8 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠤᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠬᠤᠪᠢᠳᠠᠨ ᠬᠠᠮᠢᠶᠠᠷᠴᠤ | ᠪᠠᠶᠢᠭ᠎ᠠ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠬᠠᠶ ᠪᠠᠶᠢᠴᠠᠭᠠᠨ | ᠰᠤᠳᠤᠯᠤᠯᠲᠠ ᠬᠢᠪᠡ᠃ | ᠰᠢᠤᠢ ᠹᠸᠢ ᠶᠠᠨ ᠨᠠᠷ ᠤᠷᠢᠳ ᠬᠤᠵᠢᠳ ᠰᠦᠩᠱᠠᠨ ᠲᠣᠭᠤᠷᠢᠭ ᠤᠨ ᠨᠣᠮ ᠤᠨ ᠰᠠᠩ᠂ ᠰᠣᠶᠣᠯ ᠤᠨ | ᠣᠷᠳᠣᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠰᠢᠨ ᠱᠢ ᠯᠢ ᠤᠮᠪᠠᠯᠲᠠ ᠪᠠ ᠪᠡᠶ᠎ᠡ | ᠴᠢᠭᠢᠷᠠᠭᠵᠢᠭᠤᠯᠬᠤ ᠭᠠᠵᠠᠷ᠂ ᠵᠢᠤᠢ ᠨᠧᠩ ᠰᠦᠯᠵᠢᠶᠡᠨ ᠲᠣᠣᠷ ᠲᠤ ᠤᠴᠢᠪᠠ᠃ ᠨᠢᠭᠡ ᠭᠠᠵᠠᠷ ᠲᠤ ᠬᠦᠷᠬᠦ ᠪᠦᠷᠢ᠂ | ᠰᠢᠤᠢ ᠹᠸᠢ ᠶᠠᠨ ᠣᠷᠣᠵᠤ ᠭᠠᠷᠬᠤ ᠬᠥᠮᠦᠰ ᠤᠨ ᠪᠦᠷᠢᠳᠬᠡᠯ ᠤᠨ ᠮᠡᠳᠡᠭᠡ ᠵᠠᠩᠭᠢ᠂ ᠠᠷᠢᠭᠤᠳᠬᠠᠵᠤ ᠤᠰᠠᠳᠬᠠᠭᠰᠠᠨ | ᠲᠡᠮᠳᠡᠭᠯᠡᠯ ᠵᠡᠷᠭᠡ ᠶᠢ ᠨᠠᠷᠢᠨ ᠪᠠᠶᠢᠴᠠᠭᠠᠨ ᠦᠵᠡᠵᠦ᠂ ᠡᠵᠡᠩᠨᠡᠯᠲᠡ ᠶᠢᠨ ᠨᠢᠭᠡᠴᠢ ᠶᠢᠨ ᠬᠠᠷᠢᠭᠤᠴᠠᠯᠭᠠᠲᠠᠨ ᠪᠣᠯᠤᠨ | ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢ᠊ ᠡᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠰᠡᠷᠭᠡᠶᠢᠯᠡᠨ | ᠡᠵᠡᠮᠳᠡᠬᠦ ᠠᠵᠢᠯᠳᠠᠨ ᠤ ᠳᠤᠬᠢᠷᠠᠭᠤᠯᠤᠯᠳᠠ ᠪᠣᠯᠤᠨ ᠬᠢᠵᠢᠭ ᠢ ᠰᠡᠷᠭᠡᠶᠢᠯᠡᠬᠦ ᠠᠵᠢᠯ ᠤᠨ ᠶᠠᠪᠤᠴᠠ ᠶᠢ ᠯᠠᠪᠯᠠᠨ | ᠠᠰᠠᠭᠤᠪᠠ᠃ ᠲᠡᠷᠡ ᠰᠣᠶᠣᠯ ᠴᠡᠩᠭᠡᠯ ᠤᠨ ᠭᠠᠵᠠᠷ ᠤᠨ ᠠᠵᠢᠯᠲᠠᠳ ᠲᠤ ᠥᠪᠡᠷ ᠢ ᠪᠠᠨ ᠬᠠᠮᠠᠭᠠᠯᠠᠬᠤ ᠠᠵᠢᠯ ᠢ | ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠬᠠᠮᠤᠭ ᠰᠢᠨ᠎ᠡ ᠪᠠᠶᠢᠳᠠᠯ ᠪᠣᠯᠤᠨ ᠪᠦᠬᠦ ᠤᠯᠤᠰ ᠤᠨ ᠡᠯ᠎ᠡ ᠳᠤᠮᠳᠠ | ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠢ ᠴᠠᠭ ᠲᠤᠬᠠᠶ ᠳᠤᠨᠢ ᠣᠶᠢᠯᠠᠭᠠᠬᠤ ᠬᠡᠷᠡᠭᠲᠡᠶ᠂ ᠡᠭᠦᠨ ᠤ ᠵᠡᠷᠭᠡ ᠳᠤ | ᠬᠢᠵᠢᠭ ᠢ ᠰᠡᠷᠭᠡᠶᠢᠯᠡᠬᠦ ᠦᠨᠳᠦᠰᠦᠨ ᠠᠯᠬᠤᠮ ᠳᠠᠷᠠᠭ᠎ᠠ ᠶᠢ ᠪᠣᠯᠪᠠᠰᠤᠷᠠᠩᠭᠤᠶ ᠬᠡᠷᠡᠭᠯᠡᠵᠦ᠂ ᠬᠡᠪ ᠤᠨ ᠪᠤᠰᠤ ᠪᠠᠶᠢᠳᠠᠯ | ᠭᠠᠷᠪᠠᠯ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠴᠠᠭ ᠲᠤᠬᠠᠶ ᠳᠤᠨᠢ ᠰᠢᠶ᠋ᠳᠪᠦᠷᠢᠯᠡᠵᠦ᠂ ᠬᠢᠵᠢᠭ ᠢ ᠰᠡᠷᠭᠡᠶᠢᠯᠡᠨ | ᠡᠵᠡᠮᠳᠡᠬᠦ ᠶᠡᠭᠡ ᠲᠠᠯ᠎ᠠ ᠶᠢ ᠰᠠᠶᠢᠲᠤᠷ ᠬᠠᠮᠵᠢᠯᠴᠠᠨ ᠪᠡᠶᠡᠯᠡᠭᠦᠯᠬᠦ ᠬᠡᠷᠡᠭᠲᠡᠶ ᠭᠡᠵᠦ ᠵᠠᠬᠢᠭᠰᠠᠨ ᠪᠠᠶᠢᠨ᠎ᠠ᠃ | ᠰᠢᠤᠢ ᠹᠸᠢ ᠶᠠᠨ ᠴᠢᠬᠤᠯᠠᠴᠢᠯᠠᠭᠰᠠᠨ ᠨᠢ᠂ ᠠᠵᠢᠯ ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ | ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠣᠳᠣᠬᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠳᠠᠯ ᠢ ᠭᠦᠶ᠋ᠴᠡᠳ ᠲᠣᠳᠣᠷᠬᠠᠶ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ | ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠨ ᠨᠠᠷᠢᠨ ᠠᠳᠬᠤᠵᠤ᠂ ᠺᠣᠳ᠋ ᠰᠢᠷᠪᠢᠬᠦ᠂ | ᠳᠡᠩᠰᠡᠯᠡᠨ ᠲᠡᠮᠳᠡᠭᠯᠡᠬᠦ᠂ ᠳᠤᠯᠠᠭᠠᠨ ᠢ ᠬᠡᠮᠵᠢᠬᠦ᠂ ᠠᠷᠢᠭᠤᠳᠬᠠᠬᠤ ᠵᠡᠷᠭᠡ ᠡᠯ᠎ᠡ ᠵᠦᠶ᠋ᠯ ᠤᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ | ᠠᠮᠢ ᠨᠠᠰᠤᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | | | | | | | | | | | | ᠁ |