ᠰᠦᠩᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠎ᠠ
ᠨᠡᠶᠢᠲᠡᠯᠡᠭᠰᠡᠨ ᠴᠠᠭ᠄
2021/8/11
    ᠪᠦᠬᠦ ᠪᠥᠮᠪᠥᠷᠴᠡᠭ ᠤᠨ ᠬᠢᠵᠢᠭ ᠤᠨ ᠪᠠᠶᠢᠳᠠᠯ ᠦᠷᠭᠦᠯᠵᠢᠯᠡᠨ ᠬᠤᠪᠢᠷᠠᠵᠤ ᠪᠠᠶᠢᠭ᠎ᠠ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠡᠭᠦᠰᠦᠭᠰᠡᠨ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠰᠦᠩᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠢᠯ ᠤᠨ ᠬᠤᠷᠠᠯ ᠢ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠢᠨᠠᠯᠲᠠ ᠲᠠᠯᠪᠢᠬᠤ ᠠᠵᠢᠯ ᠢ ᠨᠠᠶᠢᠳᠠᠪᠤᠷᠢᠵᠢᠭᠤᠯᠪᠠ᠃     ᠬᠤᠷᠠᠯ ᠤᠨ ᠳᠠᠷᠠᠭ᠎ᠠ᠂ ᠰᠦᠩᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ 4 ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠬᠦ ᠳᠤᠮᠳᠠ ᠠᠩᠭᠢ ᠦᠳᠲᠡᠷ ᠲᠦᠷᠭᠡᠨ ᠬᠥᠳᠡᠯᠦᠯᠴᠡᠵᠦ᠂ ᠪᠥᠬᠦ ᠰᠦᠩᠱᠠᠨ ᠲᠣᠭᠤᠷᠢᠭ ᠤᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠬᠤᠪᠢ ᠶᠢᠨ ᠡᠮᠴᠢᠯᠡᠭᠡᠨ ᠤ ᠭᠠᠵᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠢᠪᠠᠳᠠᠨ ᠪᠠᠶᠢᠴᠠᠭᠠᠯᠲᠠ ᠬᠢᠪᠠ᠃     ᠲᠣᠰ ᠤᠳᠠᠭᠠᠨ ᠤ ᠲᠤᠰᠬᠠᠶ ᠰᠢᠪᠠᠳᠠᠨ ᠪᠠᠶᠢᠴᠠᠭᠠᠯᠲᠠ ᠳᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠬᠤᠪᠢ ᠶᠢᠨ ᠡᠮᠴᠢᠯᠡᠭᠡᠨ ᠤ ᠭᠠᠵᠠᠷ ᠢᠶᠠᠷ ᠭᠤᠤᠯᠳᠠᠯᠭ᠎ᠠ ᠪᠤᠯᠭᠠᠪᠠ᠃ 8 ᠰᠠᠷ᠎ᠠ ᠶᠢᠨ 10 ᠤ ᠡᠳᠦᠷ ᠪᠣᠯᠲᠠᠯ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠨᠡᠶᠢᠲᠡ 803 ᠡᠷᠦᠬᠡ ᠶᠢ ᠪᠠᠶᠢᠴᠠᠭᠠᠵᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ 1606 ᠬᠥᠮᠦᠨ ᠤᠳᠠᠭ᠎ᠠ᠂ ᠡᠷᠡᠭᠦᠯ ᠬᠠᠮᠠᠭᠠᠯᠠᠯ ᠤᠨ ᠬᠠᠪᠰᠤᠷᠤᠨ ᠬᠢᠨᠠᠯᠲᠠ ᠲᠠᠯᠪᠢᠭᠴᠢ 43 ᠬᠥᠮᠦᠨ᠂ ᠬᠠᠤᠯᠢ ᠬᠡᠷᠡᠭᠵᠢᠭᠦᠯᠬᠦ ᠲᠡᠷᠭᠡ 409 ᠤᠳᠠᠭ᠎ᠠ᠂ ᠰᠠᠨᠠᠯ ᠤᠨ ᠪᠢᠴᠢᠭ 605 ᠬᠤᠪᠢ ᠪᠠᠭᠤᠯᠭᠠᠪᠠ᠃     ᠰᠦᠩᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ 2021 ᠣᠨ ᠤ 5 ᠰᠠᠷ᠎ᠠ ᠶᠢᠨ 16 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠶᠢᠨ ᠡᠮᠴᠢᠯᠡᠭᠡᠨ ᠤ ᠠᠪᠤᠷᠠᠨ ᠵᠠᠰᠠᠬᠤ ᠳᠤᠭᠤᠶᠢᠯᠠᠩ ᠤᠨ ᠨᠡᠶᠢᠲᠡᠯᠡᠭᠰᠡᠨ ︵ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠶᠢᠨ ᠡᠮᠴᠢᠯᠡᠭᠡ ᠲᠠᠷᠬᠠᠭᠠᠭᠰᠠᠨ ﹇2021﹈ 46 ᠳ᠋ᠤᠭᠠᠷ ᠲᠣᠭᠠᠲᠤ︶ ︽ᠡᠮᠨᠡᠬᠦ ᠭᠠᠵᠠᠷ ᠵᠡᠷᠭᠡ ᠡᠮᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ᠂ ᠲᠠᠮᠢᠷᠳᠠᠬᠤ᠂ ᠦᠨᠦᠷᠲᠡᠬᠦ ᠪᠠ ᠠᠮᠲᠠᠯᠠᠬᠤ ᠰᠡᠷᠡᠯ ᠮᠠᠭᠤᠳᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠬᠤᠭᠤᠯᠠᠢ ᠡᠪᠡᠳᠬᠦ᠂ ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠪᠤᠯᠴᠢᠩ ᠡᠪᠡᠳᠬᠦ᠂ ᠰᠠᠭᠤᠯᠭᠠᠬᠤ ᠵᠡᠷᠭᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠢᠯᠡᠷᠡᠯ ᠲᠠᠢ ᠡᠪᠡᠳᠴᠢᠲᠡᠨ ᠢ ᠡᠮᠨᠡᠵᠦ ᠪᠠᠶᠢᠭ᠎ᠠ 19 ᠡᠮᠴᠢᠯᠡᠭᠡᠨ ᠤ ᠪᠠᠶᠢᠭᠤᠯᠤᠮᠵᠢ ᠶᠢ ᠳᠠᠷᠤᠶ ᠳᠤᠨᠢ ᠬᠠᠭᠠᠪᠠ᠃ 2021 ᠣᠨ ᠤ 1 ᠳ᠋ᠦ᠋ᠭᠡᠷ ᠰᠠᠷ᠎ᠠ ᠶᠢᠨ 19 ᠤ ᠡᠳᠦᠷ ᠤᠨ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠡᠶᠢᠲᠡᠯᠡᠭᠰᠡᠨ ︽ᠠᠷᠠᠳ ᠤᠨ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠬᠤᠪᠢ ᠶᠢᠨ ᠡᠮᠴᠢᠯᠡᠭᠡᠨ ᠤ ᠭᠠᠵᠠᠷ ︵ᠡᠭᠦᠳᠡᠨ ᠡᠮᠨᠡᠯᠭᠡ ᠶᠢᠨ ᠭᠠᠵᠠᠷ︶ ᠪᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠵᠠᠷᠯᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ 8 ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠢ ᠵᠣᠭᠰᠣᠭᠠᠨ ᠴᠡᠭᠴᠡᠯᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠬᠦ ᠥᠬᠡᠶ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠵᠠᠰᠠᠭ ᠵᠠᠬᠢᠷᠭᠠᠨ ᠤ ᠰᠢᠢᠳᠬᠡᠯ ᠥᠭᠬᠦ ᠵᠡᠷᠭᠡ ᠠᠷᠭ᠎ᠠ ᠬᠡᠮᠵᠢᠶ᠎ᠡ ᠠᠪᠴᠤ ᠴᠢᠩᠭ᠎ᠠ ᠬᠠᠮᠢᠶᠠᠷᠴᠤ᠂ ᠵᠠᠷᠯᠢᠭᠳᠠᠵᠤ ᠪᠠᠶᠢᠭᠠᠳ 48 ᠡᠷᠦᠬᠡ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠵᠦ᠂ 11 ᠡᠷᠦᠬᠡ ᠶᠢ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠂ ᠡᠭᠦᠨ ᠳᠤ 7 ᠡᠷᠦᠬᠡ ᠶᠢ ᠰᠡᠷᠡᠮᠵᠢᠯᠡᠭᠦᠯᠵᠦ᠂ 4 ᠡᠷᠦᠬᠡ ᠶᠢ ᠵᠣᠭᠤᠰ ᠢᠶᠠᠷ ᠲᠣᠷᠭᠠᠵᠤ᠂ ᠲᠤᠷᠭᠠᠭᠤᠯᠢ ᠶᠢᠨ ᠮᠦᠩᠭᠦ 3.8 ᠲᠦᠮᠡᠨ ᠲᠥᠭᠦᠷᠢᠭ ᠪᠤᠯᠤᠨ᠎ᠠ᠃     ᠰᠦᠩᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠬᠠᠷᠢᠶ᠎ᠠ ᠣᠷᠣᠨ ᠤ ᠪᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠪᠠᠨ ᠴᠢᠩᠭᠠᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ ᠂ ᠲᠡᠶᠢᠨ ᠠᠴᠠ ᠬᠠᠯᠠᠰᠢᠷᠠᠬᠤ ᠰᠡᠳᠬᠢᠯᠭᠡ ᠶᠢ ᠡᠷᠡᠰ ᠲᠡᠪᠴᠢᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠲᠥᠷᠥᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号