ᠥᠷᠭᠡᠨ ᠤᠯᠠᠨ ᠬᠤᠳᠠ ᠶᠢᠨ ᠠᠷᠠᠳ ᠠᠩᠬᠠᠷᠤᠭᠠᠷᠠᠢ᠂ ᠤᠯᠠᠭᠠᠨᠬᠠᠳᠠ ᠬᠤᠳᠠ ᠦᠶᠡᠷ ᠤᠨ ᠬᠤᠭᠤᠴᠠᠭ᠎ᠠ ᠠᠴᠠ ᠨᠠᠰᠢᠬᠢ ᠬᠠᠮᠤᠭ ᠤᠨ ᠶᠡᠭᠡ ᠬᠤᠷ᠎ᠠ ᠲᠣᠨᠣᠳᠠᠰᠤ ᠶᠢ ᠤᠭᠲᠤᠨ ᠠᠪᠬᠤ ᠪᠠᠷ ᠪᠠᠶᠢᠨ᠎ᠠ︕
ᠨᠡᠶᠢᠲᠡᠯᠡᠭᠰᠡᠨ ᠴᠠᠭ᠄
2021/7/13
   ᠤᠯᠠᠭᠠᠨᠬᠠᠳᠠ ᠬᠤᠲᠠ ᠶᠢᠨ ᠴᠠᠭ ᠠᠭᠤᠷ ᠤᠨ ᠲᠣᠪᠴᠢᠶ᠎ᠠ 7 ᠰᠠᠷ᠎ᠠ ᠶᠢᠨ 12 ᠤᠨ ᠡᠳᠦᠷ ᠴᠢᠬᠤᠯᠠ ᠴᠠᠭ ᠠᠭᠤᠷ ᠤᠨ ᠮᠡᠳᠡᠭᠦᠯᠦᠯᠲᠡ ᠨᠡᠶᠢᠲᠡᠯᠡᠵᠦ᠂ 7 ᠰᠠᠷ᠎ᠠ ᠶᠢᠨ 12 ᠤᠨ ᠡᠳᠦᠷ ᠤᠨ ᠦᠳᠡ ᠠᠴᠠ 14 ᠤ ᠡᠳᠦᠷ ᠪᠣᠯᠲᠠᠯ᠎ᠠ᠂ ᠮᠠᠨ ᠤ ᠬᠤᠲᠠ ᠦᠶᠡᠷ ᠤᠨ ᠬᠤᠭᠤᠴᠠᠭ᠎ᠠ ᠠᠴᠠ ᠨᠠᠰᠢᠬᠢ ᠬᠠᠮᠤᠭ ᠤᠨ ᠶᠡᠭᠡ ᠬᠤᠷ᠎ᠠ ᠲᠣᠨᠣᠳᠠᠰᠤ ᠶᠢ ᠤᠭᠲᠤᠨ ᠠᠪᠴᠢᠷᠠᠬᠤ ᠪᠣᠯᠤᠨ᠎ᠠ᠃ ᠲᠤᠨᠳᠠᠰᠤᠨ ᠤ ᠭᠤᠤᠯ ᠴᠠᠭ ᠨᠢ 12 ᠤᠨ ᠡᠳᠦᠷ ᠤᠨ ᠦᠳᠡ ᠶᠢᠨ ᠬᠤᠶᠢᠨ᠎ᠠ ᠠᠴᠠ 13 ᠤ ᠡᠳᠦᠷ ᠪᠣᠯᠲᠠᠯ᠎ᠠ ᠲᠦᠪᠯᠡᠷᠡᠨ᠎ᠡ᠃ ᠲᠣᠰ ᠤᠳᠠᠭᠠᠨ ᠤ ᠰᠢᠷᠦᠭᠦᠨ ᠪᠣᠷᠣᠭᠠᠨ ᠤ ᠨᠥᠯᠥᠭᠡᠯᠡᠬᠦ ᠬᠡᠪᠴᠢᠶ᠎ᠡ ᠨᠢ ᠥᠷᠭᠡᠨ᠂ ᠲᠣᠨᠳᠠᠰᠤᠨ ᠤ ᠬᠡᠮᠵᠢᠶ᠎ᠡ ᠨᠢ ᠶᠡᠭᠡ᠂ ᠣᠬᠤᠷᠬᠠᠨ ᠬᠤᠭᠤᠴᠠᠭᠠᠨ ᠳᠤ ᠪᠣᠷᠣᠭᠠᠨ ᠶᠡᠭᠡ᠂ ᠠᠶᠤᠯᠲᠤ ᠴᠢᠨᠠᠷᠲᠠᠶ ᠪᠠᠶᠢᠵᠤ᠂ ᠶᠠᠪᠤᠴᠠ ᠳᠤ ᠨᠢ ᠬᠦᠴᠦᠲᠡᠶ ᠰᠣᠯᠢᠭ ᠤᠷᠤᠰᠬᠠᠯ ᠪᠠ ᠶᠡᠭᠡ ᠰᠠᠯᠬᠢᠨ ᠤ ᠴᠠᠭ ᠠᠭᠤᠷ ᠳᠠᠭᠠᠯᠳᠤᠵᠤ ᠭᠠᠮᠰᠢᠭ ᠤᠨ ᠠᠶᠤᠯ ᠲᠦᠭᠰᠢᠭᠦᠷᠢ ᠶᠡᠭᠡ ᠪᠠᠶᠢᠨ᠎ᠠ᠃ ᠡᠭᠦᠨ ᠠᠴᠠ ᠪᠤᠯᠵᠤ ᠮᠡᠳᠡᠬᠦ ᠬᠤᠳᠠ ᠶᠢᠨ ᠤᠰᠤᠲᠤᠯ᠂ ᠠᠭᠤᠯᠠᠨ ᠦᠶᠡᠷ ᠵᠡᠷᠭᠡ ᠡᠭᠦᠰᠦᠮᠡᠯ ᠭᠠᠮᠰᠢᠭ ᠢ ᠠᠩᠬᠠᠷᠤᠨ ᠰᠡᠷᠭᠡᠶᠢᠯᠡᠬᠦ ᠴᠢᠬᠤᠯᠠᠲᠠᠶ᠃     ᠠᠩᠬᠠᠷᠤᠯ ᠪᠠ ᠰᠠᠨᠠᠭᠤᠯᠭ᠎ᠠ     1. ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠣᠬᠤᠷ ᠴᠠᠭ ᠤᠨ ᠰᠢᠷᠦᠭᠦᠨ ᠪᠣᠷᠣᠭᠠᠨ ᠢ ᠰᠡᠷᠭᠡᠶᠢᠯᠡᠬᠦ᠂ ᠠᠶᠤᠩᠭ᠎ᠠ ᠶᠢ ᠰᠡᠷᠭᠡᠶᠢᠯᠡᠬᠦ᠂ ᠶᠡᠭᠡ ᠰᠠᠯᠬᠢ ᠶᠢ ᠰᠡᠷᠭᠡᠶᠢᠯᠡᠬᠦ ᠪᠡᠯᠡᠳᠬᠡᠯ ᠠᠵᠢᠯ ᠢ ᠰᠠᠶᠢᠲᠤᠷ ᠬᠢᠵᠦ᠂ ᠴᠠᠭ ᠠᠭᠤᠷ ᠤᠨ ᠰᠠᠯᠠᠭ᠎ᠠ ᠮᠥᠴᠢᠷ ᠤᠳ ᠬᠥᠮᠦᠨ ᠤ ᠬᠦᠴᠦ ᠪᠠᠷ ᠮᠥᠨᠳᠥᠷ ᠢ ᠰᠡᠷᠭᠡᠶᠢᠯᠡᠬᠦ ᠠᠵᠢᠯ ᠤᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠢ︔ 2. ᠭᠡᠷ ᠤᠨ ᠭᠠᠳᠠᠨᠠᠬᠢ ᠶᠠᠪᠠᠭᠠᠨ ᠬᠥᠮᠦᠨ ᠪᠠ ᠠᠵᠢᠯᠲᠠᠳ ᠭᠡᠷ ᠤᠨ ᠭᠠᠳᠠᠨᠠᠬᠢ ᠠᠵᠢᠯᠯᠠᠭ᠎ᠠ ᠪᠠᠨ ᠴᠥᠭᠡᠳᠬᠡᠵᠦ᠂ ᠰᠠᠷᠠᠪᠴᠢᠨ ᠵᠢᠶᠠᠰᠠ᠂ ᠵᠠᠷ ᠤᠨ ᠫᠠᠶᠢᠰᠠ ᠵᠡᠷᠭᠡ ᠠᠴᠠ ᠬᠤᠯᠠᠬᠠᠨ ᠪᠠᠶᠢᠬᠤ ᠶᠢ ᠠᠩᠬᠠᠷᠬᠤ ᠬᠡᠷᠡᠭᠲᠡᠢ︔ 3. ᠭᠡᠷ ᠤᠨ ᠵᠢᠭᠦᠷᠲᠡᠨ᠂ ᠮᠠᠯ ᠤᠨᠤᠭ᠎ᠠ ᠶᠢ ᠰᠠᠷᠠᠪᠴᠢ ᠲᠠᠢ ᠭᠠᠵᠠᠷ ᠲᠤ ᠬᠥᠭᠡᠭᠡᠵᠦ ᠤᠷᠤᠭᠤᠯᠤᠨ᠂ ᠡᠭᠦᠳᠡ ᠴᠣᠩᠬᠤ᠂ ᠰᠠᠷᠠᠪᠴᠢ ᠪᠠᠨ ᠪᠠᠬᠢᠯᠡᠬᠦ ᠬᠡᠷᠡᠭᠲᠡᠢ︔ 4. ᠪᠠᠷᠢᠯᠭ᠎ᠠ ᠶᠢᠨ ᠭᠠᠵᠠᠷ ᠲᠤ ᠪᠠᠷᠢᠯᠭ᠎ᠠ ᠶᠢᠨ ᠡᠳ᠋ ᠪᠣᠳᠠᠰ ᠢ ᠬᠠᠯᠬᠠᠯᠠᠬᠤ ᠶᠢ ᠠᠩᠬᠠᠷᠴᠤ᠂ ᠰᠢᠷᠦᠭᠦᠨ ᠪᠣᠷᠣᠭᠠᠨ᠂ ᠰᠠᠯᠬᠢᠨ ᠮᠥᠨᠳᠥᠷ ᠲᠤ ᠠᠮᠠᠷᠬᠠᠨ ᠨᠥᠯᠥᠭᠡᠯᠡᠭᠳᠡᠬᠦ ᠭᠡᠷ ᠤᠨ ᠭᠠᠳᠠᠨᠠᠬᠢ ᠡᠳ᠋ ᠪᠣᠳᠠᠰ ᠢ ᠲᠣᠬᠢᠲᠠᠶ ᠲᠦᠪᠬᠢᠨᠡᠭᠦᠯᠬᠦ ᠬᠡᠷᠡᠭᠲᠡᠢ︔ 5. ᠠᠭᠤᠯᠠᠨ ᠦᠶᠡᠷ᠂ ᠶᠡᠭᠦᠷᠡᠯ᠂ ᠰᠢᠪᠠᠷ ᠴᠢᠯᠠᠭᠤᠨ ᠤᠷᠤᠰᠬᠠᠯ ᠵᠡᠷᠭᠡ ᠭᠠᠮᠰᠢᠭ ᠢ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃     ᠥᠷᠭᠡᠨ ᠣᠯᠠᠨ ᠬᠤᠲᠠ ᠶᠢᠨ ᠠᠷᠠᠳ ᠲᠤ ᠰᠠᠨᠠᠭᠤᠯᠬᠤ ᠨᠢ     ᠠᠭᠠᠳᠠᠷ ᠪᠣᠷᠣᠭᠠᠨ ᠢ ᠰᠡᠷᠭᠡᠶᠢᠯᠡᠬᠦ ᠠᠮᠠᠨ ᠤᠩᠰᠢᠯᠭ᠎ᠠ ᠶᠢ ᠣᠯᠠᠨ ᠢᠶᠠᠷ ᠢᠶᠠᠨ ᠴᠡᠭᠡᠵᠢᠯᠡᠵᠦ ᠠᠪᠤᠭᠠᠷᠠᠶ᠄ ᠬᠠᠭᠠᠬᠤ᠂ ᠲᠤᠭᠤᠷᠢᠬᠤ᠂ ᠰᠢᠯᠵᠢᠬᠦ᠃     ᠭᠡᠷ ᠳᠣᠲᠣᠷ᠎ᠠ ᠪᠠᠨ ᠴᠢᠳᠠᠬᠤ ᠶᠢᠨ ᠬᠢᠷᠢ ᠪᠠᠷ ᠡᠭᠦᠳᠡ ᠴᠣᠩᠬᠤ ᠪᠠᠨ ᠬᠠᠭᠠᠵᠤ᠂ ᠬᠡᠷᠪᠡ ᠤᠰᠤ ᠬᠤᠷᠠᠭᠠᠳ ᠭᠡᠷ ᠲᠤ ᠣᠷᠣᠴᠢᠬᠠᠪᠠᠯ ᠴᠠᠭ ᠲᠤᠬᠠᠶ ᠳᠤᠨᠢ ᠴᠠᠬᠢᠯᠭᠠᠨ ᠡᠭᠦᠰᠭᠡᠭᠴᠢ ᠶᠢ ᠬᠠᠭᠠᠨ᠎ᠠ᠃     ᠭᠡᠷ ᠤᠨ ᠭᠠᠳᠠᠨ᠎ᠠ ᠶᠠᠪᠤᠬᠤ ᠳᠠᠭᠠᠨ ᠬᠥᠭᠦᠷᠭᠡᠨ ᠤ ᠳᠣᠣᠷ᠎ᠠ ᠪᠠ ᠭᠠᠵᠠᠷ ᠳᠣᠣᠷᠠᠬᠢ ᠵᠠᠮ ᠢ ᠲᠣᠭᠤᠷᠢᠵᠤ ᠭᠠᠷᠤᠨ᠎ᠠ᠂ ᠲᠡᠷᠭᠡ ᠵᠢᠯᠣᠭᠤᠳᠬᠤ ᠳᠠᠭᠠᠨ ᠤᠰᠤ ᠬᠤᠷᠠᠭᠰᠠᠨ ᠵᠠᠮ ᠢ ᠲᠣᠭᠤᠷᠢᠵᠤ ᠭᠠᠷᠤᠨ᠎ᠠ᠂ ᠴᠢᠳᠠᠬᠤ ᠶᠢᠨ ᠳᠣᠲᠣᠷ᠎ᠠ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ ᠰᠣᠩᠭᠤᠵᠤ ᠭᠠᠳᠠᠭᠰᠢ ᠭᠠᠷᠤᠨ᠎ᠠ᠃     ᠠᠭᠤᠯᠠᠷᠬᠠᠭ ᠣᠷᠣᠨ ᠳᠤ᠂ ᠳᠡᠭᠡᠳᠦ ᠤᠷᠤᠰᠬᠠᠯ ᠤᠨ ᠤᠰᠤ ᠭᠡᠨᠡᠳᠲᠡ ᠪᠤᠯᠠᠩᠭᠢᠷᠲᠤᠵᠤ᠂ ᠤᠰᠤᠨ ᠤ ᠲᠦᠪᠰᠢᠨ ᠬᠡᠲᠦᠷᠬᠡᠶ ᠲᠦᠷᠭᠡᠨ ᠳᠡᠭᠡᠭᠰᠢᠯᠡᠬᠦ ᠶᠢ ᠣᠯᠵᠤ ᠦᠵᠡᠪᠡᠯ ᠴᠠᠭ ᠲᠤᠬᠠᠶ ᠳᠤᠨᠢ ᠰᠢᠯᠵᠢᠬᠦ ᠬᠡᠷᠡᠭᠲᠡᠶ᠃     ᠢᠷᠡᠯᠲᠡ᠄ ᠤᠯᠠᠭᠠᠨᠬᠠᠳᠠ ᠶᠢᠨ ᠨᠡᠶᠢᠲᠡᠯᠡᠭᠰᠡᠨ ᠤᠯᠠᠭᠠᠨᠬᠠᠳᠠ ᠶᠢᠨ ᠪᠢᠴᠢᠯ ᠴᠠᠭ ᠠᠭᠤᠷ ᠤᠨ ᠪᠠᠶᠢᠳᠠᠯ     ᠨᠠᠶᠢᠷᠠᠭᠤᠯᠤᠭᠴᠢ᠄ ᠸᠠᠩ ᠶᠠᠨ ᠯᠢᠩ     ᠬᠠᠷᠭᠤᠭᠤᠯᠤᠭᠴᠢ᠄ ᠽᠸᠦ ᠶᠠ ᠷᠦ     ᠬᠢᠨᠠᠨ ᠬᠠᠷᠭᠤᠭᠤᠯᠤᠭᠴᠢ᠄ ᠨᠢᠶᠧ ᠱᠠᠨ      
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号