ᠨᠢᠭᠡ᠂ ᠰᠦᠩᠱᠠᠨ ᠲᠣᠭᠤᠷᠢᠭ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠠᠵᠤ | ᠠᠬᠤᠶ ᠶᠢᠨ ᠭᠦᠢᠴᠡᠳᠬᠡᠯ ᠤᠨ ᠪᠠᠶᠢᠳᠠᠯ | ︵ᠨᠢᠭᠡ︶ ᠪᠡᠯᠡ ᠣᠷᠣᠭᠤᠯᠤᠯᠲᠠ ᠶᠢᠨ ᠬᠡᠪᠴᠢᠶ᠎ᠡ ᠠᠴᠠ ᠦᠵᠡᠪᠡᠯ | 2021 ᠣᠨ ᠤ 1 — 2 ᠰᠠᠷ᠎ᠠ ᠳᠤ᠂ 500 ᠲᠦᠮᠡᠨ ᠲᠥᠭᠦᠷᠢᠭ ᠤᠨ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠶᠢᠨ ᠲᠥᠷᠥᠯ ᠵᠦᠶ᠋ᠯ ᠢ 118 ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ | 1118% ᠪᠠᠷ ᠨᠡᠮᠡᠭᠳᠡᠪᠡ᠃ ᠡᠭᠦᠨ ᠳᠤ 500 — 5000 ᠲᠦᠮᠡᠨ ᠲᠥᠭᠦᠷᠢᠭ ᠤᠨ ᠲᠥᠷᠥᠯ ᠵᠦᠶ᠋ᠯ 27 | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 169.3% ᠨᠡᠮᠡᠭᠳᠡᠨ᠂ ᠪᠥᠬᠦ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ 0.6% ᠶᠢ ᠡᠵᠡᠯᠡᠪᠡ᠃ 5000 ᠲᠦᠮᠡᠨ ᠲᠦᠭᠦᠷᠢᠭ ᠤᠨ ᠲᠥᠷᠥᠯ ᠵᠦᠶ᠋ᠯ 47 ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 563.5% ᠪᠠᠷ ᠨᠡᠮᠡᠭᠳᠡᠨ᠂ ᠪᠥᠬᠦ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ 18% ᠶᠢ ᠡᠵᠡᠯᠡᠪᠡ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢ 44 ᠨᠡᠭᠡᠭᠡᠨ | ᠬᠥᠭᠵᠢᠭᠦᠯᠵᠦ᠂ ᠠᠳᠠᠯᠢ ᠬᠤᠭᠤᠴᠠᠭᠠᠨ ᠤ ᠬᠢ ᠠᠴᠠ 1441% ᠪᠠᠷ ᠨᠡᠮᠡᠭᠳᠡᠨ᠂ ᠪᠥᠬᠦ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠶᠢᠨ 81.4% ᠶᠢ ᠡᠵᠡᠯᠡᠪᠡ᠃ | ︵ᠬᠤᠶᠠᠷ︶ ᠪᠡᠯᠡ ᠣᠷᠣᠭᠤᠯᠤᠯᠲᠠ ᠶᠢᠨ ᠪᠦᠲᠦᠴᠡ ᠠᠴᠠ ᠦᠵᠡᠪᠡᠯ | 2021 ᠣᠨ ᠤ 1 — 2 ᠳ᠋ᠤᠭᠠᠷ ᠰᠠᠷ᠎ᠠ ᠳᠤ᠂ ᠮᠠᠨ ᠤ ᠲᠣᠭᠤᠷᠢᠭ ᠤᠨ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠳᠠᠬᠢ ᠪᠠᠷᠢᠯᠭ᠎ᠠ ᠶᠢᠨ ᠤᠭᠰᠠᠷᠠᠭᠤᠯᠬᠤ ᠢᠨᠵᠧᠨᠧᠷᠢᠩ ᠠᠳᠠᠯᠢ ᠬᠤᠭᠤᠴᠠᠭᠠᠨ ᠤ ᠬᠢ ᠠᠴᠠ | 1060% ᠪᠠᠷ ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 87.4% ᠶᠢ | ᠡᠵᠡᠯᠡᠪᠡ︔ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠤᠭᠰᠠᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 743.9% ᠪᠠᠷ ᠨᠡᠮᠡᠭᠲᠡᠨ᠂ ᠪᠥᠬᠦ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ 1.3% ᠶᠢ ᠡᠵᠡᠯᠡᠪᠡ︔ ᠪᠤᠰᠤᠳ ᠵᠠᠷᠤᠳᠠᠯ ᠠᠳᠠᠯᠢ ᠬᠤᠭᠤᠴᠠᠭᠠᠨ ᠤ ᠬᠢ ᠠᠴᠠ | 2070% ᠪᠠᠷ ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 11.3% ᠶᠢ | ᠡᠵᠡᠯᠡᠪᠡ᠃ | ︵ᠭᠤᠷᠪᠠ︶ ᠭᠤᠷᠪᠠᠨ ᠠᠵᠤ ᠦᠢᠯᠡᠰ ᠠᠴᠠ ᠦᠵᠡᠪᠡᠯ | 2021 ᠣᠨ ᠤ 1 — 2 ᠳ᠋ᠤᠭᠠᠷ ᠰᠠᠷ᠎ᠠ ᠳᠤ᠂ ᠮᠠᠨ ᠤ ᠲᠣᠭᠤᠷᠢᠭ ᠤᠨ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠳᠠᠬᠢ ᠨᠢᠭᠡᠳᠦᠭᠡᠷ ᠠᠵᠤ ᠦᠶ᠋ᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 1188% ᠪᠠᠷ ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ 1% ᠶᠢ ᠡᠵᠡᠯᠡᠪᠡ︔ ᠬᠤᠶᠠᠳᠤᠭᠠᠷ ᠠᠵᠤ ᠦᠶ᠋ᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 87% ᠪᠠᠷ ᠪᠠᠭᠤᠷᠠᠵᠤ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ | 1% ᠶᠢ ᠡᠵᠡᠯᠡᠪᠡ︔ ᠭᠤᠷᠪᠠᠳᠤᠭᠠᠷ ᠠᠵᠤ ᠦᠶ᠋ᠯᠡᠰ ᠤᠨ ᠪᠠᠯᠠ ᠣᠷᠣᠭᠤᠯᠤᠯᠲᠠ ︵ᠡᠭᠦᠨ ᠳᠤ ᠬᠡᠷ ᠪᠠᠶᠢᠰᠢᠩ | ᠭᠠᠵᠠᠷ ᠰᠢᠷᠣᠶ ᠶᠢᠨ ᠬᠥᠷᠥᠩᠭᠡ ᠶᠢᠨ ᠪᠠᠯᠠ ᠣᠷᠣᠭᠤᠯᠤᠯᠲᠠ ᠪᠠᠭᠲᠠᠨ᠎ᠠ︶ ᠠᠳᠠᠯᠢ ᠬᠤᠭᠤᠴᠠᠭᠠᠨ ᠤ ᠬᠢ ᠠᠴᠠ | 144% ᠪᠠᠷ ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 98% ᠶᠢ ᠡᠵᠡᠯᠡᠪᠡ᠃ | | ᠬᠤᠶᠠᠷ᠂ ᠪᠡᠯᠡ ᠣᠷᠣᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ | 5000 ᠲᠦᠮᠡ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠰᠡᠯᠭᠦᠬᠦ ᠬᠦᠴᠦᠨ ᠬᠠᠷᠢᠴᠠᠩᠭᠤᠶ ᠪᠠᠷ | ᠮᠡᠬᠦᠰᠳᠡᠵᠦ ᠪᠠᠶᠢᠨ᠎ᠠ᠃ ᠪᠥᠬᠦ ᠲᠣᠭᠤᠷᠢᠭ ᠤᠨ ᠲᠥᠷᠥᠯ ᠵᠦᠶ᠋ᠯ ᠤᠨ ᠨᠥᠭᠡᠴᠡᠯᠡᠯᠲᠡ ᠶᠢᠨ ᠪᠠᠶᠢᠳᠠᠯ ᠠᠴᠠ ᠦᠵᠡᠪᠡᠯ᠂ | ᠶᠡᠷᠦᠩᠬᠡᠶ ᠳᠤᠨᠢ ᠠᠪᠴᠤ ᠬᠡᠯᠡᠪᠡᠯ᠂ ᠮᠠᠨ ᠤ ᠲᠣᠭᠤᠷᠢᠭ ᠨᠢ ᠲᠣᠮᠣ ᠲᠥᠷᠥᠯ ᠵᠦᠶ᠋ᠯ ᠴᠥᠭᠡᠨ᠂ ᠠᠯᠤᠰ ᠬᠡᠲᠦ ᠶᠢᠨ | ᠨᠥᠯᠥᠭᠡ ᠲᠠᠢ᠂ ᠲᠤᠯᠭᠠᠭᠤᠷᠢᠯᠠᠬᠤ ᠬᠦᠴᠦᠨ ᠢᠶᠠᠷ ᠴᠢᠩᠭ᠎ᠠ᠂ ᠠᠵᠤ ᠦᠶ᠋ᠯᠡᠰ ᠤᠨ ᠬᠤᠯᠪᠣᠭᠳᠠᠯ ᠢᠶᠠᠷ ᠥᠨᠳᠥᠷ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠦᠷ᠎ᠡ ᠪᠦᠲᠦᠮᠵᠢ ᠪᠠᠷ ᠢᠯᠡᠷᠬᠡᠶ ᠴᠢᠬᠤᠯᠠ ᠶᠡᠭᠡ ᠲᠥᠷᠥᠯ ᠵᠦᠶ᠋ᠯ᠂ | ᠢᠯᠠᠩᠭᠤᠶ᠎ᠠ 5 ᠳ᠋ᠦᠩᠰᠢᠭᠤᠷ ᠠᠴᠠ ᠳᠡᠭᠡᠭᠰᠢᠬᠢ ᠲᠣᠮᠣ ᠲᠥᠷᠥᠯ ᠵᠦᠶ᠋ᠯ ᠴᠥᠭᠡᠨ ᠪᠠᠶᠢᠵᠤ᠂ ᠪᠠᠯᠠ | ᠣᠷᠣᠭᠤᠯᠤᠯᠲᠠ ᠶᠢ ᠳᠠᠶᠢᠴᠢᠯᠠᠬᠤ ᠦᠶ᠋ᠯᠡᠳᠦᠯ ᠨᠢ ᠬᠢᠵᠠᠭᠠᠷᠲᠠᠶ ᠪᠠᠶᠢᠨ᠎ᠠ᠃ | ᠭᠤᠷᠪᠠ᠂ ᠲᠠᠷᠠᠭᠠᠴᠢ ᠶᠢᠨ ᠱᠠᠲᠤᠨ ᠳᠠᠬᠢ ᠮᠠᠨ ᠤ ᠲᠣᠭᠤᠷᠢᠭ ᠤᠨ ᠪᠦᠲᠦᠮᠵᠢᠲᠡᠶ ᠪᠠᠯᠠ ᠣᠷᠣᠭᠤᠯᠤᠯᠲᠠ ᠶᠢ | ᠨᠡᠮᠡᠭᠳᠡᠭᠦᠯᠬᠦ ᠠᠷᠭ᠎ᠠ ᠪᠣᠳᠣᠯᠭ᠎ᠠ ᠶᠢᠨ ᠰᠠᠨᠠᠭᠤᠯᠭ᠎ᠠ | ︵ᠨᠢᠭᠡ︶ ᠵᠣᠬᠢᠴᠠᠩᠭᠤᠶ ᠪᠠᠷ ᠬᠥᠭᠵᠢᠭᠦᠯᠵᠦ᠂ ᠪᠠᠯᠠ ᠣᠷᠣᠭᠤᠯᠤᠯᠲᠠ ᠶᠢᠨ ᠲᠥᠷᠥᠯ ᠵᠦᠶ᠋ᠯ ᠢ ᠠᠬᠢᠭᠤᠯᠬᠤ | ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠭᠠᠷᠭᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠤᠭᠴᠤᠭ᠎ᠠ ᠶᠢ | ᠴᠣᠮᠬᠠᠳᠬᠠᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠲᠥᠷᠥᠯ ᠵᠦᠶ᠋ᠯ ᠤᠨ ᠪᠥᠲᠥᠭᠡᠨ | ᠪᠠᠶᠢᠭᠤᠯᠤᠯᠲᠠ ᠶᠢᠨ ᠬᠦᠴᠢᠷ ᠵᠣᠪᠠᠭᠤᠷᠢ ᠶᠢ ᠰᠢᠢᠳᠪᠦᠷᠢᠯᠡᠨ᠂ ᠠᠵᠤ ᠦᠶ᠋ᠯᠡᠳᠪᠦᠷᠢ ᠶᠢᠨ ᠠᠵᠤ ᠦᠶ᠋ᠯᠡᠰ ᠲᠤ ᠰᠠᠶᠢᠨ | ᠰᠠᠶᠢᠬᠠᠨ ᠬᠥᠭᠵᠢᠯᠲᠡ ᠶᠢ ᠬᠠᠩᠭᠠᠨ᠎ᠠ᠃ | ︵ᠬᠤᠶᠠᠷ︶ ᠡᠮᠦᠨᠡᠬᠢ ᠬᠤᠭᠤᠴᠠᠭᠠᠨ ᠤ ᠠᠵᠢᠯ ᠢ ᠠᠳᠬᠤᠵᠤ᠂ ᠴᠢᠬᠤᠯᠠ ᠶᠡᠭᠡ ᠲᠥᠷᠥᠯ ᠵᠦᠶ᠋ᠯ ᠢ ᠳᠥᠯᠭᠢᠨ | ᠠᠬᠢᠭᠤᠯᠬᠤ ᠶᠢ ᠴᠢᠩᠭᠠᠷᠠᠭᠤᠯᠤᠨ᠎ᠠ᠃ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠳᠠᠶᠢᠴᠢᠯᠠᠬᠤ ᠴᠢᠨᠠᠷ ᠢᠶᠠᠷ | ᠴᠢᠩᠭ᠎ᠠ᠂ ᠠᠵᠤ ᠠᠬᠤᠢ ᠶᠢᠨ ᠦᠷ᠎ᠡ ᠠᠰᠢᠭ ᠢᠶᠠᠷ ᠰᠠᠶᠢᠨ ᠲᠦᠷᠦᠯ ᠵᠦᠢᠯ ᠢ ᠠᠬᠢᠭᠤᠯᠬᠤ ᠠᠵᠢᠯ ᠢ ᠦᠷᠭᠦᠯᠵᠢᠯᠡᠨ | ᠲᠤᠪᠤᠶᠢᠮ᠎ᠠ ᠰᠠᠶᠢᠲᠤᠷ ᠠᠳᠬᠤᠵᠤ᠂ ᠴᠢᠬᠤᠯᠠ ᠶᠡᠭᠡ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠤᠨ᠂ ᠡᠷᠲᠡ | ᠠᠵᠢᠯ ᠡᠬᠢᠯᠡᠭᠦᠯᠬᠦ ᠶᠢ ᠪᠠᠲᠤᠯᠠᠵᠤ᠂ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠤᠨ ᠬᠦᠳᠦᠯᠦᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠤᠨ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠰᠡᠯᠭᠦᠬᠦ ᠬᠦᠴᠦᠨ ᠢ | ᠲᠠᠰᠤᠷᠠᠯᠳᠡ ᠦᠭᠡᠢ ᠴᠢᠩᠭᠠᠳᠬᠠᠨ᠎ᠠ᠃ | ︵ᠭᠤᠷᠪᠠ︶ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠠᠵᠤ | ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠲᠦᠯᠬᠢᠴᠡ ᠬᠦᠴᠦᠨ ᠢ | ᠪᠦᠬᠦ ᠲᠠᠯ᠎ᠠ ᠪᠠᠷ ᠪᠠᠳᠠᠷᠠᠭᠤᠯᠤᠨ᠎ᠠ᠃ ᠤᠯᠠᠮᠵᠢᠯᠠᠯᠲᠤ ᠠᠵᠤ ᠦᠢᠯᠡᠳᠪᠦᠷᠢ ᠶᠢᠨ ᠲᠧᠭᠨᠢᠭ ᠮᠡᠷᠭᠡᠵᠢᠯ ᠤᠨ | ᠥᠭᠡᠷᠡᠴᠢᠯᠡᠯᠲᠡ ᠳᠤ ᠪᠡᠯᠡ ᠣᠷᠣᠭᠤᠯᠬᠤ᠂ ᠲᠡᠰ ᠳᠡᠪᠰᠢᠭᠦᠯᠦᠨ ᠥᠭᠡᠷᠡᠴᠢᠯᠡᠬᠦ ᠡᠷᠴᠢᠮ ᠢ ᠴᠢᠩᠭᠠᠷᠠᠭᠤᠯᠵᠤ᠂ | ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠪᠠᠷ ᠳᠠᠮᠵᠢᠭᠤᠯᠤᠨ | ᠥᠷᠭᠡᠳᠬᠡᠨ ᠨᠥᠬᠦᠨ ᠦᠢᠯᠡᠳᠪᠦᠷᠢᠯᠡᠬᠦ ᠪᠠ ᠬᠡᠯᠪᠡᠷᠢ ᠶᠢ ᠨᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠡᠶᠡᠯᠡᠭᠦᠯᠵᠦ᠂ | ᠪᠡᠯᠡ ᠣᠷᠣᠭᠤᠯᠤᠯᠲᠠ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠂ ᠤᠯᠠᠮᠵᠢᠯᠠᠯᠲᠤ ᠠᠵᠤ | ᠦᠢᠯᠡᠰ ᠤᠨ ᠭᠤᠣᠯᠯᠠᠬᠤ ᠥᠷᠢᠰᠥᠯᠳᠦᠬᠦ ᠬᠦᠴᠦᠨ ᠪᠠ ᠦᠷᠭᠦᠯᠵᠢᠯᠡᠬᠦᠶᠢᠴᠡ ᠬᠥᠭᠵᠢᠯᠲᠡ ᠶᠢᠨ ᠴᠢᠳᠠᠪᠤᠷᠢ ᠶᠢ | ᠴᠢᠩᠭᠠᠷᠠᠭᠤᠯᠤᠨ᠎ᠠ᠃ | | | | | | | | | | | | | ᠁ |