ᠰᠦᠩᠱᠠᠨ ᠲᠣᠭᠤᠷᠢᠭ ᠪᠣᠷᠣᠭᠠᠨ ᠪᠠ ᠪᠣᠬᠢᠷᠲᠤᠯ ᠢ ᠰᠠᠯᠭᠠᠨ ᠥᠭᠡᠷᠡᠴᠢᠯᠡᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2021/8/18
   2021 ᠣᠨ ᠳᠤ ᠭᠤᠣᠯ ᠬᠤᠳᠠ ᠶᠢᠨ ᠲᠣᠭᠤᠷᠢᠭ ᠲᠤ ᠤᠰᠤ ᠲᠠᠲᠠᠷᠠᠭᠤᠯᠬᠤ ᠬᠤᠭᠤᠯᠠᠶ ᠶᠢᠨ ᠲᠣᠣᠷ ᠲᠤ ᠪᠣᠷᠣᠭᠠᠨ ᠪᠠ ᠪᠣᠬᠢᠷᠲᠤᠯ ᠢ ᠰᠠᠯᠭᠠᠨ ᠲᠣᠬᠢᠷᠠᠭᠤᠯᠬᠤ ᠥᠭᠡᠷᠡᠴᠢᠯᠡᠯᠲᠡ ᠶᠢ 32.5 ᠺᠢᠯᠣᠮᠧᠲᠷ ᠬᠡᠷᠡᠭᠵᠢᠭᠦᠯᠬᠦ ᠪᠠᠷ ᠲᠥᠯᠥᠪᠯᠡᠵᠦ᠂ ᠡᠭᠦᠨ ᠳᠤ ᠰᠦᠩᠱᠠᠨ ᠤ ᠰᠢᠨ᠎ᠡ ᠬᠤᠳᠠ ᠶᠢᠨ ᠲᠣᠭᠤᠷᠢᠭ ᠤᠨ ᠤᠰᠤ ᠲᠠᠲᠠᠷᠠᠭᠤᠯᠬᠤ ᠬᠤᠭᠤᠯᠠᠶ ᠶᠢᠨ ᠲᠣᠣᠷ ᠲᠤ ᠪᠣᠷᠣᠭᠠᠨ ᠪᠠ ᠪᠣᠬᠢᠷᠲᠤᠯ ᠢ ᠰᠠᠯᠭᠠᠨ ᠲᠣᠬᠢᠷᠠᠭᠤᠯᠬᠤ ᠪᠠᠷ 14 ᠵᠡᠭᠡᠯᠢ ᠵᠠᠮ ᠢ ᠥᠭᠡᠷᠡᠴᠢᠯᠡᠵᠦ᠂ 26 ᠺᠢᠯᠣᠮᠧᠲᠷ ᠪᠣᠷᠣᠭᠠᠨ ᠤ ᠤᠰᠤᠨ ᠤ ᠬᠤᠭᠤᠯᠠᠶ ᠶᠢᠨ ᠲᠣᠣᠷ ᠢ ᠰᠢᠨ᠎ᠡ ᠪᠠᠷ ᠪᠠᠶᠢᠭᠤᠯᠪᠠ᠃ 22 ᠺᠢᠯᠣᠮᠧᠲᠷ ᠳᠠᠬᠢᠯᠲᠠ ᠤᠰᠤᠨ ᠬᠤᠭᠤᠯᠠᠶ ᠶᠢᠨ ᠲᠣᠣᠷ ᠢ ᠳᠡᠪᠢᠰᠬᠦ ᠪᠠᠷ ᠲᠥᠯᠥᠪᠯᠡᠵᠦ ᠪᠠᠶᠢᠨ᠎ᠠ᠃ ᠬᠤᠶᠠᠷ ᠪᠦᠯᠦᠭ ᠤᠳᠠᠭ᠎ᠠ ᠬᠤᠪᠢᠶᠠᠨ ᠳᠠᠭᠤᠰᠬᠠᠵᠤ᠂ 2021 ᠣᠨ ᠤ ᠨᠢᠭᠡᠳᠦᠭᠡᠷ ᠪᠦᠯᠦᠭ ᠤᠨ ᠤᠳᠠᠭ᠎ᠠ ᠶᠢ 7 ᠰᠠᠷ᠎ᠠ ᠶᠢᠨ ᠳᠤᠮᠳᠠᠴᠢ ᠪᠠᠷ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠦᠨ᠎ᠡ᠂ ᠬᠤᠶᠠᠳᠤᠭᠠᠷ ᠪᠦᠯᠦᠭ ᠤᠨ ᠤᠳᠠᠭ᠎ᠠ ᠶᠢ 8 ᠰᠠᠷ᠎ᠠ ᠶᠢᠨ 5 ᠤ ᠡᠳᠦᠷ ᠠᠴᠠ ᠡᠬᠢᠯᠡᠨ ᠪᠠᠶᠢᠭᠤᠯᠵᠤ᠂ 10 ᠰᠠᠷ᠎ᠠ ᠶᠢᠨ ᠳᠤᠮᠳᠠᠴᠢ ᠪᠠᠷ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠣᠶ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号