ᠮᠤᠵᠢ ᠶᠢᠨ ᠵᠠᠮ ᠤᠨ 219 ᠱᠤᠭᠤᠮ ᠤᠨ ᠵᠠᠰᠠᠮᠠᠯ ᠵᠠᠮ ᠪᠦᠬᠦ ᠱᠤᠭᠤᠮ ᠢᠶᠠᠷ ᠢᠶᠠᠨ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2021/7/15
    7 ᠰᠠᠷ᠎ᠠ ᠶᠢᠨ 12 ᠤᠨ ᠡᠳᠦᠷ᠂ ᠮᠤᠵᠢ ᠶᠢᠨ ᠵᠠᠮ ᠤᠨ 219 ᠱᠤᠭᠤᠮ ᠤᠨ ᠲᠡᠩᠯᠦᠰᠲᠠᠢ — ᠤᠯᠠᠭᠠᠨᠬᠠᠳᠠ ᠬᠥᠷᠬᠦ ᠬᠡᠰᠡᠭ ᠤᠨ ᠵᠠᠰᠠᠮᠠᠯ ᠵᠠᠮ ᠤᠨ ᠣᠩᠨᠢᠭᠤᠳ ᠬᠤᠰᠢᠭᠤᠨ ᠤ ᠬᠢᠯᠢ ᠳᠣᠲᠣᠷᠠᠬᠢ ᠵᠠᠮ ᠤᠨ ᠬᠡᠰᠡᠭ ᠢ ᠣᠶᠢᠷ᠎ᠠ ᠳᠤ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠪᠡ᠃ ᠡᠭᠦᠨ ᠠᠴᠠ ᠡᠬᠢᠯᠡᠨ᠂ ᠮᠤᠵᠢ ᠶᠢᠨ ᠵᠠᠮ ᠤᠨ 219 ᠱᠤᠭᠤᠮ ᠤᠨ ᠵᠠᠰᠠᠮᠠᠯ ᠵᠠᠮ ᠪᠦᠬᠦ ᠱᠤᠭᠤᠮ ᠢᠶᠠᠷ ᠲᠡᠷᠭᠡ ᠨᠡᠪᠲᠡᠷᠡᠭᠦᠯᠪᠡ᠃     ᠣᠶᠢᠯᠠᠭᠠᠭᠰᠠᠨ ᠢᠶᠠᠷ᠂ ᠮᠤᠵᠢ ᠶᠢᠨ ᠵᠠᠮ ᠤᠨ 219 ᠱᠤᠭᠤᠮ ᠤᠨ ᠭᠤᠤᠯ ᠱᠤᠭᠤᠮ ᠤᠨ ᠪᠥᠬᠦ ᠣᠷᠳᠣ ᠨᠢ 97 ᠺᠢᠯᠣᠮᠧᠳ᠋ᠷ ᠪᠠᠶᠢᠵᠤ᠂ ᠡᠭᠦᠨ ᠳᠤ ᠣᠩᠨᠢᠭᠤᠳ ᠬᠤᠰᠢᠭᠤᠨ ᠤ ᠬᠢᠯᠢ ᠳᠣᠲᠣᠷ᠎ᠠ 7.184 ᠺᠢᠯᠣᠮᠧᠳ᠋ᠷ ᠪᠠᠶᠢᠨ᠎ᠠ᠃ ᠲᠤᠰ ᠲᠦᠷᠦᠯ ᠵᠦᠢᠯ ᠪᠣᠯ ᠮᠤᠵᠢ ᠶᠢᠨ ᠵᠠᠮ ᠤᠨ 219 ᠱᠤᠭᠤᠮ ᠤᠨ ᠬᠡᠰᠢᠭᠲᠡᠨ ᠬᠤᠰᠢᠭᠤ ᠠᠴᠠ ᠨᠢᠩᠴᠧᠩ ᠬᠦᠷᠬᠦ ᠵᠠᠰᠠᠮᠠᠯ ᠵᠠᠮ ᠤᠨ ᠨᠢᠭᠡ ᠬᠡᠰᠡᠭ᠂ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠣᠷ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠮᠥᠨᠴᠦ ᠤᠯᠠᠭᠠᠨᠬᠠᠳᠠ ᠬᠤᠳᠠ ᠶᠢᠨ ᠬᠤᠳᠠ ᠶᠢᠨ ᠲᠣᠭᠤᠷᠢᠭ ᠠᠴᠠ ᠲᠡᠩᠯᠦᠰᠲᠠᠢ ᠬᠦᠷᠬᠦ ᠵᠤᠭᠠᠴᠠᠯ ᠤᠨ ᠣᠷᠣᠨ᠂ ᠤᠯᠠᠭᠠᠨᠪᠦᠲᠦᠩ ᠤᠨ ᠦᠵᠡᠮᠵᠢ ᠶᠢᠨ ᠣᠷᠣᠨ ᠳᠤ ᠬᠦᠷᠬᠦ ᠬᠠᠮᠤᠭ ᠤᠨ ᠤᠢᠢᠷ᠎ᠠ ᠵᠠᠰᠠᠮᠠᠯ ᠵᠠᠮ ᠪᠣᠯᠤᠨ᠎ᠠ᠃ ᠲᠣᠰ ᠱᠤᠭᠤᠮ ᠢ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠵᠠᠮ ᠤᠨ ᠰᠠᠭᠤᠷᠢ ᠶᠢᠨ ᠥᠷᠭᠡᠨ ᠨᠢ 10 ᠮᠧᠳ᠋ᠷ᠂ ᠵᠠᠮ ᠤᠨ ᠥᠷᠭᠡᠨ ᠨᠢ 9 ᠮᠧᠳ᠋ᠷ᠂ ᠴᠠᠭ ᠤᠨ ᠬᠤᠷᠳᠤᠴᠠ ᠶᠢ ᠨᠢ 60 ᠺᠢᠯᠣᠮᠧᠳ᠋ᠷ \ ᠴᠠᠭ ᠢᠶᠠᠷ ᠲᠥᠯᠦᠪᠯᠡᠪᠡ᠃ ᠲᠣᠰ ᠲᠥᠷᠥᠯ ᠵᠦᠢᠯ ᠢ 2020 ᠣᠨ ᠤ 4 ᠰᠠᠷ᠎ᠠ ᠳᠤ ᠪᠥᠬᠦ ᠲᠠᠯ᠎ᠠ ᠪᠠᠷ ᠡᠬᠢᠯᠡᠨ ᠪᠠᠶᠢᠭᠤᠯᠵᠤ᠂ ᠡᠨᠡ ᠵᠢᠯ ᠤᠨ 6 ᠰᠠᠷ᠎ᠠ ᠶᠢᠨ ᠰᠡᠭᠦᠯᠴᠢ ᠪᠠᠷ ᠳᠠᠭᠤᠰᠬᠠᠵᠤ᠂ 7 ᠰᠠᠷ᠎ᠠ ᠶᠢᠨ ᠡᠬᠢ ᠪᠠᠷ ᠰᠢᠯᠭᠠᠨ ᠠᠪᠬᠤ ᠪᠠᠷ ᠲᠤᠰᠢᠶᠠᠵᠤ᠂ ᠣᠲᠣ ᠨᠢᠭᠡᠨᠲᠡ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠪᠡ᠃ ᠲᠡᠭᠦᠨ ᠤ ᠪᠠᠶᠢᠭᠤᠯᠤᠭᠳᠠᠭᠰᠠᠨ ᠨᠢ ᠥᠪᠡᠷᠲᠡᠭᠡᠨ ᠵᠠᠰᠠᠬᠤ ᠣᠷᠣᠨ ᠤ ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠵᠠᠮ ᠲᠡᠭᠡᠭᠡᠪᠦᠷᠢ ᠶᠢᠨ ᠨᠥᠬᠦᠴᠡᠯ ᠢ ᠰᠠᠶᠢᠵᠢᠷᠠᠭᠤᠯᠵᠤ᠂ ᠵᠤᠭᠠᠴᠠᠯ ᠤᠨ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠪᠣᠯᠤᠨ᠎ᠠ᠃     ᠢᠷᠡᠯᠲᠡ᠄ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号