ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠪᠠᠶᠢᠳᠠᠯ ᠳᠤ ᠨᠠᠩ ᠰᠠᠶᠢᠨ ᠵᠣᠬᠢᠴᠠᠭᠤᠯᠵᠤ᠂ ᠪᠥᠬᠦ | ᠪᠠᠯᠭᠠᠰᠤᠨ ᠤ ᠬᠥᠳᠡᠭᠡ ᠲᠣᠰᠬᠤᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠪᠠᠯᠭᠠᠰᠤ᠂ | ᠲᠣᠰᠬᠤᠨ ᠬᠤᠶᠠᠷ ᠱᠠᠲᠤᠨ ᠤ ᠬᠥᠳᠡᠭᠡ ᠲᠣᠰᠬᠤᠨ ᠤ ᠠᠵᠤ ᠠᠬᠤᠶ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠦᠩᠱᠠᠨ ᠲᠣᠭᠤᠷᠢᠭ ᠤᠨ | ᠴᠢᠳᠬᠤᠯᠠᠩ ᠪᠠᠯᠭᠠᠰᠤ ᠬᠥᠳᠡᠭᠡ ᠲᠣᠰᠬᠤᠨ ᠤ ᠠᠵᠤ ᠠᠬᠤᠶ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ | ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠢᠪᠠ᠃ | ᠬᠤᠷᠠᠯ ᠠᠴᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠡᠵᠡᠩᠨᠡᠯᠲᠡ | ᠬᠠᠮᠢᠶᠠᠷᠤᠯᠲᠠ ᠶᠢᠨ ᠥᠷᠲᠡᠭᠡᠨ ᠤ ᠳᠠᠷᠤᠭ᠎ᠠ ᠶᠢ ᠤᠷᠢᠵᠤ ᠲᠣᠰᠬᠤᠨ ᠤ ᠱᠠᠲᠤᠨ ᠤ ᠡᠳ᠋ ᠤᠨ ᠶᠠᠪᠤᠳᠠᠯ ᠢ | ᠵᠢᠷᠤᠮᠵᠢᠭᠤᠯᠤᠨ ᠬᠠᠮᠢᠶᠠᠷᠬᠤ᠂ ᠲᠣᠰᠬᠤᠨ ᠤ ᠶᠠᠪᠤᠳᠠᠯ ᠢ ᠢᠯᠡ ᠪᠣᠯᠭᠠᠬᠤ᠂ ᠫᠢᠶᠣᠣ ᠪᠠᠷᠢᠮᠲᠠ ᠶᠢ ᠬᠠᠮᠢᠶᠠᠷᠬᠤ ᠵᠡᠷᠭᠡ | ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠯᠭᠡᠵᠡᠶ᠃ | ᠬᠤᠷᠠᠯ ᠳᠡᠭᠡᠷ᠎ᠡ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠦᠨᠡᠨ ᠪᠤᠳᠠᠳᠤ | ᠬᠡᠷᠡᠭ ᠤᠨ ᠵᠢᠭᠰᠠᠭᠠᠯᠲᠠ ᠳᠤ ᠵᠠᠳᠠᠯᠤᠯᠲᠠ ᠬᠢᠵᠦ᠂ ᠭᠠᠴᠠᠭᠠᠨ ᠤ ᠳᠡᠰ ᠤᠨ ᠡᠳ᠋ ᠤᠨ ᠶᠠᠪᠤᠳᠠᠯ ᠤᠨ | ᠬᠠᠮᠢᠶᠠᠷᠤᠯᠲᠠ ᠶᠢᠨ ᠠᠵᠢᠯᠲᠠᠨ ᠤ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠲᠣᠭᠲᠠᠭᠠᠯ ᠢ | ᠴᠢᠩᠭ᠎ᠠ ᠵᠢᠷᠤᠮᠯᠠᠨ ᠰᠢᠶ᠋ᠳᠪᠦᠷᠢᠯᠡᠬᠦ ᠶᠢ ᠬᠥᠲᠥᠯᠥᠨ ᠵᠢᠯᠣᠭᠤᠳᠪᠠ᠃ | | | | | | | | | | | | ᠁ |