ᠰᠦᠩᠱᠠᠨ ᠤ ᠬᠤᠶᠠᠷ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠦᠶ᠎ᠡ : 3 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠬᠤᠷᠠᠯᠳᠤᠭᠠᠨ ᠡᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2021/3/2
          ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ ᠬᠥᠭᠵᠢᠯᠲᠡ ᠶᠢ ᠰᠦᠪᠡᠭᠴᠢᠯᠡᠵᠦ       ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠬᠠᠭᠤᠳᠠᠰᠤ ᠶᠢ ᠪᠢᠴᠢᠭᠯᠡᠶ᠎ᠡ     3 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠤᠯᠤᠰ   ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠬᠤᠷᠠᠯᠳᠤᠭᠠᠨ ᠡᠬᠢᠯᠡᠨ ᠬᠤᠷᠠᠯᠳᠤᠪᠠ     3 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠵᠥᠪᠯᠡᠯ ᠤᠨ ᠲᠠᠪᠤᠳᠤᠭᠠᠷ ᠬᠤᠷᠠᠯᠳᠤᠭᠠᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠲᠣᠮᠣ ᠲᠢᠶᠠᠲᠷ ᠳᠤ ᠡᠬᠢᠯᠡᠨ ᠬᠤᠷᠠᠯᠳᠤᠪᠠ᠃     ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠢᠢ ᠵᠦ ᠭᠦᠸᠧ᠂ ᠳᠡᠳ᠋ ᠲᠡᠷᠢᠭᠦᠯᠡᠭᠴᠢ ᠴᠠᠩ ᠹᠦ᠋ ᠭᠦᠸᠧ᠂ ᠯᠢ ᠰᠢᠶᠤᠤ ᠬᠤᠢ᠂ ᠳ᠋ᠢᠶᠤᠤ ᠵᠠᠨ ᠰᠢᠤᠸᠠᠢ᠂ ᠨᠠᠷᠢᠨ ᠪᠢᠴᠢᠭ ᠤᠨ ᠳᠠᠷᠤᠭ᠎ᠠ ᠵᠠᠩ ᠢᠦᠢ ᠪᠦᠦ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃     ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠢᠶᠠᠩ ᠼᠦᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠱᠦᠨ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃     ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠵᠥᠪᠯᠡᠯ ᠨᠢ 194 ᠭᠡᠰᠢᠭᠦᠨ ᠲᠠᠢ᠂ ᠶᠡᠭᠡ ᠬᠤᠷᠠᠯ ᠳᠤ 166 ᠭᠡᠰᠢᠭᠦᠨ ᠣᠷᠤᠯᠴᠠᠵᠤ᠂ ︽ᠤᠯᠤᠰ ᠲᠦᠷᠦ ᠶᠢᠨ ᠵᠥᠪᠯᠡᠯᠭᠡᠨ ᠤ ᠲᠦᠷᠢᠮ︾ ᠤᠨ ᠲᠣᠭᠲᠠᠭᠠᠯ ᠳᠤ ᠨᠡᠶᠢᠴᠡᠪᠡ᠃     ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠶᠡᠭᠡ ᠬᠤᠷᠠᠯ ᠤᠨ ᠬᠥᠲᠥᠯᠥᠭᠴᠢ ᠴᠠᠩ ᠹᠦ᠋ ᠭᠦᠸᠧ᠄ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠵᠥᠪᠯᠡᠯ ᠤᠨ ᠲᠠᠪᠤᠳᠤᠭᠠᠷ ᠬᠤᠷᠠᠯ ᠡᠬᠢᠯᠡᠭᠰᠡᠨ ᠢ ᠵᠠᠷᠯᠠᠪᠠ᠃     ᠬᠤᠷᠠᠯ ᠠᠴᠠ ᠡᠩ ᠲᠡᠷᠢᠭᠦᠨ ᠳᠤ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠵᠥᠪᠯᠡᠯ ᠤᠨ ᠲᠠᠪᠤᠳᠤᠭᠠᠷ ᠬᠤᠷᠠᠯ ᠤᠨ ᠵᠥᠪᠯᠡᠬᠦ ᠵᠦᠶ᠋ᠯ ᠢ ᠬᠢᠨᠠᠨ ᠵᠥᠪᠯᠡᠵᠦ ᠪᠠᠲᠤᠯᠠᠪᠠ᠃     ᠰᠦᠩᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠢᠶ ᠵᠦ ᠭᠦᠸᠧ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠵᠥᠪᠯᠡᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠬᠢᠪᠡ᠃     ᠵᠢᠢ ᠵᠦ ᠭᠥᠸᠧ᠂ ᠡᠩ ᠲᠡᠷᠢᠭᠦᠨ ᠳᠤ 2020 ᠣᠨ ᠤ ᠠᠵᠢᠯ ᠢᠶᠠᠨ ᠡᠷᠭᠢᠴᠡᠭᠦᠯᠪᠡ᠂ ᠲᠡᠷᠡ ᠬᠡᠯᠡᠭᠰᠡᠨ ᠨᠢ᠂ 2020 ᠣᠨ ᠳᠤ᠂ ᠰᠦᠩᠱᠠᠨ ᠲᠣᠭᠤᠷᠢᠭ ᠤᠨ ᠬᠤᠷᠢᠶᠠᠨ ᠤ ᠤᠳᠤᠷᠢᠳᠤᠯᠭ᠎ᠠ ᠪᠠ ᠲᠣᠭᠤᠷᠢᠭ ᠤᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠪᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠪᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠵᠦᠢᠯ ᠢ ᠲᠣᠪᠣᠶᠢᠯᠭᠠᠨ᠂ ᠶᠡᠭᠡ ᠲᠠᠯ᠎ᠠ ᠳᠤ ᠦᠢᠯᠡᠴᠢᠯᠡᠵᠦ᠂ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠨ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠡᠭᠦᠷᠭᠡ ᠪᠣᠯᠤᠨ ᠲᠣᠭᠤᠷᠢᠭ ᠤᠨ ᠬᠤᠷᠢᠶ᠎ᠠ ᠠᠴᠠ ᠲᠤᠰᠢᠶᠠᠨ ᠭᠦᠢᠴᠡᠳᠬᠡᠯᠭᠡᠭᠰᠡᠨ ᠡᠯ᠎ᠡ ᠵᠦᠢᠯ ᠤᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠨ᠂ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃     2021 ᠣᠨ ᠤ ᠠᠵᠢᠯ ᠤᠨ ᠲᠤᠬᠠᠢ᠂ ᠵᠢᠢ ᠵᠦ ᠭᠦᠸᠧ ᠶᠢᠨ ᠶᠠᠷᠢᠭᠰᠠᠨ ᠨᠢ᠂ 2021 ᠣᠨ ᠳᠤ᠂ ᠰᠦᠩᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠪᠣᠯᠤᠨ ᠡᠯ᠎ᠡ ᠱᠠᠲᠤᠨ ᠤ ᠨᠠᠮ ᠤᠨ ᠬᠤᠷᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠵᠢᠯᠣᠭᠤᠳᠤᠮᠵᠢ ᠪᠣᠯᠭᠠᠵᠤ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠂ ᠲᠣᠭᠤᠷᠢᠭ ᠤᠨ ᠬᠤᠷᠢᠶᠠᠨ ᠤ ᠨᠠᠶ᠋ᠮᠠᠳᠤᠭᠠᠷ ᠬᠤᠭᠤᠴᠠᠭᠠᠨ ᠤ ᠬᠤᠷᠢᠨ ᠬᠤᠶᠠᠳᠤᠭᠠᠷ ᠤᠳᠠᠭᠠᠨ ᠤ ᠪᠥᠬᠦᠳᠡ ᠬᠤᠷᠠᠯ ᠪᠠ ᠬᠤᠲᠠ ᠶᠢᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠭᠤᠤᠯ ᠵᠦᠢᠯ᠂ ᠭᠤᠣᠯ ᠱᠤᠭᠤᠮ ᠪᠠ ᠭᠤᠣᠯ ᠭᠤᠭᠴᠤᠭ᠎ᠠ ᠶᠢ ᠣᠨᠣᠪᠴᠢᠲᠠᠶ ᠡᠵᠡᠮᠰᠢᠵᠦ᠂ ᠤᠯᠤᠰ ᠲᠥᠷᠥ ᠶᠢᠨ ᠵᠥᠪᠯᠡᠯᠭᠡ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠦ ᠶᠢᠨ ᠬᠡᠷᠡᠭ ᠢ ᠵᠥᠪᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠤᠰ ᠴᠢᠭᠯᠡᠯ ᠢᠶᠠᠷ ᠬᠦᠴᠦᠯᠡᠬᠦ ᠶᠢ ᠪᠡᠶᠡᠯᠡᠭᠦᠯᠦᠨ᠂ ᠪᠣᠳᠠᠲᠤ ᠬᠦᠴᠦᠨ ᠲᠠᠢ᠂ ᠭᠡᠭᠡᠨ ᠰᠠᠷᠠᠭᠤᠯ᠂ ᠴᠢᠳᠠᠮᠠᠭᠠᠢ ᠵᠠᠰᠠᠬᠤᠢ᠂ ᠡᠶ᠎ᠡ ᠨᠠᠶᠢᠷᠠᠮᠳᠠᠭᠤ᠂ ᠦᠵᠡᠰᠬᠦᠯᠡᠩᠲᠦ ᠰᠠᠶᠢᠬᠠᠨ ᠰᠢᠨ᠎ᠡ ᠰᠦᠩᠱᠠᠨ ᠢ ᠪᠦᠳᠦᠭᠡᠨ ᠪᠠᠶᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠨ᠎ᠡ᠃     ᠵᠢᠢ ᠵᠦ ᠭᠦᠸᠧ ᠬᠡᠯᠡᠭᠰᠡᠨ ᠨᠢ᠂ 2021 ᠣᠨ ᠳᠤ᠂ ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠤᠣᠯ ᠲᠡᠩᠭᠡᠯᠢᠭ ᠢᠶᠠᠨ ᠪᠠᠲᠤ ᠡᠵᠡᠮᠳᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭ᠎ᠠ ᠶᠢᠨ ᠤᠯᠤᠰ ᠲᠦᠷᠦ ᠶᠢᠨ ᠲᠦᠪᠰᠢᠨ ᠢᠶᠠᠨ ᠤᠯᠠᠮ ᠴᠢᠨᠠᠭᠰᠢᠳᠠ ᠳᠡᠭᠡᠭᠰᠢᠯᠡᠭᠦᠯᠦᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠢ ᠡᠯ᠎ᠡ ᠵᠦᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠴᠢᠬᠤᠯᠠ ᠵᠢᠭᠰᠠᠭᠠᠯ ᠤᠨ ᠭᠠᠵᠠᠷ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠡᠯ᠎ᠡ ᠦᠨᠳᠦᠰᠦᠲᠡᠨ ᠡᠯ᠎ᠡ ᠡᠲᠡᠭᠡᠳ ᠤᠨ ᠲᠥᠯᠥᠭᠡᠯᠡᠭᠴᠢ ᠬᠥᠮᠦᠰ ᠢ ᠪᠦᠯᠬᠦᠮᠳᠡᠭᠦᠯᠦᠨ ᠬᠥᠮᠦᠵᠢᠭᠦᠯᠬᠦ ᠴᠢᠬᠤᠯᠠ ᠲᠠᠪᠴᠠᠩ᠂ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢᠨ ᠳᠡᠭᠡᠷ᠎ᠡ ᠵᠥᠷᠢᠴᠡᠯ ᠢ ᠰᠢᠢᠳᠪᠦᠷᠢᠯᠡᠬᠦ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠴᠢᠬᠤᠯᠠ ᠠᠷᠭ᠎ᠠ ᠵᠠᠮ ᠪᠣᠯᠭᠠᠬᠤ ᠪᠠᠷ ᠴᠢᠷᠮᠠᠶᠢᠨ᠎ᠠ︔ ᠭᠤᠣᠯ ᠰᠢᠵᠢᠮ ᠢ ᠣᠨᠣᠪᠴᠢᠲᠠᠢ ᠡᠵᠡᠮᠳᠡᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠤᠨ᠂ ᠵᠥᠪᠯᠡᠬᠦ ᠳᠤᠮᠳᠠ ᠥᠷᠭᠡᠨ ᠳᠡᠯᠭᠡᠷ ᠪᠦᠯᠬᠦᠮᠳᠡᠯ ᠢ ᠠᠬᠢᠭᠤᠯᠵᠤ᠂ ᠵᠥᠪᠯᠡᠬᠦ ᠳᠤᠮᠳᠠ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠨ᠎ᠠ︔ ᠦᠨᠳᠦᠰᠦᠨ ᠬᠦᠭ ᠠᠶᠠᠰ ᠢ ᠡᠵᠡᠮᠳᠡᠵᠦ᠂ ᠬᠠᠮᠲᠤ ᠶᠢᠨ ᠲᠠᠨᠢᠯᠲᠠ ᠪᠣᠯᠤᠨ ᠬᠠᠮᠲᠤᠷᠠᠯ ᠬᠦᠴᠦᠨ ᠢ ᠤᠯᠠᠮ ᠴᠢᠨᠠᠭᠰᠢᠳᠠ ᠨᠢᠭᠲᠠᠷᠠᠭᠤᠯᠵᠤ᠂ ᠰᠢᠨᠵᠢᠯᠡᠨ ᠪᠠᠶᠢᠴᠠᠭᠠᠬᠤ᠂ ᠪᠠᠶᠢᠴᠠᠭᠠᠨ ᠰᠤᠳᠤᠯᠬᠤ᠂ ᠵᠥᠪᠳᠡᠯᠴᠡᠵᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠯᠤᠨ ᠰᠤᠷᠤᠯᠴᠠᠯᠭ᠎ᠠ ᠬᠥᠮᠦᠵᠢᠯ᠂ ᠤᠬᠠᠭᠤᠯᠵᠤ ᠬᠦᠳᠦᠯᠥᠨ ᠵᠢᠯᠣᠭᠤᠳᠬᠤ ᠶᠢ ᠤᠶᠠᠯᠳᠤᠭᠤᠯᠤᠨ᠂ ᠡᠳᠦᠷ ᠳᠤᠳᠤᠮ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢᠶᠠᠷ ᠳᠠᠮᠵᠢᠨ ᠰᠠᠨᠠᠯ ᠢ ᠰᠣᠨᠣᠰᠴᠤ᠂ ᠢᠲᠡᠭᠡᠯ ᠢ ᠨᠡᠮᠡᠭᠳᠡᠭᠦᠯᠦᠨ ᠰᠡᠵᠢᠭ ᠢ ᠲᠠᠶᠢᠯᠠᠨ᠎ᠠ︔ ᠥᠪᠡᠷ ᠢ ᠪᠠᠨ ᠲᠣᠭᠲᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠲᠠᠯᠪᠢᠭᠰᠠᠨ ᠰᠢᠨ᠎ᠡ ᠱᠠᠭᠠᠷᠳᠠᠯᠭ᠎ᠠ ᠳᠤ ᠤᠯᠠᠮ ᠨᠢᠭᠡ ᠠᠯᠬᠤᠮ ᠵᠣᠬᠢᠴᠠᠨ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠤᠯᠤᠰ ᠲᠦᠷᠦ ᠶᠢᠨ ᠵᠥᠪᠯᠡᠯᠭᠡᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠶᠡᠭᠡ ᠪᠠᠷ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃     ᠰᠦᠩᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠳᠡᠷᠢᠭᠦᠯᠡᠭᠴᠢ ᠳ᠋ᠢᠶᠤᠤ ᠵᠠᠨ ᠰᠢᠤᠸᠠᠢ ᠶᠡᠭᠡ ᠬᠤᠷᠠᠯ ᠳᠤ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠵᠥᠪᠯᠡᠯ ᠤᠨ ᠳᠥᠷᠪᠡᠳᠦᠭᠡᠷ ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠬᠢᠪᠠ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠵᠥᠪᠯᠡᠯ ᠤᠨ ᠳᠥᠷᠪᠡᠳᠦᠭᠡᠷ ᠬᠤᠷᠠᠯᠳᠤᠭᠠᠨ ᠠᠴᠠ ᠨᠠᠰᠢ᠂ ᠤᠯᠤᠰ ᠲᠥᠷᠥ ᠶᠢᠨ ᠵᠥᠪᠯᠡᠯᠭᠡᠨ ᠤ ᠪᠦᠬᠦ ᠭᠡᠰᠢᠭᠦᠳ᠂ ᠤᠯᠤᠰ ᠲᠥᠷᠥ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠡ ᠪᠣᠯᠤᠨ ᠡᠯ᠎ᠡ ᠲᠤᠰᠬᠠᠶ ᠵᠥᠪᠯᠡᠯ ᠨᠢ ᠲᠣᠭᠤᠷᠢᠭ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠪᠣᠯᠤᠨ ᠠᠷᠠᠳ ᠣᠯᠠᠨ ᠤ ᠲᠤᠰᠬᠠᠭᠰᠠᠨ ᠭᠤᠤᠯᠳᠠᠯᠭ᠎ᠠ ᠲᠠᠢ᠂ ᠬᠦᠴᠢᠷ ᠠᠰᠠᠭᠤᠳᠠᠯ ᠤᠨ ᠲᠣᠭᠤᠷᠢᠨ ᠳᠤ᠂ ᠰᠠᠨᠠᠯ ᠳᠤᠷᠠᠳᠤᠯᠭ᠎ᠠ ᠶᠢ ᠢᠳᠡᠪᠬᠢᠲᠡᠶ ᠪᠠᠷ ᠬᠡᠷᠡᠭᠯᠡᠨ ᠡᠭᠦᠷᠭᠡ ᠴᠢᠳᠠᠪᠤᠷᠢ ᠪᠠᠨ ᠭᠦᠶ᠋ᠴᠡᠳᠬᠡᠪᠡ᠃ ᠨᠡᠶᠢᠲᠡ 103 ᠬᠤᠪᠢ ᠰᠠᠨᠠᠯ ᠳᠤᠷᠠᠳᠤᠯᠭ᠎ᠠ ᠶᠢ ᠬᠦᠯᠢᠶᠡᠨ ᠠᠪᠴᠤ᠂ 83 ᠬᠤᠪᠢ ᠶᠢ ᠨᠢ ᠳᠠᠩᠰᠠᠯᠠᠪᠠ᠃ 2020 ᠣᠨ ᠤ 11 ᠰᠠᠷ᠎ᠠ ᠪᠣᠯᠲᠠᠯ᠎ᠠ᠂ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠬᠡᠷᠡᠭ ᠪᠣᠯᠭᠠᠨ ᠳᠠᠩᠰᠠᠯᠠᠭᠰᠠᠨ ᠰᠠᠨᠠᠯ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠵᠦ ᠬᠠᠷᠢᠭᠤᠯᠲᠠ ᠥᠭᠭᠦᠨ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ 100 % ᠳᠤ ᠬᠦᠷᠴᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ ᠬᠠᠨᠤᠮᠵᠢᠲᠠᠢ ᠪᠣᠯᠤᠭᠰᠠᠨ ᠨᠤᠷᠮ᠎ᠠ ᠪᠣᠯᠤᠨ ᠦᠨᠳᠦᠰᠦᠨ ᠳᠡᠭᠡᠨ ᠬᠠᠨᠤᠮᠵᠢᠲᠠᠢ ᠪᠣᠯᠤᠭᠰᠠᠨ ᠨᠤᠷᠮ᠎ᠠ 100 % ᠳᠤ ᠬᠦᠷᠴᠡᠢ᠃ ᠤᠯᠤᠰ ᠲᠥᠷᠤ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠨᠢ ᠪᠥᠬᠦ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠳᠤ ᠦᠢᠯᠡᠴᠢᠯᠡᠬᠦ ᠳᠤᠮᠳᠠ ᠢᠳᠡᠪᠬᠢᠲᠡᠢ ᠦᠢᠯᠡᠳᠦᠯ ᠦᠵᠡᠭᠦᠯᠪᠡ᠃     ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠸᠠᠩ ᠰᠠᠢ ᠹᠸᠢ᠂ ᠵᠦ ᠰᠢᠨ ᠶᠠᠨ᠂ ᠰᠦᠩ ᠷᠥᠸᠧ ᠶᠦᠨ᠂ ᠮᠠ ᠵᠢᠶᠦ᠋ᠨ ᠹᠧᠩ ᠲᠤᠰ ᠲᠤᠰ ︽ᠰᠠᠨ ᠽᠦᠸᠧ ᠳ᠋ᠢᠶᠠᠨ ᠤᠰᠤᠨ ᠴᠥᠭᠦᠷᠥᠮ ᠵᠢᠴᠢ ᠶᠢᠨ ᠾᠧ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠬᠤ ᠲᠤᠬᠠᠢ ᠪᠣᠳᠣᠯᠬᠢᠯᠠᠯ︾ ᠂ ︽ᠲᠠᠷᠢᠶᠠᠯᠠᠩ ᠤᠨ ᠠᠵᠤ ᠦᠢᠯᠡᠰ ᠤᠨ ᠲᠥᠪᠯᠡᠷᠡᠭᠰᠡᠨ ᠴᠤᠭᠯᠠᠷᠠᠭᠰᠠᠨ ᠡᠷᠴᠢᠮᠵᠢᠭᠰᠡᠨ ᠬᠥᠭᠵᠢᠯᠲᠡ ᠶᠢ ᠲᠦᠷᠭᠡᠳᠬᠡᠨ ᠠᠬᠢᠭᠤᠯᠤᠶ᠎ᠠ︾᠂ ︽ᠠᠷᠠᠳ ᠤᠨ ᠡᠶᠡᠳᠡᠭᠦᠯᠭᠡ ᠶᠢ ᠴᠢᠩᠭᠠᠳᠬᠠᠵᠤ ᠰᠠᠶᠢᠨ ᠬᠠᠤᠯᠢ ᠴᠢᠳᠠᠮᠠᠭᠠᠢ ᠵᠠᠰᠠᠯᠲᠠ ᠶᠢ ᠠᠬᠢᠭᠤᠯᠤᠶ᠎ᠠ︾᠂ ︽ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠲᠤᠬᠠᠢ ᠰᠠᠨᠠᠭᠤᠯᠭ᠎ᠠ︾ ᠭᠡᠬᠦ ᠰᠡᠳᠦᠪ ᠢᠶᠠᠷ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃     ᠰᠦᠩᠱᠠᠨ ᠲᠣᠭᠤᠷᠢᠭ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠢᠶᠠᠩ ᠼᠦᠩ ᠬᠤᠷᠠᠯ ᠳᠡᠭᠡᠷ᠎ᠡ᠂ ᠥᠩᠭᠡᠷᠡᠭᠰᠡᠨ ᠨᠢᠭᠡ ᠵᠢᠯ ᠳᠤ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠪᠣᠯᠤᠨ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠦᠬᠦ ᠲᠣᠭᠤᠷᠢᠭ ᠤᠨ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠨ᠂ ᠲᠣᠭᠲᠠᠭᠤᠨ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠦᠢᠯᠡᠰ ᠲᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ 2021 ᠣᠨ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠢᠯ ᠪᠣᠯᠤᠨ᠎ᠠ᠂ ᠪᠠᠰᠠ ᠴᠤ ᠰᠦᠩᠱᠠᠨ ᠲᠣᠭᠤᠷᠢᠭ ᠤᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ᠂ ᠬᠡᠯᠪᠡᠷᠢ ᠪᠠᠨ ᠬᠤᠪᠢᠷᠠᠭᠤᠯᠤᠨ ᠳᠠᠪᠠᠯᠲᠠ ᠭᠠᠷᠭᠠᠬᠤ ᠵᠠᠩᠭᠢᠯᠠᠭ᠎ᠠ ᠶᠢᠨ ᠵᠢᠯ ᠪᠣᠯᠤᠨ᠎ᠠ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠪᠣᠯᠤᠨ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠴᠢᠭᠯᠡᠯ ᠢ ᠡᠵᠡᠮᠳᠡᠨ᠂ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠳᠤ ᠦᠶ᠋ᠯᠡᠴᠢᠯᠡᠬᠦ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠬᠦᠰᠡᠵᠦ ᠪᠠᠶᠢᠨ᠎ᠠ︔ ᠵᠠᠩᠭᠢᠯᠠᠭ᠎ᠠ ᠶᠢ ᠣᠨᠣᠪᠴᠢᠲᠠᠶ ᠡᠷᠢᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠠᠮᠵᠢᠯᠴᠠᠨ ᠠᠬᠢᠭᠤᠯᠬᠤ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠭᠦᠯᠬᠦ ᠶᠢ ᠬᠦᠰᠡᠵᠦ ᠪᠠᠶᠢᠨ᠎ᠠ︔ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠴᠢᠳᠠᠪᠤᠷᠢ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠳᠡᠭᠡᠷ᠎ᠡ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠭᠡᠵᠡᠢ᠃     ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠬᠡᠯᠲᠡᠰ ᠵᠥᠪᠯᠡᠯ ᠠᠯᠪᠠᠨ ᠬᠡᠷ ᠲᠣᠪᠴᠢᠶᠠᠨ ᠤ ᠭᠤᠤᠯ ᠬᠠᠷᠢᠭᠤᠴᠠᠯᠭᠠᠲᠠᠨ᠂ ᠬᠡᠰᠡᠭ ᠠᠷᠠᠳᠴᠢᠯᠠᠭᠰᠠᠨ ᠨᠠᠮ ᠪᠦᠯᠦᠭ ᠤᠨ ᠬᠠᠷᠢᠭᠤᠴᠠᠯᠭᠠᠲᠠᠨ ᠸᠢᠳᠢᠣ᠋ ᠬᠡᠯᠪᠡᠷᠢ ᠪᠠᠷ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠰᠤᠯᠠ ᠣᠷᠣᠯᠴᠠᠪᠠ᠃     ᠰᠤᠷᠪᠤᠯᠵᠢᠯᠠᠭᠴᠢ᠄ ᠯᠢᠦ ᠵᠠᠨ ᠸᠧᠶ     ᠣᠨᠴᠠ ᠤᠷᠢᠭᠰᠠᠨ ᠰᠤᠷᠪᠤᠯᠵᠢᠯᠠᠭᠴᠢ᠄ ᠬᠤ᠋ ᠭᠦᠸᠧ ᡁᠢ     ᠨᠠᠶᠢᠷᠠᠭᠤᠯᠤᠭᠴᠢ᠄ ᠸᠠᠩ ᠶᠠᠨ ᠯᠢᠩ     ᠬᠢᠨᠠᠨ ᠬᠠᠷᠭᠤᠭᠤᠯᠤᠭᠴᠢ᠄ ᠨᠢᠶᠧ ᠱᠠᠨ    
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号