3 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠬᠠᠳᠠ ᠬᠤᠲᠠ ᠶᠢᠨ ᠰᠦᠩᠱᠠᠨ | ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠬᠤᠷᠠᠯ ᠪᠡᠯᠡᠳᠬᠡᠯ ᠬᠤᠷᠠᠯ ᠬᠢᠪᠠ᠃ | ᠬᠤᠷᠠᠯ ᠢ ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠸᠠᠩ ᠱᠦᠨ ᠡᠷᠬᠢᠯᠡᠪᠡ᠃ ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠤᠸᠠᠨ ᠴᠦᠨ ᠯᠢ᠂ ᠸᠠᠩ ᠹᠧᠩ ᠵᠢᠶᠦ᠋ᠨ᠂ ᠯᠢᠦ | ᠶᠤᠸᠠᠢ ᠶᠢᠨ᠂ ᠵᠠᠩ ᠰᠢᠤ ᠬᠤᠸᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢᠳ ᠤᠨ ᠲᠠᠶᠢᠰᠠᠨ ᠳᠤ | ᠰᠠᠭᠠᠲᠠᠪᠠ᠃ | ᠬᠤᠷᠠᠯ ᠠᠴᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠠᠪᠤᠳᠤᠭᠠᠷ ᠬᠤᠷᠠᠯ ᠤᠨ ᠵᠥᠪᠯᠡᠬᠦ ᠵᠦᠢᠯ ᠢ ᠪᠠᠲᠤᠯᠠᠵᠤ᠂ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠪᠣᠯᠤᠨ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠵᠤ᠂ | ᠶᠡᠭᠡ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠬᠦᠨ ᠢ ᠲᠣᠭᠲᠠᠭᠠᠨ᠂ | ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠵᠤ ᠰᠢᠢᠳᠪᠦᠷᠢᠯᠡᠬᠦ ᠠᠷᠭ᠎ᠠ ᠶᠢ ᠪᠠᠲᠤᠯᠠᠪᠠ᠃ | | ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠸᠠᠩ ᠱᠦᠨ ᠪᠡᠯᠡᠳᠬᠡᠯ ᠬᠤᠷᠠᠯ ᠳᠡᠭᠡᠷ᠎ᠡ᠂ ᠶᠢᠰᠦᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠢ ᠰᠠᠶᠢᠲᠤᠷ ᠬᠤᠷᠠᠯᠳᠤᠭᠤᠯᠬᠤ ᠨᠢ ᠪᠦᠬᠦ | ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠯᠠᠮ ᠴᠢᠨᠠᠭᠰᠢᠳᠠ ᠳᠠᠶᠢᠴᠢᠯᠠᠨ ᠵᠣᠷᠢᠭᠵᠢᠭᠤᠯᠵᠤ | ᠪᠠᠶᠢᠭᠠᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ᠂ ᠢᠲᠡᠭᠡᠯ ᠵᠣᠷᠢᠭ ᠢᠶᠠᠨ ᠪᠠᠲᠤᠳᠬᠠᠵᠤ᠂ | ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠰᠢᠨᠵᠢᠯᠡᠬᠦ ᠤᠬᠠᠭᠠᠨᠴᠢ ᠡᠷᠡᠭᠦᠯ ᠬᠥᠭᠵᠢᠯᠲᠡ ᠶᠢ ᠠᠬᠢᠭᠤᠯᠬᠤ ᠳᠤ | ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠲᠥᠯᠥᠭᠡᠯᠡᠭᠴᠢᠳ ᠪᠦᠬᠦ ᠲᠣᠭᠤᠷᠢᠭ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ᠂ ᠲᠥᠯᠥᠭᠡᠯᠡᠭᠴᠢᠳ ᠤᠨ | ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠥᠯᠥᠭᠡᠯᠡᠭᠴᠢᠳ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠨᠡᠶᠢᠭᠡᠮ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ᠂ ᠰᠦᠩᠱᠠᠨ ᠲᠣᠭᠤᠷᠢᠭ ᠤᠨ ᠡᠯ᠎ᠡ ᠵᠦᠢᠯ ᠤᠨ | ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ | ᠵᠢᠭᠠᠵᠤ ᠭᠠᠷᠭᠠᠪᠠ᠃ | | ᠰᠤᠷᠪᠤᠯᠵᠢᠯᠠᠭᠴᠢ᠄ ᠯᠢᠦ ᠵᠠᠨ ᠸᠧᠶ | ᠣᠨᠴᠠ ᠤᠷᠢᠭᠰᠠᠨ ᠰᠤᠷᠪᠤᠯᠵᠢᠯᠠᠭᠴᠢ᠄ ᠬᠤ᠋ ᠭᠦᠸᠧ ᡁᠢ | ᠨᠠᠶᠢᠷᠠᠭᠤᠯᠤᠭᠴᠢ᠄ ᠸᠠᠩ ᠶᠠᠨ ᠯᠢᠩ | ᠬᠢᠨᠠᠨ ᠬᠠᠷᠭᠤᠭᠤᠯᠤᠭᠴᠢ᠄ ᠨᠢᠶᠧ ᠱᠠᠨ | ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ | | | | | | | ᠁ |