ᠤᠯᠠᠭᠠᠨᠬᠠᠳᠠ ᠶᠢᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠥᠭᠡᠷᠡᠴᠢᠯᠡᠯᠲᠡ ᠪᠣᠳᠠᠲᠠᠢ ᠳᠡᠭᠡᠷ᠎ᠡ ᠨᠠᠶᠢᠳᠠᠪᠤᠷᠢᠵᠢᠭᠤᠯᠤᠭᠳᠠᠵᠤ᠂ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠦᠮᠦᠨ ᠤ ᠲᠠᠩᠰᠠᠨ ᠮᠥᠩᠭᠦ ᠶᠢ ᠨᠢᠭᠡ ᠬᠡᠷ ᠤᠨ ᠬᠥᠮᠦᠰ ᠬᠠᠮᠲᠤᠪᠠᠷ ᠬᠡᠷᠡᠭᠯᠡᠵᠦ ᠪᠣᠯᠬᠤ ᠪᠣᠯᠵᠠᠢ
ᠨᠡᠶᠢᠲᠡᠯᠡᠭᠰᠡᠨ ᠴᠠᠭ᠄
2021/7/16
    ᠥᠩᠭᠡᠷᠡᠭᠰᠡᠨ ᠳᠤ ᠭᠡᠷ ᠪᠦᠯᠢ ᠶᠢᠨ ᠪᠦᠷᠢᠯᠳᠦᠬᠦᠨ ᠨᠢ ᠬᠡᠳᠦ᠋ᠢᠪᠡᠷ ᠴᠦᠮ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠢ ᠪᠣᠯᠪᠠᠴᠤ ᠬᠠᠮᠲᠤ ᠪᠠᠷ ᠬᠡᠷᠡᠭᠯᠡᠵᠦ ᠪᠣᠯᠬᠤ ᠥᠬᠡᠶ᠂ ᠡᠮᠨᠡᠯᠭᠡ ᠳᠤ ᠣᠴᠢᠵᠤ ᠡᠪᠡᠳᠴᠢᠨ ᠦᠵᠡᠭᠦᠯᠬᠦ ᠳᠤ ᠂ ᠥᠪᠡᠷ ᠤᠨ ᠲᠠᠩᠰᠠᠨ ᠳᠠᠬᠢ ᠦᠯᠡᠳᠡᠪᠦᠷᠢ ᠮᠥᠩᠭᠦ ᠨᠢ ᠬᠦᠷᠦᠯᠴᠡᠬᠦ ᠥᠬᠡᠶ ᠪᠣᠯ ᠵᠥᠪᠬᠡᠨ ᠪᠡᠯᠡᠨ ᠵᠣᠭᠤᠰ ᠢᠶᠠᠷ ᠨᠥᠬᠦᠪᠦᠷᠢᠯᠡᠳᠡᠭ᠂ ᠬᠡᠷ ᠤᠨ ᠬᠥᠮᠦᠰ ᠤᠨ ᠲᠠᠩᠰᠠᠨ ᠳᠤ ᠮᠢᠩᠭ᠎ᠠ ᠲᠦᠮᠡᠨ ᠲᠥᠭᠦᠷᠢᠭ ᠤᠨ ᠦᠯᠡᠳᠡᠪᠦᠷᠢ ᠮᠥᠩᠭᠦ ᠪᠠᠶᠢᠭᠰᠠᠨ ᠴᠤ ᠬᠡᠷᠡᠭᠯᠡᠵᠦ ᠪᠣᠯᠬᠤ ᠦᠭᠡᠢ ᠪᠠᠶᠢᠳᠠᠭ᠃ ᠣᠶᠢᠷ᠎ᠠ ᠳᠤ᠂ ᠤᠯᠠᠭᠠᠨᠬᠠᠳᠠ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠳᠠᠬᠢᠨᠲᠠ ᠥᠭᠡᠷᠡᠴᠢᠯᠡᠯᠲᠡ ᠬᠢᠵᠦ ᠪᠣᠳᠠᠲᠠᠶ ᠠᠷᠭ᠎ᠠ ᠬᠡᠮᠵᠢᠶ᠎ᠡ ᠭᠠᠷᠭᠠᠪᠠ᠄ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠤ ᠦᠯᠡᠳᠡᠪᠦᠷᠢ ᠮᠥᠩᠭᠦ ᠶᠢ ᠬᠡᠷ ᠪᠦᠯᠢ ᠶᠢᠨ ᠪᠦᠷᠢᠯᠳᠦᠬᠦᠨ ᠤ ᠬᠤᠭᠤᠷᠣᠨᠳᠣ ᠪᠠᠨ ᠬᠠᠮᠲᠤ ᠪᠠᠷ ᠬᠡᠷᠡᠭᠯᠡᠵᠦ ᠪᠣᠯᠤᠨ᠎ᠠ᠃     7 ᠰᠠᠷ᠎ᠠ ᠶᠢᠨ 12 ᠤᠨ ᠡᠳᠦᠷ᠂ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ᠲᠠᠷᠬᠠᠭᠠᠪᠠ᠃     ᠮᠡᠳᠡᠭᠳᠡᠯ ᠳᠤ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠪᠠ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ︽2021 ᠣᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠤ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ ᠬᠢᠪᠠ᠄ 2021 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠨ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠮᠥᠩᠭᠦ ᠶᠢ ᠵᠥᠪᠬᠡᠨ ᠲᠣᠰ ᠬᠥᠮᠦᠨ ᠳᠤᠨᠢ ᠬᠡᠷᠡᠭᠯᠡᠭᠦᠯᠵᠦ ᠪᠠᠶᠢᠭᠰᠠᠨ ᠠᠴᠠ ᠬᠡᠷ ᠪᠦᠯᠢ ᠶᠢᠨ ᠪᠦᠷᠢᠯᠳᠦᠬᠦᠨ ᠤ ᠬᠠᠷᠢᠯᠴᠠᠨ ᠲᠤᠰᠠᠯᠠᠯᠴᠠᠨ ᠬᠡᠷᠡᠭᠯᠡᠬᠦ ᠪᠣᠯᠲᠠᠯ᠎ᠠ ᠥᠷᠭᠡᠳᠬᠡᠨ᠎ᠡ᠃ ᠬᠤᠪᠢ ᠬᠥᠮᠦᠨ ᠤ ᠲᠠᠩᠰᠠᠨ ᠮᠥᠩᠭᠦ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠳᠠᠭᠠᠳᠬᠠᠯ ᠳᠤ ᠣᠷᠣᠭᠰᠠᠳ ᠤᠨ ᠲᠣᠰ ᠬᠥᠮᠦᠨ ᠵᠢᠴᠢ ᠲᠡᠭᠦᠨ ᠤ ᠠᠪᠤᠭᠠᠢ ᠨᠥᠬᠦᠷ᠂ ᠡᠴᠢᠭᠡ ᠡᠬᠡ᠂ ᠦᠷ᠎ᠡ ᠬᠡᠤᠬᠡᠳ ᠨᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠬᠦ ᠳᠤ ᠬᠤᠪᠢ ᠬᠥᠮᠦᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ ᠵᠢᠴᠢ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ ᠬᠤᠳᠠᠯᠳᠤᠨ ᠠᠪᠬᠤ ᠳᠤ ᠬᠤᠪᠢ ᠬᠥᠮᠦᠨ ᠤ ᠡᠭᠦᠷᠭᠡᠯᠡᠬᠦ ᠵᠠᠷᠤᠳᠠᠯ ᠢ ᠴᠦᠮ ᠲᠣᠭᠠᠴᠢᠵᠤ ᠳᠡᠶᠢᠯᠬᠦ ᠪᠠᠷ ᠲᠣᠬᠢᠷᠠᠭᠤᠯᠪᠠ᠃     ᠮᠡᠳᠡᠭᠳᠡᠯ ᠳᠤ᠂ ᠡᠯ᠎ᠡ ᠬᠤᠯᠪᠣᠭᠳᠠᠯ ᠪᠥᠬᠦᠶ ᠲᠠᠯ᠎ᠠ ᠤᠳ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠥᠷᠥ ᠶᠢᠨ ᠪᠣᠳᠣᠯᠭ᠎ᠠ ᠶᠢ ᠰᠠᠶᠢᠲᠤᠷ ᠵᠣᠯᠭᠠᠭᠤᠯᠵᠤ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠤ ᠥᠭᠡᠷᠡᠴᠢᠯᠡᠯᠲᠡ ᠶᠢᠨ ᠠᠵᠢᠯ ᠢ ᠪᠣᠳᠠᠲᠠᠶ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠢᠷᠡᠯᠲᠠ᠄ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号