ᠵᠣᠨ ᠤ ᠠᠮᠠᠷᠠᠯᠲᠠ ᠤᠳᠠᠯ ᠥᠬᠡᠶ ᠬᠦᠷᠴᠦ ᠢᠷᠡᠬᠦ ᠭᠡᠵᠦ ᠪᠠᠶᠢᠨ᠎ᠠ᠂ ᠬᠡᠷᠬᠢᠨ ᠰᠤᠷᠤᠭᠴᠢᠳ ᠢ ᠠᠮᠤᠷ | ᠠᠮᠤᠭᠤᠯᠠᠩ᠂ ᠡᠷᠡᠭᠦᠯ ᠴᠢᠭᠢᠷᠠᠭ᠂ ᠪᠠᠶᠠᠷ ᠬᠥᠷ ᠲᠠᠢ ᠵᠣᠨ ᠤ ᠠᠮᠠᠷᠠᠯᠲᠠ ᠶᠢ ᠥᠩᠭᠡᠷᠡᠭᠦᠯᠬᠦ ᠪᠣᠶ︖ ᠶᠠᠮᠠᠷ ᠶᠠᠮᠠᠷ | ᠠᠮᠤᠷ ᠲᠦᠪᠰᠢᠨ ᠤ ᠤᠴᠢᠷ ᠶᠠᠪᠤᠳᠠᠯ ᠢ ᠠᠩᠬᠠᠷᠬᠤ ᠴᠢᠬᠤᠯᠠᠲᠠᠶ ᠪᠣᠶ︖ ᠳᠣᠣᠷ᠎ᠠ ᠪᠥᠬᠦ ᠰᠤᠷᠤᠯᠭ᠎ᠠ ᠶᠢᠨ | ᠬᠤᠭᠤᠴᠠᠭᠠᠨ ᠤ ᠵᠣᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ᠶᠢ ᠨᠡᠶᠢᠲᠡᠯᠡᠵᠦ᠂ | ᠨᠠᠶᠢᠷᠠᠭᠤᠯᠤᠭᠴᠢ ᠲᠠᠢ ᠬᠠᠮᠲᠤ ᠦᠵᠡᠶ᠎ᠡ — — | ᠬᠡᠦᠬᠡᠳ ᠤᠨ ᠴᠡᠴᠡᠷᠯᠢᠭ | ᠵᠤᠨ ᠤ ᠠᠮᠠᠷᠠᠯᠲᠠ ᠶᠢᠨ ᠠᠮᠤᠷ ᠲᠦᠪᠰᠢᠨ ᠤ ᠬᠠᠯᠠᠭᠤᠨ ᠳᠣᠲᠣᠨᠣ ᠰᠠᠨᠠᠭᠤᠯᠤᠮᠵᠢ | ■ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠵᠤ᠂ ᠬᠡᠦᠬᠡᠳ ᠢᠶᠠᠨ ᠴᠥᠭᠡᠨ | ᠳᠠᠭᠠᠭᠤᠯᠵᠤ ᠬᠥᠮᠦᠨ ᠠᠮᠠ ᠲᠥᠪᠯᠡᠷᠡᠭᠰᠡᠨ ᠭᠠᠵᠠᠷ ᠲᠤ ᠣᠴᠢᠵᠤ᠂ ᠱᠠᠭᠠᠷᠳᠠᠯᠭ᠎ᠠ ᠶᠣᠰᠣᠭᠠᠷ ᠰᠠᠶᠢᠲᠤᠷ ᠰᠡᠷᠭᠡᠶᠢᠯᠡᠨ | ᠬᠠᠮᠠᠭᠠᠯᠠᠵᠤ᠂ ᠭᠡᠷ ᠤᠨ ᠠᠬᠠᠮᠠᠳ ᠠᠯᠢ ᠴᠢᠳᠠᠬᠤ ᠪᠠᠷ ︽ᠡᠷᠬᠡᠪᠰᠢ ᠨᠡᠶᠢᠭᠡᠮ ᠤᠨ ᠬᠠᠷᠢᠯᠴᠠᠭ᠎ᠠ ᠠᠪᠬᠤ ᠦᠭᠡᠢ ᠳᠤ | ᠪᠤᠯᠪᠠᠯ ᠭᠠᠳᠠᠭᠰᠢ ᠭᠠᠷᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ | ■ ᠬᠡᠦᠬᠡᠳ ᠤᠨ ᠠᠷᠢᠭᠤᠨ ᠴᠡᠪᠡᠷ ᠢ ᠡᠷᠬᠢᠮᠯᠡᠬᠦ᠂ ᠭᠠᠷ ᠢ ᠨᠢ ᠰᠠᠶᠢᠲᠤᠷ ᠤᠬᠢᠶᠠᠬᠤ᠂ ᠬᠤᠪᠴᠠᠰᠤ ᠶᠢ ᠨᠢ | ᠰᠣᠯᠢᠬᠤ᠂ ᠠᠯᠴᠢᠭᠤᠷ᠂ ᠴᠣᠮᠣ ᠵᠡᠷᠭᠡ ᠠᠷᠢᠭᠤᠨ ᠴᠡᠪᠡᠷ ᠤᠨ ᠬᠡᠷᠡᠭᠰᠡᠯ ᠢ ᠬᠠᠮᠲᠤ ᠪᠠᠷ ᠬᠡᠷᠡᠭᠯᠡᠬᠦ ᠦᠭᠡᠢ᠂ | ᠳᠤᠷ᠎ᠠ ᠪᠠᠷ ᠢᠶᠠᠨ ᠭᠠᠷ ᠢᠶᠠᠷ ᠢᠶᠠᠨ ᠨᠢᠳᠦ ᠪᠠᠨ ᠨᠤᠬᠤᠯᠠᠬᠤ ᠦᠭᠡᠢ ᠪᠠᠶᠢᠬᠤ ᠶᠢ ᠬᠥᠲᠥᠯᠥᠨ ᠵᠢᠯᠣᠭᠤᠳᠤᠨ᠎ᠠ᠃ | ■ ᠬᠡᠷ ᠳᠣᠲᠣᠷᠠᠬᠢ ᠶᠢᠨ ᠠᠷᠢᠭᠤᠨ ᠴᠡᠪᠡᠷ᠂ ᠬᠠᠭᠤᠷᠠᠶ ᠪᠠᠶᠢᠬᠤ ᠶᠢ ᠪᠠᠲᠤᠯᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠰᠠᠯᠬᠢ ᠨᠡᠪᠲᠡᠷᠡᠭᠦᠯᠦᠨ ᠠᠭᠠᠷ ᠰᠣᠯᠢᠵᠤ᠂ ᠬᠡᠷ ᠤᠨ ᠭᠠᠳᠠᠨᠠᠬᠢ ᠠᠷᠢᠭᠤᠨ ᠴᠡᠪᠡᠷ ᠪᠤᠰᠤ᠂ | ᠠᠷᠢᠭᠤᠳᠬᠠᠭᠰᠠᠨ ᠥᠬᠡᠶ ᠡᠳ᠋ ᠪᠣᠳᠠᠰ ᠢ ᠬᠡᠷ ᠳᠣᠲᠣᠷ᠎ᠠ ᠳᠤᠷ᠎ᠠ ᠪᠠᠷ ᠢᠶᠠᠨ ᠠᠪᠴᠤ ᠣᠷᠣᠵᠤ ᠪᠣᠯᠬᠤ ᠥᠬᠡᠶ᠂ | ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠬᠡᠷᠡᠭᠲᠡᠢ᠃ | ■ ᠬᠡᠦᠬᠡᠳ ᠲᠤ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠢᠳᠡᠭᠡᠨ ᠤᠮᠳᠠᠭᠠᠨ ᠢ | ᠢᠳᠡᠭᠦᠯᠬᠦ ᠦᠭᠡᠢ᠂ ᠬᠥᠯᠳᠡᠭᠡᠭᠰᠡᠨ ᠢᠳᠡᠭᠡᠨ ᠤᠮᠳᠠᠭᠠᠨ ᠢ ᠪᠠᠭ᠎ᠠ ᠢᠳᠡᠭᠦᠯᠵᠦ᠂ ᠬᠡᠲᠦᠷᠡᠲᠡᠯ᠎ᠡ ᠢᠳᠡᠭᠦᠯᠵᠦ ᠪᠣᠯᠬᠤ | ᠦᠭᠡᠢ᠂ ᠳᠠᠪᠤᠰᠤ ᠶᠡᠬᠡᠲᠡᠶ᠂ ᠰᠢᠬᠢᠷ ᠶᠡᠬᠡᠲᠡᠶ᠂ ᠲᠣᠰᠣᠨ ᠳᠤ ᠪᠤᠴᠠᠯᠭᠠᠭᠰᠠᠨ᠂ ᠤᠲᠤᠭᠰᠠᠨ ᠢᠳᠡᠭᠡᠨ ᠢ ᠪᠠᠭ᠎ᠠ | ᠢᠳᠡᠭᠦᠯᠬᠦ ᠬᠡᠷᠡᠭᠲᠡᠶ᠃ | ■ ᠬᠡᠦᠬᠡᠳ ᠤᠨ ᠪᠡᠶ᠎ᠡ ᠮᠠᠬᠠᠪᠣᠳ ᠢᠶᠠᠨ ᠵᠣᠬᠢᠰᠲᠠᠶ ᠪᠣᠯᠪᠠᠰᠤᠷᠠᠭᠤᠯᠵᠤ᠂ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠤᠨ᠂ ᠣᠶᠣᠨ ᠰᠠᠨᠠᠭᠠᠨ ᠤ ᠰᠠᠶᠢᠨ ᠰᠠᠶᠢᠬᠠᠨ ᠪᠠᠶᠢᠳᠠᠯ ᠲᠠᠢ ᠪᠠᠶᠢᠯᠭᠠᠬᠤ ᠶᠢ ᠬᠥᠲᠥᠯᠥᠨ | ᠵᠢᠯᠣᠭᠤᠳᠤᠨ᠎ᠠ᠃ | ■ ᠬᠡᠦᠬᠡᠳ ᠢ ᠴᠠᠭ ᠢᠮᠠᠭᠲᠠ ᠭᠡᠷ ᠤᠨ ᠠᠬᠠᠮᠠᠳ ᠤᠨ ᠬᠠᠷᠠᠭ᠎ᠠ ᠪᠠ ᠬᠢᠨᠠᠨ ᠬᠠᠮᠢᠶᠠᠷᠬᠤ ᠬᠡᠪᠴᠢᠶᠡᠨ ᠳᠤ | ᠪᠠᠶᠢᠯᠭᠠᠬᠤ ᠬᠡᠷᠡᠭᠲᠡᠶ᠂ ᠬᠡᠦᠬᠡᠳ ᠢ ᠲᠤᠰᠠᠭᠠᠷ ᠨᠢ ᠥᠷᠥᠭᠡᠨ ᠳᠤ᠂ ᠲᠡᠷᠭᠡᠨ ᠳᠣᠲᠣᠷ᠎ᠠ ᠪᠠᠶᠢᠯᠭᠠᠵᠤ ᠪᠣᠯᠬᠤ ᠦᠭᠡᠢ᠂ | ᠨᠠᠰᠤᠨ ᠳᠤ ᠬᠦᠷᠦᠭᠰᠡᠳ ᠤᠨ ᠪᠠᠷ᠎ᠠ ᠪᠤᠯᠤᠯᠭ᠎ᠠ ᠦᠭᠡᠢ ᠪᠠᠷ ᠭᠠᠳᠠᠭᠰᠢ ᠭᠠᠷᠴᠤ ᠬᠥᠳᠡᠯᠭᠡᠭᠡᠨ ᠬᠢᠯᠭᠡᠵᠦ ᠪᠤᠯᠬᠤ | ᠦᠭᠡᠢ᠃ | ■ ᠬᠡᠦᠬᠡᠳ ᠢ ᠭᠠᠭᠴᠠᠭᠠᠷ ᠢᠶᠠᠨ ᠪᠤᠶᠤ ᠬᠠᠮᠲᠤ ᠪᠠᠷ ᠵᠠᠰᠠᠮᠠᠯ ᠵᠠᠮ ᠤᠨ ᠬᠠᠵᠠᠭᠤ᠂ ᠤᠰᠤᠨ ᠤ ᠬᠥᠪᠡᠭᠡ᠂ | ᠪᠠᠷᠢᠯᠭ᠎ᠠ ᠶᠢᠨ ᠭᠠᠵᠠᠷ ᠵᠡᠷᠭᠡ ᠠᠶᠤᠯᠲᠠᠶ ᠣᠷᠣᠨ ᠳᠤ ᠣᠴᠢᠭᠤᠯᠵᠤ ᠨᠠᠭᠠᠳᠤᠭᠤᠯᠬᠤ ᠦᠭᠡᠶ ᠪᠠᠶᠢᠵᠤ᠂ ᠵᠠᠮ | ᠬᠠᠷᠢᠯᠴᠠᠭ᠎ᠠ᠂ ᠤᠰᠤᠨ ᠳᠤ ᠵᠢᠪᠬᠦ ᠵᠡᠷᠭᠡ ᠠᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ | ■ ᠬᠡᠷ ᠪᠦᠯᠢ ᠶᠢᠨ ᠨᠠᠷᠠᠪᠴᠢ᠂ ᠲᠠᠪᠴᠠᠩ ᠵᠡᠷᠭᠡ ᠣᠷᠣᠨ ᠪᠦᠰᠡ ᠶᠢᠨ ᠠᠮᠤᠷ ᠲᠦᠪᠰᠢᠨ ᠤ | ᠬᠠᠮᠠᠭᠠᠯᠠᠯᠲᠠ ᠶᠢ ᠰᠠᠶᠢᠲᠤᠷ ᠬᠢᠨ᠎ᠠ᠃ ᠬᠡᠦᠬᠡᠳ ᠢᠶᠠᠨ ᠠᠰᠠᠷ ᠠᠴᠠ ᠳᠣᠣᠷ᠎ᠠ ᠲᠡᠶᠢᠰᠢ ᠶᠠᠭᠤᠮ᠎ᠠ ᠬᠠᠶᠠᠵᠤ ᠪᠣᠯᠬᠤ | ᠦᠭᠡᠢ᠂ ᠨᠠᠷᠠᠪᠴᠢ᠂ ᠡᠭᠦᠳᠡ ᠴᠣᠩᠬᠤ ᠪᠤᠶᠤ ᠪᠤᠰᠤᠳ ᠥᠨᠳᠥᠷ ᠭᠠᠵᠠᠷ ᠲᠤ ᠠᠪᠠᠷᠢᠵᠤ ᠪᠣᠯᠬᠤ ᠦᠭᠡᠢ᠂ | ᠣᠶᠢᠴᠢᠵᠤ ᠰᠢᠷᠬᠠᠲᠤᠬᠤ᠂ ᠤᠨᠠᠵᠤ ᠭᠡᠮᠲᠦᠬᠦ ᠠᠴᠠ ᠰᠡᠷᠭᠡᠶᠢᠯᠡᠬᠦ ᠬᠡᠷᠡᠭᠲᠡᠶ ᠭᠡᠵᠦ ᠰᠤᠷᠭᠠᠨ᠎ᠠ᠃ | ■ ᠬᠡᠷ ᠵᠠᠭᠤᠷ᠎ᠠ ᠶᠢᠨ ᠴᠠᠬᠢᠯᠭᠠᠨ ᠤᠲᠠᠰᠤ᠂ ᠰᠢᠲᠠᠮᠠᠬᠠᠶ ᠬᠡᠶ ᠶᠢᠨ ᠬᠤᠭᠤᠯᠠᠶ᠂ ᠴᠠᠬᠢᠯᠭᠠᠨ ᠬᠡᠷᠡᠭᠰᠡᠯ᠂ | ᠢᠷᠲᠦ ᠪᠠᠭᠠᠵᠢ ᠵᠢᠴᠢ ᠪᠤᠰᠤᠳ ᠪᠠᠭᠠᠵᠢ ᠬᠡᠷᠡᠭᠰᠡᠯ ᠤᠨ ᠠᠮᠤᠷ ᠲᠦᠪᠰᠢᠨ ᠢ ᠴᠠᠭ ᠲᠤᠬᠠᠶ ᠳᠤᠨᠢ ᠵᠢᠭᠰᠠᠭᠠᠨ | ᠪᠠᠶᠢᠴᠠᠭᠠᠵᠤ᠂ ᠴᠠᠬᠢᠯᠭᠠᠨ ᠳᠤ ᠴᠣᠬᠢᠭᠳᠠᠬᠤ᠂ ᠬᠠᠯᠠᠭᠠᠭᠳᠠᠨ ᠰᠢᠷᠬᠠᠲᠤᠬᠤ᠂ ᠨᠡᠭᠦᠷᠡᠰᠦᠨ ᠬᠡᠶ ᠳᠤ ᠬᠤᠤᠷᠳᠠᠭᠳᠠᠬᠤ᠂ | ᠪᠠᠭᠠᠵᠢ ᠬᠡᠷᠡᠭᠰᠡᠯ ᠤᠨ ᠭᠡᠮᠲᠦᠯ ᠵᠡᠷᠭᠡ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠃ | ■ ᠨᠣᠴᠣᠮᠠᠲᠠᠭᠠᠶ᠂ ᠳᠡᠯᠪᠡᠷᠡᠮᠡᠲᠡᠭᠡᠶ᠂ ᠬᠡᠮᠬᠡᠷᠡᠮᠡᠲᠡᠭᠡᠶ᠂ ᠬᠤᠣᠷᠲᠠᠢ᠂ ᠬᠤᠷᠴᠠ ᠪᠤᠶᠤ ᠬᠡᠦᠬᠡᠳ ᠤᠨ ᠪᠡᠶ᠎ᠡ | ᠰᠡᠳᠬᠢᠯ ᠳᠤ ᠮᠠᠭᠤ ᠨᠥᠯᠥᠭᠡ ᠲᠠᠢ ᠪᠤᠰᠤᠳ ᠲᠣᠭᠯᠠᠭᠠᠮ᠂ ᠡᠳ᠋ ᠪᠣᠳᠠᠰ ᠢ ᠰᠠᠶᠢᠲᠤᠷ ᠬᠠᠳᠠᠭᠠᠯᠠᠨ ᠬᠠᠮᠢᠶᠠᠷᠴᠤ᠂ | ᠬᠡᠦᠬᠡᠳ ᠢ ᠣᠶᠢᠷᠠᠲᠤᠭᠤᠯᠬᠤ ᠦᠭᠡᠢ ᠪᠠᠶᠢᠬᠤ ᠬᠡᠷᠡᠭᠲᠡᠶ᠃ ᠬᠡᠦᠬᠡᠳ ᠢ ᠳᠤᠷ᠎ᠠ ᠪᠠᠷ ᠢᠶᠠᠨ ᠶᠠᠭᠤᠮ᠎ᠠ ᠶᠢ ᠠᠮᠠ᠂ ᠴᠢᠬᠢ | ᠂ ᠬᠠᠮᠠᠷ᠂ ᠨᠢᠳᠦᠨ ᠳᠡᠭᠡᠨ ᠬᠢᠵᠦ ᠪᠣᠯᠬᠤ ᠦᠭᠡᠢ᠂ ᠳᠤᠷ᠎ᠠ ᠪᠠᠷ ᠢᠶᠠᠨ ᠲᠣᠯᠣᠭᠠᠶ ᠬᠦᠵᠦᠭᠦᠨ ᠳᠡᠭᠡᠨ ᠲᠣᠬᠤᠵᠤ | ᠪᠣᠯᠬᠤ ᠦᠭᠡᠢ ᠭᠡᠵᠦ ᠰᠤᠷᠭᠠᠨ᠎ᠠ᠃ | ■ ᠬᠡᠷ ᠤᠨ ᠡᠮ ᠲᠠᠩ ᠢᠶᠠᠨ ᠲᠣᠬᠢᠲᠠᠶ ᠰᠠᠶᠢᠬᠠᠨ ᠲᠠᠯᠪᠢᠵᠤ᠂ ᠬᠡᠤᠬᠡᠳ ᠢ ᠳᠤᠷ᠎ᠠ ᠪᠠᠷ ᠨᠢ ᠬᠦᠷᠦᠯᠴᠡᠭᠦᠯᠬᠦ | ᠥᠬᠡᠶ ᠪᠠᠶᠢᠬᠤ ᠬᠡᠷᠡᠭᠲᠡᠶ᠃ ᠬᠡᠦᠬᠡᠳ ᠢ ᠭᠠᠷ ᠤᠲᠠᠰᠤ ᠵᠡᠷᠭᠡ ᠡᠯᠧᠺᠳ᠋ᠷᠣᠨ ᠪᠦᠲᠦᠭᠡᠭᠳᠡᠬᠦᠨ ᠳᠤ | ᠰᠣᠭᠲᠣᠭᠤᠷᠠᠭᠤᠯᠬᠤ ᠦᠭᠡᠢ᠃ | ■ ᠬᠡᠦᠬᠡᠳ ᠢᠶᠠᠨ ᠨᠦᠬᠦᠳ ᠲᠠᠢ ᠪᠠᠨ ᠨᠥᠬᠦᠷᠰᠡᠭ ᠢᠶᠠᠷ ᠶᠠᠪᠤᠯᠴᠠᠵᠤ᠂ ᠬᠠᠨᠢ ᠬᠠᠮᠰᠠᠭᠠᠲᠠᠨ ᠢᠶᠠᠨ ᠮᠠᠭᠠᠵᠢᠬᠤ | ᠦᠭᠡᠢ᠂ ᠬᠠᠵᠠᠬᠤ ᠦᠭᠡᠢ᠂ ᠵᠣᠳᠣᠬᠤ ᠦᠭᠡᠢ ᠪᠠᠶᠢᠬᠤ ᠶᠢ ᠰᠤᠷᠭᠠᠨ᠎ᠠ᠃ ᠭᠠᠳᠠᠭᠰᠢ ᠭᠠᠷᠬᠤ ᠳᠠᠭᠠᠨ | ᠬᠡᠦᠬᠡᠳ ᠲᠠᠢ ᠪᠠᠨ ᠬᠠᠮᠲᠤ ᠵᠠᠮ ᠬᠠᠷᠢᠯᠴᠠᠭᠠᠨ ᠤ ᠳᠦᠷᠢᠮ᠂ ᠲᠡᠷᠭᠡᠨ ᠳᠤ ᠰᠠᠭᠤᠬᠤ ᠳᠦᠷᠢᠮ ᠢ ᠵᠢᠷᠤᠮᠯᠠᠵᠤ᠂ ᠵᠠᠮ | ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ ᠬᠡᠷᠡᠭᠲᠡᠶ᠃ ᠬᠡᠦᠬᠡᠳ ᠢᠶᠠᠨ ᠮᠤᠤᠷ᠂ ᠨᠣᠬᠠᠶ ᠮᠡᠲᠦ ᠶᠢᠨ ᠠᠮᠢᠲᠠᠨ ᠢ | ᠵᠤᠳᠤᠵᠤ ᠦᠳᠡᠭᠡᠵᠦ ᠪᠤᠯᠬᠤ ᠦᠭᠡᠶ ᠭᠡᠵᠦ ᠰᠤᠷᠭᠠᠨ᠎ᠠ᠃ | ■ ᠬᠡᠦᠬᠡᠳ ᠢᠶᠠᠨ ᠥᠪᠡᠷ ᠤᠨ ᠨᠢᠭᠤᠴᠠ ᠬᠡᠰᠡᠭ ᠢᠶᠠᠨ ᠪᠤᠰᠤᠳ ᠲᠤ ᠦᠵᠡᠭᠦᠯᠬᠦ ᠦᠭᠡᠢ᠂ ᠲᠡᠮᠲᠡᠷᠢᠭᠦᠯᠬᠦ | ᠦᠭᠡᠢ᠂ ᠰᠡᠭᠦᠳᠡᠷᠯᠡᠭᠦᠯᠬᠦ ᠦᠭᠡᠢ ᠪᠠᠶᠢᠬᠤ ᠶᠢ ᠰᠤᠷᠭᠠᠨ᠎ᠠ᠃ | ■ ᠬᠡᠦᠬᠡᠳ ᠢᠶᠠᠨ ᠲᠠᠨᠢᠬᠤ ᠦᠭᠡᠢ ᠬᠥᠮᠦᠨ ᠤ ᠢᠳᠡᠭᠡᠨ ᠤᠮᠳᠠᠭᠠᠨ᠂ ᠪᠡᠯᠡᠭ ᠰᠡᠯᠲᠡ ᠶᠢ ᠬᠦᠯᠢᠶᠡᠨ ᠠᠪᠬᠤ | ᠦᠭᠡᠢ᠂ ᠭᠡᠷ ᠪᠦᠯᠢ ᠶᠢᠨ ᠰᠤᠷᠠᠭ ᠴᠢᠮᠡᠭᠡ ᠶᠢ ᠲᠠᠨᠢᠬᠤ ᠦᠭᠡᠢ ᠬᠥᠮᠦᠨ ᠳᠤ ᠬᠡᠯᠡᠵᠦ ᠥᠭᠬᠦ ᠦᠭᠡᠢ᠂ ᠲᠠᠨᠢᠬᠤ | ᠦᠭᠡᠢ ᠬᠥᠮᠦᠨ ᠳᠤ ᠠᠯᠪᠠᠳᠠᠯᠭ᠎ᠠ ᠪᠠᠷ ᠠᠪᠠᠴᠢᠭᠳᠠᠬᠤ ᠦᠶ᠎ᠡ ᠳᠤ ᠶᠡᠭᠡ ᠳᠠᠭᠤᠨ ᠢᠶᠠᠷ ᠠᠪᠤᠷᠠᠯ ᠳᠠᠭᠤᠳᠠᠬᠤ ᠶᠢᠨ | ᠬᠠᠮᠲᠤ ᠣᠯᠠᠨ ᠬᠥᠮᠦᠨ ᠤ ᠪᠥᠭᠡᠮᠨᠡᠷᠡᠯ ᠤᠨ ᠭᠠᠵᠠᠷ ᠣᠴᠢᠵᠤ᠂ ᠭᠡᠷ ᠤᠨ ᠬᠥᠮᠦᠰ ᠲᠠᠢ ᠪᠠᠨ ᠰᠠᠯᠵᠤ ᠪᠤᠳᠠᠷᠠᠬᠤ | ᠦᠶ᠎ᠡ ᠳᠤ ᠤᠭ ᠣᠷᠣᠨ ᠳᠠᠭᠠᠨ ᠦᠯᠡᠳᠡᠬᠦ ᠪᠤᠶᠤ ᠴᠠᠭᠳᠠᠭ᠎ᠠ ᠠᠴᠠ ᠲᠤᠰᠠᠯᠠᠮᠵᠢ ᠭᠤᠶᠤᠬᠤ ᠬᠡᠷᠡᠭᠲᠡᠶ ᠭᠡᠵᠦ | ᠰᠤᠷᠭᠠᠨ᠎ᠠ᠃ | ■ ᠬᠡᠦᠬᠡᠳ ᠲᠤ ᠢᠶᠠᠨ ᠥᠪᠡᠷ ᠤᠨ ᠣᠪᠣᠭ ᠨᠡᠷ᠎ᠡ᠂ ᠴᠡᠴᠡᠷᠯᠢᠭ ᠤᠨ ᠨᠡᠷ᠎ᠡ᠂ ᠭᠡᠷ ᠤᠨ ᠬᠠᠶ᠋ᠢᠭ ᠵᠢᠴᠢ | ᠭᠡᠷ ᠤᠨ ᠠᠬᠠᠮᠠᠳ ᠤᠨ ᠣᠪᠣᠭ ᠨᠡᠷ᠎ᠡ᠂ ᠤᠲᠠᠰᠤ᠂ ᠪᠠᠶᠢᠭᠤᠯᠭ᠎ᠠ ᠶᠢ ᠰᠠᠶᠢᠨ ᠮᠡᠳᠡᠭᠦᠯᠵᠦ᠂ ᠰᠠᠨᠠᠭᠠᠨ ᠳᠤ ᠦᠭᠡᠢ | ᠶᠠᠪᠤᠳᠠᠯ ᠲᠣᠬᠢᠶᠠᠯᠳᠤᠪᠠᠯ ᠲᠤᠰᠠᠯᠠᠮᠵᠢ ᠭᠤᠶᠤᠵᠤ᠂ ᠲᠣᠳᠣᠷᠬᠠᠶ ᠢᠯᠡᠳᠬᠡᠵᠦ ᠴᠢᠳᠠᠬᠤ ᠪᠣᠯᠭᠠᠨ᠎ᠠ᠃ | ᠳᠤᠮᠳᠠᠳᠤ ᠪᠠᠭ᠎ᠠ ᠰᠤᠷᠭᠠᠭᠤᠯᠢ | ᠵᠤᠨ ᠤ ᠠᠮᠠᠷᠠᠯᠲᠠ ᠶᠢᠨ ᠠᠮᠤᠷ ᠲᠦᠪᠰᠢᠨ ᠤ ᠬᠠᠯᠠᠭᠤᠨ ᠳᠣᠲᠣᠨᠣ ᠰᠠᠨᠠᠭᠤᠯᠤᠮᠵᠢ | ᠨᠢᠭᠡ᠂ ᠬᠢᠵᠢᠭ ᠢ ᠰᠡᠷᠭᠡᠶᠢᠯᠡᠬᠦ ᠡᠷᠡᠭᠦᠯ ᠬᠠᠮᠠᠭᠠᠯᠠᠯ ᠤᠨ ᠠᠮᠤᠷ ᠲᠦᠪᠰᠢᠨ | ■ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ | ᠮᠡᠳᠡᠯᠭᠡ ᠶᠢ ᠠᠩᠬᠠᠷᠴᠤ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠢ | ᠤᠬᠠᠮᠰᠠᠷ ᠠᠴᠠ ᠪᠠᠨ ᠵᠢᠷᠤᠮᠯᠠᠵᠤ᠂ ᠬᠠᠯᠳᠠᠪᠤᠷᠢᠲᠤ ᠡᠪᠡᠳᠴᠢᠨ ᠵᠢᠴᠢ ᠵᠤᠨ ᠤ ᠠᠮᠠᠷᠠᠯᠲᠠ ᠶᠢᠨ ᠬᠤᠭᠤᠴᠠᠭᠠᠨ ᠳᠤ | ᠨᠠᠷᠠᠰᠢᠬᠤ᠂ ᠬᠤᠣᠷᠳᠠᠭᠳᠠᠬᠤ ᠶᠢ ᠤᠷᠢᠳᠴᠢᠯᠠᠨ ᠰᠡᠷᠭᠡᠶᠢᠯᠡᠵᠦ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ | ᠬᠢᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠨ᠎ᠠ᠃ | ■ ᠬᠤᠪᠢ ᠬᠥᠮᠦᠨ ᠤ ᠠᠷᠢᠭᠤᠨ ᠴᠡᠪᠡᠷ ᠢ ᠡᠷᠬᠢᠮᠯᠡᠵᠦ᠂ ᠭᠠᠷ ᠢᠶᠠᠨ ᠰᠠᠶᠢᠨ ᠤᠬᠢᠶᠠᠵᠤ᠂ ᠬᠢᠮᠤᠰᠤ ᠪᠠᠨ | ᠰᠠᠶᠢᠨ ᠬᠠᠶᠢᠴᠢᠯᠠᠵᠤ᠂ ᠬᠤᠪᠴᠠᠰᠤ ᠪᠠᠨ ᠦᠷᠭᠦᠯᠵᠢ ᠰᠣᠯᠢᠵᠤ᠂ ᠠᠯᠴᠢᠭᠤᠷ᠂ ᠴᠣᠮᠣ ᠵᠡᠷᠭᠡ ᠠᠷᠢᠭᠤᠨ ᠴᠡᠪᠡᠷ ᠤᠨ | ᠬᠡᠷᠡᠭᠰᠡᠯ ᠢ ᠬᠠᠮᠲᠤ ᠬᠡᠷᠡᠭᠯᠡᠬᠦ ᠦᠭᠡᠶ᠂ ᠳᠤᠷ᠎ᠠ ᠪᠠᠷ ᠢᠶᠠᠨ ᠭᠠᠷ ᠢᠶᠠᠷ ᠢᠶᠠᠨ ᠨᠢᠳᠦ ᠪᠠᠨ ᠨᠤᠬᠤᠯᠠᠵᠤ ᠪᠣᠯᠬᠤ ᠦᠭᠡᠶ᠃ | ■ ᠬᠡᠷ ᠳᠣᠲᠣᠷᠠᠬᠢ ᠶᠢᠨ ᠠᠷᠢᠭᠤᠨ ᠴᠡᠪᠡᠷ᠂ ᠬᠠᠭᠤᠷᠠᠶ ᠪᠠᠶᠢᠬᠤ ᠶᠢ ᠪᠠᠲᠤᠯᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠰᠠᠯᠬᠢ ᠨᠡᠪᠲᠡᠷᠡᠭᠦᠯᠦᠨ ᠠᠭᠠᠷ ᠰᠣᠯᠢᠵᠤ᠂ ᠬᠡᠷ ᠤᠨ ᠭᠠᠳᠠᠨᠠᠬᠢ ᠠᠷᠢᠭᠤᠨ ᠴᠡᠪᠡᠷ ᠪᠤᠰᠤ᠂ | ᠠᠷᠢᠭᠤᠳᠬᠠᠭᠰᠠᠨ ᠥᠬᠡᠶ ᠡᠳ᠋ ᠪᠣᠳᠠᠰ ᠢ ᠬᠡᠷ ᠳᠣᠲᠣᠷ᠎ᠠ ᠳᠤᠷ᠎ᠠ ᠪᠠᠷ ᠢᠶᠠᠨ ᠠᠪᠴᠤ ᠣᠷᠣᠵᠤ ᠪᠣᠯᠬᠤ ᠥᠬᠡᠶ᠂ | ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠬᠡᠷᠡᠭᠲᠡᠢ᠃ | ■ ︽ᠭᠤᠷᠪᠠ ᠦᠭᠡᠶ︾ ᠢᠳᠡᠭᠡᠨ ᠢ ᠢᠳᠡᠬᠦ ᠦᠭᠡᠶ᠂ ᠤᠬᠢᠶᠠᠵᠤ ᠴᠡᠪᠡᠷᠯᠡᠭᠰᠡᠨ ᠦᠭᠡᠶ ᠢᠳᠡᠭᠡᠨ ᠢ ᠢᠳᠡᠬᠦ | ᠦᠭᠡᠶ᠂ ᠲᠦᠭᠦᠬᠡᠶ ᠤᠰᠤ ᠤᠤᠭᠤᠬᠤ ᠦᠭᠡᠶ᠂ ᠳᠠᠪᠤᠰᠤ ᠶᠡᠬᠡᠲᠡᠶ᠂ ᠰᠢᠬᠢᠷ ᠶᠡᠬᠡᠲᠡᠶ᠂ ᠲᠣᠰᠣᠨ ᠳᠤ | ᠪᠤᠴᠠᠯᠭᠠᠭᠰᠠᠨ᠂ ᠤᠲᠤᠮᠠᠯ ᠢᠳᠡᠭᠡᠨ ᠢ ᠪᠠᠭ᠎ᠠ ᠢᠳᠡᠬᠦ ᠬᠡᠷᠡᠭᠲᠡᠶ᠃ | ■ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠵᠣᠬᠢᠰᠲᠠᠶ ᠬᠢᠵᠦ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠤᠨ᠂ | ᠤᠶᠤᠨ ᠴᠢᠳᠠᠯ ᠢᠶᠠᠨ ᠭᠦᠢᠴᠡᠳ ᠰᠠᠶᠢᠨ ᠪᠠᠶᠢᠯᠭᠠᠨ᠎ᠠ᠃ | ᠬᠤᠶᠠᠷ᠂ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ | ■ ᠭᠤᠣᠯ ᠤᠨ ᠬᠥᠪᠡᠭᠡ᠂ ᠪᠠᠷᠢᠯᠭ᠎ᠠ ᠶᠢᠨ ᠭᠠᠵᠠᠷ ᠤᠨ ᠤᠰᠤᠨ ᠨᠦᠭᠡ ᠵᠡᠷᠭᠡ ᠭᠠᠵᠠᠷ ᠲᠤ ᠨᠠᠭᠠᠳᠴᠤ | ᠪᠣᠯᠬᠤ ᠦᠭᠡᠢ᠃ | ■ ᠭᠤᠣᠯ ᠤᠨ ᠵᠠᠮ ᠵᠡᠷᠭᠡ ᠤᠰᠤᠨ ᠣᠷᠣᠨ ᠳᠤ ᠤᠨᠠᠭᠰᠠᠨ ᠶᠠᠭᠤᠮ᠎ᠠ ᠶᠢ ᠲᠡᠭᠦᠵᠦ ᠠᠪᠬᠤ ᠦᠭᠡᠢ᠂ | ᠭᠤᠣᠯ ᠤᠨ ᠵᠠᠮ ᠤᠨ ᠬᠠᠵᠠᠭᠤ ᠳᠤ ᠶᠠᠭᠤᠮ᠎ᠠ ᠤᠬᠢᠶᠠᠬᠤ ᠦᠭᠡᠢ᠂ ᠤᠰᠤᠨ ᠡᠪᠡᠰᠦ᠂ ᠵᠢᠭᠠᠰᠤ ᠰᠠᠮ ᠬᠤᠷᠣᠬᠠᠶ᠂ | ᠮᠡᠯᠡᠬᠡᠶ ᠵᠡᠷᠭᠡ ᠶᠢ ᠪᠠᠷᠢᠬᠤ ᠦᠭᠡᠢ᠃ | ■ ᠳᠤᠷ᠎ᠠ ᠪᠠᠷ ᠢᠶᠠᠨ ᠤᠰᠤᠨ ᠳᠤ ᠤᠮᠪᠠᠵᠤ ᠪᠣᠯᠬᠤ ᠥᠬᠡᠶ᠂ ᠳᠤᠷ᠎ᠠ ᠪᠠᠷ ᠢᠶᠠᠨ ᠪᠤᠰᠤᠳ ᠲᠠᠢ ᠬᠠᠨᠢᠯᠠᠨ | ᠤᠮᠪᠠᠵᠤ ᠪᠣᠯᠬᠤ ᠥᠬᠡᠶ᠂ ᠬᠡᠷ ᠤᠨ ᠠᠬᠠᠮᠠᠳ ᠪᠤᠶᠤ ᠪᠠᠭᠰᠢ ᠶᠢᠨ ᠳᠠᠭᠠᠭᠤᠯᠭ᠎ᠠ ᠥᠬᠡᠶ ᠪᠠᠶᠢᠳᠠᠯ ᠳᠣᠤᠷ᠎ᠠ ᠤᠮᠪᠠᠵᠤ | ᠪᠣᠯᠬᠤ ᠥᠬᠡᠶ᠃ | ■ ᠠᠶᠤᠯᠭᠦᠶ ᠶᠢᠨ ᠲᠥᠬᠦᠭᠡᠷᠦᠮᠵᠢ ᠤᠢᠭᠡᠢ᠂ ᠠᠪᠤᠷᠠᠨ ᠲᠤᠰᠠᠯᠠᠬᠤ ᠠᠵᠢᠯᠳᠡᠠ ᠤᠢᠭᠡᠢ ᠤᠰᠦᠠ ᠣᠷᠣᠨ ᠳᠤ | ᠣᠴᠢᠵᠤ ᠤᠮᠪᠠᠭ᠋ᠤ ᠤᠢᠭᠡᠢ᠂ ᠰᠡᠶᠢᠠ ᠮᠡᠳᠡᠬᠦ ᠤᠢᠭᠡᠢ ᠤᠰᠦᠠ ᠣᠷᠣᠨ ᠳᠤ ᠣᠴᠢᠵᠤ ᠤᠮᠪᠠᠭ᠋ᠤ ᠤᠢᠭᠡᠢ᠃ | ■ ᠬᠠᠨᠢ ᠨᠥᠬᠦᠳ ᠨᠢ ᠤᠰᠤᠨ ᠳᠤ ᠴᠠᠴᠠᠭᠰᠠᠨ ᠢ ᠣᠯᠵᠤ ᠮᠡᠳᠡᠪᠡᠯ ᠲᠡᠷᠡ ᠳᠠᠷᠤᠶ ᠳᠤᠨᠢ ᠨᠠᠰᠤᠨ ᠳᠤ | ᠭᠦᠷᠦᠭᠰᠡᠳ ᠤᠨ ᠬᠠᠪᠰᠤᠷᠤᠯᠭ᠎ᠠ ᠶᠢ ᠡᠷᠢᠵᠦ᠂ ᠭᠠᠷ ᠭᠠᠷ ᠢᠶᠠᠨ ᠬᠤᠯᠪᠣᠯᠴᠠᠨ ᠰᠣᠬᠤᠷ ᠪᠠᠯᠠᠶ ᠪᠠᠷ ᠠᠪᠤᠷᠠᠯᠳᠠ ᠬᠢᠬᠦ | ᠥᠬᠡᠶ᠂ ᠤᠬᠠᠭᠠᠯᠢᠭ ᠢᠶᠠᠷ ᠠᠪᠤᠷᠠᠯᠳᠠ ᠬᠢᠬᠦ ᠬᠡᠷᠡᠭᠲᠡᠶ᠃ | ᠭᠤᠷᠪᠠ᠂ ᠰᠡᠳᠬᠢᠴᠡ ᠶᠢᠨ ᠡᠷᠡᠭᠦᠯ ᠮᠡᠨᠳᠦ ᠶᠢᠨ ᠠᠮᠤᠷ ᠲᠦᠪᠰᠢᠨ | ■ ᠠᠰᠪᠤᠷ ᠴᠠᠭᠠᠪᠤᠷ᠂ ᠢᠳᠡᠪᠬᠢᠲᠡᠶ ᠪᠠᠶᠠᠰᠤᠩᠭᠤᠶ ᠪᠠᠶᠢᠵᠤ᠂ ᠪᠠᠭᠰᠢ᠂ ᠠᠪᠤ ᠡᠵᠢ᠂ ᠬᠠᠮᠲᠤ ᠰᠣᠷᠣᠭᠴᠢ | ᠵᠢᠴᠢ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠢᠯᠡᠭᠦᠬᠡᠨ ᠰᠠᠨᠠᠯ ᠢᠶᠠᠨ ᠰᠣᠯᠢᠯᠴᠠᠨ᠎ᠠ᠃ | ■ ᠡᠷᠡᠭᠦᠯ ᠴᠢᠭᠢᠷᠠᠭ᠂ ᠠᠮᠢᠳᠤ ᠴᠣᠪᠣᠭᠤᠯᠢᠭ ᠬᠠᠮᠲᠤ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠬᠤ | ᠬᠡᠷᠡᠭᠲᠡᠶ᠃ ᠨᠡᠶᠢᠭᠡᠮ ᠤᠨ ᠬᠠᠪᠰᠤᠷᠤᠨ ᠵᠢᠯᠣᠭᠤᠳᠬᠤ ᠳᠤ ᠰᠣᠬᠤᠷ ᠪᠠᠯᠠᠶ ᠪᠠᠷ ᠣᠷᠣᠯᠴᠠᠬᠤ ᠥᠬᠡᠶ᠂ ᠬᠢᠷᠢ ᠴᠢᠳᠠᠮᠵᠢ | ᠥᠬᠡᠶ ᠨᠡᠶᠢᠭᠡᠮ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠣᠯᠪᠠᠰᠤᠷᠠᠭᠤᠯᠤᠯ ᠳᠤ ᠣᠷᠣᠯᠴᠠᠬᠤ ᠥᠬᠡᠶ᠃ | ■ ᠠᠰᠠᠭᠤᠳᠠᠯ ᠲᠤᠯᠭᠠᠷᠠᠪᠠᠯ ᠴᠢᠳᠠᠯ ᠤᠨ ᠬᠢᠷᠢ ᠪᠠᠷ ᠢᠶᠠᠨ ᠥᠪᠡᠷ ᠢᠶᠠᠨ ᠰᠢᠶ᠋ᠳᠪᠦᠷᠢᠯᠡᠬᠦ ᠶᠢᠨ ᠬᠠᠮᠲᠤ | ᠪᠤᠰᠤᠳ ᠢᠶᠠᠷ ᠬᠠᠪᠰᠤᠷᠤᠭᠤᠯᠤᠨ ᠰᠢᠶ᠋ᠳᠪᠦᠷᠢᠯᠡᠭᠦᠯᠬᠦ ᠶᠢ ᠰᠤᠷᠴᠤ᠂ ᠨᠤᠭᠤᠷᠠᠯ ᠪᠦᠳᠦᠷᠢᠯ ᠳᠤ ᠤᠴᠠᠷᠠᠪᠠᠯ ᠵᠣᠷᠢᠭ | ᠮᠣᠬᠤᠬᠤ ᠦᠭᠡᠢ᠂ ᠢᠲᠡᠭᠡᠯ ᠵᠣᠷᠢᠭ ᠲᠠᠢ ᠪᠣᠯᠬᠤ ᠬᠡᠷᠡᠭᠲᠡᠶ᠃ | ■ ᠪᠤᠰᠤᠳ ᠢ ᠳᠠᠷᠤᠯᠠᠬᠤ ᠦᠭᠡᠢ᠂ ᠬᠡᠷᠡᠭᠦᠯ ᠵᠣᠳᠣᠭᠠᠨ ᠬᠢᠬᠦ ᠦᠭᠡᠢ᠂ ᠠᠷᠢᠬᠢ ᠲᠠᠮᠠᠬᠢᠨ ᠳᠤ ᠰᠢᠨᠤᠬᠤ | ᠦᠭᠡᠢ᠂ ᠫᠠᠢ ᠨᠠᠭᠠᠳᠬᠤ ᠦᠭᠡᠢ᠂ ᠬᠤᠣᠷ ᠲᠠᠲᠠᠬᠤ ᠦᠭᠡᠢ᠃ | ■ ᠰᠦᠯᠵᠢᠶᠡᠨ ᠤ ᠮᠡᠳᠡᠭᠡ ᠵᠠᠩᠭᠢ ᠶᠢ ᠠᠮᠠᠷᠬᠠᠨ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ | ᠮᠤᠬᠤᠷ ᠪᠢᠰᠢᠷᠡᠯ᠂ ᠭᠠᠵᠢᠭᠤ ᠨᠣᠮᠯᠠᠯ᠂ ᠳᠠᠮᠵᠢᠭᠤᠯᠤᠨ ᠪᠣᠷᠣᠯᠠᠭᠤᠯᠬᠤ ᠵᠡᠷᠭᠡ ᠬᠠᠤᠯᠢ ᠪᠤᠰᠤ ᠠᠵᠢᠯᠯᠠᠭ᠎ᠠ ᠳᠤ | ᠣᠷᠣᠯᠴᠠᠬᠤ ᠦᠭᠡᠢ᠃ | ᠳᠥᠷᠪᠡ᠂ ᠵᠠᠮ ᠬᠠᠷᠢᠯᠴᠠᠭᠠᠨ ᠤ ᠠᠮᠤᠷ ᠲᠦᠪᠰᠢᠨ | ■ ᠵᠠᠰᠠᠮᠠᠯ ᠵᠠᠮ ᠢᠶᠠᠷ ᠥᠩᠭᠡᠷᠡᠬᠦ ᠳᠤ ᠡᠷᠢᠶᠡᠨ ᠱᠤᠭᠤᠮ᠂ ᠬᠥᠭᠦᠷᠭᠡ ᠪᠤᠶᠤ ᠭᠠᠵᠠᠷ ᠳᠣᠤᠷᠠᠬᠢ ᠵᠠᠮ ᠢᠶᠠᠷ | ᠶᠠᠪᠤᠵᠤ᠂ ᠤᠯᠠᠭᠠᠨ ᠳ᠋ᠧᠩ ᠢ ᠵᠥᠷᠢᠴᠡᠬᠦ ᠥᠬᠡᠶ᠂ ᠲᠤᠰᠠᠭᠠᠷᠯᠠᠬᠤ ᠬᠡᠷᠡᠰᠬᠡ ᠶᠢ ᠳᠠᠪᠠᠭ᠋ᠤ ᠥᠬᠡᠶ᠃ ᠶᠠᠪᠠᠭᠠᠨ | ᠬᠥᠮᠦᠨ ᠤ ᠵᠠᠮ ᠢᠶᠠᠷ ᠶᠠᠪᠤᠬᠤ ᠶᠢ ᠠᠩᠬᠠᠷᠴᠤ᠂ ᠪᠠᠷᠠᠭᠤᠨ ᠭᠠᠷ ᠢᠶᠠᠨ ᠳᠠᠭᠠᠵᠤ ᠶᠠᠪᠤᠨ᠎ᠠ᠃ | ■ ᠪᠦᠬᠦᠯᠢ 12 ᠨᠠᠰᠤ ᠬᠦᠷᠦᠭᠡᠳᠦᠶ ᠪᠠᠷ ᠳᠤᠭᠤᠶ ᠲᠡᠷᠭᠡ ᠤᠨᠤᠬᠤ ᠦᠭᠡᠶ᠂ ᠪᠦᠬᠦᠯᠢ 16 ᠨᠠᠰᠤ | ᠬᠦᠷᠦᠭᠡᠳᠦᠶ ᠪᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠤᠨᠤᠬᠤ ᠦᠭᠡᠶ᠃ | ■ ᠵᠠᠰᠠᠮᠠᠯ ᠵᠠᠮ ᠳᠡᠭᠡᠷ᠎ᠡ ᠵᠣᠭᠰᠣᠵᠤ ᠪᠠᠶᠢᠭ᠎ᠠ ᠲᠡᠷᠭᠡᠨ ᠤ ᠡᠷᠬᠢᠨ ᠲᠣᠭᠤᠷᠢᠨ ᠳᠤ ᠨᠠᠭᠠᠳᠬᠤ ᠥᠬᠡᠶ᠂ | ᠠᠯᠬᠤᠬᠤ ᠪᠤᠶᠤ ᠳᠤᠭᠤᠶ ᠤᠨᠤᠬᠤ ᠳᠠᠭᠠᠨ ᠭᠠᠷ ᠤᠲᠠᠰᠤ ᠦᠵᠡᠬᠦ ᠥᠬᠡᠶ᠂ ᠳᠠᠭᠤᠤ ᠬᠥᠭᠵᠢᠮ ᠰᠣᠨᠣᠰᠬᠤ ᠥᠬᠡᠶ᠂ | ᠮᠠᠰᠢᠨ ᠲᠡᠷᠭᠡᠨ ᠤ ᠵᠠᠮ ᠳᠤ ᠳᠤᠭᠤᠶ ᠤᠨᠤᠬᠤ ᠥᠬᠡᠶ᠃ | ■ ᠠᠶᠠᠨᠴᠢᠳ ᠤᠨ ᠲᠡᠭᠡᠭᠡᠪᠦᠷᠢ ᠶᠢᠨ ᠬᠢᠷᠢ ᠬᠡᠮ ᠥᠬᠡᠶ ᠲᠡᠷᠭᠡ ᠬᠥᠰᠬᠡ ︵ᠵᠢᠱᠢᠶᠡᠯᠡᠪᠡᠯ ᠲᠠᠷᠢᠶᠠᠯᠠᠩ ᠳᠤ | ᠬᠡᠷᠡᠭᠯᠡᠬᠦ ᠲᠡᠷᠭᠡ᠂ ᠭᠤᠷᠪᠠᠨ ᠬᠦᠷᠳᠦᠲᠦ ᠲᠡᠷᠭᠡ ᠵᠡᠷᠭᠡ︶ ᠳᠤ ᠰᠠᠭᠤᠬᠤ ᠥᠬᠡᠶ᠂ ᠬᠤᠷᠳᠤᠴᠠ ᠬᠡᠲᠦᠷᠡᠭᠰᠡᠨ᠂ | ᠠᠴᠢᠶ᠎ᠠ ᠠᠴᠠ ᠬᠡᠲᠦᠷᠡᠭᠰᠡᠨ᠂ ᠠᠷᠢᠬᠢ ᠤᠤᠭᠤᠵᠤ ᠲᠡᠷᠭᠡ ᠵᠢᠯᠣᠭᠤᠳᠤᠭᠰᠠᠨ᠂ ᠬᠤᠤᠷ ᠲᠠᠳᠠᠵᠤ ᠲᠡᠷᠭᠡ | ᠵᠢᠯᠣᠭᠤᠳᠤᠭᠰᠠᠨ᠂ ᠶᠠᠳᠠᠷᠠᠭ᠎ᠠ ᠲᠠᠢ ᠪᠠᠷ ᠲᠡᠷᠭᠡ ᠵᠢᠯᠣᠭᠤᠳᠤᠭᠰᠠᠨ ᠲᠡᠷᠭᠡᠨ ᠳᠤ ᠰᠠᠭᠤᠬᠤ ᠥᠬᠡᠶ ᠪᠠᠶᠢᠪᠠᠯ᠂ ᠣᠯᠵᠤ | ᠮᠡᠳᠡᠪᠡᠯ ᠳᠠᠷᠦ᠋ᠢᠬᠠᠨ ᠴᠠᠭᠳᠠᠭ᠎ᠠ ᠳᠤ ᠮᠡᠳᠡᠭᠦᠯᠬᠦ ᠬᠡᠷᠡᠭᠲᠡᠶ᠃ | ■ ᠠᠭᠠᠳᠠᠷ ᠪᠣᠷᠣᠭᠠᠨ᠂ ᠠᠶᠤᠩᠭ᠎ᠠ ᠴᠠᠬᠢᠯᠭᠠᠨ ᠵᠡᠷᠭᠡ ᠴᠠᠭ ᠠᠭᠤᠷ ᠤᠨ ᠣᠷᠴᠢᠨ ᠲᠣᠭᠤᠷᠢᠨ ᠪᠠ ᠰᠢᠪᠠᠷ | ᠴᠢᠯᠠᠭᠤᠨ ᠤ ᠤᠷᠤᠰᠬᠠᠯ ᠠᠮᠠᠷᠬᠠᠨ ᠡᠭᠦᠰᠬᠦ᠂ ᠶᠡᠭᠦᠷᠡᠬᠦ᠂ ᠨᠤᠷᠠᠬᠤ ᠵᠡᠷᠭᠡ ᠭᠠᠵᠠᠷ ᠤᠨ ᠭᠠᠶ ᠭᠠᠮᠰᠢᠭ ᠤᠨ ᠣᠷᠴᠢᠨ | ᠲᠣᠭᠤᠷᠢᠨ ᠳᠤ ᠰᠠᠭᠠᠲᠠᠬᠤ ᠪᠤᠶᠤ ᠨᠠᠭᠠᠳᠬᠤ ᠥᠬᠡᠶ ᠪᠠᠶᠢᠬᠤ ᠬᠡᠷᠡᠭᠲᠡᠶ᠃ | ᠲᠠᠪᠤ᠂ ᠭᠠᠳᠠᠭᠰᠢ ᠭᠠᠷᠴᠤ ᠠᠵᠢᠯᠯᠠᠭ᠎ᠠ ᠬᠢᠬᠦ ᠶᠢᠨ ᠠᠮᠤᠷ ᠲᠦᠪᠰᠢᠨ | ■ ᠴᠣᠩᠬᠤ᠂ ᠨᠠᠷᠠᠪᠴᠢᠨ ᠳᠡᠭᠡᠷ᠎ᠡ ᠨᠠᠭᠠᠳᠬᠤ ᠥᠬᠡᠶ᠂ ᠬᠠᠰᠢᠯᠭ᠎ᠠ ᠥᠬᠡᠶ ᠲᠠᠪᠴᠠᠩ ᠳᠤ ᠨᠠᠭᠠᠳᠬᠤ ᠥᠬᠡᠶ | ᠂ ᠬᠠᠰᠢᠯᠭ᠎ᠠ ᠥᠬᠡᠶ ᠲᠥᠬᠦᠭᠡᠷᠦᠮᠵᠢ ᠳᠤ ᠰᠢᠬᠠᠯᠳᠤᠬᠤ ᠥᠬᠡᠶ᠂ ᠠᠪᠠᠷᠢᠬᠤ ᠥᠬᠡᠶ᠃ | ■ ᠣᠯᠠᠨ ᠨᠡᠶᠢᠲᠡ ᠶᠢᠨ ᠲᠠᠯᠠᠪᠤᠷ ᠤᠨ ᠭᠠᠷᠬᠤ ᠡᠭᠦᠳᠡ᠂ ᠠᠰᠠᠷ ᠤᠨ ᠬᠤᠩᠭᠢᠯ ᠢᠶᠠᠷ ᠠᠭᠠᠵᠢᠮ ᠶᠠᠪᠤᠬᠤ | ᠬᠡᠷᠡᠭᠲᠡᠶ᠂ ᠰᠢᠬᠠᠯᠳᠤᠬᠤ ᠥᠬᠡᠶ᠂ ᠵᠠᠮ ᠨᠡᠪᠲᠡᠷᠡᠯᠭᠡ ᠶᠢᠨ ᠡᠮᠬᠢ ᠳᠢᠭᠯᠢᠮ ᠢ ᠡᠷᠬᠢᠮᠯᠡᠵᠦ᠂ ᠰᠢᠬᠠᠯᠳᠤᠬᠤ | ᠲᠠᠯᠠᠪᠤᠷ ᠠᠴᠠ ᠬᠤᠯᠠ ᠪᠠᠶᠢᠵᠤ᠂ ᠰᠢᠬᠠᠯᠳᠤᠨ ᠭᠢᠰᠬᠢᠯᠡᠬᠦ ᠠᠴᠠ ᠵᠠᠶᠢᠯᠠᠰᠬᠢᠬᠦ ᠬᠡᠷᠡᠭᠲᠡᠶ᠃ | ■ ᠠᠶᠤᠯ ᠤᠨ ᠲᠡᠮᠳᠡᠭ ᠲᠠᠯᠪᠢᠭᠰᠠᠨ ᠭᠠᠵᠠᠷ ᠲᠤ ᠵᠣᠭᠰᠣᠵᠤ ᠪᠣᠯᠬᠤ ᠦᠭᠡᠢ᠂ ᠪᠠᠷᠢᠯᠭ᠎ᠠ ᠶᠢᠨ ᠭᠠᠵᠠᠷ᠂ | ᠲᠣᠭᠤᠷᠢᠯᠲᠠ ᠶᠢᠨ ᠵᠠᠮ᠂ ᠥᠨᠳᠥᠷ ᠬᠦᠴᠦᠳᠡᠯᠲᠦ ᠴᠠᠬᠢᠯᠭᠠᠨ ᠤᠲᠠᠰᠤ ᠵᠡᠷᠭᠡ ᠠᠶᠤᠯ ᠲᠠᠢ ᠭᠠᠵᠠᠷ ᠲᠤ ᠨᠠᠭᠠᠳᠴᠤ | ᠪᠣᠯᠬᠤ ᠦᠭᠡᠢ᠃ | ■ ᠱᠠᠯᠢᠭ ᠵᠠᠪᠬᠠᠶ᠂ ᠬᠦᠴᠦᠷᠬᠡᠭᠯᠡᠯ ᠵᠡᠷᠭᠡ ᠡᠷᠡᠭᠦᠯ ᠪᠤᠰᠤ ᠲᠣᠭᠯᠠᠭᠠᠮ ᠨᠠᠭᠠᠳᠬᠤ ᠥᠬᠡᠶ᠂ ᠰᠦᠯᠵᠢᠶ᠎ᠡ ᠪᠠ | ᠡᠯᠧᠺᠲᠷᠣᠨ ᠲᠣᠭᠯᠠᠭᠠᠮ ᠳᠤ ᠰᠢᠨᠤᠬᠤ ᠥᠬᠡᠶ᠂ ᠰᠦᠯᠵᠢᠶᠡᠨ ᠤ ᠨᠠᠶᠢᠵᠠ ᠨᠠᠷ ᠲᠠᠢ ᠲᠠᠨᠢᠯᠴᠠᠬᠤ ᠳᠠᠭᠠᠨ | ᠪᠣᠯᠭᠤᠮᠵᠢᠲᠠᠶ ᠪᠠᠶᠢᠵᠤ᠂ ᠲᠠᠨᠢᠯ ᠪᠤᠰᠤ ᠰᠦᠯᠵᠢᠶᠡᠨ ᠤ ᠨᠠᠶᠢᠵᠠ ᠨᠠᠷ ᠲᠠᠢ ᠠᠭᠤᠯᠵᠠᠬᠤ ᠥᠬᠡᠶ ᠪᠠᠶᠢᠬᠤ ᠬᠡᠷᠡᠭᠲᠡᠶ᠃ | ■ ᠴᠠᠬᠢᠯᠭᠠᠨ ᠬᠤᠯᠪᠣᠭ᠎ᠠ᠂ ᠰᠦᠯᠵᠢᠶᠡᠨ ᠤ ᠮᠡᠬᠡᠯᠡᠯ ᠠᠴᠠ ᠰᠡᠷᠭᠡᠶᠢᠯᠡᠵᠦ᠂ ᠰᠦᠯᠵᠢᠶᠡᠨ ᠤ ᠪᠠᠭᠠᠷ᠂ ᠠᠷᠢᠬᠢᠨ | ᠪᠠᠭᠠᠷ ᠵᠢᠴᠢ ᠳᠠᠭᠤᠤ ᠪᠥᠵᠢᠭ ᠵᠤᠭ᠎ᠠ ᠴᠡᠩᠭᠡᠯ ᠤᠨ ᠭᠠᠵᠠᠷ ᠲᠤ ᠣᠴᠢᠬᠤ ᠥᠬᠡᠶ᠃ | ᠵᠢᠷᠭᠤᠭ᠎ᠠ᠂ ᠭᠡᠷ ᠤᠨ ᠠᠬᠠᠮᠠᠳ ᠪᠠ ᠰᠤᠷᠭᠠᠭᠤᠯᠢ ᠶᠢᠨ ᠬᠠᠮᠵᠢᠯᠴᠠᠭ᠎ᠠ | ■ ᠰᠤᠷᠤᠭᠴᠢᠳ ᠴᠠᠭ ᠲᠠᠭᠠᠨ ᠰᠤᠷᠭᠠᠭᠤᠯᠢ ᠳᠠᠭᠠᠨ ᠭᠦᠷᠦᠭᠰᠡᠨ ᠥᠬᠡᠶ ᠪᠣᠯ ᠴᠢᠯᠥᠭᠡ ᠭᠤᠶᠤᠵᠤ᠂ | ᠰᠤᠷᠭᠠᠭᠤᠯᠢ ᠠᠴᠠ ᠪᠠᠨ ᠤᠷᠢᠳᠴᠢᠯᠠᠨ ᠰᠠᠯᠪᠠᠯ ᠮᠡᠳᠡᠭᠦᠯᠦᠨ ᠵᠥᠪᠰᠢᠶᠡᠷᠡᠭᠦᠯᠵᠦ᠂ ᠬᠡᠷ ᠪᠦᠯᠢ ᠪᠠ | ᠰᠤᠷᠭᠠᠭᠤᠯᠢ ᠨᠤᠭᠤᠳ ᠴᠠᠭ ᠲᠤᠬᠠᠶ ᠳᠤᠨᠢ ᠨᠡᠪᠲᠡᠷᠡᠯᠴᠡᠨ ᠬᠠᠮᠵᠢᠯᠴᠠᠬᠤ ᠬᠡᠷᠡᠭᠲᠡᠶ᠃ | ■ ᠰᠤᠷᠭᠠᠭᠤᠯᠢ ᠠᠴᠠ ᠦᠷᠭᠦᠯᠵᠢ ᠬᠡᠷ ᠤᠨ ᠠᠬᠠᠮᠠᠳ ᠲᠤ ᠬᠤᠯᠪᠣᠭᠳᠠᠯ ᠪᠥᠬᠦᠶ ᠠᠮᠤᠷ ᠲᠦᠪᠰᠢᠨ ᠤ | ᠮᠡᠳᠡᠯᠭᠡ ᠪᠠ ᠰᠡᠷᠭᠡᠶᠢᠯᠡᠬᠦ ᠱᠠᠭᠠᠷᠳᠠᠯᠭ᠎ᠠ ᠶᠢ ᠮᠡᠳᠡᠭᠳᠡᠵᠦ᠂ ᠵᠢᠯᠣᠭᠤᠳᠣᠯᠭ᠎ᠠ ᠪᠠ ᠰᠠᠨᠠᠭᠤᠯᠤᠮᠵᠢ ᠬᠠᠩᠭᠠᠨ᠎ᠠ᠃ | ■ ᠬᠡᠷ ᠤᠨ ᠠᠬᠠᠮᠠᠳ ᠰᠠᠨᠠᠭᠠᠴᠢᠯᠠᠭ᠎ᠠ ᠠᠴᠠ ᠪᠠᠨ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢ | ᠰᠤᠷᠤᠯᠴᠠᠵᠤ᠂ ᠠᠮᠤᠷ ᠲᠦᠪᠰᠢᠨ ᠤ ᠱᠠᠭᠠᠷᠳᠠᠯᠭ᠎ᠠ ᠶᠢ ᠡᠵᠡᠮᠰᠢᠨ᠂ ᠬᠡᠷ ᠪᠦᠯᠢ ᠶᠢᠨ ᠠᠮᠤᠷ ᠲᠦᠪᠰᠢᠨ ᠤ | ᠬᠥᠮᠦᠵᠢᠯ ᠢ ᠬᠢᠨᠠᠮᠠᠭᠠᠶ ᠥᠷᠨᠢᠭᠦᠯᠵᠦ᠂ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ | ■ ᠬᠡᠦᠬᠡᠳ ᠠᠮᠠᠷᠠᠯᠲᠠ ᠶᠢᠨ ᠬᠤᠭᠤᠴᠠᠭᠠᠨ ᠳᠤ ᠭᠠᠳᠠᠭᠰᠢ ᠭᠠᠷᠴᠤ ᠠᠵᠢᠯᠯᠠᠭ᠎ᠠ ᠬᠢᠬᠦ ᠳᠤ ᠭᠡᠷ ᠤᠨ | ᠠᠬᠠᠮᠠᠳ ᠬᠠᠮᠢᠭᠠᠰᠢ ᠶᠠᠪᠤᠬᠤ ᠶᠢ ᠨᠢ ᠮᠡᠳᠡᠵᠦ᠂ ᠠᠭᠤᠯᠭ᠎ᠠ ᠶᠢ ᠨᠢ ᠮᠡᠳᠡᠵᠦ᠂ ᠪᠤᠴᠠᠬᠤ ᠴᠠᠭ ᠢ ᠨᠢ ᠮᠡᠳᠡᠵᠦ᠂ | ᠬᠠᠨᠢᠲᠠᠨ ᠢ ᠨᠢ ᠮᠡᠳᠡᠵᠦ᠂ ᠠᠮᠤᠷ ᠲᠦᠪᠰᠢᠨ ᠤ ᠬᠥᠮᠦᠵᠢᠯ ᠤᠨ ᠰᠡᠷᠭᠡᠶᠢᠯᠡᠯᠲᠡ ᠶᠢ ᠤᠷᠢᠳᠴᠢᠯᠠᠨ ᠰᠠᠶᠢᠲᠤᠷ ᠬᠢᠬᠦ | ᠬᠡᠷᠡᠭᠲᠡᠢ᠃ | ■ ᠰᠤᠷᠭᠠᠭᠤᠯᠢ ᠪᠣᠯᠤᠨ ᠬᠡᠷ ᠤᠨ ᠠᠬᠠᠮᠠᠳ ᠰᠤᠷᠤᠭᠴᠢᠳ ᠤᠨ ᠵᠠᠰᠠᠭ ᠤᠨ ᠣᠷᠳᠣᠨ ᠤ ᠵᠣᠬᠢᠶᠠᠨ | ᠪᠠᠶᠢᠭᠤᠯᠤᠭᠰᠠᠨ ᠠᠮᠤᠷ ᠲᠦᠪᠰᠢᠨ ᠤ ᠬᠥᠮᠦᠵᠢᠯ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠬᠤ ᠶᠢ ᠢᠳᠡᠪᠬᠢᠲᠡᠶ | ᠳᠡᠮᠵᠢᠵᠦ᠂ ᠠᠮᠤᠷ ᠲᠦᠪᠰᠢᠨ ᠤ ᠠᠵᠢᠯ ᠤᠨ ᠨᠡᠶᠢᠯᠡᠮᠡᠯ ᠬᠦᠴᠦᠨ ᠢ ᠴᠢᠩᠭᠠᠷᠠᠭᠤᠯᠬᠤ ᠬᠡᠷᠡᠭᠲᠡᠶ᠃ | ᠶᠡᠭᠡ ᠳᠡᠭᠡᠳᠦ ᠰᠤᠷᠭᠠᠭᠤᠯᠢ | ᠵᠤᠨ ᠤ ᠠᠮᠠᠷᠠᠯᠲᠠ ᠶᠢᠨ ᠠᠮᠤᠷ ᠲᠦᠪᠰᠢᠨ ᠤ ᠬᠠᠯᠠᠭᠤᠨ ᠳᠣᠲᠣᠨᠣ ᠰᠠᠨᠠᠭᠤᠯᠤᠮᠵᠢ | ■ ᠬᠤᠪᠢ ᠬᠥᠮᠦᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠨᠡᠮᠡᠭᠳᠡᠭᠦᠯᠦᠨ᠂ ᠪᠡᠶ᠎ᠡ ᠶᠢᠨ ᠲᠠᠮᠢᠷ ᠤᠨ | ᠪᠣᠯᠪᠠᠰᠤᠷᠠᠯ ᠳᠤ ᠢᠳᠡᠪᠬᠢᠲᠡᠶ ᠣᠷᠣᠯᠴᠠᠵᠤ᠂ ᠰᠤᠷᠭᠠᠭᠤᠯᠢ ᠶᠢᠨ ᠠᠮᠠᠷᠠᠯᠲᠠ ᠶᠢᠨ ᠬᠤᠭᠤᠴᠠᠭᠠᠨ ᠤ ᠱᠠᠭᠠᠷᠳᠠᠯᠭ᠎ᠠ | ᠵᠢᠴᠢ ᠰᠠᠭᠤᠭ᠎ᠠ ᠭᠠᠵᠠᠷ ᠤᠨ ᠢᠶᠠᠨ ᠬᠢᠵᠢᠭ ᠢ ᠰᠡᠷᠭᠡᠶᠢᠯᠡᠬᠦ ᠲᠣᠭᠲᠠᠭᠠᠯ ᠢ ᠵᠢᠷᠤᠮᠯᠠᠨ ᠰᠠᠬᠢᠵᠤ᠂ ᠤᠯᠠᠨ ᠨᠡᠶᠢᠲᠡ ᠶᠢᠨ | ᠲᠠᠯᠠᠪᠤᠷ ᠲᠤ ᠨᠡᠶᠢᠭᠡᠮ ᠤᠨ ᠬᠠᠷᠢᠯᠴᠠᠭᠠᠨ ᠤ ᠠᠮᠤᠷ ᠲᠦᠪᠰᠢᠨ ᠤ ᠵᠠᠶ ᠶᠢ ᠪᠠᠲᠤᠯᠠᠬᠤ ᠬᠡᠷᠡᠭᠲᠡᠶ᠃ ᠭᠡᠷ ᠲᠡᠭᠡᠨ | ᠬᠠᠷᠢᠬᠤ ᠪᠠ ᠰᠤᠷᠭᠠᠭᠤᠯᠢ ᠳᠠᠭᠠᠨ ᠪᠤᠴᠠᠬᠤ ᠵᠠᠮ ᠳᠠᠭᠠᠨ ᠬᠤᠪᠢ ᠬᠥᠮᠦᠨ ᠤ ᠡᠷᠡᠭᠦᠯ ᠬᠠᠮᠠᠭᠠᠯᠠᠯ ᠢᠶᠠᠨ ᠠᠩᠬᠠᠷᠴᠤ᠂ | ᠠᠶᠠᠨ ᠵᠠᠮ ᠤᠨ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠶ᠃ | ■ ᠬᠤᠪᠢ ᠪᠡᠶ᠎ᠡ ᠶᠢᠨ ᠠᠮᠤᠷ ᠲᠦᠪᠰᠢᠨ ᠢ ᠠᠩᠬᠠᠷᠴᠤ᠂ ᠠᠮᠤᠷ ᠲᠦᠪᠰᠢᠨ ᠤ ᠲᠥᠬᠦᠭᠡᠷᠦᠮᠵᠢ ᠥᠬᠡᠶ᠂ | ᠠᠪᠤᠷᠠᠨ ᠲᠤᠰᠠᠯᠠᠬᠤ ᠠᠵᠢᠯᠲᠠᠨ ᠥᠬᠡᠶ ᠤᠰᠤᠨ ᠳᠤ ᠤᠮᠪᠠᠭ᠋ᠤ ᠦᠭᠡᠢ᠂ ᠤᠰᠤᠨ ᠳᠤ ᠣᠷᠣᠵᠤ ᠴᠢᠳᠠᠬᠤ ᠥᠬᠡᠶ | ᠰᠤᠷᠤᠭᠴᠢᠳ ᠳᠤᠷ᠎ᠠ ᠪᠠᠷ ᠢᠶᠠᠨ ᠤᠰᠤᠨ ᠳᠤ ᠣᠷᠣᠵᠤ ᠠᠪᠤᠷᠠᠯᠲᠠ ᠬᠢᠵᠦ ᠪᠣᠯᠬᠤ ᠥᠬᠡᠶ︔ ᠵᠠᠮ ᠬᠠᠷᠢᠯᠴᠠᠭᠠᠨ ᠤ | ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠮᠠᠰᠢᠨᠲᠤ ᠲᠡᠷᠭᠡᠨ ᠳᠤ ᠰᠠᠭᠤᠬᠤ ᠳᠠᠭᠠᠨ | ᠠᠶᠤᠯᠭᠦᠶ ᠶᠢᠨ ᠪᠦᠰᠡ ᠪᠠᠨ ᠪᠦᠰᠡᠯᠡᠵᠦ᠂ ᠮᠠᠰᠢᠨᠲᠤ ᠲᠡᠷᠭᠡ ᠶᠢ ᠦᠨᠡᠮᠯᠡᠯ ᠦᠭᠡᠢ ᠪᠠᠷ ᠵᠢᠯᠣᠭᠤᠳᠬᠤ ᠦᠭᠡᠢ ᠪᠠᠶᠢᠬᠤ | ᠬᠡᠷᠡᠭᠲᠡᠶ᠃ | ■ ᠰᠦᠯᠵᠢᠶ᠎ᠡ ᠪᠠ ᠡᠯᠧᠺᠲᠷᠣᠨ ᠲᠣᠭᠯᠠᠭᠠᠮ ᠳᠤ ᠰᠢᠨᠤᠬᠤ ᠥᠬᠡᠶ᠂ ᠲᠠᠨᠢᠯ ᠪᠤᠰᠤ ᠰᠦᠯᠵᠢᠶᠡᠨ ᠤ | ᠲᠣᠭᠯᠠᠭᠠᠮ᠂ ᠰᠢᠭᠤᠳ ᠨᠡᠪᠲᠡᠷᠡᠭᠦᠯᠭᠡ᠂ QQ ᠶᠢᠨ ᠪᠦᠯᠦᠭ᠂ ᠸᠢᠴᠠᠲ ᠤᠨ ᠪᠦᠯᠦᠭ᠂ ᠨᠠᠭᠠᠮᠠᠯ ᠪᠠᠭᠠᠷ ᠲᠤ | ᠣᠶᠢᠷᠠᠳᠬᠤ ᠥᠬᠡᠶ᠂ ᠣᠷᠣᠯᠴᠠᠬᠤ ᠥᠬᠡᠶ ᠪᠠᠶᠢᠬᠤ ᠬᠡᠷᠡᠭᠲᠡᠶ︔ ᠦᠵᠡᠯᠲᠡ ᠪᠠᠨ ᠣᠶᠤᠨᠴᠢ ᠪᠠᠷ ᠢᠯᠡᠳᠬᠡᠵᠦ᠂ | ᠴᠤᠤᠷᠬᠠᠯ ᠲᠠᠯᠪᠢᠬᠤ ᠦᠭᠡᠢ ᠴᠤᠤᠷᠬᠠᠯ ᠢ ᠢᠲᠡᠭᠡᠬᠦ ᠦᠭᠡᠢ ᠴᠤᠤᠷᠬᠠᠯ ᠢ ᠲᠠᠷᠬᠠᠭᠠᠬᠤ ᠦᠭᠡᠢ ᠪᠠᠶᠢᠬᠤ ᠬᠡᠷᠡᠭᠲᠡᠢ︔ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠰᠦᠯᠵᠢᠶᠡᠨ ᠤ | ᠡᠷᠡᠭᠦᠯ ᠪᠤᠰᠤ ᠵᠢᠭᠡᠯᠡᠯᠭᠡ ᠳᠤ ᠣᠷᠣᠯᠴᠠᠬᠤ ᠦᠭᠡᠢ᠃ ᠡᠯ᠎ᠡ ᠲᠥᠷᠥᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ | ᠮᠡᠬᠡᠯᠡᠯ ᠢ ᠰᠡᠷᠡᠮᠵᠢᠯᠡᠵᠦ᠂ ᠥᠯᠥ ᠮᠡᠳᠡᠬᠦ ᠴᠥᠷᠬᠡᠯᠡᠭᠡ ᠶᠢ ᠲᠣᠪᠴᠢᠳᠠᠬᠤ ᠥᠬᠡᠶ᠂ ᠲᠠᠨᠢᠯ ᠪᠤᠰᠤ ᠤᠲᠠᠰᠤ ᠶᠢ | ᠠᠮᠠᠷᠬᠠᠨ ᠢᠲᠡᠭᠡᠬᠦ ᠥᠬᠡᠶ᠂ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ ᠥᠬᠡᠶ᠂ ᠲᠠᠩᠰᠠ ᠰᠢᠯᠵᠢᠭᠦᠯᠵᠦ | ᠵᠣᠭᠤᠰ ᠭᠤᠪᠢᠭᠤᠯᠬᠤ ᠳᠤ ᠭᠦᠷᠪᠡᠯ ᠢᠯᠡᠭᠦᠬᠡᠨ ᠬᠢᠨᠠᠨ ᠬᠠᠷᠭᠤᠭᠤᠯᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ | ᠴᠠᠭ ᠲᠤᠬᠠᠶ ᠳᠤᠨᠢ ᠴᠠᠭᠳᠠᠭ᠎ᠠ ᠳᠤ ᠮᠡᠳᠡᠭᠦᠯᠬᠦ ᠬᠡᠷᠡᠭᠲᠡᠶ᠃ | ■ ᠵᠤᠨ ᠤ ᠠᠮᠠᠷᠠᠯᠲᠠ ᠳᠤ ᠰᠤᠷᠭᠠᠭᠤᠯᠢ ᠠᠴᠠ ᠭᠠᠷᠴᠤ ᠶᠠᠪᠤᠬᠤ ᠳᠠᠭᠠᠨ ᠬᠤᠪᠢ ᠬᠥᠮᠦᠨ ᠤ ᠣᠴᠢᠬᠤ | ᠭᠠᠵᠠᠷ ᠵᠢᠴᠢ ᠬᠠᠷᠢᠯᠴᠠᠬᠤ ᠠᠷᠭ᠎ᠠ ᠮᠠᠶ᠋ᠢᠭ ᠢᠶᠠᠨ ᠬᠠᠪᠰᠤᠷᠤᠨ ᠵᠢᠯᠣᠭᠤᠳᠤᠭᠴᠢ᠂ ᠬᠠᠮᠲᠤ ᠰᠤᠷᠤᠭᠴᠢ᠂ ᠭᠡᠷ ᠤᠨ | ᠠᠬᠠᠮᠠᠳ ᠲᠤ ᠮᠡᠳᠡᠭᠳᠡᠬᠦ ᠶᠢᠨ ᠬᠠᠮᠲᠤ ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠤᠨ ᠰᠠᠭᠠᠳ ᠦᠭᠡᠢ | ᠨᠡᠪᠲᠡᠷᠡᠬᠦ ᠶᠢ ᠪᠠᠲᠤᠯᠠᠨ᠎ᠠ︔ ᠠᠵᠢᠯ ᠢᠶᠠᠷ ᠰᠤᠷᠤᠯᠭ᠎ᠠ ᠶᠢ ᠲᠡᠳᠬᠦᠬᠦ᠂ ᠨᠡᠶᠢᠭᠡᠮ ᠤᠨ ᠦᠢᠯᠡᠳᠦᠯᠭᠡ᠂ ᠠᠵᠢᠯ ᠡᠷᠢᠬᠦ | ᠠᠵᠢᠯ ᠰᠣᠩᠭᠤᠬᠤ ᠵᠡᠷᠭᠡ ᠠᠵᠢᠯᠯᠠᠭ᠎ᠠ ᠳᠤ ᠣᠷᠣᠯᠴᠠᠬᠤ ᠳᠤ ᠡᠷᠬᠡᠪᠰᠢ ᠰᠤᠷᠭᠠᠭᠤᠯᠢ ᠪᠠ ᠭᠡᠷ ᠤᠨ ᠠᠬᠠᠮᠠᠳ ᠤᠨ | ᠵᠥᠪᠰᠢᠶᠡᠷᠡᠯ ᠢ ᠣᠯᠵᠤ᠂ ᠳᠠᠮᠵᠢᠭᠤᠯᠤᠨ ᠪᠣᠷᠣᠯᠠᠭᠤᠯᠬᠤ᠂ ᠭᠠᠵᠢᠭᠤ ᠨᠣᠮᠯᠠᠯ ᠵᠡᠷᠭᠡ ᠬᠠᠤᠯᠢ ᠪᠤᠰᠤ ᠵᠣᠬᠢᠶᠠᠨ | ᠪᠠᠶᠢᠭᠤᠯᠤᠯᠲᠠ ᠶᠢᠨ ᠬᠠᠭᠤᠷᠤᠨ ᠮᠡᠬᠡᠯᠡᠬᠦ ᠶᠢ ᠰᠡᠷᠡᠮᠵᠢᠯᠡᠬᠦ ᠬᠡᠷᠡᠭᠲᠡᠶ᠃ | ■ ᠵᠤᠨ ᠤ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠳᠠᠭᠠᠨ ᠦᠯᠡᠳᠡᠭᠰᠡᠨ ᠰᠤᠷᠤᠭᠴᠢᠳ ᠭᠠᠳᠠᠭᠰᠢ | ᠭᠠᠷᠬᠤ ᠳᠤ ᠪᠠᠨ ᠪᠠᠶᠢᠷᠢ ᠶᠢᠨ ᠡᠭᠦᠳᠡ ᠴᠣᠩᠬᠤ ᠪᠠᠨ ᠣᠨᠢᠰᠤᠯᠠᠵᠤ᠂ ᠪᠡᠶ᠎ᠡ ᠳᠡᠭᠡᠨ ᠠᠪᠴᠤ ᠶᠠᠪᠤᠭ᠎ᠠ ᠦᠨᠡᠲᠡᠶ ᠡᠳ᠋ | ᠪᠣᠳᠠᠰ ᠢᠶᠠᠨ ᠰᠠᠶᠢᠲᠤᠷ ᠬᠠᠳᠠᠭᠠᠯᠠᠨ᠎ᠠ︔ ᠴᠠᠬᠢᠯᠭᠠᠨ ᠬᠡᠷᠡᠭᠯᠡᠬᠦ ᠶᠢᠨ ᠠᠮᠤᠷ ᠲᠦᠪᠰᠢᠨ ᠢ ᠠᠩᠬᠠᠷᠴᠤ᠂ | ᠪᠠᠶᠢᠷᠢ ᠠᠴᠠ ᠪᠠᠨ ᠰᠠᠯᠬᠤ ᠳᠤ ᠴᠠᠭ ᠲᠤᠬᠠᠶ ᠳᠤᠨᠢ ᠴᠠᠬᠢᠯᠭᠠᠨ ᠢᠶᠠᠨ ᠲᠠᠰᠤᠯᠵᠤ᠂ ᠪᠠᠶᠢᠷᠢ ᠳᠠᠭᠠᠨ ᠳᠤᠷ᠎ᠠ ᠪᠠᠷ ᠢᠶᠠᠨ | ᠴᠠᠬᠢᠯᠭᠠᠨ ᠤᠲᠠᠰᠤ ᠲᠠᠲᠠᠬᠤ ᠦᠭᠡᠢ ᠳᠤᠷ᠎ᠠ ᠪᠠᠷ ᠢᠶᠠᠨ ᠵᠠᠯᠭᠠᠬᠤ ᠦᠭᠡᠢ᠂ ᠴᠢᠳᠠᠯ ᠶᠡᠬᠡᠲᠡᠶ ᠴᠠᠬᠢᠯᠭᠠᠨ ᠬᠡᠷᠡᠭᠰᠡᠯ᠂ | ᠴᠢᠨᠠᠷ ᠮᠠᠭᠤᠲᠠᠶ ᠤᠭᠯᠠᠭᠤᠷᠭ᠎ᠠ ᠪᠠ ᠴᠢᠨᠠᠷ ᠮᠠᠭᠤᠲᠠᠶ ᠴᠠᠬᠢᠯᠭᠠᠨ ᠴᠡᠨᠡᠭᠯᠡᠭᠦᠷ ᠢ ᠬᠡᠷᠡᠭᠯᠡᠬᠦ ᠦᠭᠡᠢ᠂ ᠭᠠᠯ ᠤᠨ | ᠭᠠᠮᠰᠢᠭ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ | | | ᠢᠷᠡᠯᠲᠡ᠄ ᠥᠪᠥᠷ ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠪᠡ | ᠨᠠᠶᠢᠷᠠᠭᠤᠯᠤᠭᠴᠢ᠄ ᠸᠠᠩ ᠶᠠᠨ ᠯᠢᠩ | ᠬᠠᠷᠭᠤᠭᠤᠯᠤᠭᠴᠢ᠄ ᠽᠸᠦ ᠶᠠ ᠷᠦ | ᠬᠢᠨᠠᠨ ᠬᠠᠷᠭᠤᠭᠤᠯᠤᠭᠴᠢ᠄ ᠨᠢᠶᠧ ᠱᠠᠨ |