︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠤ ᠪᠣᠳᠣᠯᠭ᠎ᠠ ᠶᠢᠨ ᠨᠡᠶᠢᠭᠡᠮ ᠤᠨ | ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠶᠢ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠲᠦᠷᠢᠮ ᠢ | ᠲᠤᠷᠰᠢᠨ ᠬᠡᠷᠡᠭᠵᠢᠭᠦᠯᠬᠦ﹀ ᠵᠡᠷᠭᠡ ᠳᠥᠷᠪᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠷᠤᠮᠠᠯᠯᠠᠨ | ᠲᠠᠷᠬᠠᠭᠠᠬᠤ ᠮᠡᠳᠡᠭᠳᠡᠯ︾ ︵ᠥᠪᠥᠷ ᠲᠣᠭᠲᠠᠭᠤᠨ ᠲᠠᠷᠬᠠᠭᠠᠭᠰᠠᠨ ﹇2016﹈ 1 ᠳ᠋ᠦ᠋ᠭᠡᠷ ᠲᠣᠭᠠᠲᠤ︶ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠦᠯᠦᠭᠡ ᠣᠨᠴᠠᠭᠠᠶᠢᠯᠠᠨ ᠵᠠᠷᠯᠠᠨ ᠨᠡᠶᠢᠲᠡᠯᠡᠪᠡ᠄ | ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ | ︵ᠨᠢᠭᠡ︶ ᠲᠥᠷᠥᠯ ᠵᠦᠢᠯ ᠤᠨ ᠨᠡᠷᠡᠶᠢᠳᠦᠯ᠄ II05-10-02 ᠭᠠᠯ ᠤᠨᠲᠠᠷᠠᠭᠠᠬᠤ ᠪᠡᠯᠡᠳᠬᠡᠮᠵᠢ ᠳᠤ | ᠬᠡᠷᠡᠭᠯᠡᠬᠦ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ | ︵ᠬᠤᠶᠠᠷ︶ ᠪᠥᠲᠥᠭᠡᠨ ᠪᠠᠶᠢᠭᠤᠯᠬᠤ ᠨᠢᠭᠡᠴᠢ᠄ ᠥᠪᠥᠷ ᠮᠣᠩᠭᠤᠯ ᠤᠨ ᠤᠯᠠᠭᠠᠨᠬᠠᠳᠠ ᠶᠢᠨ ᠰᠥᠩ ᠵᠧᠤ ᠪᠠᠯᠠ | ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ | ︵ᠭᠤᠷᠪᠠ︶ ᠪᠥᠲᠥᠭᠡᠨ ᠪᠠᠶᠢᠭᠤᠯᠬᠤ ᠭᠠᠵᠠᠷ᠄ ᠤᠯᠠᠭᠠᠨᠬᠠᠳᠠ ᠶᠢᠨ ᠬᠤᠳᠠᠯᠳᠤᠭ᠎ᠠ ᠠᠷᠠᠯᠵᠢᠶ᠎ᠠ ᠶᠢᠨ | ᠪᠠᠷᠠᠭᠠᠨ ᠤ ᠭᠦᠢᠯᠭᠡᠭᠡᠨ ᠤ ᠬᠤᠲᠠ ᠶᠢᠨ ᠳᠣᠲᠣᠷ᠎ᠠ᠂ ᠵᠡᠭᠦᠨᠰᠢ ᠪᠠᠨ ᠶᠠ ᠴᠢ ᠬᠤᠳᠠᠯᠳᠤᠭᠠᠨ ᠤ II05-10-03᠂ | ᠡᠮᠦᠨᠡᠰᠢ ᠪᠠᠨ ᠶᠠ ᠴᠢ ᠬᠤᠳᠠᠯᠳᠤᠭᠠᠨ ᠤ II05-10-03᠂ ᠪᠠᠷᠠᠭᠤᠨᠰᠢ ᠪᠠᠨ ᠰᠢᠩ ᠹᠦ᠋ ᠵᠠᠮ᠂ ᠤᠮᠠᠷᠠᠰᠢ ᠪᠠᠨ ᠹᠦ᠋ | ᠱᠠᠨ ᠪᠠᠷᠠᠭᠤᠨ ᠵᠡᠭᠡᠯᠢ ᠳᠤ ᠬᠦᠷᠦᠨ᠎ᠡ᠃ | ︵ᠲᠥᠷᠪᠡ︶ ᠲᠥᠷᠥᠯ ᠵᠦᠢᠯ ᠤᠨ ᠲᠦᠢᠮᠣ ᠪᠠᠶᠢᠳᠠᠯ | ︽ᠬᠤᠲᠠ ᠶᠢᠨ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾ ︵ | ᠪᠠᠶᠢᠭᠤᠯᠤᠯᠲᠠ ᠶᠢᠨ ᠪᠠᠷᠢᠮᠵᠢᠶ᠎ᠠ 152 - 2011︶ ᠶᠢᠨ ᠲᠣᠭᠲᠠᠭᠠᠯ ᠢ ᠦᠨᠳᠦᠰᠦᠯᠡᠨ᠂ ᠲᠤᠰ ᠲᠥᠷᠥᠯ ᠵᠦᠢᠯ | ᠨᠢᠭᠡᠳᠦᠭᠡᠷ ᠳᠡᠰ ᠤᠨ ᠡᠩ ᠤᠨ ᠭᠠᠯ ᠤᠨᠲᠠᠷᠠᠭᠠᠬᠤ ᠥᠷᠲᠡᠭᠡ 1 ᠶᠢ ᠪᠠᠶᠢᠭᠤᠯᠤᠨ᠎ᠠ᠂ ᠲᠦᠷᠦᠯ ᠵᠦᠢᠯ ᠤᠨ | ᠶᠡᠷᠦᠩᠬᠡᠢ ᠡᠵᠡᠯᠡᠬᠦ ᠲᠠᠯᠠᠪᠠᠢ ᠨᠢ 5385 ᠲᠡᠭᠰᠢ ᠳᠦᠷᠪᠡᠯᠵᠢᠨ ᠮᠧᠲᠷ ︵8.08 ᠮᠦ︶᠂ ᠪᠠᠷᠢᠯᠭ᠎ᠠ ᠶᠢᠨ ᠶᠡᠷᠦᠩᠬᠡᠢ | ᠲᠠᠯᠠᠪᠠᠢ ᠨᠢ 4000 ᠲᠡᠭᠰᠢ ᠳᠦᠷᠪᠡᠯᠵᠢᠨ ᠮᠧᠲᠷ᠃ ᠪᠥᠳᠥᠭᠡᠨ ᠪᠠᠶᠢᠭᠤᠯᠬᠤ ᠠᠭᠤᠯᠭ᠎ᠠ ᠳᠤ ᠭᠤᠣᠯ ᠴᠣᠭᠴᠠ | ᠪᠥᠬᠦᠢ ᠪᠠᠷᠢᠯᠭ᠎ᠠ ᠶᠢᠨ ᠠᠵᠢᠯ ᠬᠢᠭᠡᠳ ᠲᠠᠭᠠᠯᠳᠠ ᠪᠡᠯᠡᠳᠬᠡᠮᠵᠢ ᠶᠢᠨ ᠪᠠᠷᠢᠯᠭ᠎ᠠ ᠭᠡᠬᠦ ᠬᠤᠶᠠᠷ ᠬᠡᠰᠡᠭ ᠪᠠᠭᠲᠠᠨ᠎ᠠ᠃ | ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 1972.00 ᠲᠦᠮᠡᠨ ᠲᠥᠭᠦᠷᠢᠭ ᠪᠠᠶᠢᠵᠤ᠂ ᠪᠠᠯᠠ | ᠮᠥᠩᠭᠦ ᠶᠢᠨ ᠢᠷᠡᠯᠲᠡ ᠨᠢ ᠲᠤᠭᠤᠷᠢᠭ ᠤᠨ ᠲᠣᠰ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠪᠣᠯᠤᠨ᠎ᠠ᠃ | ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ 2021 ᠣᠨ ᠤ 9 ᠰᠠᠷ᠎ᠠ ᠠᠴᠠ 2023 ᠣᠨ ᠤ 9 ᠰᠠᠷ᠎ᠠ | ᠪᠣᠯᠲᠠᠯ᠎ᠠ᠃ | ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠵᠦᠢᠯ ᠤᠳ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠨᠥᠯᠥᠭᠡᠯᠡᠭᠳᠡᠵᠦ ᠮᠡᠳᠡᠬᠦ ᠠᠷᠠᠳ ᠣᠯᠠᠨ ᠤ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠣᠪᠣᠷ᠂ ᠰᠠᠨᠠᠯ ᠵᠢᠴᠢ ᠰᠠᠨᠠᠭᠤᠯᠭ᠎ᠠ᠂ ᠲᠣᠰ ᠤᠳᠠᠭᠠᠨ ᠤ ᠣᠯᠠᠨ | ᠨᠡᠶᠢᠲᠡ ᠶᠢᠨ ᠪᠠᠶᠢᠴᠠᠭᠠᠯᠲᠠ ᠶᠢᠨ ᠲᠤᠬᠠᠶ ᠰᠠᠨᠠᠯ ᠪᠠ ᠰᠠᠨᠠᠭᠤᠯᠭ᠎ᠠ ᠶᠢ ᠬᠤᠷᠢᠶᠠᠨ᠎ᠠ᠃ | ᠭᠤᠷᠪᠠ᠂ ᠣᠯᠠᠨ ᠨᠡᠶᠢᠲᠡ ᠪᠠᠷ ᠢᠶᠠᠨ ᠣᠷᠣᠯᠴᠠᠬᠤ ᠭᠤᠤᠯ ᠠᠷᠭ᠎ᠠ ᠮᠠᠶ᠋ᠢᠭ | ᠤᠯᠠᠨ ᠨᠡᠶᠢᠲᠡ ᠪᠠᠷ ᠢᠶᠠᠨ ᠵᠠᠬᠢᠳᠠᠯ᠂ ᠳ᠋ᠢᠶᠠᠩᠬᠤᠸᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠷᠬᠢᠯᠡᠨ | ᠬᠠᠮᠢᠶᠠᠷᠬᠤ ᠨᠢᠭᠡᠴᠢ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠢ ᠳᠤ | ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠲᠤᠬᠠᠶ ᠰᠠᠨᠠᠯ ᠪᠠ | ᠰᠠᠨᠠᠭᠤᠯᠭ᠎ᠠ ᠪᠠᠨ ᠨᠡᠶᠢᠲᠡᠯᠡᠵᠦ ᠪᠣᠯᠤᠨ᠎ᠠ᠃ | ᠭᠤᠤᠯᠴᠢᠯᠠᠨ ᠬᠠᠮᠢᠶᠠᠷᠬᠤ ᠨᠢᠭᠡᠴᠢ᠄ ᠥᠪᠥᠷ ᠮᠣᠩᠭᠤᠯ ᠤᠨ ᠤᠯᠠᠭᠠᠨᠬᠠᠳᠠ ᠶᠢᠨ ᠰᠥᠩ ᠵᠧᠤ ᠪᠠᠯᠠ | ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ | ᠬᠦᠯᠢᠶᠡᠨ ᠠᠪᠤᠭᠴᠢ᠄ ᠵᠠᠩ ᠰᠢᠶᠠᠨ ᠢᠦᠢ | ᠬᠦᠯᠢᠶᠡᠨ ᠠᠪᠬᠤ ᠤᠲᠠᠰᠤ᠄ 0476 — 8465086 | ᠲᠣᠭᠲᠠᠭᠤᠨ ᠢ ᠦᠨᠡᠯᠡᠬᠦ ᠨᠢᠭᠡᠴᠢ᠄ ᠤᠯᠠᠭᠠᠨᠬᠠᠳᠠ ᠶᠢᠨ ᠳ᠋ᠠ ᠯᠢᠨ ᠢᠨᠵᠧᠨᠧᠷᠢᠩ ᠤᠨ ᠯᠠᠪᠯᠠᠯᠭ᠎ᠠ ᠥᠭᠬᠦ | ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠬᠠᠷᠢᠯᠴᠠᠬᠤ ᠬᠥᠮᠦᠨ᠄ ᠵᠠᠩ ᠬᠤᠤ | ᠬᠠᠷᠢᠯᠴᠠᠬᠤ ᠤᠲᠠᠰᠤ᠄ 0476 — 5773559 | ᠲᠦᠷᠪᠡ᠂ ᠠᠯᠪᠠᠨ ᠵᠠᠷ ᠨᠡᠶᠢᠲᠡᠯᠡᠬᠦ ᠬᠤᠭᠤᠴᠠᠭ᠎ᠠ᠄ ᠨᠡᠶᠢᠲᠡᠯᠡᠭᠰᠡᠨ ᠡᠳᠦᠷ ᠠᠴᠠ ᠡᠬᠢᠯᠡᠨ 7 ᠠᠵᠢᠯᠯᠠᠬᠤ | ᠡᠳᠦᠷ᠃ | ᠥᠪᠥᠷ ᠮᠣᠩᠭᠤᠯ ᠤᠨ ᠤᠯᠠᠭᠠᠨᠬᠠᠳᠠ ᠶᠢᠨ ᠰᠥᠩ ᠵᠧᠤ ᠪᠠᠯᠠ ᠣᠷᠣᠭᠤᠯᠵᠤ ᠨᠡᠭᠡᠭᠡᠨ | ᠬᠥᠭᠵᠢᠭᠦᠯᠬᠦ ᠬᠢᠵᠠᠭᠠᠷᠲᠤ ᠺᠣᠮᠫᠠᠨᠢ | 2021 ᠣᠨ ᠤ 7 ᠰᠠᠷ᠎ᠠ ᠶᠢᠨ 29 ᠤ ᠡᠳᠦᠷ | | | | | | | | | | | | | | ᠁ |