ᠰᠦᠩᠱᠠᠨ ᠲᠣᠭᠤᠷᠢᠭ ᠨᠢ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠠᠵᠤ | ᠦᠶ᠋ᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠲᠠᠷᠢᠶᠠᠯᠠᠩ ᠤᠨ ᠪᠦᠲᠦᠭᠡᠭᠳᠡᠬᠦᠨ ᠤ ᠡᠵᠡᠩᠨᠡᠯᠲᠡ | ᠪᠣᠷᠣᠯᠠᠭᠤᠯᠤᠯᠲᠠ᠂ ᠠᠵᠤ ᠦᠶ᠋ᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠵᠡᠷᠭᠡ ᠠᠭᠤᠯᠭ᠎ᠠ ᠶᠢᠨ ᠲᠣᠭᠤᠷᠢᠨ ᠳᠤ | ᠪᠦᠲᠦᠭᠡᠯᠴᠢ ᠲᠠᠷᠢᠶᠠᠯᠠᠩ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠡᠯᠧᠺᠲᠷᠣᠨ ᠬᠤᠳᠠᠯᠳᠤᠭᠠᠨ ᠤ | ᠶᠠᠪᠤᠳᠠᠯ᠂ ᠲᠠᠷᠢᠶᠠᠴᠢᠳ ᠤᠨ ᠲᠤᠰᠬᠠᠶ ᠬᠤᠷᠰᠢᠶᠠᠵᠢᠯ ᠤᠨ ᠪᠠᠶᠢᠭᠤᠯᠤᠯᠲᠠ ᠬᠠᠮᠢᠶᠠᠷᠤᠯᠲᠠ ᠵᠡᠷᠭᠡ 20 ᠭᠠᠷᠤᠶ | ᠲᠥᠷᠥᠯ ᠤᠨ ᠬᠢᠴᠢᠶᠡᠯ ᠢ ᠭᠤᠤᠯᠳᠠᠯᠭ᠎ᠠ ᠲᠠᠢ ᠨᠡᠭᠡᠭᠡᠪᠡ᠃ ᠭᠤᠤᠯᠳᠠᠭᠤ ︽ᠰᠤᠷᠭᠠᠭᠤᠯᠢ ᠶᠢᠨ ᠬᠢᠴᠢᠶᠡᠯ + | ᠰᠠᠭᠤᠷᠢᠨ ᠭᠠᠵᠠᠷ ᠤᠨ ᠪᠣᠳᠠᠲᠠᠶ ᠪᠣᠯᠪᠠᠰᠤᠷᠠᠭᠤᠯᠤᠯ︾ ︽ᠦᠵᠡᠭᠦᠯᠦᠯᠭᠡ ᠶᠢᠨ ᠦᠢᠯᠡᠳᠦᠯᠭᠡ + ᠲᠤᠬᠠᠶ ᠶᠢᠨ | ᠲᠠᠯᠠᠪᠤᠷ ᠤᠨ ᠵᠢᠯᠣᠭᠤᠳᠣᠯᠭ᠎ᠠ︾ ᠶᠢᠨ ᠪᠣᠯᠪᠠᠰᠤᠷᠠᠭᠤᠯᠤᠯ ᠤᠨ ᠬᠡᠯᠪᠡᠷᠢ ᠶᠢ ᠬᠡᠷᠡᠭᠵᠢᠭᠦᠯᠵᠦ᠂ ᠪᠣᠯᠪᠠᠰᠤᠷᠠᠭᠤᠯᠤᠯ ᠤᠨ | ᠬᠠᠨᠳᠤᠯᠭᠠᠲᠤ ᠴᠢᠨᠠᠷ ᠪᠠ ᠬᠡᠷᠡᠭᠯᠡᠭᠡᠨ ᠤ ᠴᠢᠨᠠᠷ ᠢ ᠢᠯᠡᠷᠡᠭᠦᠯᠬᠦ ᠶᠢ ᠴᠢᠬᠤᠯᠠᠴᠢᠯᠠᠪᠠ᠃ ᠣᠲᠣ ᠪᠣᠯᠲᠠᠯ᠎ᠠ᠂ ᠡᠯ᠎ᠡ | ᠲᠥᠷᠥᠯ ᠤᠨ ᠪᠣᠯᠪᠠᠰᠤᠷᠠᠭᠤᠯᠤᠯ ᠤᠨ ᠠᠩᠭᠢ ᠶᠢ ᠨᠡᠶᠢᠲᠡ ᠬᠤᠷᠢ ᠭᠠᠷᠤᠶ ᠬᠤᠭᠤᠴᠠᠭ᠎ᠠ ᠡᠷᠭᠢᠯᠡᠵᠦ᠂ ᠲᠥᠪᠯᠡᠷᠡᠭᠦᠯᠦᠨ | ᠰᠤᠷᠤᠯᠴᠠᠬᠤ᠂ ᠮᠥᠷᠳᠡᠨ ᠦᠢᠯᠡᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠠᠷᠢᠬᠤ᠂ ᠲᠡᠵᠢᠭᠡᠨ | ᠦᠷᠡᠵᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠪᠣᠯᠪᠠᠰᠤᠷᠠᠭᠤᠯᠬᠤ᠂ ᠪᠣᠷᠣᠯᠠᠭᠤᠯᠬᠤ ᠵᠡᠷᠭᠡ | ᠬᠦᠷᠢᠶᠡᠨ ᠳᠤ ᠰᠣᠶᠣᠯ ᠮᠡᠳᠡᠯᠭᠡ ᠢᠶᠠᠷ ᠦᠨᠳᠦᠷ᠂ ᠲᠤᠰᠬᠠᠢ ᠮᠡᠷᠭᠡᠵᠢᠯ ᠳᠤ ᠴᠠᠭᠠᠷᠠᠭᠰᠠᠨ᠂ ᠠᠳᠠᠯ ᠡᠵᠡᠩᠨᠡᠯᠲᠡ ᠳᠤ | ᠴᠢᠳᠠᠮᠠᠭᠠᠶ᠂ ᠦᠨᠳᠦᠷ ᠬᠠᠮᠢᠶᠠᠷᠤᠯᠲᠠ ᠶᠢᠨ ᠮᠡᠷᠭᠡᠵᠢᠯ ᠲᠠᠢ᠂ ᠬᠡᠪ ᠪᠣᠯᠪᠠᠰᠤᠷᠠᠯ ᠲᠠᠢ 1572 ᠲᠠᠷᠢᠶᠠᠴᠢᠨ ᠢ | ᠬᠥᠮᠦᠵᠢᠭᠦᠯᠵᠡᠶ᠃ | | | | | | | | | | | ᠁ |