ᠭᠤᠶᠤᠴᠢᠯᠠᠭᠴᠢ ᠳᠤ ᠳᠤᠤᠷᠠᠬᠢ ᠪᠠᠶᠢᠳᠠᠯ ᠠᠴᠠ ᠨᠢᠭᠡ ᠨᠢ ᠪᠠᠶᠢᠪᠠᠯ᠂ ᠳᠤᠲᠤᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠢᠯᠢ ᠪᠠᠷ ᠣᠷᠣᠵᠦ ᠭᠠᠷᠬᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠩ ᠤᠨ ᠫᠠᠰᠫᠣᠷᠲ ᠳᠤᠨᠢ | ᠭᠠᠷ ᠤᠨ ᠦᠰᠦᠭ ᠵᠢᠷᠤᠵᠤ ᠦᠭᠬᠦ ᠦᠭᠡᠢ᠄ | ︵ᠨᠢᠭᠡ︶ ᠪᠥᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠤᠯᠤᠰ ᠤᠨ ᠬᠠᠷᠢᠶ᠎ᠡ ᠪᠤᠰᠤ︔ | ︵ᠬᠤᠶᠠᠷ︶ ᠪᠡᠶ᠎ᠡ ᠪᠠᠨ ᠭᠡᠷᠴᠢᠯᠡᠵᠤ ᠦᠯᠦ ᠳᠡᠶᠢᠯᠬᠦ︔ | ︵ᠭᠤᠷᠪᠡ︶ ᠭᠤᠶᠤᠴᠢᠯᠠᠬᠤ ᠶᠠᠪᠤᠴᠠ ᠳᠤᠮᠳᠠ ᠣᠪ ᠮᠡᠭᠡ ᠭᠠᠷᠭᠠᠭᠰᠠᠨ︔ | ︵ᠳᠥᠷᠪᠡ︶ ᠡᠷᠡᠭᠦᠦ ᠶᠢᠨ ᠰᠢᠢᠳᠭᠡᠯ ᠢᠶᠠᠷ ᠰᠢᠢᠳᠬᠡᠭᠳᠡᠭᠡᠳ ᠡᠷᠡᠭᠦᠦ ᠶᠢᠨ ᠰᠢᠢᠳᠬᠡᠯ ᠭᠦᠢᠴᠡᠳᠬᠡᠵᠦ ᠪᠠᠶᠢᠭ᠎ᠠ | ︔ | ︵ᠲᠠᠪᠤ︶ ᠠᠷᠠᠳ ᠤᠨ ᠰᠢᠭᠦᠬᠦ ᠬᠤᠷᠢᠶ᠎ᠡ ᠠᠴᠠ ᠢᠷᠭᠡᠨ ᠤ ᠬᠡᠷᠡᠭ ᠨᠢ ᠲᠠᠭᠤᠰᠤᠭᠠᠳᠤᠢ ᠬᠢᠯᠢ ᠠᠴᠠ ᠭᠠᠷᠴᠤ | ᠪᠣᠯᠬᠤ ᠦᠭᠡᠢ ᠬᠡᠵᠦ ᠮᠡᠳᠡᠭᠳᠡᠭᠰᠡᠨ︔ | ︵ᠵᠢᠷᠭᠤᠭ᠎ᠠ︶ ᠡᠷᠡᠭᠦᠦ ᠶᠢᠨ ᠬᠡᠷᠡᠭ ᠤᠨ ᠵᠠᠭᠠᠯᠳᠤᠭᠳᠠᠭᠴᠢ ᠪᠣᠶᠤ ᠶᠠᠯ᠎ᠠ ᠬᠢᠭᠰᠡᠨ ᠰᠡᠵᠢᠭᠲᠡᠨ︔ | ︵ᠳᠣᠯᠤᠭ᠎ᠠ︶ ᠲᠥᠷᠥ ᠶᠢᠨ ᠶᠠᠪᠤᠳᠠᠯ ᠤᠨ ᠬᠤᠷᠢᠶ᠎ᠡ ᠶᠢᠨ ᠬᠤᠯᠪᠤᠭᠳᠠᠯ ᠪᠥᠬᠦᠢ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠠᠴᠠ ᠬᠢᠯᠢ ᠪᠠᠷ ᠭᠠᠷᠤᠭᠰᠠᠨ ᠬᠤᠶᠢᠨ᠎ᠠ ᠤᠯᠤᠰ ᠤᠨ ᠠᠮᠤᠷ ᠲᠥᠪᠰᠢᠨ ᠳᠤ ᠬᠤᠣᠷ ᠬᠥᠨᠥᠭᠡᠯ | ᠤᠴᠠᠷᠠᠭᠤᠯᠬᠤ ᠪᠣᠶᠤ ᠤᠯᠤᠰ ᠤᠨ ᠠᠰᠢᠭ ᠲᠤᠰᠠ ᠳᠤ ᠬᠥᠨᠳᠣ ᠨᠤᠴᠢᠲᠠᠢ ᠬᠤᠬᠢᠷᠠᠯ ᠤᠴᠠᠷᠠᠭᠤᠯᠤᠨ᠎ᠠ ᠭᠡᠵᠦ | ᠦᠵᠡᠭᠰᠡᠨ᠃ | ᠠᠷᠠᠳ ᠢᠷᠭᠡᠳ ᠤᠯᠤᠰ ᠤᠨ ᠬᠢᠯᠢ ᠶᠢᠨ ᠬᠠᠮᠢᠶᠠᠷᠤᠯᠲᠠ ᠶᠢ ᠬᠠᠷᠰᠢᠯᠠᠭᠠᠳ ᠡᠷᠡᠭᠦᠦ ᠶᠢᠨ ᠬᠡᠷᠡᠭ ᠢᠶᠠᠷ | ᠰᠢᠢᠳᠬᠡᠭᠳᠡᠭᠰᠡᠨ ᠪᠣᠶᠤ ᠬᠠᠦᠯᠢ ᠪᠣᠰᠤ ᠪᠠᠷ ᠬᠢᠯᠢ ᠠᠴᠠ ᠭᠠᠷᠤᠭᠰᠠᠨ᠂ ᠬᠠᠦᠯᠢ ᠪᠣᠰᠤ ᠪᠠᠷ ᠣᠷᠣᠰᠢᠨ ᠰᠠᠭᠤᠭᠰᠠᠨ᠂ | ᠬᠠᠦᠯᠢ ᠪᠣᠰᠤ ᠪᠠᠷ ᠠᠵᠢᠯ ᠣᠯᠣᠭᠰᠠᠨ ᠠᠴᠠ ᠪᠣᠯᠵᠤ ᠤᠯᠤᠰ ᠲᠤᠨᠢ ᠪᠤᠴᠠᠭᠠᠨ ᠡᠬᠡᠭᠦᠯᠦᠭᠳᠡᠭᠰᠡᠳ ᠲᠤ ᠪᠤᠯ᠂ | ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠦ ᠭᠠᠷᠬᠤ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠲᠡᠭᠦᠨ ᠤ ᠡᠷᠡᠭᠦᠦ ᠶᠢᠨ ᠰᠢᠢᠳᠬᠡᠯ ᠢᠶᠠᠨ ᠭᠦᠢᠴᠡᠳᠬᠡᠵᠦ ᠳᠠᠭᠤᠰᠤᠭᠰᠠᠨ ᠪᠣᠶᠤ ᠤᠯᠤᠰ ᠲᠤᠨᠢ | ᠪᠤᠴᠠᠭᠠᠨ ᠡᠭᠡᠭᠦᠯᠦᠭᠰᠡᠨ ᠡᠳᠦᠷ ᠠᠴᠠ ᠡᠬᠢᠯᠡᠨ ᠵᠢᠷᠭᠤᠭᠠᠨ ᠰᠠᠷ᠎ᠠ — ᠭᠤᠷᠪᠠᠨ ᠵᠢᠯ ᠤᠨ ᠲᠣᠲᠣᠷ᠎ᠠ ᠡᠩ ᠤᠨ | ᠫᠠᠰᠫᠣᠷᠲ ᠳᠤᠨᠢ ᠭᠠᠷ ᠤᠨ ᠦᠰᠦᠭ ᠵᠢᠷᠤᠵᠤ ᠦᠭᠬᠦ ᠦᠭᠡᠢ᠃ | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ | | | | | | | | | | | ᠁ |