ᠰᠦᠩᠱᠠᠨ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/7/15
    7 ᠰᠠᠷ᠎ᠠ ᠶᠢᠨ 14 ᠤ ᠡᠳᠦᠷ ᠶᠢᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠦᠩ ᠶᠧ ᠠᠭᠤᠳᠠᠮ ᠲᠠᠯᠠᠪᠠᠶ ᠳᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ ᠠᠵᠢᠯᠯᠠᠭ᠎ᠠ ᠦᠷᠨᠢᠭᠦᠯᠪᠡ᠃     ᠠᠵᠢᠯᠯᠠᠭ᠎ᠠ ᠨᠢ ᠠᠰᠠᠭᠤᠨ ᠯᠠᠪᠯᠠᠬᠤ ᠦᠶ᠋ᠯᠡᠴᠢᠯᠡᠭᠡᠨ ᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠶᠢᠨ ᠠᠷᠠᠳ ᠲᠤ ᠣᠨᠳᠣᠤ ᠭᠠᠵᠠᠷ ᠲᠤ ᠡᠮᠴᠢᠯᠡᠭᠦᠯᠬᠦ ᠶᠢ ᠳᠠᠩᠰᠠᠯᠠᠭᠤᠯᠬᠤ᠂ ᠡᠭᠦᠳᠡᠨ ᠡᠮᠨᠡᠯᠭᠡ ᠳᠤ ᠬᠡᠷᠡᠭᠯᠡᠬᠦ ᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠶ᠋ᠴᠡᠳᠬᠡᠬᠦ ᠠᠯᠬᠤᠮ ᠳᠠᠷᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠠᠵᠢᠯᠯᠠᠭ᠎ᠠ ᠶᠢᠨ ᠳᠤᠮᠳᠠ᠂ ᠠᠵᠢᠯᠲᠠᠳ ᠪᠠᠰᠠ ᠬᠤᠲᠠ ᠶᠢᠨ ᠠᠷᠠᠳ ᠲᠤ ᠰᠦᠶ᠋ᠳᠬᠡᠯ ᠬᠤᠷᠢᠶᠠᠬᠤ ᠥᠬᠡᠶ ᠪᠠᠷ ᠴᠢᠰᠤᠨ ᠳᠠᠷᠤᠯᠲᠠ ᠶᠢ ᠬᠡᠮᠵᠢᠬᠦ ᠵᠢᠴᠢ ᠡᠷᠡᠭᠦᠯ ᠮᠡᠨᠳᠦ ᠶᠢᠨ ᠵᠥᠪᠯᠡᠯᠭᠡ ᠥᠭᠬᠦ ᠵᠡᠷᠭᠡ ᠡᠮᠴᠢᠯᠡᠭᠡᠨ ᠤ ᠦᠶ᠋ᠯᠡᠴᠢᠯᠡᠭᠡ ᠶᠢ ᠬᠠᠩᠭᠠᠭᠰᠠᠨ ᠪᠠᠶᠢᠨ᠎ᠠ᠃     ᠰᠦᠩᠱᠠᠨ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠤᠪᠴᠢᠶᠠᠨ ᠤ ᠠᠵᠢᠯᠲᠠᠨ ᠵᠠᠩ ᠵᠢᠶᠠ ᠠᠴᠠ᠄ ︿︿ᠣᠳᠣᠬᠠᠨ ᠳᠤ ᠮᠠᠰᠢ ᠣᠯᠠᠨ ᠰᠠᠭᠤᠭᠠᠯᠢ ᠠᠷᠠᠳ ᠡᠮ ᠡᠮᠨᠡᠯᠭᠡ ᠶᠢᠨ ᠳᠠᠭᠠᠳᠬᠠᠯ ᠤᠨ ᠮᠡᠳᠡᠯᠭᠡ ᠶᠢ ᠣᠶᠢᠯᠠᠭᠠᠬᠤ ᠥᠬᠡᠶ ᠪᠠᠶᠢᠵᠤ᠂ ᠡᠮᠨᠡᠯᠭᠡ ᠳᠤ ᠣᠷᠣᠵᠤ ᠡᠮᠴᠢᠯᠡᠭᠦᠯᠬᠦ ᠳᠡᠭᠡᠨ ᠶᠠᠭᠠᠬᠢᠵᠤ ᠲᠡᠰᠦᠯᠦᠨ ᠪᠤᠳᠤᠬᠤ ᠪᠠᠨ ᠮᠡᠳᠡᠬᠦ ᠥᠬᠡᠶ ᠪᠠᠶᠢᠨ᠎ᠠ᠃ ᠲᠣᠰ ᠤᠳᠠᠭᠠᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠳᠤ ᠲᠤᠬᠠᠶ ᠶᠢᠨ ᠭᠠᠵᠠᠷ ᠤᠨ ᠲᠥᠷᠥ ᠶᠢᠨ ᠪᠣᠳᠣᠯᠭ᠎ᠠ ᠪᠠ ᠡᠮ ᠡᠮᠨᠡᠯᠭᠡ ᠶᠢᠨ ᠳᠠᠭᠠᠳᠬᠠᠯ ᠤᠨ ᠮᠡᠳᠡᠯᠭᠡ ᠶᠢ ᠨᠠᠩ ᠰᠠᠶᠢᠨ ᠣᠶᠢᠯᠠᠭᠠᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠳᠠᠭᠡᠭᠰᠢᠭᠦᠯᠦᠨ᠎ᠡ﹀﹀ ᠭᠡᠪᠡ᠃     ᠰᠤᠷᠪᠤᠯᠵᠢᠯᠠᠭᠴᠢ᠄ ᠶᠠᠩ ᠳ᠋ᠠᠨ ᠲᠢᠩ     ᠨᠠᠶᠢᠷᠠᠭᠤᠯᠤᠭᠴᠢ᠄ ᠽᠸᠦ ᠶᠠ ᠷᠦ     ᠬᠠᠷᠭᠤᠭᠤᠯᠤᠭᠴᠢ᠄ ᠸᠠᠩ ᠶᠠᠨ ᠯᠢᠩ     ᠬᠢᠨᠠᠨ ᠬᠠᠷᠭᠤᠭᠤᠯᠤᠭᠴᠢ᠄ ᠨᠢᠶᠧ ᠱᠠᠨ
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号