ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠲᠣᠪᠴᠢᠶ᠎ᠠ ᠡᠮᠴᠢᠯᠡᠭᠡᠨ ᠤ ᠵᠢᠰᠦ ᠭᠤᠶᠣᠯᠠᠬᠤ ᠠᠵᠢᠯ ᠲᠦᠷᠦᠯ ᠳᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2021/8/11
   ᠰᠦᠩᠱᠠᠨ ᠲᠤᠭᠤᠷᠢᠭ ᠤᠨ ᠡᠮᠴᠢᠯᠡᠭᠡᠨ ᠤ ᠵᠢᠰᠦ ᠭᠤᠶᠣᠯᠠᠬᠤ ᠠᠵᠢᠯ ᠲᠦᠷᠦᠯ ᠤᠨ ᠦᠶ᠋ᠯᠡ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠠᠴᠠ ᠵᠥᠷᠢᠴᠡᠨ ᠡᠮᠴᠢᠯᠡᠭᠡᠨ ᠤ ᠪᠠᠭᠠᠵᠢ ᠬᠡᠷᠡᠭᠰᠡᠯ ᠬᠡᠷᠡᠭᠯᠡᠬᠦ ᠵᠡᠷᠭᠡ ᠦᠶ᠋ᠯᠡ ᠠᠵᠢᠯᠯᠠᠭ᠎ᠠ ᠶᠢ ᠴᠡᠭᠴᠡᠯᠡᠨ ᠵᠠᠰᠠᠬᠤ ᠶᠢᠨ ᠲᠤᠰᠠᠳᠠ᠂ ᠬᠡᠷᠡᠭᠯᠡᠭᠴᠢᠳ ᠤᠨ ᠬᠡᠷᠡᠭᠯᠡᠬᠦ ᠳᠠᠪᠲᠠᠮᠵᠢ ᠪᠠᠷ ᠨᠡᠯᠢᠶᠡᠳ ᠥᠨᠳᠥᠷ ᠲᠠᠷᠢᠯᠭ᠎ᠠ ᠳᠤ ᠬᠡᠷᠡᠭᠯᠡᠬᠦ ᠲᠤᠩᠭᠠᠯᠠᠭ ᠬᠦᠴᠢᠯ ᠤᠨ ᠨᠠᠲᠷᠢ᠂ ᠰᠦᠯᠢᠶᠣᠣ ᠵᠡᠷᠭᠡ ᠡᠮᠴᠢᠯᠡᠭᠡᠨ ᠤ ᠪᠠᠭᠠᠵᠢ ᠬᠡᠷᠡᠭᠰᠡᠯ ᠤᠨ ᠦᠶ᠋ᠯᠡᠳᠬᠦᠨ ᠳᠤ ᠴᠢᠭᠯᠡᠭᠦᠯᠦᠨ᠂ ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠮᠴᠢᠯᠡᠭᠡᠨ ᠤ ᠵᠢᠰᠦ ᠭᠤᠶᠣᠯᠠᠬᠤ ᠠᠵᠢᠯ ᠲᠦᠷᠦᠯ ᠳᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠪᠡ᠃     ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠨᠢ ᠳᠦᠷᠪᠡᠨ ᠲᠠᠯ᠎ᠠ ᠪᠠᠷ ᠱᠠᠭᠠᠷᠳᠠᠪᠠ᠃ ᠨᠢᠭᠡ ᠳᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠲᠦᠷᠢᠮ︾ ᠵᠢᠴᠢ ᠬᠠᠮᠢᠶ᠎ᠠ ᠪᠥᠬᠦᠶ ᠢᠵᠢ ᠪᠥᠷᠢᠳᠦᠭᠰᠡᠨ ᠲᠦᠷᠢᠮ ᠲᠣᠭᠲᠠᠭᠠᠯ ᠢ ᠬᠢᠨᠠᠮᠠᠭᠠᠶ ᠲᠤᠤᠱᠯᠠᠭᠤᠯᠬᠤ ᠶᠢᠨ ᠬᠠᠮᠲᠤ ᠬᠡᠷᠡᠭᠵᠢᠭᠦᠯᠬᠦ ᠬᠡᠷᠡᠭᠲᠡᠶ︔ ᠬᠤᠶᠠᠷ ᠲᠤ᠂ ᠡᠷᠬᠡᠪᠰᠢ ᠶᠠᠰᠤ ᠴᠢᠨᠠᠷ ᠤᠨ ᠬᠠᠮᠢᠶᠠᠷᠤᠯᠲᠠ ᠶᠢᠨ ᠪᠥᠬᠦ ᠶᠠᠪᠤᠴᠠ ᠶᠢ ᠬᠠᠮᠤᠷᠤᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠬᠡᠷᠡᠭᠲᠡᠶ︔ ᠭᠤᠷᠪᠠ ᠳᠤ ᠡᠷᠬᠡᠪᠰᠢ ᠬᠢᠷᠢ ᠬᠡᠮ ᠪᠦᠷᠢᠨ ᠡᠮᠴᠢᠯᠡᠭᠡᠨ ᠤ ᠪᠠᠭᠠᠵᠢ ᠬᠡᠷᠡᠭᠰᠡᠯ ᠢ ᠦᠶ᠋ᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ ᠠᠴᠠ ᠡᠮᠴᠢᠯᠡᠭᠡᠨ ᠤ ᠪᠠᠭᠠᠵᠢ ᠬᠡᠷᠡᠭᠰᠡᠯ ᠢ ᠬᠤᠳᠠᠯᠳᠤᠨ ᠠᠪᠴᠤ᠂ ᠪᠠᠷᠠᠭ᠎ᠠ ᠬᠠᠩᠭᠠᠭᠴᠢ ᠶᠢᠨ ᠬᠢᠷᠢ ᠬᠡᠮ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠳᠠᠩᠰᠠᠯᠠᠭᠤᠯᠤᠭᠰᠠᠨ ᠦᠨᠡᠮᠯᠡᠯ ᠪᠤᠶᠤ ᠳᠠᠩᠰᠠᠯᠠᠭᠤᠯᠤᠭᠰᠠᠨ ᠭᠡᠷᠡᠴᠢ ᠪᠠᠷᠢᠮᠲᠠ᠂ ᠬᠢᠷᠢ ᠲᠡᠩᠴᠡᠭᠰᠡᠨ ᠢ ᠭᠡᠷᠡᠴᠢᠯᠡᠬᠦ ᠪᠢᠴᠢᠭ ᠮᠠᠲ᠋ᠧᠷᠢᠶᠠᠯ ᠵᠡᠷᠭᠡ ᠬᠢᠷᠢ ᠬᠡᠮ ᠤᠨ ᠮᠠᠲ᠋ᠧᠷᠢᠶᠠᠯ ᠢ ᠠᠪᠬᠤ ᠪᠠ ᠪᠠᠶᠢᠴᠠᠭᠠᠨ ᠰᠢᠯᠭᠠᠬᠤ ᠬᠡᠷᠡᠭᠲᠡᠶ︔ ᠲᠦᠷᠪᠡ ᠳᠤ ᠳᠠᠩᠰᠠᠯᠠᠭᠤᠯᠤᠭᠰᠠᠨ ᠡᠮᠴᠢᠯᠡᠭᠡᠨ ᠤ ᠪᠠᠭᠠᠵᠢ ᠬᠡᠷᠡᠭᠰᠡᠯ ᠢ ᠬᠠᠤᠯᠢ ᠶᠣᠰᠣᠭᠠᠷ ᠬᠡᠷᠡᠭᠯᠡᠨ᠎ᠡ᠂ ᠬᠤᠭᠤᠴᠠᠭ᠎ᠠ ᠥᠩᠭᠡᠷᠡᠭᠰᠡᠨ᠂ ᠬᠦᠴᠦᠨ ᠦᠭᠡᠢ ᠪᠣᠯᠤᠭᠰᠠᠨ ᠡᠮᠴᠢᠯᠡᠭᠡᠨ ᠤ ᠪᠠᠭᠠᠵᠢ ᠬᠡᠷᠡᠭᠰᠡᠯ ᠢ ᠬᠡᠷᠡᠭᠯᠡᠵᠦ ᠪᠣᠯᠬᠤ ᠦᠭᠡᠢ᠃     ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠳᠤ ᠨᠡᠶᠢᠲᠡ 6 ᠡᠮᠴᠢᠯᠡᠭᠡᠨ ᠤ ᠵᠢᠰᠦ ᠭᠤᠶᠣᠯᠠᠬᠤ ᠨᠢᠭᠡᠴᠢ ᠶᠢ ᠪᠠᠶᠢᠴᠠᠭᠠᠵᠤ᠂ ᠣᠨᠴᠠ ᠵᠠᠷᠢᠮ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ ᠲᠣᠭᠲᠠᠭᠠᠭᠰᠠᠨ ᠥᠬᠡᠶ᠂ ᠪᠠᠷᠠᠭ᠎ᠠ ᠬᠠᠩᠭᠠᠬᠤ ᠲᠠᠯ᠎ᠠ ᠶᠢᠨ ᠬᠢᠷᠢ ᠬᠡᠮ ᠤᠨ ᠮᠠᠲ᠋ᠧᠷᠢᠶᠠᠯ ᠨᠢ ᠪᠦᠷᠢᠨ ᠪᠤᠰᠤ᠂ ᠳᠤᠯᠠᠭᠠᠨ ᠴᠢᠭᠢᠭᠯᠢᠭ ᠤᠨ ᠬᠡᠮᠵᠢᠶᠡᠨ ᠤ ᠲᠡᠮᠳᠡᠭᠯᠡᠯ ᠢ ᠴᠠᠭ ᠲᠤᠬᠠᠶ ᠳᠤᠨᠢ ᠲᠡᠮᠳᠡᠭᠯᠡᠭᠰᠡᠨ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠭ᠎ᠠ ᠨᠢᠭᠡᠴᠢ ᠶᠢ ᠵᠠᠷᠯᠢᠭᠳᠠᠨ ᠴᠡᠭᠴᠡᠯᠡᠨ ᠥᠭᠡᠷᠡᠴᠢᠯᠡᠭᠦᠯᠪᠡ᠃     ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠨᠢ ᠡᠮᠴᠢᠯᠡᠭᠡᠨ ᠤ ᠵᠢᠰᠦ ᠭᠤᠶᠣᠯᠠᠬᠤ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠮᠴᠢᠯᠡᠭᠡᠨ ᠤ ᠵᠢᠰᠦ ᠭᠤᠶᠣᠯᠠᠬᠤ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠴᠡᠪᠡᠷᠰᠢᠭᠦᠯᠵᠦ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠪᠠ᠃      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号