰᠤ ᠭᠠᠵᠠᠷ ᠲᠤ ᠬᠦᠷᠴᠦ ᠰᠤᠷᠪᠤᠯᠵᠢᠯᠠᠯ ᠬᠢᠭᠰᠡᠨ ᠪᠠᠶᠢᠳᠠᠯ ᠦᠭᠡᠢ᠃ ᠪᠡᠭᠡᠵᠢᠩ ᠳᠤ ᠬᠦᠷᠴᠦ ᠱᠠᠲᠤ ᠠᠯᠤᠰᠯᠠᠨ ᠳᠡᠭᠡᠭᠰᠢ ᠰᠤᠷᠪᠤᠯᠵᠢᠯᠠᠭᠰᠠᠨ ᠦᠭᠡᠢ᠂ ᠬᠤᠲᠠ ᠠᠴᠠ ᠳᠡᠭᠡᠭᠰᠢᠬᠢ ᠶᠡᠭᠡ ᠬᠡᠪᠴᠢᠶᠡᠨ ᠤ ᠬᠠᠮᠲᠤ ᠪᠠᠷ ᠳᠡᠭᠡᠭᠰᠢ ᠰᠤᠷᠪᠤᠯᠵᠢᠯᠠᠭᠰᠠᠨ ︵ᠭᠠᠭᠴᠠ ᠪᠦᠯᠦᠭ ᠤᠳᠠᠭ᠎ᠠ ᠨᠢ 20 ᠬᠥᠮᠦᠨ ᠠᠴᠠ ᠳᠡᠭᠡᠭᠰᠢ︶ ᠪᠠ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠠᠴᠠ ᠪᠣᠯᠵᠤ ᠡᠭᠦᠰᠦᠭᠰᠡᠨ ᠲᠦᠢᠯ ᠤᠨ ᠮᠠᠭᠤ ᠬᠡᠷᠡᠭ ᠭᠠᠷᠤᠭᠰᠠᠨ ᠦᠭᠡᠢ ᠲᠣᠰᠬᠤᠨ ︵ᠨᠡᠶᠢᠭᠡᠮ ᠲᠣᠭᠤᠷᠢᠭ︶᠃     ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾᠄ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠳᠤᠷ ᠪᠥᠲᠥᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠨ᠎ᠡ᠃     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠨᠠᠢᠮᠠᠨ ᠵᠦᠢᠯ ᠤᠨ ᠠᠷᠭ᠎ᠠ ᠵᠠᠮ︾ ᠪᠣᠯᠤᠨ ︽ᠲᠠᠪᠤᠨ ᠪᠠᠲᠤᠯᠠᠭ᠎ᠠ︾᠄ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ ᠭᠤᠣᠯ ᠠᠵᠢᠯ ᠢ ᠠᠳᠬᠤᠬᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠳᠤ ᠪᠣᠳᠠᠲᠠᠢ ᠦᠷ᠎ᠡ ᠪᠦᠲᠦᠮᠵᠢ ᠤᠯᠬᠤ᠂ ᠡᠳ᠋ ᠬᠦᠷᠦᠩᠭᠡ ᠶᠢᠨ ᠠᠰᠢᠭ ᠣᠷᠣᠯᠭ᠎ᠠ ᠶᠢ ᠨᠡᠮᠡᠭᠳᠡᠭᠦᠯᠬᠦ ᠶᠢ ᠪᠠᠲᠤᠯᠠᠬᠤ᠂ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢᠨ ᠦᠨᠳᠦᠰᠦ ᠶᠢ ᠨᠢ ᠳᠠᠰᠤᠯᠠᠬᠤ᠂ ᠮᠥᠩᠭᠦᠨ ᠭᠦᠢᠯᠭᠡᠭᠡᠨ ᠤ ᠬᠦᠰᠢᠭᠦᠷᠭᠡ ᠪᠠᠷ ᠬᠦᠴᠢᠷ ᠢ ᠰᠢᠢᠳᠪᠦᠷᠢᠯᠡᠬᠦ᠂ ᠠᠵᠤ ᠦᠢᠯᠡᠰ ᠤᠨ ᠰᠢᠨ᠎ᠡ ᠵᠠᠮ ᠢ ᠨᠡᠭᠡᠭᠡᠬᠦ᠂ ᠤᠶᠤᠨ ᠤᠬᠠᠭᠠᠨ ᠵᠣᠷᠢᠭ ᠰᠠᠨᠠᠭ᠎ᠠ ᠬᠤᠶᠠᠷ ᠢᠶᠠᠷ ᠲᠡᠳᠬᠦᠵᠦ ᠳᠣᠭᠳᠣᠯᠤᠭᠤᠯᠬᠤ ᠴᠢᠳᠠᠪᠤᠷᠢ ᠶᠢ ᠥᠷᠭᠡᠳᠬᠡᠬᠦ᠂ ᠨᠡᠶᠢᠭᠡᠮ ᠤᠨ ᠰᠠᠶᠢᠨ ᠠᠵᠢᠯᠯᠠᠭ᠎ᠠ ᠶᠢᠨ ᠨᠡᠶᠢᠯᠡᠯ ᠬᠦᠴᠦᠨ ᠢ ᠨᠢᠭᠲᠠᠷᠠᠭᠤᠯᠬᠤ︔ ᠡᠷᠡᠭᠦᠯ ᠮᠡᠨᠳᠤ ᠶᠢ ᠪᠠᠲᠤᠯᠠᠬᠤ᠂ ᠣᠷᠣᠨ ᠰᠠᠭᠤᠴᠠ ᠶᠢ ᠪᠠᠲᠤᠯᠠᠬᠤ᠂ ᠰᠤᠷᠭᠠᠨ ᠬᠥᠮᠦᠵᠢᠯ ᠢ ᠪᠠᠲᠤᠯᠠᠬᠤ᠂ ᠦᠨᠳᠦᠰᠦᠨ ᠵᠦᠢᠯ ᠢ ᠪᠠᠲᠤᠯᠠᠬᠤ᠂ ᠰᠠᠭᠤᠷᠢ ᠶᠢ ᠪᠠᠲᠤᠯᠠᠬᠤ᠃     ᠬᠥᠳᠡᠭᠡ ᠲᠣᠰᠬᠤᠨ ᠤ ᠰᠤᠷᠭᠠᠭᠤᠯᠢ ᠶᠢᠨ ︽ᠭᠤᠷᠪᠠᠨ ᠰᠢᠷᠣᠶ︾᠄ ᠰᠢᠷᠣᠶ ᠶᠢᠨ ᠵᠤᠤᠬ᠎ᠠ ᠪᠠᠷ ᠳᠤᠯᠠᠭᠠᠯᠠᠬᠤ᠂ ᠨᠡᠭᠦᠷᠡᠰᠦ ᠰᠢᠲᠠᠭᠠᠬᠤ ᠰᠢᠷᠣᠶ ᠶᠢᠨ ᠵᠤᠤᠬ᠎ᠠ᠂ ᠰᠢᠷᠣᠶ ᠶᠢᠨ ᠵᠣᠷᠯᠣᠩ᠃     ᠣᠯᠠᠨ ᠨᠡᠶᠢᠲᠡ ᠶᠢᠨ ᠠᠮᠤᠷ ᠲᠦᠪᠰᠢᠨ ᠤ ︽ᠭᠤᠷᠪᠠᠨ ᠲᠠᠪᠬᠤᠷᠭ᠎ᠠ ᠨᠢᠭᠡᠳᠦᠭᠡᠷ ᠹᠷᠣᠨᠲ︾᠄ ︽ᠭᠤᠷᠪᠠᠨ ᠳᠠᠪᠬᠤᠷᠭ᠎ᠠ︾ ᠭᠡᠳᠡᠭ ᠨᠢ ᠲᠣᠰᠬᠤᠨ ︵ᠨᠡᠶᠢᠭᠡᠮ ᠲᠣᠭᠤᠷᠢᠭ︶᠂ ᠰᠢᠶᠠᠩ ︵ᠪᠠᠯᠭᠠᠰᠤ᠂ ᠵᠡᠭᠡᠯᠢ ᠭᠤᠳᠤᠮᠵᠢ᠂ ᠬᠦᠷᠢᠶᠡᠯᠡᠩ ᠲᠣᠭᠤᠷᠢᠭ ᠤᠨ ᠠᠯᠪᠠᠨ ᠬᠡᠷ︶ ᠪᠣᠯᠤᠨ ᠲᠣᠭᠤᠷᠢᠭ ︵ᠠᠶᠤᠯᠭᠦᠶ ᠦᠶ᠋ᠯᠡᠳᠪᠦᠷᠢᠯᠡᠯ ᠤᠨ ᠵᠥᠪᠯᠡᠯ︶ ᠢ ᠵᠢᠭᠠᠵᠤ ᠪᠣᠶ︔ ︽ᠨᠢᠭᠡᠳᠦᠭᠡᠷ ᠹᠷᠣᠨᠲ︾ ᠭᠡᠳᠡᠭ ᠨᠢ ᠠᠶᠤᠯᠭᠦᠶ ᠦᠢᠯᠡᠳᠪᠦᠷᠢᠯᠡᠯ ᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠪᠠ ᠨᠢᠭᠡᠴᠢ ᠶᠢ ᠵᠢᠭᠠᠵᠤ ᠪᠠᠶᠢᠨ᠎ᠠ᠃     ︽ᠬᠤᠶᠠᠷ ᠢ ᠲᠣᠬᠢᠶᠠᠯᠳᠤᠯ ᠢᠶᠠᠷ ᠨᠢᠭᠡ ᠶᠢ ᠢᠯᠡ ᠪᠣᠯᠭᠠᠬᠤ︾᠄ ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠭᠳᠠᠬᠤ ᠡᠲᠡᠭᠡᠳ ᠢ ᠲᠣᠬᠢᠶᠠᠯᠳᠤᠯ ᠢᠶᠠᠷ ᠰᠣᠩᠭᠤᠨ ᠭᠠᠷᠭᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠢ ᠲᠣᠬᠢᠶᠠᠯᠳᠤᠯ ᠢᠶᠠᠷ ᠰᠣᠩᠭᠤᠨ ᠲᠣᠮᠢᠯᠠᠵᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠶ᠋ᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠨ᠎ᠠ᠃     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾᠄ ᠢᠳᠡᠬᠦ ᠳᠡᠭᠡᠨ ᠵᠣᠪᠠᠭ᠋ᠤ ᠦᠭᠡᠢ᠂ ᠡᠮᠦᠰᠬᠦ ᠳᠡᠭᠡᠨ ᠵᠣᠪᠠᠭ᠋ᠤ ᠦᠭᠡᠢ︔ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠭ᠎ᠠ ᠲᠠᠢ ᠪᠣᠯᠭᠠᠨ᠎ᠠ᠃     ᠦᠨᠳᠦᠰᠦᠲᠡᠨ ᠤ ᠠᠵᠢᠯ ᠤᠨ ︽ᠭᠤᠷᠪᠠᠨ ᠱᠠᠲᠤᠨ ᠤ ᠰᠦᠯᠵᠢᠶ᠎ᠡ︾ ︽ᠬᠤᠶᠠᠷ ᠱᠠᠲᠤᠨ ᠤ ᠬᠠᠷᠢᠭᠤᠴᠠᠯᠭ᠎ᠠ ᠶᠢᠨ ᠳᠦᠷᠢᠮ︾᠄ ᠲᠣᠭᠤᠷᠢᠭ᠂ ᠰᠢᠶᠠᠩ ︵ᠪᠠᠯᠭᠠᠰᠤ᠂ ᠵᠡᠭᠡᠯᠢ ᠭᠤᠳᠤᠮᠵᠢ︶᠂ ᠲᠤᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠰᠦᠯᠵᠢᠶ᠎ᠡ ᠪᠠ ᠰᠢᠶᠠᠩ ︵ᠪᠠᠯᠭᠠᠰᠤ᠂ ᠵᠡᠭᠡᠯᠢ ᠭᠤᠳᠤᠮᠵᠢ︶᠂ ᠲᠤᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ ᠬᠠᠷᠢᠭᠤᠴᠠᠯᠭ᠎ᠠ ᠶᠢᠨ ᠳᠦᠷᠢᠮ᠃     ᠠᠶᠤᠯ ᠥᠬᠡᠶ ᠦᠶ᠋ᠯᠡᠳᠪᠦᠷᠢᠯᠡᠯ ᠤᠨ ︽ᠬᠤᠶᠠᠷ ᠦᠨᠳᠦᠰᠦᠨ︾ ᠤ ᠪᠠᠶᠢᠭᠤᠯᠤᠯᠲᠠ ᠶᠢᠨ ᠣᠨ᠄ ᠠᠵᠤ ᠠᠬᠤᠶᠢᠯᠠᠯ ᠤᠨ ᠠᠶᠤᠯ ᠥᠬᠡᠶ ᠦᠶ᠋ᠯᠡᠳᠪᠦᠷᠢᠯᠡᠯ ᠤᠨ ᠰᠠᠭᠤᠷᠢ ᠪᠠ ᠠᠶᠤᠯ ᠥᠬᠡᠶ ᠦᠶ᠋ᠯᠡᠳᠪᠦᠷᠢᠯᠡᠯ ᠤᠨ ᠦᠨᠳᠦᠰᠦᠨ ᠱᠠᠲᠤᠨ ᠤ ᠬᠢᠨᠠᠨ ᠬᠠᠮᠢᠶᠠᠷᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号