2021 ᠣᠨ ᠤ 1 — 2 ᠳ᠋ᠤᠭᠠᠷ ᠰᠠᠷ᠎ᠠ ᠳᠤ ᠣᠳᠣᠬᠢ ᠦᠨ᠎ᠡ ᠶᠢᠨ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠢ ᠨᠡᠶᠢᠲᠡ 4.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ ᠨᠡᠶᠢᠲᠡ 39. | 5% ᠪᠠᠶᠢᠵᠤ᠂ ᠪᠥᠬᠦ ᠬᠤᠲᠠ ᠶᠢᠨ ᠭᠤᠷᠪᠠᠳᠤᠭᠠᠷ ᠲᠤ ᠣᠷᠤᠨ᠂ ᠪᠥᠬᠦ ᠬᠤᠲᠠ ᠶᠢᠨ ᠳᠤᠮᠳᠠᠴᠢ ᠬᠢᠷᠢ | ᠲᠦᠪᠰᠢᠨ ᠠᠴᠠ 9.9 ᠵᠠᠭᠤᠨ ᠤ ᠴᠡᠭ ᠥᠨᠳᠥᠷ ᠪᠣᠯᠪᠠ᠃ ᠨᠢᠳᠤᠨᠤᠨ ᠤ ᠠᠳᠠᠯᠢ ᠬᠤᠭᠤᠴᠠᠭᠠᠨ ᠤ ︵32%︶ | ᠠᠴᠠ 7.5 ᠵᠠᠭᠤᠨ ᠤ ᠴᠡᠭ ᠥᠨᠳᠥᠷ ᠪᠠᠶᠢᠵᠤ᠂ 2019 ᠣᠨ ᠤ 1 — 2 ᠳ᠋ᠤᠭᠠᠷ ᠰᠠᠷ᠎ᠠ ᠶᠢᠨ ᠨᠡᠮᠡᠭᠳᠡᠯ ᠤᠨ | ᠬᠤᠷᠳᠤᠴᠠ ︵7.5%︶ ᠠᠴᠠ 32 ᠵᠠᠭᠤᠨ ᠤ ᠴᠡᠭ ᠥᠨᠳᠥᠷ ᠪᠣᠯᠵᠠᠶ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠰᠠᠶᠢᠨ ᠡᠬᠢᠯᠡᠯᠲᠡ ᠲᠠᠢ | ᠪᠣᠯᠪᠠ | 2 ᠳ᠋ᠤᠭᠠᠷ ᠰᠠᠷ᠎ᠠ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 39.5% ᠪᠠᠶᠢᠵᠤ᠂ ᠡᠭᠦᠨ ᠤ | ᠰᠢᠯᠲᠠᠭᠠᠨ ᠨᠢ ᠨᠢᠳᠤᠨᠤᠨ ᠤ ᠠᠳᠠᠯᠢ ᠬᠤᠭᠤᠴᠠᠭᠠᠨ ᠳᠤ ᠶᠠᠭ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ | ᠬᠢᠵᠢᠭ ᠤᠨ ᠪᠠᠶᠢᠳᠠᠯ ᠨᠡᠯᠢᠶᠡᠳ ᠬᠦᠨᠳᠦ ᠨᠣᠴᠢᠲᠠᠶ ᠦᠶ᠎ᠡ ᠪᠠᠶᠢᠭᠰᠠᠨ ᠠᠴᠠ᠂ ᠮᠠᠰᠢ ᠣᠯᠠᠨ ᠠᠵᠤ ᠠᠬᠤᠶᠢᠯᠠᠯ ᠤᠨ | ᠴᠠᠭᠠᠨ ᠰᠠᠷ᠎ᠠ ᠶᠢᠨ ᠳᠠᠷᠠᠭᠠᠬᠢ ᠠᠵᠢᠯ ᠡᠬᠢᠯᠡᠬᠦ ᠴᠠᠭ ᠨᠢ ᠬᠤᠶᠢᠰᠢᠯᠠᠵᠤ᠂ ᠠᠳᠠᠯᠢ ᠬᠤᠭᠤᠴᠠᠭᠠᠨ ᠤ ᠰᠠᠭᠤᠷᠢ | ᠲᠤᠭ᠎ᠠ ᠨᠢ ᠨᠡᠯᠢᠶᠡᠳ ᠳᠣᠤᠷ᠎ᠠ ᠪᠣᠯᠤᠭᠰᠠᠨ ᠪᠠᠶᠢᠨ᠎ᠠ᠃ ᠭᠡᠲᠡᠯ᠎ᠡ ᠡᠨᠡ ᠵᠢᠯ ᠤᠯᠤᠰ ᠠᠴᠠ ᠠᠯᠢ ᠴᠢᠳᠠᠬᠤ ᠪᠠᠷ | ᠲᠤᠬᠠᠶ ᠶᠢᠨ ᠭᠠᠵᠠᠷ ᠲᠠᠭᠠᠨ ᠴᠠᠭᠠᠨ ᠰᠠᠷ᠎ᠠ ᠶᠢ ᠥᠩᠭᠡᠷᠡᠭᠦᠯᠵᠦ ᠠᠵᠢᠯᠲᠠᠨ ᠤ ᠰᠢᠯᠵᠢᠯᠲᠡ ᠶᠢ ᠪᠠᠭᠠᠰᠬᠠᠬᠤ ᠶᠢ | ᠰᠠᠨᠠᠭᠠᠴᠢᠯᠠᠭᠰᠠᠨ ᠠᠴᠠ ᠮᠠᠰᠢ ᠣᠯᠠᠨ ᠠᠵᠤ ᠠᠬᠤᠶᠢᠯᠠᠯ ᠴᠠᠭᠠᠨ ᠰᠠᠷ᠎ᠠ ᠶᠢᠨ ᠬᠤᠭᠤᠴᠠᠭᠠᠨ ᠳᠤ ᠬᠡᠪ ᠤᠨ | ᠦᠢᠯᠡᠳᠪᠦᠷᠢᠯᠡᠯ ᠢᠶᠠᠨ ᠵᠣᠭᠰᠣᠭᠠᠭᠰᠠᠨ ᠦᠭᠡᠶ᠂ ᠤᠯᠠᠷᠢᠯ ᠤᠨ ᠴᠢᠨᠠᠷᠲᠠᠶ ᠦᠢᠯᠡᠳᠪᠦᠷᠢᠯᠡᠯ ᠢᠶᠠᠨ ᠵᠣᠭᠰᠣᠭᠠᠭᠰᠠᠨ | ᠠᠵᠤ ᠠᠬᠤᠶᠢᠯᠠᠯ ᠢ ᠭᠠᠷᠭᠠᠪᠠᠯ ᠪᠤᠰᠤᠳ ᠠᠵᠤ ᠠᠬᠤᠶᠢᠯᠠᠯ ᠴᠥᠮ ᠬᠡᠪ ᠤᠨ ᠶᠣᠰᠣᠭᠠᠷ ᠠᠵᠢᠯ ᠢᠶᠠᠨ ᠰᠡᠷᠭᠦᠭᠡᠵᠦ᠂ | ᠦᠢᠯᠡᠳᠪᠦᠷᠢᠯᠡᠯ ᠢᠶᠠᠨ ᠨᠥᠯᠥᠭᠡᠯᠡᠭᠰᠡᠨ ᠦᠭᠡᠶ᠃ | ᠬᠤᠶᠠᠷ᠂ ᠭᠤᠷᠪᠠᠨ ᠶᠡᠭᠡ ᠠᠵᠢᠯ ᠲᠦᠷᠦᠯ ᠤᠨ ᠨᠡᠮᠡᠭᠳᠡᠯ ᠤᠨ ᠬᠤᠷᠳᠤᠴᠠ ᠢᠯᠡᠳᠲᠡ ᠪᠣᠯᠪᠠ | ᠲᠠᠷᠢᠶᠠᠯᠠᠩ ᠬᠤᠯᠢᠰᠢᠨ ᠢᠳᠡᠭᠡᠨ ᠡᠳ᠋ᠰᠢᠭᠦᠯᠬᠦ ᠦᠶ᠋ᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ | ᠠᠳᠠᠯᠢ ᠬᠤᠭᠤᠴᠠᠭᠠᠨ ᠤ ᠬᠢ ᠠᠴᠠ 96.3% ᠪᠠᠷ ᠨᠡᠮᠡᠭᠳᠡᠵᠦ᠂ ᠭᠤᠮ ᠪᠠ ᠰᠦᠯᠢᠶᠣᠣ ᠪᠦᠲᠦᠭᠡᠭᠳᠡᠬᠦᠨ ᠤ | ᠦᠶ᠋ᠯᠡᠰ ᠠᠳᠠᠯᠢ ᠬᠤᠭᠤᠴᠠᠭᠠᠨ ᠤ ᠬᠢ ᠠᠴᠠ 3373.5% ᠪᠠᠷ ᠨᠡᠮᠡᠭᠳᠡᠨ᠂ ᠴᠠᠬᠢᠯᠭᠠᠨ ᠬᠦᠴᠦ᠂ ᠢᠯᠴᠢ ᠶᠢᠨ | ᠬᠦᠴᠦᠨ ᠤ ᠦᠶ᠋ᠯᠡᠳᠪᠦᠷᠢᠯᠡᠯ ᠪᠠ ᠬᠠᠩᠭᠠᠯᠭ᠎ᠠ ᠶᠢᠨ ᠦᠶ᠋ᠯᠡᠰ ᠠᠳᠠᠯᠢ ᠬᠤᠭᠤᠴᠠᠭᠠᠨ ᠤ ᠬᠢ ᠠᠴᠠ 21.1% ᠪᠠᠷ | ᠨᠡᠮᠡᠭᠳᠡᠵᠡᠶ᠃ | ᠭᠤᠷᠪᠠ᠂ ᠦᠢᠯᠡᠳᠬᠦᠨ ᠤ ᠭᠠᠷᠤᠯᠲᠠ ᠶᠢᠨ ᠨᠡᠶᠢᠳᠡ ᠨᠡᠮᠡᠭᠳᠡᠯ ᠨᠡᠯᠢᠶᠡᠳ ᠲᠦᠷᠭᠡᠨ | ᠪᠣᠯᠪᠠᠰᠤᠷᠠᠭᠤᠯᠤᠭᠰᠠᠨ ᠰᠢᠬᠢᠷ ᠠᠳᠠᠯᠢ ᠬᠤᠭᠤᠴᠠᠭᠠᠨ ᠤ ᠬᠢ ᠠᠴᠠ ᠨᠡᠶᠢᠲᠡ 86.% ᠪᠠᠷ ᠨᠡᠮᠡᠭᠳᠡᠵᠦ᠂ | ᠱᠦᠢᠨᠢ ᠪᠤᠲ᠋ᠤᠨ ᠤ ᠤᠰᠤ ᠵᠠᠯᠠᠬᠤ ᠬᠤᠭᠤᠯᠠᠶ ᠠᠳᠠᠯᠢ ᠬᠤᠭᠤᠴᠠᠭᠠᠨ ᠤ ᠬᠢ ᠠᠴᠠ ᠨᠡᠶᠢᠲᠡ 1.6% ᠪᠠᠷ ᠨᠡᠮᠡᠭᠳᠡᠨ᠂ | ᠰᠢᠵᠢᠷ ᠠᠯᠲᠠ ᠠᠳᠠᠯᠢ ᠬᠤᠭᠤᠴᠠᠭᠠᠨ ᠤ ᠬᠢ ᠠᠴᠠ ᠨᠡᠶᠢᠲᠡ 72.4% ᠪᠠᠷ ᠨᠡᠮᠡᠭᠳᠡᠵᠡᠶ᠃ | ᠲᠦᠷᠪᠡ᠂ ᠭᠤᠣᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠨᠢ ᠵᠡᠷᠭᠡᠪᠡᠷ ᠨᠡᠮᠡᠭᠳᠡᠪᠡ | ᠡᠵᠡᠩᠨᠡᠯᠲᠡ ᠶᠢᠨ ᠣᠷᠣᠯᠭ᠎ᠠ 63.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.6% ᠪᠠᠷ ᠨᠡᠮᠡᠭᠳᠡᠪᠡ︔ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ 7.5 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45.7% ᠪᠠᠷ ᠨᠡᠮᠡᠭᠳᠡᠪᠡ︔ | ᠲᠤᠰᠢᠶᠠᠬᠤ ᠶᠣᠰᠣᠲᠠᠶ ᠥᠷᠲᠡᠭ ᠤᠨ ᠨᠡᠮᠡᠭᠳᠡᠯ ᠤᠨ ᠭᠠᠶᠢᠯᠢ 1.7 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 23.1% ᠪᠠᠷ ᠪᠠᠭᠤᠷᠠᠪᠠ︔ ᠭᠠᠶᠢᠯᠢ ᠶᠢᠨ ᠮᠥᠩᠭᠦ ᠶᠢᠨ ᠶᠡᠷᠦᠩᠬᠡᠶ ᠲᠤᠭ᠎ᠠ 2.5 | ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 16.8% ᠪᠠᠷ ᠪᠠᠭᠤᠷᠠᠪᠠ᠃ ᠭᠠᠶᠢᠯᠢ ᠶᠢ | ᠬᠥᠩᠭᠡᠯᠡᠵᠦ ᠳᠠᠷᠤᠭᠠᠰᠤ ᠶᠢ ᠪᠠᠭᠤᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ | | | | | | | | | | | | ᠁ |