ᠦᠪᠦᠷ ᠵᠠᠰᠠᠭ ᠠᠯᠪᠠᠨ ᠲᠠᠷᠬᠠᠭᠠᠭᠰᠠᠨ ﹇2021﹈ 12 ᠳ᠋ᠤᠭᠠᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ | ᠬᠡᠶ ᠶᠢᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠬᠢᠨᠠᠨ ᠬᠠᠮᠢᠶᠠᠷᠬᠤ ᠠᠷᠭ᠎ᠠ︾ ᠶᠢ ᠳᠠᠷᠤᠮᠠᠯᠯᠠᠨ ᠶᠠᠪᠤᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠭᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠᠶᠢᠭᠠᠯᠢ ᠶᠢᠨ | ᠰᠢᠲᠠᠮᠠᠬᠠᠶ ᠬᠡᠶ ᠶᠢᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠬᠢᠨᠠᠨ ᠬᠠᠮᠢᠶᠠᠷᠬᠤ ᠠᠷᠭ᠎ᠠ︾ ᠶᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2021 ᠣᠨ ᠤ 2 ᠳ᠋ᠤᠭᠠᠷ ᠰᠠᠷ᠎ᠠ ᠶᠢᠨ 25 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠᠶᠢᠭᠠᠯᠢ ᠶᠢᠨ | ᠰᠢᠲᠠᠮᠠᠬᠠᠶ ᠬᠡᠶ ᠶᠢᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠬᠢᠨᠠᠨ ᠬᠠᠮᠢᠶᠠᠷᠬᠤ ᠠᠷᠭ᠎ᠠ | ᠨᠢᠭᠡᠳᠦᠭᠡᠷ ᠵᠦᠢᠯ ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠭᠤᠣᠷᠰᠤ ᠶᠢᠨ | ᠬᠠᠮᠠᠭᠠᠯᠠᠯᠲᠠ ᠶᠢ ᠴᠢᠩᠭᠠᠳᠬᠠᠵᠤ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠶ ᠳᠠᠮᠵᠢᠭᠤᠯᠤᠨ ᠬᠦᠷᠭᠡᠬᠦ | ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠬᠠᠤᠯᠢ︾ | ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ | ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠴᠢᠯᠠᠭᠤᠨ ᠲᠣᠰᠣ᠂ | ᠪᠠᠶᠢᠭᠠᠯᠢ ᠶᠢᠨ ᠰᠢᠲᠠᠮᠠᠬᠠᠶ ᠬᠡᠶ ᠳᠠᠮᠵᠢᠭᠤᠯᠤᠨ ᠬᠦᠷᠭᠡᠬᠦ ᠬᠤᠭᠤᠯᠠᠶ ᠭᠤᠣᠷᠰᠤ ︵ᠳᠣᠷᠣᠭᠰᠢ ᠬᠤᠭᠤᠯᠠᠶ ᠭᠤᠣᠷᠰᠤ | ᠭᠡᠵᠦ ᠲᠣᠪᠴᠢᠯᠠᠨ᠎ᠠ︶ ᠶᠢ ᠬᠠᠮᠠᠭᠠᠯᠠᠬᠤ ᠳᠤ ᠲᠣᠰ ᠠᠷᠭ᠎ᠠ ᠬᠡᠷᠡᠭᠯᠡᠭᠳᠡᠨ᠎ᠡ᠃ ᠬᠤᠲᠠ ᠪᠠᠯᠭᠠᠰᠤᠨ ᠤ ᠰᠢᠲᠠᠮᠠᠬᠠᠶ | ᠬᠡᠶ ᠶᠢᠨ ᠬᠤᠭᠤᠯᠠᠶ ᠭᠤᠣᠷᠰᠤ ᠪᠠ ᠴᠢᠯᠠᠭᠤᠨ ᠲᠣᠰᠣ ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ | ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠲᠠᠬᠢ ᠬᠤᠭᠤᠯᠠᠶ ᠭᠤᠣᠷᠰᠤ ᠶᠢ ᠬᠠᠮᠠᠭᠠᠯᠠᠬᠤ ᠳᠤ ᠲᠣᠰ | ᠠᠷᠭ᠎ᠠ ᠳᠣᠭᠢᠷᠠᠬᠤ ᠥᠬᠡᠶ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠴᠢᠯᠠᠭᠤᠨ ᠲᠤᠰᠤ ᠭᠡᠳᠡᠭ ᠨᠢ ᠲᠦᠭᠦᠬᠡᠶ ᠴᠢᠯᠠᠭᠤᠨ | ᠲᠤᠰᠤ ᠪᠠ ᠪᠣᠯᠪᠠᠰᠤᠷᠠᠭᠤᠯᠤᠭᠰᠠᠨ ᠴᠢᠯᠠᠭᠤᠨ ᠲᠤᠰᠤ ᠶᠢ ᠪᠠᠭᠲᠠᠭᠠᠵᠤ ᠪᠣᠢ᠂ ᠪᠠᠶᠢᠭᠠᠯᠢ ᠶᠢᠨ ᠰᠢᠲᠠᠮᠠᠬᠠᠶ ᠬᠡᠢ | ᠭᠡᠳᠡᠭ ᠨᠢ ᠪᠠᠶᠢᠭᠠᠯᠢ ᠶᠢᠨ ᠰᠢᠲᠠᠮᠠᠬᠠᠶ ᠬᠡᠢ᠂ ᠨᠡᠭᠦᠷᠡᠰᠦᠨ ᠳᠠᠪᠬᠤᠷᠭ᠎ᠠ ᠶᠢᠨ ᠬᠡᠢ ᠪᠠ ᠨᠡᠭᠦᠷᠡᠰᠦ ᠪᠠᠷ ᠦᠢᠯᠡᠳᠦᠭᠰᠡᠨ | ᠬᠡᠢ ᠶᠢ ᠪᠠᠭᠲᠠᠭᠠᠵᠤ ᠪᠣᠢ᠃ ᠲᠤᠰ ᠠᠷᠭ᠎ᠠ ᠳᠤ ᠬᠡᠯᠡᠵᠦ ᠪᠠᠶᠢᠭ᠎ᠠ ᠬᠤᠭᠤᠯᠠᠶ ᠭᠤᠣᠷᠰᠤ ᠭᠡᠳᠡᠭ ᠨᠢ ᠳᠠᠮᠵᠢᠭᠤᠯᠬᠤ | ᠬᠤᠭᠤᠯᠠᠶ ᠭᠤᠣᠷᠰᠤ ᠵᠢᠴᠢ ᠳᠠᠮᠵᠢᠭᠤᠯᠬᠤ ᠬᠤᠭᠤᠯᠠᠶ ᠭᠤᠣᠷᠰᠤ ᠶᠢᠨ ᠲᠠᠭᠠᠯᠳᠠ ᠪᠡᠯᠡᠳᠭᠡᠮᠵᠢ ᠶᠢ ᠪᠠᠭᠲᠠᠭᠠᠵᠤ ᠪᠣᠢ᠃ | | ᠳᠥᠷᠪᠡᠳᠦᠭᠡᠷ ᠵᠦᠢᠯ ᠬᠤᠭᠤᠯᠠᠢ ᠭᠤᠣᠷᠰᠤ ᠶᠢ ᠬᠠᠮᠠᠭᠠᠯᠠᠬᠤ ᠠᠵᠢᠯ ᠳᠤ ᠠᠮᠦᠷ ᠲᠦᠪᠰᠢᠨ ᠢ ᠲᠡᠷᠢᠭᠦᠨ ᠳᠤ | ᠲᠠᠯᠪᠢᠬᠤ᠂ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠱᠠᠳᠤ | ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠢᠶᠠᠷ ᠨᠢ ᠬᠠᠮᠢᠶᠠᠷᠤᠭᠤᠯᠬᠤ ᠶᠢ ᠬᠡᠷᠡᠭᠵᠢᠭᠦᠯᠦᠨ᠂ ᠠᠵᠢᠯ ᠲᠦᠷᠦᠯ ᠢ | ᠬᠠᠮᠢᠶᠠᠷᠬᠤ ᠳᠤ ᠡᠷᠬᠡᠪᠰᠢ ᠠᠮᠦᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ | ᠠᠮᠦᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠠᠮᠦᠷ ᠲᠦᠪᠰᠢᠨ ᠢ ᠬᠠᠮᠢᠶᠠᠷᠬᠤ | ᠵᠠᠷᠴᠢᠮ ᠢ ᠪᠠᠷᠢᠮᠲᠠᠯᠠᠬᠤ ᠬᠡᠷᠡᠭᠲᠡᠢ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠨᠧᠷᠭᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ | ᠣᠷᠳᠣᠨ ᠪᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ | ᠰᠠᠯᠠᠭ᠎ᠠ ᠮᠥᠴᠢᠷ ︵ᠳᠣᠷᠣᠭᠰᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠨᠢ᠂ ᠲᠤᠰ ᠵᠠᠰᠠᠭ ᠵᠠᠬᠢᠷᠭᠠᠨ ᠤ ᠣᠷᠣᠨ ᠳᠠᠬᠢ ᠬᠤᠭᠤᠯᠠᠢ ᠭᠤᠣᠷᠰᠤ ᠶᠢᠨ | ᠬᠠᠮᠠᠭᠠᠯᠠᠯᠲᠠ ᠶᠢᠨ ᠠᠵᠢᠯ ᠢ ᠬᠠᠤᠯᠢ ᠶᠣᠰᠣᠭᠠᠷ ᠬᠠᠷᠢᠭᠤᠴᠠᠵᠤ᠂ ᠲᠤᠰ ᠵᠠᠰᠠᠭ ᠵᠠᠬᠢᠷᠭᠠᠨ ᠤ ᠣᠷᠣᠨ ᠳᠠᠬᠢ | ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ | ᠬᠤᠯᠪᠣᠭᠳᠠᠯ ᠪᠦᠬᠦᠢ ᠨᠢᠭᠡᠴᠢ ᠶᠢᠨ ᠬᠢᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠡᠭᠦᠷᠭᠡ ᠪᠠᠨ | ᠭᠦᠢᠴᠡᠳᠬᠡᠬᠦ ᠳᠤ ᠵᠢᠭᠠᠨ ᠵᠢᠯᠤᠭᠤᠳᠬᠤ ᠪᠠ ᠬᠢᠨᠠᠯᠲᠠ ᠲᠠᠯᠪᠢᠵᠤ᠂ ᠬᠤᠭᠤᠯᠠᠶ ᠭᠤᠣᠷᠰᠤ ᠶᠢᠨ ᠠᠮᠦᠷ ᠲᠦᠪᠰᠢᠨ ᠳᠤ | ᠬᠤᠣᠷ ᠬᠦᠨᠦᠭᠡᠯ ᠤᠴᠠᠷᠠᠭᠤᠯᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠪᠤᠰᠤᠳ ᠬᠠᠮᠢᠶ᠎ᠠ ᠪᠥᠬᠦᠢ ᠰᠠᠯᠠᠭ᠎ᠠ ᠮᠥᠴᠢᠷ ᠨᠢ ᠬᠤᠯᠪᠣᠭᠳᠠᠯ ᠪᠥᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ | ᠬᠡᠪᠴᠢᠶᠡᠨ ᠳᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠬᠠᠮᠢᠶ᠎ᠠ ᠪᠥᠬᠦᠢ ᠠᠵᠢᠯ ᠢ ᠬᠠᠷᠢᠭᠤᠴᠠᠬᠤ ᠬᠡᠷᠡᠭᠲᠡᠶ᠃ | | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠲᠤᠰ ᠵᠠᠰᠠᠭ ᠵᠠᠬᠢᠷᠭᠠᠨ ᠤ ᠣᠷᠣᠨ ᠳᠠᠬᠢ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠳᠤ | ᠤᠳᠤᠷᠢᠳᠤᠯᠭ᠎ᠠ ᠪᠠᠨ ᠴᠢᠩᠭᠠᠳᠬᠠᠵᠤ᠂ ᠲᠤᠰ ᠵᠠᠰᠠᠭ ᠵᠠᠬᠢᠷᠭᠠᠨ ᠤ ᠣᠷᠣᠨ ᠳᠠᠬᠢ ᠬᠤᠭᠤᠯᠠᠶ ᠭᠤᠤᠷᠰᠤ ᠶᠢᠨ | ᠬᠠᠮᠠᠭᠠᠯᠠᠯᠲᠠ ᠶᠢᠨ ᠠᠵᠢᠯ ᠤᠨ ᠴᠢᠬᠤᠯᠠ ᠶᠡᠭᠡ ᠠᠰᠠᠭᠤᠳᠠᠯ ᠢᠶᠠᠨ ᠴᠠᠭ ᠲᠤᠬᠠᠶ ᠳᠤ ᠨᠢ ᠵᠣᠬᠢᠴᠠᠭᠤᠯᠤᠨ | ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ | ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠨᠢ ᠰᠢᠮᠳᠠᠭᠤᠯᠤᠨ ᠪᠠᠶᠢᠴᠠᠭᠠᠵᠤ᠂ ᠬᠤᠭᠤᠯᠠᠶ | ᠭᠤᠣᠷᠰᠤ ᠶᠢᠨ ᠭᠠᠳᠠᠷ ᠲᠠᠯ᠎ᠠ ᠶᠢᠨ ᠠᠮᠤᠷ ᠲᠦᠪᠰᠢᠨ ᠤ ᠬᠦᠨᠳᠦ ᠶᠡᠭᠡ ᠲᠠᠯᠳᠠ ᠭᠡᠮ ᠢ ᠵᠣᠬᠢᠶᠠᠨ ᠪᠠᠶᠢᠭᠤᠯᠵᠤ | ᠪᠠᠶᠢᠭᠠᠳ ᠠᠷᠢᠯᠭᠠᠬᠤ ᠬᠡᠷᠡᠭᠲᠡᠶ᠃ | ᠬᠤᠭᠤᠯᠠᠶ ᠭᠤᠣᠷᠰᠤ ᠳᠡᠪᠢᠰᠦᠭᠰᠡᠨ ᠵᠠᠮ ᠱᠤᠭᠤᠮ ᠳᠠᠭᠠᠤ ᠶᠢᠨ ᠰᠤᠮᠤ ᠰᠢᠶᠠᠩ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠭᠠᠴᠠᠭ᠎ᠠ ᠲᠣᠰᠬᠤᠨ ︵ᠰᠠᠭᠤᠭᠠᠯᠢ | ᠲᠣᠭᠤᠷᠢᠭ︶ ᠤ ᠠᠷᠠᠳ ᠤᠨ ᠵᠥᠪᠯᠡᠯ ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ | ᠲᠣᠭᠲᠠᠭᠠᠯ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠳᠠᠬᠢ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ | ᠠᠵᠢᠯ ᠢᠶᠠᠨ ᠰᠠᠶᠢᠲᠤᠷ ᠬᠢᠵᠦ᠂ ᠬᠤᠭᠤᠯᠠᠶ ᠭᠤᠣᠷᠰᠤ ᠳᠤ ᠲᠣᠭᠤᠷᠢᠨ ᠬᠠᠮᠠᠭᠠᠯᠠᠬᠤ᠂ ᠲᠣᠭᠤᠷᠢᠨ ᠪᠠᠶᠢᠴᠠᠭᠠᠬᠤ᠂ | ᠰᠡᠯᠪᠢᠨ ᠵᠠᠰᠠᠵᠤ ᠠᠷᠠᠴᠢᠯᠠᠬᠤ ᠪᠠ ᠠᠳᠡᠯ ᠢ ᠵᠠᠪᠳᠡᠵᠦ ᠵᠠᠰᠠᠬᠤ ᠵᠡᠷᠭᠡ ᠠᠵᠢᠯᠯᠠᠭ᠎ᠠ ᠦᠷᠨᠢᠭᠦᠯᠬᠦ ᠳᠤ ᠴᠢᠬᠤᠯᠠ ᠪᠦᠬᠦᠢ | ᠲᠦᠬᠦᠮ ᠦᠵᠡᠭᠦᠯᠬᠦ ᠬᠡᠷᠡᠭᠲᠡᠶ᠃ | ᠳᠣᠯᠣᠳᠤᠭᠠᠷ ᠵᠦᠢᠯ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠪᠣᠯ ᠬᠤᠭᠤᠯᠠᠶ ᠭᠤᠣᠷᠰᠤ ᠶᠢᠨ | ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠪᠠ ᠠᠶᠤᠯ ᠦᠭᠡᠢ ᠠᠵᠢᠯᠯᠠᠭᠠᠨ ᠤ ᠬᠠᠷᠢᠭᠤᠴᠠᠯᠭ᠎ᠠ ᠶᠢᠨ ᠭᠤᠣᠯ | ᠴᠣᠭᠴᠠ ᠪᠣᠯᠤᠨ᠎ᠠ᠂ ᠡᠷᠬᠡᠪᠰᠢ ᠤᠯᠤᠰ ᠤᠨ ᠮᠡᠷᠭᠡᠵᠢᠯ ᠤᠨ ᠵᠢᠷᠤᠮᠵᠢᠯ ᠪᠠ ᠠᠯᠪᠠᠳᠠᠯᠭ᠎ᠠ ᠶᠢᠨ ᠴᠢᠨᠠᠷᠲᠠᠶ | ᠱᠠᠭᠠᠷᠳᠠᠯᠭ᠎ᠠ ᠶᠢ ᠬᠡᠷᠡᠭᠵᠢᠭᠦᠯᠵᠦ᠂ ᠲᠤᠰ ᠠᠵᠤ ᠠᠬᠤᠶᠢᠯᠠᠯ ᠤᠨ ᠢᠶᠠᠨ ᠬᠤᠭᠤᠯᠠᠶ ᠭᠤᠣᠷᠰᠤ ᠶᠢᠨ ᠪᠦᠷᠢᠨ ᠪᠦᠲᠦᠨ | ᠴᠢᠨᠠᠷ ᠢ ᠬᠠᠮᠢᠶᠠᠷᠬᠤ᠂ ᠲᠣᠭᠤᠷᠢᠨ ᠬᠠᠮᠠᠭᠠᠯᠠᠵᠤ ᠠᠷᠠᠴᠢᠯᠠᠬᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ | ᠲᠠᠯᠳᠠ ᠭᠡᠮ ᠢ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠲᠦᠷᠢᠮ ᠪᠠ ᠠᠵᠢᠯᠯᠠᠬᠤ | ᠳᠦᠷᠢᠮᠯᠡᠯ ᠢ ᠪᠠᠶᠢᠭᠤᠯᠤᠨ ᠪᠦᠷᠢᠨᠰᠢᠭᠦᠯᠵᠦ᠂ ᠬᠤᠭᠤᠯᠠᠶ ᠭᠤᠣᠷᠰᠤ ᠶᠢᠨ ᠰᠢᠰᠲ᠋ᠧᠮ ᠤᠨ ᠠᠮᠦᠷ ᠢ ᠬᠠᠮᠠᠭᠠᠯᠠᠬᠤ | ᠲᠠᠯ᠎ᠠ ᠶᠢᠨ ᠲᠦᠭᠰᠢᠭᠦᠷᠢ ᠶᠢᠨ ᠲᠡᠰ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠬᠤᠭᠤᠯᠠᠶ ᠭᠤᠣᠷᠰᠤ ᠶᠢᠨ ᠠᠮᠤᠷ ᠲᠦᠪᠰᠢᠨ ᠪᠠ ᠬᠠᠮᠠᠭᠠᠯᠠᠯᠲᠠ ᠶᠢᠨ ᠮᠡᠳᠡᠯᠭᠡ ᠶᠢ | ᠤᠬᠠᠭᠤᠯᠵᠤ᠂ ᠬᠤᠭᠤᠯᠠᠶ ᠭᠤᠣᠷᠰᠤ ᠶᠢᠨ ᠠᠶᠤᠯ ᠦᠭᠡᠢ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠶ᠃ | ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠳᠡᠪᠢᠰᠦᠭᠰᠡᠨ ᠵᠠᠮ | ᠱᠤᠭᠤᠮ ᠳᠠᠭᠠᠤ ᠶᠢᠨ ᠨᠢᠭᠡᠴᠢ ᠪᠠ ᠬᠤᠪᠢ ᠬᠥᠮᠦᠨ ᠲᠠᠢ ᠬᠤᠭᠤᠯᠠᠶ ᠭᠤᠣᠷᠰᠤ ᠶᠢ ᠬᠠᠮᠠᠭᠠᠯᠠᠬᠤ ᠤᠷᠳᠤ | ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠵᠤ᠂ ᠬᠤᠭᠤᠯᠠᠶ ᠭᠤᠣᠷᠰᠤ ᠳᠡᠪᠢᠰᠦᠭᠰᠡᠨ ᠵᠠᠮ | ᠱᠤᠭᠤᠮ ᠳᠠᠭᠠᠤ ᠶᠢᠨ ᠤᠯᠠᠨ ᠨᠡᠶᠢᠲᠡ ᠳᠤ ᠠᠮᠦᠷ ᠲᠦᠪᠰᠢᠨ ᠤ ᠲᠠᠯ᠎ᠠ ᠪᠠᠷ ᠬᠢ ᠲᠦᠭᠰᠢᠭᠦᠷᠢ ᠪᠠ ᠰᠡᠷᠭᠡᠶᠢᠯᠡᠬᠦ | ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠮᠡᠳᠡᠭᠳᠡᠬᠦ ᠬᠡᠷᠡᠭᠲᠡᠶ᠃ | ᠨᠠᠢᠮᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠬᠤᠭᠤᠯᠠᠶ ᠭᠤᠣᠷᠰᠤ ᠶᠢᠨ ᠠᠮᠦᠷ | ᠲᠦᠪᠰᠢᠨ ᠳᠤ ᠬᠤᠬᠢᠷᠠᠯ ᠤᠴᠠᠷᠠᠭᠤᠯᠬᠤ ᠦᠢᠯᠡ ᠠᠵᠢᠯᠯᠠᠭ᠎ᠠ ᠬᠢᠵᠦ ᠪᠣᠯᠬᠤ ᠦᠭᠡᠢ᠂ ᠬᠤᠭᠤᠯᠠᠶ ᠭᠤᠣᠷᠰᠤ ᠶᠢᠨ | ᠠᠵᠢᠯ ᠤᠨ ᠠᠵᠤ ᠠᠬᠤᠶᠢᠯᠠᠯ ᠤᠨ ᠡᠳᠦᠷ ᠲᠤᠳᠤᠮ ᠤᠨ ᠲᠣᠭᠤᠷᠢᠨ ᠬᠠᠮᠠᠭᠠᠯᠠᠬᠤ᠂ ᠲᠣᠭᠤᠷᠢᠨ ᠪᠠᠶᠢᠴᠠᠭᠠᠬᠤ᠂ | ᠰᠡᠯᠪᠢᠨ ᠵᠠᠰᠠᠵᠤ ᠠᠷᠠᠴᠢᠯᠠᠬᠤ ᠵᠡᠷᠭᠡ ᠠᠵᠢᠯᠯᠠᠭ᠎ᠠ ᠬᠢᠬᠦ ᠶᠢ ᠬᠠᠷᠰᠢᠯᠠᠬᠤ ᠪᠠ ᠰᠠᠭᠠᠲᠠᠭᠠᠵᠤ ᠪᠣᠯᠬᠤ ᠦᠭᠡᠢ᠃ | ᠬᠤᠭᠤᠯᠠᠶ ᠭᠤᠣᠷᠰᠤ ᠶᠢᠨ ᠠᠮᠦᠷ ᠲᠦᠪᠰᠢᠨ ᠳᠤ ᠬᠤᠬᠢᠷᠠᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢ ᠪᠣᠯ᠂ | ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ | ᠡᠷᠬᠡ ᠲᠠᠢ᠂ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ | ᠬᠡᠪᠴᠢᠶ᠎ᠡ ᠪᠠᠷ ᠢᠶᠠᠨ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠶᠢ ᠨᠠᠶᠢᠷᠠᠭᠤᠯᠤᠨ ᠵᠣᠬᠢᠶᠠᠬᠤ᠂ | ᠲᠣᠬᠢᠷᠠᠭᠤᠯᠤᠯᠲᠠ ᠬᠢᠬᠦ ᠳᠤ ᠬᠤᠭᠤᠯᠠᠶ ᠭᠤᠣᠷᠰᠤ ᠶᠢᠨ ᠲᠠᠯ᠎ᠠ ᠪᠠᠷ ᠬᠢ ᠥᠭᠡᠷᠡᠴᠢᠯᠡᠨ ᠪᠠᠶᠢᠭᠤᠯᠬᠤ᠂ ᠰᠢᠯᠵᠢᠭᠦᠯᠦᠨ | ᠨᠡᠭᠦᠯᠭᠡᠬᠦ ᠪᠤᠶᠤ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠶᠢ ᠨᠡᠮᠡᠭᠳᠡᠭᠦᠯᠬᠦ ᠠᠵᠢᠯ ᠳᠤ ᠬᠤᠯᠪᠣᠭᠳᠠᠭᠰᠠᠨ ᠪᠠᠶᠢᠪᠠᠯ᠂ | ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠤᠨ ᠰᠠᠨᠠᠯ ᠢ ᠬᠤᠷᠢᠶᠠᠬᠤ ᠬᠡᠷᠡᠭᠲᠡᠶ᠃ | ᠠᠷᠪᠠᠳᠤᠭᠠᠷ ᠵᠦᠢᠯ ᠬᠤᠭᠤᠯᠠᠢ ᠭᠤᠣᠷᠰᠤ ᠶᠢᠨ ᠲᠠᠯ᠎ᠠ ᠪᠠᠷ ᠬᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ | ᠪᠠᠶᠢᠭᠤᠯᠬᠤ ᠪᠠ ᠥᠷᠭᠡᠳᠬᠡᠨ ᠪᠠᠶᠢᠭᠤᠯᠬᠤ ᠪᠠᠷ ᠵᠠᠮ ᠱᠤᠭᠤᠮ ᠰᠤᠩᠭᠤᠬᠤ ᠳᠤ ᠬᠠᠤᠯᠢ ᠴᠠᠭᠠᠵᠠ᠂ ᠬᠠᠤᠯᠢ | ᠲᠣᠭᠲᠠᠭᠠᠯ ᠵᠢᠴᠢ ᠤᠯᠤᠰ ᠤᠨ ᠮᠡᠷᠭᠡᠵᠢᠯ ᠤᠨ ᠵᠢᠷᠤᠮᠵᠢᠯ ᠳᠤ ᠲᠣᠭᠲᠠᠭᠠᠭᠰᠠᠨ ᠬᠠᠮᠠᠭᠠᠯᠠᠯᠲᠠ ᠶᠢᠨ ᠵᠠᠶ ᠶᠢ | ᠬᠡᠷᠡᠭᠵᠢᠭᠦᠯᠵᠦ᠂ ᠬᠥᠮᠦᠨ ᠠᠮᠠ ᠨᠢᠭᠲᠠᠷᠠᠵᠤ ᠲᠥᠪᠯᠡᠷᠡᠭᠰᠡᠨ ᠣᠷᠣᠨ ᠵᠡᠷᠭᠡ ᠤᠯᠠᠨ ᠨᠡᠶᠢᠲᠡ ᠶᠢᠨ ᠭᠠᠵᠠᠷ ᠲᠠᠯᠠᠪᠤᠷ | ᠵᠢᠴᠢ ᠠᠮᠠᠷᠬᠠᠨ ᠦᠶᠡᠷ ᠤᠰᠤᠳᠤᠯ ᠤᠨ ᠭᠠᠢ ᠭᠠᠮᠰᠢᠭ᠂ ᠭᠠᠵᠠᠷ ᠬᠦᠷᠦᠰᠦᠨ ᠤ ᠭᠠᠢ ᠭᠠᠮᠰᠢᠭ ᠡᠭᠦᠰᠳᠡᠭ ᠣᠷᠣᠨ | ᠪᠦᠰᠡ ᠠᠴᠠ ᠵᠠᠶᠢᠯᠠᠭᠤᠯᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠨᠢ ᠭᠠᠵᠠᠷ ᠰᠢᠷᠣᠶ᠂ ᠭᠡᠷ | ᠪᠠᠶᠢᠰᠢᠩ ᠢ ᠲᠠᠲᠠᠪᠤᠷᠢᠯᠠᠬᠤ ᠳᠤ ᠬᠤᠯᠪᠣᠭᠳᠠᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃ | ᠬᠤᠭᠤᠯᠠᠶ ᠭᠤᠣᠷᠰᠤ ᠶᠢᠨ ᠠᠵᠢᠯᠯᠠᠭᠠᠨ ᠪᠠ ᠬᠠᠮᠠᠭᠠᠯᠠᠯᠲᠠ ᠨᠢ ᠭᠠᠵᠠᠷ ᠰᠢᠷᠣᠶ ᠶᠢᠨ ᠬᠡᠷᠡᠭᠯᠡᠯᠲᠡ ᠶᠢ ᠨᠥᠯᠥᠭᠡᠯᠡᠭᠰᠡᠨ | ᠪᠠᠶᠢᠪᠠᠯ᠂ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢᠨ ᠪᠦᠳᠦᠭᠡᠨ | ᠪᠠᠶᠢᠭᠤᠯᠤᠯᠲᠠ ᠬᠢᠬᠦ ᠳᠤ ᠪᠠᠨ ᠭᠠᠵᠠᠷ ᠰᠢᠷᠣᠶ ᠶᠢᠨ ᠬᠡᠷᠡᠭᠴᠡᠭᠡ ᠶᠣᠰᠣᠭᠠᠷ᠂ ᠭᠠᠵᠠᠷ ᠰᠢᠷᠣᠶ ᠬᠡᠷᠡᠭᠯᠡᠬᠦ ᠴᠢᠳᠠᠮᠵᠢ ᠶᠢᠨ | ᠨᠥᠯᠥᠭᠡᠯᠡᠭᠳᠡᠬᠦ ᠬᠡᠮᠵᠢᠶ᠎ᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠤᠳᠤᠯᠬᠢᠯᠠᠭᠠᠳ ᠬᠠᠮᠢᠶ᠎ᠠ ᠪᠦᠬᠦᠢ ᠡᠷᠬᠡ | ᠠᠰᠢᠭᠲᠤ ᠬᠥᠮᠦᠨ ᠳᠤ ᠲᠦᠯᠦᠪᠦᠷᠢ ᠥᠭᠬᠦ ᠶᠢᠨ ᠬᠠᠮᠲᠤ᠂ ᠭᠠᠵᠠᠷ ᠰᠢᠷᠣᠶ ᠶᠢ ᠰᠡᠷᠭᠦᠭᠡᠨ ᠬᠠᠭᠠᠯᠪᠤᠷᠢᠯᠠᠬᠤ ᠪᠠ ᠠᠮᠢ | ᠠᠬᠤᠶ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠠᠵᠢᠯ ᠢ ᠴᠠᠭ ᠲᠤᠬᠠᠶ ᠳᠤ ᠨᠢ ᠪᠡᠶᠡᠯᠡᠭᠦᠯᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠳᠤ ᠵᠣᠬᠢᠬᠤ ᠬᠢᠷᠢ | ᠴᠢᠳᠠᠮᠵᠢ ᠲᠠᠢ ᠨᠢᠭᠡᠴᠢ ᠶᠢ ᠰᠣᠩᠭᠤᠵᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢ ᠳᠠᠭᠠᠭᠠᠨ ᠡᠭᠦᠷᠭᠡᠯᠡᠭᠦᠯᠬᠦ | ᠬᠡᠷᠡᠭᠲᠡᠶ᠂ ᠪᠠᠷᠢᠯᠭ᠎ᠠ ᠡᠬᠢᠯᠡᠬᠦ ᠠᠴᠠ ᠡᠮᠦᠨ᠎ᠡ ᠲᠦᠷᠦᠯ ᠵᠦᠢᠯ ᠤᠨ ᠪᠦᠳᠦᠭᠡᠨ ᠪᠠᠶᠢᠭᠤᠯᠬᠤ ᠭᠠᠵᠠᠷ ᠤᠨ ᠠᠶᠤᠯ | ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠤᠭᠤᠯᠠᠶ ᠭᠤᠣᠷᠰᠤ ᠶᠢᠨ | ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢᠶᠠᠨ ᠠᠮᠦᠷ ᠲᠦᠪᠰᠢᠨ ᠤ ᠬᠢᠨᠠᠨ ᠪᠠᠶᠢᠴᠠᠭᠠᠯᠲᠠ ᠬᠢᠯᠭᠡᠬᠦ ᠪᠠᠷ | ᠭᠤᠶᠤᠴᠢᠯᠠᠬᠤ ᠬᠡᠷᠡᠭᠲᠡᠶ᠃ ᠠᠮᠦᠷ ᠲᠦᠪᠰᠢᠨ ᠤ ᠬᠢᠨᠠᠨ ᠪᠠᠶᠢᠴᠠᠭᠠᠯᠲᠠ ᠬᠢᠯᠭᠡᠭᠰᠡᠨ ᠦᠭᠡᠢ ᠪᠦᠳᠦᠭᠡᠠ | ᠪᠠᠶᠢᠭᠤᠯᠤᠯᠲᠠ ᠶᠢᠨ ᠲᠦᠷᠦᠯ ᠵᠦᠢᠯ ᠨᠢ ᠠᠵᠢᠯ ᠡᠬᠢᠯᠡᠭᠦᠯᠦᠨ ᠪᠦᠳᠦᠭᠡᠠ ᠪᠠᠶᠢᠭᠤᠯᠵᠤ ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠬᠠᠮᠠᠭᠠᠯᠠᠯᠲᠠ ᠶᠢᠨ | ᠪᠡᠯᠡᠳᠭᠡᠮᠵᠢ ᠶᠢ ᠬᠤᠭᠤᠯᠠᠶ ᠭᠤᠣᠷᠰᠤ ᠶᠢᠨ ᠭᠤᠣᠯ ᠴᠣᠭᠴᠠ ᠪᠣᠯᠬᠤ ᠪᠠᠷᠢᠯᠭ᠎ᠠ ᠯᠤᠭ᠎ᠠ ᠵᠡᠷᠭᠡ ᠪᠠᠷ ᠵᠢᠷᠤᠵᠤ | ᠲᠥᠯᠥᠪᠯᠡᠨ᠂ ᠵᠡᠷᠭᠡ ᠪᠠᠷ ᠪᠠᠷᠢᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠬᠡᠷᠡᠭᠲᠡᠶ᠃ ᠬᠤᠭᠤᠯᠠᠶ | ᠭᠤᠣᠷᠰᠤ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠵᠦ ᠪᠠᠶᠢᠭ᠎ᠠ ᠬᠤᠭᠤᠯᠠᠶ ᠭᠤᠣᠷᠰᠤ ᠵᠢᠴᠢ ᠲᠡᠭᠦᠨ ᠤ | ᠳᠠᠭᠠᠯᠳᠤᠭᠤᠯᠤᠯ ᠮᠠᠲ᠋ᠧᠷᠢᠶᠠᠯ ᠤᠨ ᠶᠠᠰᠤ ᠴᠢᠨᠠᠷ ᠨᠢ ᠤᠯᠤᠰ ᠤᠨ ᠬᠤᠯᠪᠣᠭᠳᠠᠯ | ᠪᠦᠬᠦᠢ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠨᠢ | ᠪᠤᠰᠤᠳ ᠪᠦᠳᠦᠭᠡᠨ ᠪᠠᠶᠢᠭᠤᠯᠬᠤ ᠪᠠᠷᠢᠯᠭ᠎ᠠ ᠯᠤᠭ᠎ᠠ ᠬᠠᠷᠭᠤᠬᠤ ᠦᠶ᠎ᠡ ᠳᠤ᠂ ᠬᠤᠶᠢᠨ᠎ᠠ ᠠᠵᠢᠯ ᠡᠬᠢᠯᠡᠭᠦᠯᠦᠭᠰᠡᠨ | ᠪᠦᠳᠦᠭᠡᠨ ᠪᠠᠶᠢᠭᠤᠯᠬᠤ ᠪᠠᠷᠢᠯᠭ᠎ᠠ ᠨᠢ ᠤᠷᠢᠳ ᠢᠶᠠᠷ ᠠᠵᠢᠯ ᠡᠬᠢᠯᠡᠭᠦᠯᠦᠭᠰᠡᠨ ᠪᠤᠶᠤ ᠨᠢᠭᠡᠨᠲᠡ ᠪᠠᠶᠢᠭᠤᠯᠤᠭᠰᠠᠨ | ᠪᠦᠳᠦᠭᠡᠨ ᠪᠠᠶᠢᠭᠤᠯᠬᠤ ᠪᠠᠷᠢᠯᠭ᠎ᠠ ᠶᠢ ᠳᠠᠭᠠᠬᠤ ᠬᠡᠷᠡᠭᠲᠡᠢ︔ ᠵᠡᠷᠭᠡ ᠪᠠᠷ ᠠᠵᠢᠯ ᠡᠬᠢᠯᠡᠭᠦᠯᠦᠭᠰᠡᠨ ᠪᠦᠳᠦᠭᠡᠠ | ᠪᠠᠶᠢᠭᠤᠯᠬᠤ ᠪᠠᠷᠢᠯᠭ᠎ᠠ ᠪᠣᠯ ᠬᠤᠶᠢᠨ᠎ᠠ ᠵᠥᠪᠰᠢᠶᠡᠷᠡᠭᠦᠯᠦᠭᠰᠡᠨ ᠪᠦᠳᠦᠭᠡᠠ ᠪᠠᠶᠢᠭᠤᠯᠬᠤ ᠪᠠᠷᠢᠯᠭ᠎ᠠ ᠨᠢ ᠤᠷᠢᠳ ᠢᠶᠠᠷ | ᠵᠥᠪᠰᠢᠶᠡᠷᠡᠭᠦᠯᠦᠭᠰᠡᠨ ᠪᠦᠲᠦᠭᠡᠨ ᠪᠠᠶᠢᠭᠤᠯᠬᠤ ᠪᠠᠷᠢᠯᠭ᠎ᠠ ᠶᠢ ᠲᠡᠭᠠᠬᠤ ᠬᠡᠷᠡᠭᠲᠡᠶ᠃ ᠪᠦᠳᠦᠭᠡᠠ ᠪᠠᠶᠢᠭᠤᠯᠬᠤ | ᠪᠠᠷᠢᠯᠭ᠎ᠠ ᠶᠢᠨ ᠬᠤᠶᠠᠷ ᠲᠠᠯ᠎ᠠ ᠪᠠᠷ ᠢᠶᠠᠨ ᠪᠠᠷᠢᠯᠭ᠎ᠠ ᠶᠢᠨ ᠠᠵᠢᠯ ᠤᠨ ᠲᠥᠰᠦᠯ ᠢᠶᠠᠨ ᠵᠥᠪᠳᠡᠯᠴᠡᠨ ᠲᠣᠭᠲᠠᠭᠠᠵᠤ᠂ | ᠠᠮᠦᠷ ᠲᠦᠪᠰᠢᠨ ᠤ ᠰᠡᠷᠭᠡᠶᠢᠯᠡᠯᠲᠡ ᠶᠢᠨ ᠵᠦᠪᠯᠡᠯᠴᠡᠭᠡᠷ ᠲᠣᠭᠲᠠᠬᠤ ᠶᠢᠨ ᠬᠠᠮᠲᠤ᠂ ᠪᠠᠷᠢᠯᠭ᠎ᠠ ᠪᠠᠷᠢᠵᠤ ᠪᠠᠶᠢᠭ᠎ᠠ | ᠲᠤᠬᠠᠶ ᠶᠢᠨ ᠭᠠᠵᠠᠷ ᠲᠤ ᠨᠢ ᠲᠤᠰᠬᠠᠶ ᠬᠥᠮᠦᠨ ᠲᠣᠮᠢᠯᠠᠵᠤ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ ᠬᠤᠭᠤᠯᠠᠶ ᠭᠤᠣᠷᠰᠤ ᠶᠢ ᠪᠠᠶᠢᠭᠤᠯᠵᠤ ᠳᠡᠪᠢᠰᠴᠦ ᠳᠠᠭᠤᠰᠤᠭᠰᠠᠨ ᠤ ᠲᠠᠷᠠᠭ᠎ᠠ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠭᠤᠯᠠᠶ ᠭᠤᠣᠷᠰᠤ ᠶᠢ ᠲᠤᠷᠰᠢᠨ ᠦᠢᠯᠡᠳᠪᠦᠷᠢᠯᠡᠬᠦ ︵ | ᠬᠡᠷᠡᠭᠯᠡᠬᠦ︶ ᠪᠠ ᠪᠠᠷᠢᠯᠭ᠎ᠠ ᠳᠠᠭᠤᠰᠬᠠᠭᠰᠠᠨ ᠢ ᠰᠢᠯᠭᠠᠵᠤ ᠬᠤᠷᠢᠶᠠᠨ ᠠᠪᠬᠤ ᠬᠡᠷᠡᠭᠲᠡᠶ᠃ ᠰᠢᠯᠭᠠᠨ ᠬᠤᠷᠢᠶᠠᠵᠤ | ᠠᠪᠤᠭᠰᠠᠨ ᠦᠭᠡᠢ ᠪᠤᠶᠤ ᠰᠢᠯᠭᠠᠵᠤ ᠬᠤᠷᠢᠶᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ ᠠᠰᠢᠭᠯᠠᠯᠲᠠ ᠳᠤ | ᠣᠷᠣᠭᠤᠯᠵᠤ ᠪᠣᠯᠬᠤ ᠦᠭᠡᠢ᠃ | ᠲᠤᠷᠰᠢᠨ ᠦᠢᠯᠡᠳᠪᠦᠷᠢᠯᠡᠬᠦ ︵ᠬᠡᠷᠡᠭᠯᠡᠬᠦ︶ ᠠᠴᠠ ᠡᠮᠦᠨ᠎ᠡ᠂ ᠬᠤᠭᠤᠯᠠᠶ ᠭᠤᠣᠷᠰᠤ ᠶᠢᠨ ᠠᠵᠢᠯ ᠤᠨ ᠠᠵᠤ | ᠠᠬᠤᠶᠢᠯᠠᠯ ᠨᠢ ᠲᠤᠷᠰᠢᠨ ᠦᠢᠯᠡᠳᠪᠦᠷᠢᠯᠡᠬᠦ ︵ᠬᠡᠷᠡᠭᠯᠡᠬᠦ︶ ᠲᠥᠰᠦᠯ ᠳᠤ ᠬᠢᠨᠠᠨ ᠪᠠᠶᠢᠴᠠᠭᠠᠯᠲᠠ ᠬᠢᠬᠦ ᠶᠢ ᠵᠣᠬᠢᠶᠠᠨ | ᠪᠠᠶᠢᠭᠤᠯᠬᠤ ᠶᠢᠨ ᠬᠠᠮᠲᠤ᠂ ᠲᠤᠷᠰᠢᠨ ᠦᠢᠯᠡᠳᠪᠦᠷᠢᠯᠡᠬᠦ ︵ᠬᠡᠷᠡᠭᠯᠡᠬᠦ︶ ᠨᠥᠬᠦᠴᠡᠯ ᠳᠤ ᠨᠤᠲᠠᠯᠠᠯᠲᠠ ᠬᠢᠵᠦ᠂ | ᠲᠤᠷᠰᠢᠨ ᠦᠢᠯᠡᠳᠪᠦᠷᠢᠯᠡᠬᠦ ︵ᠬᠡᠷᠡᠭᠯᠡᠬᠦ︶ ᠶᠠᠪᠤᠴᠠ ᠳᠤ ᠮᠡᠷᠭᠡᠵᠢᠯ ᠤᠨ ᠲᠠᠯ᠎ᠠ ᠪᠠᠷ ᠵᠢᠭᠠᠨ ᠵᠢᠯᠤᠭᠤᠳᠬᠤ ᠬᠡᠷᠡᠭᠲᠡᠶ᠃ | ᠡᠭᠦᠨ ᠤ ᠳᠠᠭᠠᠤ᠂ ᠳᠣᠣᠷ᠎ᠠ ᠵᠢᠭᠰᠠᠭᠠᠭᠰᠠᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠵᠦᠢᠯᠡᠰ ᠢ | ᠲᠤᠰᠬᠠᠶᠢᠯᠠᠨ ᠰᠢᠯᠭᠠᠵᠤ ᠬᠤᠷᠢᠶᠠᠨ ᠠᠪᠤᠨ᠎ᠠ᠄ | ︵ᠨᠢᠭᠡ︶ ᠬᠤᠭᠤᠯᠠᠶ ᠭᠤᠣᠷᠰᠤ ᠳᠡᠪᠢᠰᠦᠭᠰᠡᠨ ᠭᠤᠣᠯ ᠱᠤᠭᠤᠮ ᠤᠨ ᠬᠤᠶᠠᠷ ᠬᠠᠵᠠᠭᠤ ᠲᠡᠶᠢᠰᠢ ᠪᠠᠨ ᠲᠤᠰ | ᠲᠤᠰ 5 ᠮᠧᠳ᠋ᠷ ᠤᠨ ᠵᠠᠶᠢᠲᠠᠢ ᠬᠡᠪᠴᠢᠶᠡᠨ ᠳᠤ ᠭᠦᠨ ᠦᠨᠳᠦᠰᠦ ᠬᠠᠳᠬᠤᠭᠰᠠᠨ ᠤᠷᠭᠤᠮᠠᠯ ᠪᠤᠶᠤ ᠪᠠᠷᠢᠯᠭ᠎ᠠ ᠶᠢᠨ | ᠵᠦᠢᠯ ᠡᠵᠡᠯᠡᠵᠦ ᠪᠠᠶᠢᠭ᠎ᠠ ᠪᠠᠶᠢᠳᠠᠯ ᠣᠷᠣᠰᠢᠵᠤ ᠪᠠᠶᠢᠬᠤ ᠡᠰᠡᠬᠦ︔ | ︵ᠬᠤᠶᠠᠷ︶ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠨᠢ ᠵᠥᠪᠰᠢᠶᠡᠷᠡᠭᠦᠯᠦᠭᠰᠡᠨ ᠰᠡᠷᠭᠡᠶᠢᠯᠡᠨ | ᠬᠠᠮᠠᠭᠠᠯᠠᠬᠤ ᠲᠥᠰᠦᠯ ᠳᠤ ᠨᠡᠶᠢᠴᠡᠵᠦ ᠪᠠᠶᠢᠬᠤ ᠡᠰᠡᠬᠦ︔ | ︵ᠭᠤᠷᠪᠠ︶ ᠬᠤᠭᠤᠯᠠᠶ ᠭᠤᠣᠷᠰᠤ ᠶᠢᠨ ᠢᠯᠭᠠᠬᠤ ᠳᠡᠮᠳᠡᠭ ᠪᠠ ᠠᠮᠦᠷ ᠲᠦᠪᠰᠢᠨ ᠤ ᠰᠡᠷᠡᠮᠵᠢ ᠶᠢᠨ | ᠳᠡᠮᠳᠡᠭ ᠤᠨ ᠪᠠᠶᠢᠷᠢᠯᠠᠭᠤᠯᠤᠯᠲᠠ ᠨᠢ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ ᠵᠢᠷᠤᠮᠵᠢᠯ ᠤᠨ | ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ︔ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠵᠦᠢᠯᠡᠰ᠃ | ᠠᠷᠪᠠᠨ ᠵᠢᠷᠭᠤᠳᠤᠭᠠᠷ ᠵᠦᠢᠯ ᠬᠤᠭᠤᠯᠠᠶ ᠭᠤᠣᠷᠰᠤ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠠᠵᠢᠯ ᠳᠠᠭᠤᠰᠴᠤ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠡᠳᠦᠷ ᠠᠴᠠ ᠡᠬᠢᠯᠡᠨ ᠵᠢᠷᠠᠨ ᠡᠳᠦᠷ ᠤᠨ | ᠳᠣᠲᠣᠷ᠎ᠠ᠂ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠠᠵᠢᠯ ᠳᠠᠭᠤᠰᠤᠭᠰᠠᠨ ᠬᠡᠮᠵᠢᠯᠲᠡ ᠶᠢᠨ | ᠵᠢᠷᠤᠭ ᠢᠶᠠᠨ ᠲᠤᠬᠠᠶ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠵᠦ ᠪᠦᠷᠢᠳᠭᠡᠨ ᠳᠠᠩᠰᠠᠯᠠᠭᠤᠯᠬᠤ ᠬᠡᠷᠡᠭᠲᠡᠶ︔ ᠬᠤᠭᠤᠯᠠᠶ ᠭᠤᠣᠷᠰᠤ ᠶᠢᠨ ᠠᠵᠢᠯ ᠨᠢ ᠬᠤᠰᠢᠭᠤ | ᠰᠢᠶᠠᠨ ︵ᠬᠤᠳᠠ᠂ ᠲᠣᠭᠤᠷᠢᠭ︶ ᠤ ᠵᠠᠰᠠᠭ ᠵᠠᠬᠢᠷᠭᠠᠨ ᠤ ᠣᠷᠣᠨ ᠠᠯᠤᠰᠯᠠᠵᠤ ᠪᠠᠶᠢᠪᠠᠯ᠂ ᠳᠡᠭᠡᠳᠦ ᠨᠢᠭᠡ | ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠤᠷᠰᠤ ᠶᠢᠨ ᠬᠠᠮᠠᠭᠠᠯᠠᠯᠲᠠ ᠶᠢᠨ | ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠭᠡᠨ ᠳᠠᠩᠰᠠᠯᠠᠭᠤᠯᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠤᠨ ᠮᠡᠳᠡᠭᠦᠯᠦᠨ ᠬᠦᠷᠭᠡᠭᠰᠡᠨ ᠬᠤᠭᠤᠯᠠᠶ ᠭᠤᠣᠷᠰᠤ ᠶᠢᠨ | ᠠᠵᠢᠯ ᠳᠠᠭᠤᠰᠤᠭᠰᠠᠨ ᠬᠡᠮᠵᠢᠯᠲᠡ ᠶᠢᠨ ᠵᠢᠷᠤᠭ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠥᠯᠥᠪᠵᠢᠭᠦᠯᠭᠡ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ | ᠪᠠᠶᠠᠯᠢᠭ᠂ ᠲᠡᠮᠥᠷ ᠵᠠᠮ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠳᠣᠲᠣᠭᠠᠳᠤ ᠶᠢ ᠬᠠᠮᠠᠭᠠᠯᠠᠬᠤ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠪᠠ ᠬᠤᠯᠪᠣᠭᠳᠠᠯ ᠪᠥᠬᠦᠢ ᠴᠡᠷᠢᠭ ᠤᠨ | ᠶᠠᠪᠤᠳᠠᠯ ᠤᠨ ᠪᠠᠶᠢᠭᠤᠯᠭ᠎ᠠ ᠳᠤ ᠬᠤᠪᠢᠳᠠᠨ ᠬᠦᠷᠭᠡᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ ᠬᠤᠭᠤᠯᠠᠶ ᠭᠤᠣᠷᠰᠤ ᠶᠢᠨ ᠠᠵᠢᠯᠯᠠᠬᠤ ᠶᠢ ᠨᠢ ᠵᠣᠭᠰᠣᠭᠠᠬᠤ᠂ ᠪᠢᠲᠡᠭᠦᠮᠵᠢᠯᠡᠨ | ᠬᠠᠳᠠᠭᠠᠯᠠᠬᠤ᠂ ᠬᠡᠷᠡᠭᠯᠡᠭᠡᠨ ᠠᠴᠠ ᠭᠠᠷᠭᠠᠬᠤ ᠳᠤ ᠬᠦᠷᠪᠡᠯ᠂ ᠬᠤᠭᠤᠯᠠᠶ ᠭᠤᠣᠷᠰᠤ ᠶᠢᠨ ᠠᠵᠢᠯ ᠤᠨ ᠠᠵᠤ | ᠠᠬᠤᠶᠢᠯᠠᠯ ᠨᠢ ᠴᠢᠬᠤᠯᠠ ᠪᠦᠬᠦᠢ ᠠᠮᠦᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠶᠢᠨ | ᠬᠠᠮᠲᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠵᠦ ᠪᠦᠷᠢᠳᠭᠡᠨ ᠳᠠᠩᠰᠠᠯᠠᠭᠤᠯᠬᠤ ᠬᠡᠷᠡᠭᠲᠡᠶ᠃ ᠠᠵᠢᠯᠯᠠᠬᠤ ᠶᠢ ᠨᠢ ᠵᠣᠭᠰᠣᠭᠠᠭᠰᠠᠨ ᠪᠠ | ᠪᠢᠲᠡᠭᠦᠮᠵᠢᠯᠡᠵᠦ ᠬᠠᠳᠠᠭᠠᠯᠠᠭᠰᠠᠨ ᠬᠤᠭᠤᠯᠠᠶ ᠭᠤᠣᠷᠰᠤ ᠶᠢ ᠳᠠᠬᠢᠵᠤ ᠬᠡᠷᠡᠭᠯᠡᠬᠦ ᠳᠤ ᠬᠦᠷᠪᠡᠯ᠂ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠯᠭᠠᠨ ᠪᠠᠶᠢᠴᠠᠭᠠᠳ ᠬᠢᠷᠢ ᠲᠡᠩᠴᠡᠭᠰᠡᠨ ᠪᠠᠶᠢᠬᠤ ᠶᠢᠨ ᠬᠠᠮᠲᠤ᠂ | ᠬᠡᠷᠡᠭᠯᠡᠬᠦ ᠠᠴᠠ ᠪᠠᠨ ᠡᠮᠦᠨ᠎ᠡ ᠤᠤᠯ ᠤᠨ ᠪᠦᠷᠢᠳᠭᠡᠨ ᠳᠠᠩᠰᠠᠯᠠᠭᠤᠯᠤᠭᠠᠳ ᠪᠠᠶᠢᠭ᠎ᠠ ᠬᠤᠭᠤᠯᠠᠶ ᠭᠤᠣᠷᠰᠤ ᠶᠢᠨ | ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠳᠡᠬᠦ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ | ᠭᠤᠣᠷᠰᠤ ᠶᠢ ᠬᠠᠮᠠᠭᠠᠯᠠᠬᠤ ᠭᠤᠣᠯ ᠴᠤᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠤᠭᠤᠯᠠᠶ | ᠭᠤᠣᠷᠰᠤ ᠶᠢᠨ ᠬᠠᠮᠠᠭᠠᠯᠠᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠭᠤᠯᠠᠶ ᠭᠤᠣᠷᠰᠤ ᠳᠡᠪᠢᠰᠦᠭᠰᠡᠨ | ᠵᠠᠮ ᠱᠤᠭᠤᠮ ᠳᠠᠭᠠᠤ ᠶᠢᠨ ᠲᠡᠮᠳᠡᠭ ᠤᠳ ᠢ ᠵᠦᠢ ᠵᠣᠬᠢᠰᠲᠠᠶ ᠪᠠᠶᠢᠷᠢᠯᠠᠭᠤᠯᠵᠤ᠂ ᠬᠤᠭᠤᠯᠠᠶ ᠭᠤᠣᠷᠰᠤ ᠶᠢᠨ ᠲᠤᠭ᠎ᠠ | ᠪᠠᠷᠢᠮᠲᠠ ᠶᠢ ᠴᠤᠭᠯᠠᠭᠤᠯᠬᠤ᠂ ᠬᠢᠨᠠᠨ ᠡᠵᠡᠮᠳᠡᠵᠦ ᠬᠢᠨᠠᠨ ᠰᠢᠨᠵᠢᠬᠦ ᠪᠠ ᠭᠤᠭᠤᠵᠢᠵᠤ ᠪᠠᠶᠢᠬᠤ ᠡᠰᠡᠬᠦ ᠶᠢ ᠨᠢ | ᠪᠠᠶᠢᠴᠠᠭᠠᠬᠤ ᠵᠡᠷᠭᠡ ᠬᠤᠭᠤᠯᠠᠶ ᠭᠤᠣᠷᠰᠤ ᠶᠢ ᠬᠠᠮᠠᠭᠠᠯᠠᠬᠤ ᠮᠡᠷᠭᠡᠵᠢᠯ ᠤᠨ ᠲᠥᠬᠦᠭᠡᠷᠦᠮᠵᠢ ᠲᠣᠬᠢᠷᠠᠭᠤᠯᠬᠤ ᠬᠡᠷᠡᠭᠲᠡᠶ | ᠪᠥᠭᠡᠳ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠠᠮᠠᠭᠠᠯᠠᠵᠤ᠂ ᠬᠤᠭᠤᠯᠠᠶ ᠭᠤᠣᠷᠰᠤ ᠤᠨ ᠠᠶᠤᠯ ᠦᠭᠡᠢ | ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠶ᠃ | ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠ ᠰᠡᠯᠪᠢᠨ ᠵᠠᠰᠠᠵᠤ᠂ ᠬᠤᠭᠤᠯᠠᠶ | ᠭᠤᠣᠷᠰᠤ ᠶᠢᠨ ᠠᠰᠤᠷᠤ ᠰᠠᠶᠢᠨ ᠪᠠᠶᠢᠳᠠᠯ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠬᠦᠨᠳᠦ ᠶᠡᠭᠡ ᠠᠶᠤᠯ | ᠲᠦᠭᠰᠢᠭᠦᠷᠢ ᠲᠠᠢ ᠣᠷᠣᠨ ᠬᠡᠰᠡᠭ ᠪᠠ ᠲᠠᠯᠠᠪᠤᠷ ᠭᠠᠵᠠᠷ ᠲᠤ ᠸᠢᠳᠢᠣ᠋ ᠪᠠᠷ ᠬᠢᠨᠠᠨ ᠡᠵᠡᠮᠳᠡᠬᠦ᠂ ᠲᠣᠭᠤᠷᠢᠨ ᠬᠠᠮᠠᠭᠠᠯᠠᠬᠤ | ᠤᠳᠠᠭ᠎ᠠ ᠶᠢ ᠨᠡᠮᠡᠭᠳᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠭᠤᠣᠯᠳᠠᠯᠭ᠎ᠠ ᠲᠠᠢ ᠪᠠᠷ ᠬᠠᠮᠢᠶᠠᠷᠤᠨ | ᠡᠵᠡᠮᠳᠡᠵᠦ᠂ ᠬᠤᠭᠤᠯᠠᠶ ᠭᠤᠣᠷᠰᠤ ᠳᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠃ | ᠰᠢᠯᠭᠠᠨ ᠪᠠᠶᠢᠴᠠᠭᠠᠵᠤ ᠰᠢᠯᠭᠠᠨ ᠬᠡᠮᠵᠢᠭᠡᠳ ᠬᠢᠷᠢ ᠲᠡᠩᠴᠡᠭᠰᠡᠨ ᠦᠭᠡᠢ ᠪᠤᠶᠤ ᠠᠮᠦᠷ ᠲᠦᠪᠰᠢᠨ ᠢᠶᠠᠷ | ᠬᠡᠷᠡᠭᠯᠡᠬᠦ ᠨᠥᠬᠦᠴᠡᠯ ᠳᠤ ᠨᠡᠶᠢᠴᠡᠬᠦ ᠦᠭᠡᠢ ᠬᠤᠭᠤᠯᠠᠶ ᠭᠤᠣᠷᠰᠤ ᠶᠢ ᠪᠣᠯ ᠬᠤᠭᠤᠯᠠᠶ ᠭᠤᠣᠷᠰᠤ ᠶᠢᠨ ᠠᠵᠢᠯ ᠤᠨ | ᠠᠵᠤ ᠠᠬᠤᠶᠢᠯᠠᠯ ᠨᠢ ᠴᠠᠭ ᠲᠤᠬᠠᠶ ᠳᠤ ᠨᠢ ᠰᠢᠨᠡᠳᠬᠡᠵᠦ᠂ ᠦᠭᠡᠷᠡᠴᠢᠯᠡᠨ ᠰᠠᠶᠢᠵᠢᠷᠠᠭᠤᠯᠬᠤ ᠪᠤᠶᠤ ᠬᠡᠷᠡᠭᠯᠡᠬᠦ ᠶᠢ ᠨᠢ | ᠵᠣᠭᠰᠣᠭᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ | ᠭᠤᠣᠷᠰᠤ ᠶᠢᠨ ᠲᠣᠭᠤᠷᠢᠨ ᠬᠠᠮᠠᠭᠠᠯᠠᠬᠤ ᠪᠠᠶᠢᠩᠭᠤᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠬᠤᠯᠠ | ᠪᠦᠬᠦᠢ ᠲᠣᠭᠲᠠᠭᠰᠠᠨ ᠴᠠᠭ ᠪᠠ ᠵᠠᠩᠬᠢᠯᠠᠭ᠎ᠠ ᠶᠢᠨ ᠴᠠᠭ ᠲᠤ ᠲᠣᠭᠤᠷᠢᠨ ᠬᠠᠮᠠᠭᠠᠯᠠᠬᠤ ᠠᠵᠢᠯ ᠤᠨ ᠲᠥᠰᠦᠯ ᠢ | ᠨᠠᠶᠢᠷᠠᠭᠤᠯᠤᠨ ᠵᠣᠬᠢᠶᠠᠵᠤ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠡᠭᠦᠷᠭᠡ ᠶᠢᠨ | ᠱᠠᠭᠠᠷᠳᠠᠯᠭ᠎ᠠ ᠲᠠᠢ ᠵᠣᠬᠢᠴᠠᠭᠰᠠᠨ ᠲᠣᠭᠤᠷᠢᠨ ᠬᠠᠮᠠᠭᠠᠯᠠᠬᠤ ᠠᠵᠢᠯᠲᠠᠨ ᠢ ᠲᠣᠬᠢᠷᠠᠭᠤᠯᠵᠤ᠂ ᠡᠳᠦᠷ ᠲᠤᠲᠤᠮ ᠤᠨ ᠪᠠ | ᠲᠤᠰᠬᠠᠢ ᠲᠣᠭᠤᠷᠢᠨ ᠬᠠᠮᠠᠭᠠᠯᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠬᠤᠭᠤᠯᠠᠶ ᠭᠤᠣᠷᠰᠤ ᠶᠢᠨ | ᠬᠠᠮᠠᠭᠠᠯᠠᠯᠲᠠ ᠶᠢᠨ ᠲᠤᠰᠬᠠᠶᠢᠵᠢᠭᠰᠠᠨ᠂ ᠰᠢᠨᠵᠢᠯᠡᠬᠦ ᠤᠬᠠᠭᠠᠨ ᠮᠡᠷᠭᠡᠵᠢᠯᠴᠢᠯᠡᠭᠰᠡᠨ᠂ ᠨᠡᠶᠢᠭᠡᠮᠴᠢᠯᠡᠭᠰᠡᠨ ᠪᠥᠲᠥᠭᠡᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ | ᠬᠤᠭᠤᠯᠠᠶ ᠭᠤᠣᠷᠰᠤ ᠶᠢᠨ ᠲᠣᠭᠤᠷᠢᠨ ᠬᠠᠮᠠᠭᠠᠯᠠᠬᠤ ᠲᠥᠰᠦᠯ ᠳᠤ ᠡᠳᠦᠷ ᠲᠤᠳᠤᠮ ᠤᠨ ᠪᠠ ᠲᠤᠰᠬᠠᠢ | ᠲᠣᠭᠤᠷᠢᠨ ᠬᠠᠮᠠᠭᠠᠯᠠᠬᠤ ᠬᠡᠪᠴᠢᠶ᠎ᠡ᠂ ᠲᠣᠭᠤᠷᠢᠨ ᠬᠠᠮᠠᠭᠠᠯᠠᠬᠤ ᠴᠠᠭ᠂ ᠲᠣᠭᠤᠷᠢᠨ ᠬᠠᠮᠠᠭᠠᠯᠠᠬᠤ ᠤᠳᠠᠭ᠎ᠠ᠂ | ᠲᠣᠭᠤᠷᠢᠨ ᠬᠠᠮᠠᠭᠠᠯᠠᠬᠤ ᠬᠠᠷᠢᠭᠤᠴᠠᠯᠭ᠎ᠠ ᠶᠢᠨ ᠬᠤᠪᠢᠶᠠᠷᠢᠯᠠᠯ᠂ ᠲᠣᠭᠤᠷᠢᠨ ᠬᠠᠮᠠᠭᠠᠯᠠᠬᠤ ᠲᠤᠨᠤᠭ ᠲᠥᠭᠦᠭᠡᠷᠦᠮᠵᠢ | ᠲᠣᠬᠢᠷᠠᠭᠤᠯᠬᠤ ᠵᠡᠷᠭᠡ ᠠᠭᠤᠯᠭ᠎ᠠ ᠶᠢ ᠪᠠᠭᠲᠠᠭᠠᠬᠤ ᠪᠣᠯᠪᠠᠴᠤ ᠡᠳᠡᠭᠡᠷ ᠲᠤ ᠬᠢᠵᠠᠭᠠᠷᠯᠠᠭᠳᠠᠬᠤ ᠦᠭᠡᠢ᠃ | ᠬᠤᠭᠤᠯᠠᠶ ᠭᠤᠣᠷᠰᠤ ᠳᠡᠪᠢᠰᠦᠭᠰᠡᠨ ᠵᠠᠮ ᠱᠤᠭᠤᠮ ᠳᠠᠭᠠᠤ ᠶᠢᠨ ᠨᠢᠭᠡᠴᠢ ᠪᠤᠶᠤ ᠬᠤᠪᠢ ᠬᠥᠮᠦᠨ ᠢ | ᠵᠣᠷᠢᠭᠵᠢᠭᠤᠯᠵᠤ ᠪᠠᠶᠢᠭᠠᠳ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠳᠤ ᠣᠷᠤᠯᠴᠠᠭᠤᠯᠤᠨ᠎ᠠ᠃ | ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠯᠪᠣᠭᠳᠠᠯ ᠪᠦᠬᠦᠢ ᠨᠢᠭᠡᠴᠢ ᠪᠤᠶᠤ ᠬᠤᠪᠢ | ᠬᠥᠮᠦᠨ ᠯᠦᠭᠡ ᠲᠣᠭᠤᠷᠢᠨ ᠬᠠᠮᠠᠭᠠᠯᠠᠭᠤᠯᠬᠤ ᠪᠠᠷ ᠨᠠᠶᠢᠳᠠᠬᠤ ᠵᠦᠪᠯᠡᠯᠴᠡᠭᠡᠷ ᠵᠡᠷᠭᠡ ᠶᠢ ᠲᠣᠭᠲᠠᠭᠠᠵᠤ ᠪᠣᠯᠬᠤ ᠶᠢᠨ | ᠬᠠᠮᠲᠤ᠂ ᠬᠤᠭᠤᠯᠠᠶ ᠭᠤᠣᠷᠰᠤ ᠶᠢᠨ ᠲᠣᠭᠤᠷᠢᠨ ᠬᠠᠮᠠᠭᠠᠯᠠᠬᠤ ᠠᠵᠢᠯ ᠢᠶᠠᠨ ᠴᠠᠭ ᠲᠤᠬᠠᠶ ᠳᠤ ᠨᠢ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠷᠢᠳᠤᠭᠠᠷ ᠵᠦᠢᠯ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢᠨ | ᠪᠦᠷᠢᠨ ᠪᠦᠲᠦᠨ ᠴᠢᠨᠠᠷᠲᠠᠶ ᠪᠠᠶᠢᠬᠤ ᠬᠠᠮᠢᠶᠠᠷᠤᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠲᠤᠭ᠎ᠠ | ᠪᠠᠷᠢᠮᠲᠠ ᠶᠢ ᠴᠤᠭᠯᠠᠭᠤᠯᠬᠤ ᠪᠠ ᠡᠮᠬᠢᠯᠡᠨ ᠨᠡᠶᠢᠯᠡᠭᠦᠯᠬᠦ᠂ ᠠᠶᠤᠯ ᠨᠦᠯᠦᠭᠡ ᠶᠡᠭᠡ ᠭᠠᠷᠴᠤ ᠮᠡᠳᠡᠬᠦ ᠣᠷᠣᠨ ᠢ ᠢᠯᠭᠠᠨ | ᠲᠠᠨᠢᠬᠤ᠂ ᠲᠦᠭᠰᠢᠭᠦᠷᠢ ᠶᠢ ᠨᠢ ᠦᠨᠡᠯᠡᠬᠦ ᠪᠠ ᠪᠦᠷᠢᠨ ᠪᠦᠲᠦᠨ ᠴᠢᠨᠠᠷ ᠢ ᠨᠢ ᠦᠨᠡᠯᠡᠬᠦ ᠵᠡᠷᠭᠡ ᠠᠵᠢᠯ ᠢ ᠥᠷᠨᠢᠭᠦᠯᠵᠦ | ᠂ ᠬᠤᠭᠤᠯᠠᠶ ᠭᠤᠣᠷᠰᠤ ᠶᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠢ ᠬᠠᠤᠯᠢ ᠲᠣᠭᠲᠠᠭᠠᠯ ᠶᠣᠰᠣᠭᠠᠷ | ᠥᠷᠨᠢᠭᠦᠯᠵᠦ᠂ ᠬᠤᠭᠤᠯᠠᠶ ᠭᠤᠣᠷᠰᠤ ᠶᠢᠨ ᠤᠭ ᠴᠤᠭᠴᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ | ᠃ | ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢᠨ ᠠᠶᠤᠯ ᠨᠦᠯᠦᠭᠡ | ᠶᠡᠭᠡ ᠭᠠᠷᠴᠤ ᠮᠡᠳᠡᠬᠦ ᠣᠷᠣᠨ ᠢ ᠢᠯᠭᠠᠨ ᠲᠠᠨᠢᠬᠤ ᠬᠢᠭᠡᠳ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠪᠠᠴᠢᠮ | ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠣᠷᠣᠨ ᠪᠦᠰᠡ ᠲᠣᠬᠢᠷᠠᠭᠤᠯᠤᠨ ᠭᠠᠷᠭᠠᠵᠤ᠂ ︽ᠨᠢᠭᠡ ᠣᠷᠣᠨ ᠪᠦᠰᠡ ᠳᠤ | ᠨᠢᠭᠡ ᠲᠦᠰᠦᠯ ᠲᠠᠢ ᠪᠠᠶᠢᠬᠤ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠤᠭᠤᠯᠠᠶ ᠭᠤᠣᠷᠰᠤ | ᠳᠡᠪᠢᠰᠦᠭᠰᠡᠨ ᠵᠢᠴᠢ ᠳᠡᠲᠡᠭᠡᠷ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠬᠤᠪᠢᠷᠠᠯᠲᠠ ᠭᠠᠷᠬᠤ ᠳᠤ᠂ | ᠠᠶᠤᠯ ᠨᠦᠯᠦᠭᠡ ᠶᠡᠭᠡ ᠭᠠᠷᠴᠤ ᠮᠡᠳᠡᠬᠦ ᠣᠷᠣᠨ ᠢ ᠢᠯᠭᠠᠨ ᠲᠠᠨᠢᠬᠤ ᠪᠠᠨ ᠴᠠᠭ ᠲᠤᠬᠠᠶ ᠳᠤ ᠨᠢ ᠰᠢᠨᠡᠳᠬᠡᠬᠦ ᠬᠡᠷᠡᠭᠲᠡᠶ | ᠃ | ᠬᠤᠷᠢᠨ ᠨᠢᠭᠡᠳᠦᠭᠡᠷ ᠵᠦᠢᠯ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠠᠮᠦᠷ ᠲᠦᠪᠰᠢᠨ ᠤ | ᠲᠠᠯ᠎ᠠ ᠶᠢᠨ ᠲᠦᠭᠰᠢᠭᠦᠷᠢ ᠪᠠ ᠲᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠤᠨ ᠲᠦᠷᠢᠮ ᠢ ᠪᠠᠶᠢᠭᠤᠯᠤᠨ | ᠪᠦᠷᠢᠨᠰᠢᠭᠦᠯᠵᠦ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠪᠠᠶᠢᠩᠭᠤᠵᠢᠭᠰᠠᠨ᠂ ᠵᠢᠷᠤᠮᠵᠢᠭᠰᠠᠨ | ᠲᠣᠭᠲᠠᠴᠠ ᠶᠢ ᠪᠤᠢ ᠪᠣᠯᠭᠠᠨ᠂ ᠬᠤᠭᠤᠯᠠᠶ ᠭᠤᠣᠷᠰᠤ ᠶᠢᠨ ᠲᠦᠭᠰᠢᠭᠦᠷᠢ ᠪᠠ ᠲᠠᠯᠳᠠ ᠭᠡᠮ ᠢ ᠵᠢᠭᠰᠠᠭᠠᠨ | ᠪᠠᠶᠢᠴᠠᠭᠠᠬᠤ ᠳᠤ ᠪᠢᠲᠡᠭᠦᠦ ᠡᠷᠬᠢᠯᠭᠡᠲᠦ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠪᠠᠶᠢᠭᠠᠳ ᠬᠤᠭᠤᠯᠠᠶ ᠭᠤᠣᠷᠰᠤ ᠶᠢᠨ ᠭᠠᠳᠠᠷᠭᠤ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠲᠠᠯ᠎ᠠ ᠶᠢᠨ ᠲᠠᠯᠳᠠ | ᠭᠡᠮ ᠢ ᠴᠠᠭ ᠲᠤᠬᠠᠶ ᠳᠤ ᠨᠢ ᠠᠷᠢᠯᠭᠠᠬᠤ ᠬᠡᠷᠡᠭᠲᠡᠶ︔ ᠦᠪᠡᠷᠰᠡᠳ ᠢᠶᠠᠨ ᠠᠷᠢᠯᠭᠠᠬᠤ ᠳᠤ ᠦᠨᠡᠬᠡᠷ ᠬᠦᠴᠢᠷᠳᠡᠯ ᠲᠠᠢ | ᠪᠣᠯ᠂ ᠲᠤᠬᠠᠶ ᠶᠢᠨ ᠭᠠᠵᠠᠷ ᠤᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ | ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠴᠠᠭ ᠲᠤᠬᠠᠶ ᠳᠤ ᠨᠢ ᠵᠣᠬᠢᠴᠠᠭᠤᠯᠤᠨ ᠠᠷᠢᠯᠭᠠᠬᠤ ᠪᠤᠶᠤ | ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠣᠬᠢᠶᠠᠨ ᠪᠠᠶᠢᠭᠤᠯᠵᠤ ᠠᠷᠢᠯᠭᠠᠭᠤᠯᠬᠤ | ᠬᠡᠷᠡᠭᠲᠡᠶ᠃ | ᠬᠤᠷᠢᠨ ᠬᠤᠶᠠᠳᠤᠭᠠᠷ ᠵᠦᠢᠯ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ | ᠭᠤᠣᠷᠰᠤ ᠶᠢᠨ ᠬᠠᠮᠠᠭᠠᠯᠠᠯᠲᠠ ᠳᠤ ᠢᠯᠡᠴᠢᠯᠡᠨ ᠮᠡᠳᠡᠭᠦᠯᠪᠡᠯ ᠱᠠᠩᠨᠠᠨ ᠬᠥᠬᠢᠭᠦᠯᠬᠦ ᠲᠦᠷᠢᠮ ᠢ ᠪᠠᠶᠢᠭᠤᠯᠵᠤ᠂ | ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠲᠠᠯ᠎ᠠ ᠶᠢᠨ ᠠᠳᠡᠯ ᠢ ᠣᠯᠵᠤ ᠮᠡᠳᠡᠭᠰᠡᠨ ᠪᠦᠭᠡᠳ ᠮᠡᠳᠡᠭᠦᠯᠦᠭᠰᠡᠨ᠂ | ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠲᠠᠯ᠎ᠠ ᠶᠢᠨ ᠬᠦᠨᠳᠦ ᠶᠡᠭᠡ ᠲᠠᠯᠳᠠ ᠭᠡᠮ ᠪᠠ ᠬᠤᠭᠤᠯᠠᠶ | ᠭᠤᠣᠷᠰᠤ ᠶᠢᠨ ᠠᠮᠦᠷ ᠲᠦᠪᠰᠢᠨ ᠳᠤ ᠬᠤᠬᠢᠷᠠᠯ ᠤᠴᠠᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠳ ᠢ ᠱᠠᠩᠨᠠᠨ ᠬᠦᠬᠢᠭᠦᠯᠬᠦ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠨᠤᠲᠤᠭ ᠪᠦᠰᠡ ᠶᠢᠨ | ᠬᠡᠪᠴᠢᠶᠡᠨ ᠳᠤ ᠪᠠᠷᠢᠯᠭ᠎ᠠ ᠶᠢᠨ ᠠᠵᠢᠯ ᠬᠢᠬᠦ ᠳᠤ ᠪᠠᠨ᠂ ᠬᠤᠭᠤᠯᠠᠶ ᠭᠤᠣᠷᠰᠤ ᠶᠢᠨ ᠪᠠᠶᠢᠭ᠎ᠠ ᠭᠠᠵᠠᠷ ᠤᠨ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ᠂ ᠴᠢᠬᠤᠯᠠ ᠪᠦᠬᠦᠢ ᠠᠮᠦᠷ | ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠪᠠᠶᠢᠪᠠᠯ ᠰᠠᠶ᠋ᠢ ᠬᠡᠷᠡᠭᠵᠢᠭᠦᠯᠵᠦ ᠪᠣᠯᠤᠨ᠎ᠠ᠃ | ᠬᠤᠷᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠲᠤᠰ ᠵᠠᠰᠠᠭ ᠵᠠᠬᠢᠷᠭᠠᠨ ᠤ ᠣᠷᠣᠨ ᠳᠠᠬᠢ ᠬᠤᠭᠤᠯᠠᠶ | ᠭᠤᠣᠷᠰᠤ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠵᠤ᠂ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ ᠬᠤᠭᠤᠯᠠᠶ ᠭᠤᠣᠷᠰᠤ ᠳᠡᠪᠢᠰᠦᠭᠰᠡᠨ ᠵᠠᠮ ᠱᠤᠭᠤᠮ ᠳᠠᠭᠠᠤ ᠶᠢᠨ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠨᠥᠬᠦᠴᠡᠯ ᠲᠠᠢ ᠬᠤᠭᠤᠯᠠᠶ | ᠭᠤᠣᠷᠰᠤ ᠶᠢᠨ ᠠᠵᠢᠯ ᠤᠨ ᠠᠵᠤ ᠠᠬᠤᠶᠢᠯᠠᠯ᠂ ᠨᠡᠶᠢᠭᠡᠮ ᠤᠨ ᠬᠦᠴᠦᠨ ᠤ ᠪᠠᠶᠢᠭᠤᠯᠤᠭᠰᠠᠨ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠲᠤᠰᠬᠠᠶ ᠡᠩᠨᠡᠭᠡ ᠶᠢ ᠪᠠᠶᠢᠭᠤᠯᠬᠤ ᠪᠤᠶᠤ ᠲᠡᠭᠦᠨ ᠳᠤ ᠲᠦᠰᠢᠭᠯᠡᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠵᠤ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠲᠤᠰ ᠠᠵᠤ | ᠠᠬᠤᠶᠢᠯᠠᠯ ᠤᠨ ᠬᠤᠭᠤᠯᠠᠶ ᠭᠤᠣᠷᠰᠤ ᠶᠢᠨ ᠲᠠᠯ᠎ᠠ ᠪᠠᠷ ᠬᠢ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ | ᠲᠥᠰᠦᠯ ᠢ ᠲᠣᠭᠲᠠᠭᠠᠵᠤ᠂ ᠠᠶᠤᠯ ᠠᠴᠠ ᠠᠪᠤᠷᠠᠨ ᠲᠤᠰᠠᠯᠠᠬᠤ ᠠᠵᠢᠯᠳᠠᠨ ᠪᠠ ᠲᠥᠬᠦᠭᠡᠷᠦᠮᠵᠢ ᠶᠢ ᠲᠣᠬᠢᠷᠠᠭᠤᠯᠬᠤ | ᠬᠡᠷᠡᠭᠲᠡᠶ ᠪᠥᠭᠡᠳ ᠬᠤᠭᠤᠯᠠᠶ ᠭᠤᠣᠷᠰᠤ ᠶᠢᠨ ᠲᠠᠯ᠎ᠠ ᠪᠠᠷ ᠬᠢ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠬᠢᠬᠦ ᠬᠡᠷᠡᠭᠲᠡᠶ᠃ | ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠦᠪᠡᠰᠦᠪᠡᠨ ᠠᠶᠤᠯ ᠠᠴᠠ ᠠᠪᠤᠷᠠᠬᠤ᠂ | ᠱᠠᠯᠠᠪᠳᠠᠨ ᠵᠠᠰᠠᠬᠤ ᠬᠦᠴᠦᠨ ᠦᠭᠡᠢ ᠪᠠᠶᠢᠪᠠᠯ᠂ ᠪᠤᠰᠤᠳ ᠲᠤᠰᠬᠠᠶ ᠠᠪᠤᠷᠠᠨ ᠲᠤᠰᠠᠯᠠᠬᠤ ᠡᠩᠨᠡᠭᠡ ᠶᠢ ᠨᠠᠶᠢᠳᠠᠨ | ᠤᠷᠢᠵᠤ ᠠᠶᠤᠯ ᠠᠴᠠ ᠠᠪᠤᠷᠠᠬᠤ ᠲᠤᠰᠠᠯᠠᠮᠵᠢ ᠬᠢᠯᠭᠡᠵᠦ ᠪᠣᠯᠤᠨ᠎ᠠ᠃ ᠬᠤᠭᠤᠯᠠᠶ ᠭᠤᠣᠷᠰᠤ ᠶᠢᠨ ᠠᠵᠢᠯ ᠤᠨ ᠠᠵᠤ | ᠠᠬᠤᠶᠢᠯᠠᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠲᠤᠬᠠᠶ ᠶᠢᠨ ᠭᠠᠵᠠᠷ ᠤᠨ | ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠲᠠᠯ᠎ᠠ ᠪᠠᠷ ᠬᠢ ᠠᠳᠡᠯ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠲᠠᠢ ᠵᠣᠯᠭᠠᠭᠤᠯᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠬᠠᠶ ᠶᠢᠨ | ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠪᠦᠷᠢᠳᠭᠡᠨ ᠳᠠᠩᠰᠠᠯᠠᠭᠤᠯᠬᠤ | ᠬᠡᠷᠡᠭᠲᠡᠢ᠃ | ᠬᠤᠷᠢᠨ ᠳᠤᠯᠤᠳᠤᠭᠠᠷ ᠵᠦᠢᠯ ᠪᠠᠷᠢᠯᠭ᠎ᠠ ᠶᠢᠨ ᠠᠵᠢᠯ ᠬᠢᠬᠦ᠂ ᠪᠠᠴᠢᠮ ᠪᠠᠶᠢᠳᠠᠯ ᠢ ᠠᠷᠭᠠᠴᠠᠭᠠᠵᠤ ᠱᠠᠯᠠᠪᠳᠠᠨ | ᠵᠠᠰᠠᠬᠤ ᠪᠤᠶᠤ ᠪᠤᠰᠤᠳ ᠰᠢᠯᠲᠠᠭᠠᠨ ᠠᠴᠠ ᠪᠤᠯᠵᠤ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠳᠠᠮᠵᠢᠭᠤᠯᠬᠤ | ᠬᠡᠮᠵᠢᠶ᠎ᠡ ᠶᠢ ᠪᠠᠭᠠᠰᠬᠠᠬᠤ ᠪᠤᠶᠤ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠳᠠᠮᠵᠢᠭᠤᠯᠬᠤ ᠶᠢ | ᠵᠣᠭᠰᠤᠭᠠᠬᠤ ᠳᠤ᠂ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠨᠥᠯᠥᠭᠡᠯᠡᠭᠳᠡᠭᠰᠡᠨ ᠲᠤᠤᠷᠠᠳᠤ | ᠬᠡᠯᠬᠢᠶᠡᠨ ᠤ ᠬᠡᠷᠡᠭᠯᠡᠭᠴᠢᠳ ᠲᠤ ᠴᠠᠭ ᠲᠤᠬᠠᠶ ᠳᠤ ᠨᠢ ᠮᠡᠳᠡᠭᠳᠡᠬᠦ ᠶᠢᠨ ᠬᠠᠮᠲᠤ᠂ ᠠᠵᠢᠯᠯᠠᠬᠤ ᠴᠠᠭ ᠪᠠ ᠨᠥᠯᠥᠭᠡᠯᠡᠬᠦ | ᠣᠷᠣᠨ ᠪᠦᠰᠡ ᠶᠢ ᠲᠤᠬᠠᠶ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ | ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠪᠠᠴᠢᠮ ᠪᠠᠶᠢᠳᠠᠯ ᠢ ᠠᠷᠭᠠᠴᠠᠭᠠᠵᠤ ᠱᠠᠯᠠᠪᠳᠠᠨ | ᠵᠠᠰᠠᠬᠤ ᠳᠤ ᠪᠠᠨ ᠤᠷᠢᠳ ᠢᠶᠠᠷ ᠪᠤᠰᠤᠳ ᠤᠨ ᠭᠠᠵᠠᠷ ᠰᠢᠷᠣᠶ ᠪᠤᠶᠤ ᠪᠡᠯᠡᠳᠭᠡᠮᠵᠢ ᠶᠢ ᠬᠡᠷᠡᠭᠯᠡᠵᠦ ᠪᠣᠯᠤᠨ᠎ᠠ᠂ ᠭᠡᠪᠡᠴᠦ | ᠭᠠᠵᠠᠷ ᠰᠢᠷᠣᠶ ᠪᠤᠶᠤ ᠪᠡᠯᠡᠳᠭᠡᠮᠵᠢ ᠶᠢᠨ ᠥᠮᠴᠢᠯᠡᠯ ᠤᠨ ᠡᠷᠬᠡᠲᠦ ᠬᠥᠮᠦᠨ ᠪᠤᠶᠤ ᠬᠡᠷᠡᠭᠯᠡᠬᠦ ᠡᠷᠬᠡᠲᠦ ᠬᠥᠮᠦᠨ ᠳᠤ | ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠂ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ | ᠥᠭᠬᠦ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠬᠤᠭᠤᠯᠠᠶ ᠭᠤᠣᠷᠰᠤ ᠳᠤ ᠠᠳᠡᠯ ᠭᠠᠷᠪᠠᠯ᠂ ᠬᠤᠭᠤᠯᠠᠶ ᠭᠤᠣᠷᠰᠤ ᠶᠢᠨ | ᠠᠵᠢᠯ ᠤᠨ ᠠᠵᠤ ᠠᠬᠤᠶᠢᠯᠠᠯ ᠨᠢ ᠲᠤᠰ ᠠᠵᠤ ᠠᠬᠤᠶᠢᠯᠠᠯ ᠤᠨ ᠬᠤᠭᠤᠯᠠᠶ ᠭᠤᠣᠷᠰᠤ ᠶᠢᠨ ᠲᠠᠯ᠎ᠠ ᠪᠠᠷ ᠬᠢ ᠠᠳᠡᠯ ᠤᠨ | ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢᠶᠠᠨ ᠳᠠᠷᠤᠶ ᠲᠦᠷᠭᠡᠨ ᠬᠡᠷᠡᠭᠵᠢᠭᠦᠯᠵᠦ ᠡᠬᠢᠯᠡᠨ᠂ ᠠᠳᠡᠯ ᠳᠤ ᠬᠤᠬᠢᠷᠠᠯ | ᠭᠠᠷᠴᠤ ᠮᠡᠳᠡᠬᠦ ᠨᠢᠭᠡᠴᠢ ᠪᠠ ᠰᠠᠭᠤᠭᠠᠯᠢ ᠠᠷᠠᠳ ᠲᠤ ᠲᠣᠭᠲᠠᠭᠠᠯ ᠶᠣᠰᠣᠭᠠᠷ ᠴᠠᠭ ᠲᠤᠬᠠᠶ ᠳᠤ ᠨᠢ ᠮᠡᠳᠡᠭᠳᠡᠵᠦ᠂ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠳᠡᠯ ᠤᠨ ᠬᠤᠬᠢᠷᠠᠯ ᠢ ᠠᠷᠢᠯᠭᠠᠬᠤ ᠪᠤᠶᠤ ᠪᠠᠭᠠᠰᠬᠠᠬᠤ ᠶᠢᠨ | ᠬᠠᠮᠲᠤ᠂ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠤ ᠲᠣᠭᠲᠠᠭᠠᠯ ᠶᠣᠰᠣᠭᠠᠷ ᠮᠡᠳᠡᠭᠦᠯᠬᠦ ᠬᠡᠷᠡᠭᠲᠡᠶ᠂ | ᠤᠳᠠᠭᠠᠰᠢᠷᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ᠂ ᠨᠢᠭᠤᠨ ᠳᠠᠯᠳᠠᠯᠠᠭᠠᠳ ᠮᠡᠳᠡᠭᠦᠯᠬᠦ ᠥᠭᠡᠢ ᠪᠠᠶᠢᠵᠤ | ᠪᠣᠯᠬᠤ ᠥᠭᠡᠢ᠂ ᠠᠳᠡᠯ ᠭᠠᠷᠤᠭᠰᠠᠨ ᠠᠬᠤᠢ ᠲᠠᠯᠠᠪᠠᠢ ᠶᠢ ᠵᠣᠷᠢᠭᠤᠳᠠ ᠡᠪᠳᠡᠬᠦ ᠪᠤᠶᠤ ᠬᠤᠯᠪᠣᠭᠳᠠᠬᠤ ᠭᠡᠷᠡᠴᠢ | ᠪᠠᠷᠢᠮᠲᠠ ᠶᠢ ᠤᠰᠠᠳᠬᠠᠵᠤ ᠪᠣᠯᠬᠤ ᠥᠭᠡᠢ᠃ | ᠮᠡᠳᠡᠭᠦᠯᠦᠯᠲᠡ ᠶᠢ ᠣᠯᠤᠭᠰᠠᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠠᠳᠡᠯ ᠭᠠᠷᠤᠭᠰᠠᠨ ᠪᠠᠶᠢᠳᠠᠯ ᠢ ᠲᠣᠭᠲᠠᠭᠠᠯ ᠶᠣᠰᠣᠭᠠᠷ ᠴᠠᠭ ᠲᠤᠬᠠᠶ ᠳᠤ ᠨᠢ ᠳᠡᠭᠡᠭᠰᠢ | ᠮᠡᠳᠡᠭᠦᠯᠬᠦ ᠶᠢᠨ ᠬᠠᠮᠲᠤ᠂ ᠬᠤᠭᠤᠯᠠᠶ ᠭᠤᠣᠷᠰᠤ ᠶᠢᠨ ᠠᠳᠡᠯ ᠭᠠᠷᠤᠭᠰᠠᠨ ᠪᠣᠳᠠᠲᠠᠶ ᠪᠠᠶᠢᠳᠠᠯ ᠢ ᠦᠨᠳᠦᠰᠦᠯᠡᠵᠦ | ᠵᠣᠬᠢᠶᠠᠨ ᠪᠠᠶᠢᠭᠤᠯᠵᠤ ᠪᠠᠶᠢᠭᠠᠳ ᠠᠳᠡᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠪᠤᠶᠤ ᠵᠠᠰᠠᠭ ᠤᠨ ᠣᠷᠳᠣᠨ ᠳᠤ | ᠮᠡᠳᠡᠭᠦᠯᠦᠨ ᠲᠤᠰ ᠵᠠᠰᠠᠭ ᠵᠠᠬᠢᠷᠭᠠᠨ ᠤ ᠣᠷᠣᠨ ᠤ ᠬᠤᠭᠤᠯᠠᠶ ᠭᠤᠣᠷᠰᠤ ᠶᠢᠨ ᠠᠳᠡᠯ ᠭᠠᠷᠤᠭᠰᠠᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠭᠡᠯ ᠲᠥᠰᠦᠯ ᠢ ᠴᠠᠭ ᠲᠤᠬᠠᠶ ᠳᠤ ᠨᠢ ᠬᠡᠷᠡᠭᠵᠢᠭᠦᠯᠵᠦ ᠡᠬᠢᠯᠡᠨ᠂ ᠠᠳᠡᠯ ᠭᠠᠷᠤᠭᠰᠠᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠵᠤ ᠶᠠᠪᠤᠭᠳᠠᠭᠤᠯᠬᠤ | ᠬᠡᠷᠡᠭᠲᠡᠶ᠃ | ᠬᠤᠷᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠲᠤᠤᠷᠠᠳᠤ ᠱᠠᠲᠤᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ | ᠬᠠᠤᠯᠢ ᠶᠣᠰᠣᠭᠠᠷ ᠭᠦᠢᠴᠡᠳᠬᠡᠬᠦ ᠶᠢ ᠨᠢ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠵᠤ᠂ ᠬᠤᠭᠤᠯᠠᠶ ᠭᠤᠣᠷᠰᠤ ᠶᠢᠨ | ᠭᠠᠳᠠᠷᠭᠤ ᠶᠢᠨ ᠠᠮᠦᠷ ᠲᠦᠪᠰᠢᠨ ᠤ ᠬᠦᠨᠳᠦ ᠶᠡᠭᠡ ᠲᠠᠯᠳᠠ ᠭᠡᠮ ᠢ ᠵᠣᠬᠢᠶᠠᠨ ᠪᠠᠶᠢᠭᠤᠯᠵᠤ ᠠᠷᠢᠯᠭᠠᠬᠤ ᠬᠡᠷᠡᠭᠲᠡᠶ᠃ | ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠪᠠᠷᠢᠯᠭ᠎ᠠ ᠶᠢᠨ ᠲᠦᠷᠦᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ | ᠬᠤᠷᠢᠶᠠᠵᠤ ᠠᠪᠬᠤ ᠳᠤ ᠬᠢᠷᠢ ᠲᠡᠩᠴᠡᠭᠰᠡᠨ ᠪᠠ ᠵᠢᠩᠬᠢᠨᠢ ᠪᠠᠷ ᠲᠤᠰᠢᠶᠠᠨ ᠥᠭᠴᠦ ᠠᠰᠢᠭᠯᠠᠯᠲᠠ ᠳᠤ | ᠣᠷᠣᠭᠤᠯᠤᠭᠰᠠᠨ ᠤ ᠲᠠᠷᠠᠭ᠎ᠠ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ | ᠶᠣᠰᠣᠭᠠᠷ ᠭᠦᠢᠴᠡᠳᠬᠡᠬᠦ ᠬᠡᠷᠡᠭᠲᠡᠶ᠃ | ᠭᠤᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠠᠵᠢᠯᠳᠠᠨ ᠢ ᠬᠠᠩᠭᠠᠨ | ᠲᠣᠬᠢᠷᠠᠭᠤᠯᠵᠤ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠳᠤ ᠪᠠᠶᠢᠴᠠᠭᠠᠯᠲᠠ ᠬᠢᠬᠦ | ᠲᠥᠯᠥᠪᠯᠡᠭᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠥᠷᠢᠮ ᠪᠠ | ᠵᠢᠵᠢᠭᠦᠷᠯᠡᠨ ᠰᠠᠬᠢᠬᠤ ᠠᠵᠢᠯ ᠤᠨ ᠲᠥᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠵᠠᠰᠠᠭ ᠤᠨ ᠣᠷᠳᠣᠨ | ᠮᠡᠷᠭᠡᠵᠢᠯ ᠤᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠬᠡᠷᠡᠭᠯᠡᠨ ᠬᠤᠭᠤᠯᠠᠶ ᠭᠤᠣᠷᠰᠤ ᠶᠢᠨ | ᠬᠠᠮᠠᠭᠠᠯᠠᠯᠲᠠ ᠶᠢᠨ ᠠᠵᠢᠯ ᠥᠷᠨᠢᠭᠦᠯᠬᠦ ᠶᠢ ᠨᠢ ᠵᠣᠷᠢᠭᠵᠢᠭᠤᠯᠵᠤ᠂ ᠬᠤᠭᠤᠯᠠᠶ ᠭᠤᠣᠷᠰᠤ ᠶᠢ ᠬᠠᠮᠠᠭᠠᠯᠠᠬᠤ ᠠᠵᠢᠯ ᠤᠨ | ᠦᠷ᠎ᠡ ᠴᠢᠳᠠᠮᠵᠢ ᠶᠢ ᠳᠡᠭᠡᠭᠰᠢᠯᠡᠭᠦᠯᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠳᠡᠭᠡᠳᠦ ᠱᠠᠲᠤᠨ ᠤ ᠰᠠᠯᠠᠭ᠎ᠠ | ᠮᠥᠴᠢᠷ ᠲᠤ ᠤᠯᠠᠷᠢᠯ᠂ ᠬᠠᠭᠠᠰ ᠵᠢᠯ ᠪᠠ ᠪᠦᠬᠦ ᠵᠢᠯ ᠤᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ | ᠮᠡᠳᠡᠭᠦᠯᠦᠯᠲᠡ ᠪᠠᠨ ᠱᠠᠳᠤ ᠳᠠᠷᠠᠭᠠᠯᠠᠨ ᠮᠡᠳᠡᠭᠦᠯᠦᠨ ᠬᠦᠷᠭᠡᠬᠦ ᠬᠡᠷᠡᠭᠲᠡᠶ᠃ ᠣᠨᠴᠠᠭᠠᠢ ᠪᠠᠶᠢᠳᠠᠯ ᠲᠣᠬᠢᠶᠠᠯᠳᠤᠪᠠᠯ ᠴᠠᠭ | ᠲᠤᠬᠠᠶ ᠳᠤ ᠨᠢ ᠮᠡᠳᠡᠭᠦᠯᠦᠨ ᠬᠦᠷᠭᠡᠬᠦ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠬᠤᠭᠤᠯᠠᠶ ᠭᠤᠣᠷᠰᠤ ᠶᠢᠨ ᠬᠠᠮᠠᠭᠠᠯᠠᠯᠲᠠ ᠵᠢᠨᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠭᠤᠯᠠᠶ | ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠥᠷᠢᠮ ᠢ ᠲᠦᠷᠦᠭᠦᠯᠡᠨ ᠪᠠᠶᠢᠭᠤᠯᠵᠤ᠂ | ᠬᠤᠯᠪᠣᠭᠳᠠᠯ ᠪᠥᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠬᠠᠮᠲᠤᠷᠠᠭᠰᠠᠨ ᠬᠤᠷᠠᠯ | ᠬᠤᠷᠠᠯᠳᠤᠭᠤᠯᠵᠤ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠴᠢᠬᠤᠯᠠ ᠶᠡᠭᠡ ᠠᠰᠠᠭᠤᠳᠠᠯ ᠪᠠ ᠲᠠᠯᠳᠠ ᠭᠡᠮ ᠢ | ᠵᠠᠰᠠᠬᠤ ᠠᠰᠠᠭᠤᠳᠠᠯ ᠢ ᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ | ᠭᠤᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠠ ᠪᠤᠰᠤᠳ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠳᠤ | ᠳᠣᠣᠷᠠᠬᠢ ᠮᠡᠲᠦ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠶᠢᠨ ᠬᠠᠮᠲᠤ᠂ ᠬᠤᠯᠪᠣᠭᠠᠯᠠᠨ ᠬᠠᠤᠯᠢ ᠬᠡᠷᠡᠭᠵᠢᠭᠦᠯᠬᠦ | ᠠᠵᠢᠯ ᠢ ᠬᠠᠮᠵᠢᠯᠴᠠᠨ ᠥᠷᠨᠢᠭᠦᠯᠬᠦ ᠬᠡᠷᠡᠭᠲᠡᠶ᠄ | ︵ᠨᠢᠭᠡ︶ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ | ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠭᠤᠯᠠᠶ | ᠭᠤᠣᠷᠰᠤ ᠶᠢᠨ ᠬᠠᠮᠠᠭᠠᠯᠠᠯᠲᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠤᠯᠪᠣᠭᠳᠠᠯ | ᠪᠦᠬᠦᠢ ᠨᠢᠭᠡᠴᠢ ᠶᠢᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠶᠢ ᠨᠢ ᠵᠢᠭᠠᠨ | ᠵᠢᠯᠤᠭᠤᠳᠬᠤ ᠪᠠ ᠲᠡᠭᠦᠨ ᠳᠤ ᠬᠢᠨᠠᠯᠲᠠ ᠲᠠᠯᠪᠢᠵᠤ᠂ ᠬᠤᠭᠤᠯᠠᠶ ᠭᠤᠣᠷᠰᠤ ᠶᠢᠨ ᠠᠮᠦᠷ ᠲᠦᠪᠰᠢᠨ ᠳᠤ ᠬᠤᠬᠢᠷᠠᠯ | ᠤᠴᠠᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠵᠦ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠲᠠᠯ᠎ᠠ ᠳᠤ ᠭᠠᠷᠤᠭᠰᠠᠨ ᠠᠳᠡᠯ ᠢ ᠨᠢ ᠪᠠᠶᠢᠴᠠᠭᠠᠨ | ᠰᠢᠢᠳᠪᠦᠷᠢᠯᠡᠬᠦ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ︔ | ︵ᠬᠤᠶᠠᠷ︶ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠠᠵᠢᠯ ᠤᠨ ᠠᠵᠤ | ᠠᠬᠤᠶᠢᠯᠠᠯ ᠤᠨ ᠳᠣᠲᠣᠭᠠᠳᠤ ᠶᠢᠨ ᠠᠮᠤᠷ ᠤᠨ ᠬᠠᠮᠠᠭᠠᠯᠠᠯᠲᠠ ᠶᠢᠨ ᠠᠵᠢᠯ ᠢ ᠨᠢ ᠵᠢᠭᠠᠨ ᠵᠢᠯᠣᠭᠤᠳᠬᠤ ᠪᠠ | ᠲᠡᠭᠦᠨ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠤᠨ | ᠡᠷᠬᠢᠨ ᠲᠣᠭᠤᠷᠢᠨ᠂ ᠬᠤᠭᠤᠯᠠᠶ ᠭᠤᠣᠷᠰᠤ ᠳᠡᠪᠢᠰᠦᠭᠰᠡᠨ ᠵᠠᠮ ᠱᠤᠭᠤᠮ ᠳᠠᠭᠠᠤ᠂ ᠬᠤᠭᠤᠯᠠᠶ ᠭᠤᠣᠷᠰᠤ ᠶᠢᠨ | ᠪᠦᠳᠦᠭᠡᠨ ᠪᠠᠶᠢᠭᠤᠯᠤᠯᠲᠠ ᠳᠠᠬᠢ ᠠᠮᠤᠷ ᠤᠨ ᠬᠠᠮᠠᠭᠠᠯᠠᠯᠲᠠ ᠶᠢᠨ ᠡᠮᠬᠢ ᠵᠢᠷᠤᠮ ᠢ ᠬᠠᠮᠠᠭᠠᠯᠠᠵᠤ᠂ ᠬᠤᠭᠤᠯᠠᠶ | ᠭᠤᠣᠷᠰᠤ ᠶᠢ ᠬᠠᠤᠯᠢ ᠪᠤᠰᠤ ᠪᠠᠷ ᠡᠵᠡᠮᠰᠢᠭᠰᠡᠨ᠂ ᠡᠪᠳᠡᠭᠰᠡᠨ ᠪᠠ ᠴᠤᠭᠤᠯᠵᠤ ᠲᠤᠰᠤ ︵ᠬᠡᠢ︶ ᠬᠤᠯᠠᠭᠠᠶᠢᠯᠠᠭᠰᠠᠨ᠂ | ᠬᠤᠭᠤᠯᠠᠶ ᠭᠤᠣᠷᠰᠤ ᠪᠠᠷ ᠳᠠᠮᠵᠢᠭᠤᠯᠤᠨ ᠬᠦᠷᠭᠡᠵᠦ ᠪᠠᠶᠢᠭ᠎ᠠ ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠶ ᠬᠡᠢ ᠶᠢ | ᠲᠦᠷᠬᠢᠯᠳᠦᠨ ᠪᠤᠯᠢᠶᠠᠭᠰᠠᠨ ᠵᠢᠴᠢ ᠬᠤᠭᠤᠯᠠᠶ ᠭᠤᠣᠷᠰᠤ ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠤᠭᠰᠠᠨ | ᠬᠠᠤᠯᠢ ᠠᠴᠠ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ | ︵ᠭᠤᠷᠪᠠ︶ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠤᠯᠤᠰ ᠤᠨ ᠪᠠᠯᠠ ᠮᠥᠩᠭᠦ ᠪᠠᠷ ᠳᠡᠮᠵᠢᠬᠦ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠬᠤᠭᠤᠯᠠᠶ ᠭᠤᠣᠷᠰᠤ ᠶᠢᠨ ᠬᠠᠮᠠᠭᠠᠯᠠᠯᠲᠠ᠂ | ᠠᠮᠤᠷ ᠲᠦᠪᠰᠢᠨ ᠤ ᠬᠦᠨᠳᠦ ᠶᠡᠭᠡ ᠳᠠᠯᠳᠠ ᠬᠡᠮ ᠢ ᠨᠢ ᠵᠠᠰᠠᠬᠤ ᠶᠢ ᠴᠢᠩᠭᠠᠳᠬᠠᠬᠤ ᠲᠠᠯ᠎ᠠ ᠳᠤ ᠲᠥᠪ ᠤᠨ ᠡᠳ᠋ ᠤᠨ | ᠵᠠᠰᠠᠭ ᠤᠨ ᠪᠠᠯᠠ ᠮᠦᠩᠭᠦᠨ ᠤ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠨ᠎ᠠ︔ | ︵ᠲᠦᠷᠪᠡ︶ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠳᠡᠪᠢᠰᠬᠦ ᠳᠤ | ᠲᠦᠷ ᠬᠡᠷᠡᠭᠯᠡᠬᠦ ᠭᠠᠵᠠᠷ ᠪᠠ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠬᠦ ᠠᠵᠢᠯ ᠢ | ᠬᠠᠷᠢᠭᠤᠴᠠᠵᠤ᠂ ᠬᠤᠭᠤᠯᠠᠶ ᠭᠤᠣᠷᠰᠤ ᠳᠡᠪᠢᠰᠦᠭᠰᠡᠨ ᠡᠷᠬᠢᠨ ᠲᠣᠭᠤᠷᠢᠨ ᠳᠤ ᠬᠠᠤᠯᠢ ᠠᠴᠠ ᠵᠦᠷᠢᠴᠡᠵᠦ ᠠᠭᠤᠷᠬᠠᠶ | ᠮᠠᠯᠲᠠᠬᠤ ᠪᠠ ᠬᠠᠤᠯᠢ ᠠᠴᠠ ᠵᠦᠷᠢᠴᠡᠵᠦ ᠭᠠᠵᠠᠷ ᠬᠡᠷᠡᠭᠯᠡᠭᠰᠡᠨ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠨ᠎ᠡ︔ | ︵ᠲᠠᠪᠤ︶ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠪᠥᠳᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠦᠨᠡᠯᠡᠯᠲᠡ ᠶᠢ | ᠰᠠᠶᠢᠲᠤᠷ ᠬᠢᠬᠦ ᠶᠢ ᠨᠢ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠬᠤ ᠶᠢ | ᠬᠠᠷᠢᠭᠤᠴᠠᠵᠤ᠂ ᠬᠤᠭᠤᠯᠠᠶ ᠭᠤᠣᠷᠰᠤ ᠶᠢᠨ ᠲᠠᠯ᠎ᠠ ᠪᠠᠷ ᠭᠡᠨᠡᠳᠲᠡ ᠡᠭᠦᠰᠦᠭᠰᠡᠨ ᠣᠷᠴᠢᠨ ᠲᠣᠭᠤᠷᠢᠨ ᠤ | ᠬᠦᠨᠳᠦ ᠶᠡᠭᠡ ᠬᠡᠷᠡᠭ ᠤᠨ ᠪᠠᠶᠢᠴᠠᠭᠠᠨ ᠰᠢᠢᠳᠪᠦᠷᠢᠯᠡᠬᠦ ᠶᠢ ᠵᠣᠬᠢᠴᠠᠭᠤᠯᠤᠨ ᠰᠠᠶᠢᠲᠤᠷ ᠬᠢᠵᠦ᠂ ᠬᠤᠭᠤᠯᠠᠶ ᠭᠤᠣᠷᠰᠤ | ᠳᠡᠪᠢᠰᠦᠭᠰᠡᠨ ᠡᠷᠬᠢᠨ ᠲᠣᠭᠤᠷᠢᠨ ᠳᠠᠬᠢ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ | ︵ᠵᠢᠷᠭᠤᠭ᠎ᠠ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠨᠢ ᠬᠤᠲᠠ ᠶᠢᠨ ᠲᠥᠯᠥᠪᠵᠢᠭᠦᠯᠭᠡ ᠶᠢᠨ ᠲᠣᠭᠤᠷᠢᠭ ᠲᠠᠬᠢ ᠬᠤᠭᠤᠯᠠᠶ ᠭᠤᠣᠷᠰᠤ ᠳᠡᠪᠢᠰᠦᠭᠰᠡᠨ ᠡᠷᠬᠢᠨ | ᠲᠣᠭᠤᠷᠢᠨ ᠳᠠᠬᠢ ᠬᠡᠷ ᠪᠠᠶᠢᠰᠢᠩ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ︔ | ︵ᠲᠤᠯᠤᠭ᠎ᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠵᠠᠰᠠᠮᠠᠯ ᠵᠠᠮ᠂ ᠤᠰᠤᠨ ᠵᠠᠮ ᠵᠡᠷᠭᠡ | ᠠᠵᠢᠯ ᠲᠦᠷᠦᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ | ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠵᠤ᠂ ᠬᠤᠭᠤᠯᠠᠶ ᠭᠤᠣᠷᠰᠤ ᠶᠢᠨ ᠠᠵᠢᠯ ᠤᠨ ᠬᠥᠭᠵᠢᠯᠲᠡ ᠶᠢᠨ | ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠲᠠᠢ ᠵᠤᠯᠭᠠᠭᠤᠯᠤᠨ᠂ ᠵᠠᠰᠠᠮᠠᠯ ᠵᠠᠮ᠂ | ᠤᠰᠤᠨ ᠵᠠᠮ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠬᠢᠭᠡᠳ ᠬᠤᠭᠤᠯᠠᠶ ᠭᠤᠣᠷᠰᠤ ᠶᠢᠨ ᠠᠵᠢᠯ ᠤᠨ | ᠪᠦᠳᠦᠭᠡᠨ ᠪᠠᠶᠢᠭᠤᠯᠤᠯᠲᠠ ᠪᠠ ᠠᠶᠣᠯ ᠦᠭᠡᠢ ᠠᠵᠢᠯᠯᠠᠭᠠᠨ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ | ᠵᠣᠬᠢᠶᠠᠨ ᠪᠠᠶᠢᠭᠤᠯᠵᠤ ᠵᠣᠬᠢᠴᠠᠭᠤᠯᠤᠨ ᠰᠢᠢᠳᠪᠦᠷᠢᠯᠡᠨ᠎ᠡ︔ | ︵ᠨᠠᠢᠮᠠ︶ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠢ ᠭᠤᠣᠯ ᠤᠨ ᠵᠠᠮ ᠤᠨ ᠬᠠᠮᠢᠶᠠᠷᠤᠯᠲᠠ ᠶᠢᠨ | ᠬᠡᠪᠴᠢᠶᠡᠨ ᠳᠠᠬᠢ ᠭᠤᠣᠯ ᠠᠯᠤᠰᠯᠠᠭᠰᠠᠨ ᠬᠤᠭᠤᠯᠠᠶ ᠭᠤᠣᠷᠰᠤ ᠶᠢ ᠪᠦᠲᠦᠭᠡᠨ ᠪᠠᠶᠢᠭᠤᠯᠵᠤ ᠦᠶᠡᠷ ᠢ ᠰᠡᠷᠭᠡᠶᠢᠯᠡᠬᠦ | ᠨᠦᠯᠦᠭᠡᠨ ᠤ ᠦᠨᠡᠯᠡᠯᠲᠡ ᠶᠢᠨ ᠮᠡᠳᠡᠭᠦᠯᠦᠯᠲᠡ ᠶᠢ ᠨᠢ ᠬᠢᠨᠠᠨ ᠲᠣᠭᠲᠠᠭᠠᠬᠤ ᠶᠢ ᠬᠠᠷᠢᠭᠤᠴᠠᠵᠤ᠂ ᠦᠶᠡᠷ ᠢ | ᠰᠡᠷᠭᠡᠶᠢᠯᠡᠬᠦ ᠠᠮᠦᠷ ᠲᠦᠪᠰᠢᠨ ᠤ ᠱᠠᠭᠠᠷᠳᠠᠯᠭ᠎ᠠ ᠳᠤ ᠬᠤᠯᠪᠣᠭᠳᠠᠭᠰᠠᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ | ᠳᠤᠷᠠᠳᠤᠨ᠎ᠠ︔ ᠭᠤᠤᠯ ᠤᠨ ᠵᠠᠮ ᠤᠨ ᠨᠦᠯᠦᠮᠡᠯ ᠰᠢᠪᠠᠷ ᠢ ᠠᠷᠢᠯᠭᠠᠬᠤ᠂ ᠣᠷᠤᠰᠬᠠᠯ ᠢ ᠨᠢ ᠨᠡᠪᠲᠡᠷᠡᠭᠦᠯᠬᠦ᠂ ᠦᠶᠡᠷ | ᠵᠠᠯᠠᠬᠤ ᠵᠡᠷᠭᠡ ᠬᠤᠭᠤᠯᠠᠶ ᠭᠤᠣᠷᠰᠤ ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠬᠤ ᠰᠡᠷᠡᠮᠵᠢ ᠶᠢᠨ ᠮᠡᠳᠡᠭᠡ | ᠵᠠᠩᠭᠢ ᠶᠢ ᠴᠠᠭ ᠲᠤᠬᠠᠶ ᠳᠤ ᠨᠢ ᠮᠡᠳᠡᠭᠳᠡᠬᠦ ᠪᠠ ᠨᠡᠶᠢᠲᠡᠯᠡᠨ᠎ᠡ︔ ᠭᠤᠤᠯ ᠤᠨ ᠵᠠᠮ ᠤᠨ ᠬᠠᠮᠢᠶᠠᠷᠤᠯᠲᠠ ᠶᠢᠨ | ᠬᠡᠪᠴᠢᠶᠡᠨ ᠳᠠᠬᠢ ᠬᠤᠭᠤᠯᠠᠶ ᠭᠤᠣᠷᠰᠤ ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠬᠤ ᠬᠠᠤᠯᠢ ᠠᠴᠠ | ᠵᠥᠷᠢᠴᠡᠨ ᠡᠯᠡᠰᠦ ᠮᠠᠯᠲᠠᠬᠤ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ | ︵ᠶᠢᠰᠦ︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠭᠤᠯᠠᠶ | ᠭᠤᠣᠷᠰᠤ ᠶᠢᠨ ᠪᠦᠳᠦᠭᠡᠨ ᠪᠠᠶᠢᠭᠤᠯᠤᠯᠲᠠ ᠶᠢᠨ ᠠᠮᠦᠷ ᠲᠦᠪᠰᠢᠨ ᠢ ᠬᠢᠨᠠᠨ ᠪᠠᠶᠢᠴᠠᠭᠠᠵᠤ᠂ ᠬᠠᠮᠵᠢᠯᠴᠠᠵᠤ ᠪᠠᠶᠢᠭᠠᠳ | ᠠᠳᠡᠯ ᠢ ᠨᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠢ ᠨᠠᠶᠢᠳᠠᠪᠤᠷᠢᠵᠢᠭᠤᠯᠬᠤ ᠶᠢ | ᠬᠠᠷᠢᠭᠤᠴᠠᠨ᠎ᠠ︔ | ︵ᠠᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠳᠠᠷᠤᠯᠲᠠᠲᠤ ᠬᠤᠭᠤᠯᠠᠶ | ᠭᠤᠤᠷᠰᠤ ᠤᠭᠰᠠᠷᠠᠭᠰᠠᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠵᠢᠴᠢ ᠬᠡᠷᠡᠭᠯᠡᠵᠦ ᠪᠠᠶᠢᠭ᠎ᠠ | ᠬᠤᠭᠤᠯᠠᠶ ᠭᠤᠣᠷᠰᠤ ᠶᠢ ᠲᠣᠭᠲᠠᠮᠠᠯ ᠬᠤᠭᠤᠴᠠᠭ᠎ᠠ ᠲᠠᠢ ᠰᠢᠯᠭᠠᠨ ᠪᠠᠶᠢᠴᠠᠭᠠᠬᠤ ᠠᠵᠢᠯ ᠢ ᠨᠢ ᠬᠠᠤᠯᠢ ᠶᠣᠰᠣᠭᠠᠷ | ᠰᠠᠶᠢᠲᠤᠷ ᠬᠢᠬᠦ ᠶᠢ ᠬᠠᠷᠢᠭᠤᠴᠠᠨ᠎ᠠ︔ | ︵ᠠᠷᠪᠠᠨ ᠨᠢᠭᠡ︶ ᠤᠢ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ | ᠪᠦᠳᠦᠭᠡᠨ ᠪᠠᠶᠢᠭᠤᠯᠤᠯᠲᠠ ᠳᠤ ᠣᠶᠢᠲᠤ ᠭᠠᠵᠠᠷ᠂ ᠨᠤᠲᠤᠭ ᠪᠡᠯᠴᠢᠭᠡᠷ ᠬᠡᠷᠡᠭᠯᠡᠬᠦ ᠶᠢ ᠬᠢᠨᠠᠨ ᠵᠥᠪᠰᠢᠶᠡᠷᠡᠬᠦ | ᠠᠵᠢᠯ ᠢ ᠨᠢ ᠬᠠᠤᠯᠢ ᠶᠣᠰᠣᠭᠠᠷ ᠰᠠᠶᠢᠲᠤᠷ ᠬᠢᠬᠦ ᠶᠢ ᠬᠠᠷᠢᠭᠤᠴᠠᠵᠤ᠂ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ | ᠬᠡᠪᠴᠢᠶᠡᠨ ᠳᠠᠬᠢ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠶᠢ ᠵᠢᠷᠤᠮᠵᠢᠭᠤᠯᠤᠨ᠎ᠠ︔ | ︵ᠠᠷᠪᠠᠨ ᠬᠤᠶᠠᠷ︶ ᠴᠠᠭ ᠠᠭᠤᠷ ᠤᠨ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ ᠠᠶᠤᠩᠭ᠎ᠠ | ᠪᠠᠭᠤᠬᠤ ᠶᠢ ᠰᠡᠷᠭᠡᠶᠢᠯᠡᠬᠦ ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠨᠢ ᠬᠠᠤᠯᠢ ᠶᠣᠰᠣᠭᠠᠷ ᠰᠠᠶᠢᠲᠤᠷ ᠬᠢᠬᠦ ᠶᠢ | ᠬᠠᠷᠢᠭᠤᠴᠠᠵᠤ᠂ ᠬᠤᠭᠤᠯᠠᠶ ᠭᠤᠣᠷᠰᠤ ᠶᠢᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠬᠦ ᠠᠮᠦᠷ ᠲᠦᠪᠰᠢᠨ ᠤ | ᠲᠠᠯ᠎ᠠ ᠪᠠᠷ ᠬᠢ ᠲᠦᠭᠰᠢᠭᠦᠷᠢ ᠶᠢᠨ ᠦᠨᠡᠯᠡᠵᠦ ᠵᠢᠱᠢᠭᠰᠡᠨ ᠮᠡᠳᠡᠭᠦᠯᠦᠯᠲᠡ ᠳᠤ ᠮᠡᠷᠭᠡᠵᠢᠯ ᠤᠨ ᠬᠢᠨᠠᠨ ᠲᠣᠭᠲᠠᠭᠠᠯᠲᠠ | ᠬᠢᠬᠦ ᠶᠢ ᠵᠣᠬᠢᠶᠠᠨ ᠪᠠᠶᠢᠭᠤᠯᠵᠤ᠂ ᠬᠤᠭᠤᠯᠠᠶ ᠭᠤᠣᠷᠰᠤ ᠶᠢᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠬᠦ ᠲᠤᠨᠤᠭ | ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢ ᠨᠢ ᠬᠢᠨᠠᠨ ᠬᠠᠷᠭᠤᠭᠤᠯᠬᠤ ᠪᠠ ᠠᠵᠢᠯ ᠳᠠᠭᠤᠰᠤᠭᠰᠠᠨ ᠤ ᠳᠠᠷᠠᠭ᠎ᠠ | ᠰᠢᠯᠭᠠᠨ ᠬᠤᠷᠢᠶᠠᠵᠤ ᠠᠪᠬᠤ ᠠᠵᠢᠯ ᠢ ᠥᠷᠨᠢᠭᠦᠯᠦᠨ᠎ᠡ︔ ᠭᠠᠢ ᠭᠠᠮᠰᠢᠭ ᠤᠨ ᠴᠠᠭ ᠠᠭᠤᠷ ᠤᠨ ᠰᠡᠷᠡᠮᠵᠢᠯᠡᠭᠦᠯᠬᠦ | ᠮᠡᠳᠡᠭᠡ ᠵᠠᠩᠭᠢ ᠶᠢ ᠨᠢ ᠨᠡᠶᠢᠲᠡᠯᠡᠬᠦ ᠠᠵᠢᠯ ᠢ ᠰᠠᠶᠢᠲᠤᠷ ᠬᠢᠨ᠎ᠠ︔ | ︵ᠠᠷᠪᠠᠨ ᠭᠤᠷᠪᠠ︶ ᠴᠢᠮᠡᠭᠡ ᠬᠤᠯᠪᠣᠭ᠎ᠠ᠂ ᠲᠡᠮᠦᠷ ᠵᠠᠮ᠂ ᠴᠠᠬᠢᠯᠭᠠᠨ ᠬᠦᠴᠦ᠂ ᠠᠷᠠᠳ ᠤᠨ ᠠᠭᠠᠷ ᠤᠨ | ᠲᠡᠭᠡᠭᠡᠪᠦᠷᠢ ᠵᠡᠷᠭᠡ ᠰᠠᠯᠠᠭ᠎ᠠ ᠮᠥᠴᠢᠷ᠂ ᠨᠢᠭᠡᠴᠢ ᠵᠢᠴᠢ ᠠᠵᠤ ᠠᠬᠤᠶᠢᠯᠠᠯ ᠨᠢ ᠲᠤᠰ ᠠᠵᠢᠯ ᠲᠦᠷᠦᠯ ᠤᠨ ᠪᠦᠳᠦᠭᠡᠨ | ᠪᠠᠶᠢᠭᠤᠯᠤᠯᠲᠠ ᠶᠢᠨ ᠵᠦᠢᠯᠡᠰ ᠲᠦᠷᠦᠯ ᠵᠦᠢᠯ ᠬᠢᠭᠡᠳ ᠬᠤᠭᠤᠯᠠᠶ ᠭᠤᠣᠷᠰᠤ ᠲᠠᠢ ᠬᠠᠷᠭᠤᠯᠳᠤᠬᠤ ᠠᠴᠠ | ᠰᠡᠷᠭᠡᠶᠢᠯᠡᠵᠦ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠵᠤ᠂ ᠬᠤᠭᠤᠯᠠᠶ | ᠭᠤᠣᠷᠰᠤ ᠶᠢᠨ ᠠᠶᠤᠯ ᠦᠭᠡᠢ ᠠᠵᠢᠯᠯᠠᠭᠠᠨ ᠢ ᠪᠠᠲᠤᠯᠠᠨ᠎ᠠ᠃ | ᠭᠤᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠤᠭᠤᠯᠠᠶ ᠭᠤᠣᠷᠰᠤ ᠶᠢᠨ | ᠬᠠᠮᠠᠭᠠᠯᠠᠯᠲᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠳᠤ ᠪᠠᠨ ᠳᠣᠣᠷᠠᠬᠢ ᠵᠢᠭᠰᠠᠭᠠᠭᠰᠠᠨ ᠡᠷᠬᠡ ᠲᠤᠰᠢᠶᠠᠯ ᠢ | ᠬᠡᠷᠡᠭᠵᠢᠭᠦᠯᠵᠦ ᠪᠣᠯᠤᠨ᠎ᠠ᠄ | ︵ᠨᠢᠭᠡ︶ ᠲᠤᠬᠠᠶ ᠶᠢᠨ ᠲᠠᠯᠠᠪᠤᠷ ᠲᠤ ᠬᠦᠷᠴᠦ ᠪᠠᠶᠢᠴᠠᠭᠠᠯᠲᠠ ᠬᠢᠨ᠎ᠡ᠂ ᠬᠤᠭᠤᠯᠠᠶ ᠭᠤᠣᠷᠰᠤ ᠶᠢᠨ | ᠬᠠᠮᠠᠭᠠᠯᠠᠯᠲᠠ ᠶᠢᠨ ᠬᠤᠯᠪᠣᠭᠳᠠᠯ ᠪᠦᠬᠦᠢ ᠲᠡᠮᠳᠡᠭᠯᠡᠯ ᠪᠠ ᠪᠤᠰᠤᠳ ᠮᠠᠲ᠋ᠧᠷᠢᠶᠠᠯ ᠢ ᠪᠠᠶᠢᠴᠠᠭᠠᠨ ᠦᠵᠡᠬᠦ ᠪᠠ | ᠬᠠᠭᠤᠯᠪᠤᠷᠢᠯᠠᠨ ᠪᠠᠭᠤᠯᠭᠠᠵᠤ ᠬᠤᠯᠪᠣᠭᠳᠠᠯ ᠪᠦᠬᠦᠢ ᠨᠢᠭᠡᠴᠢ ᠪᠠ ᠬᠥᠮᠦᠰ ᠠᠴᠠ ᠪᠠᠶᠢᠳᠠᠯ ᠢ ᠣᠶᠢᠯᠠᠭᠠᠨ᠎ᠠ︔ | ︵ᠬᠤᠶᠠᠷ︶ ᠪᠠᠶᠢᠴᠠᠭᠠᠯᠲᠠ ᠠᠴᠠ ᠣᠯᠵᠤ ᠮᠡᠳᠡᠭᠰᠡᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ | ᠱᠠᠭᠠᠷᠳᠠᠯᠭ᠎ᠠ ᠳᠤ ᠨᠡᠶᠢᠴᠡᠬᠦ ᠦᠭᠡᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠡᠷᠡ ᠳᠣᠣᠷ᠎ᠠ ᠨᠢ | ᠵᠠᠯᠠᠷᠠᠭᠤᠯᠬᠤ ᠪᠤᠶᠤ ᠬᠤᠭᠤᠴᠠᠭ᠎ᠠ ᠬᠢᠵᠠᠭᠠᠷᠯᠠᠵᠤ ᠵᠠᠯᠠᠷᠠᠭᠤᠯᠤᠭᠤᠯᠬᠤ ᠪᠠᠷ ᠱᠠᠭᠠᠷᠳᠠᠨ᠎ᠠ︔ | ︵ᠭᠤᠷᠪᠠ︶ ᠪᠠᠶᠢᠴᠠᠭᠠᠯᠲᠠ ᠠᠴᠠ ᠣᠯᠵᠤ ᠮᠡᠳᠡᠭᠰᠡᠨ ᠠᠳᠡᠯ ᠤᠨ ᠲᠡᠯᠳᠠ ᠭᠡᠮ ᠢ ᠲᠡᠷᠡ ᠳᠠᠷᠤᠶ ᠳᠤ ᠨᠢ | ᠠᠷᠢᠯᠭᠠᠵᠤ ᠳᠡᠶᠢᠯᠬᠦ ᠪᠠᠲᠤᠯᠠᠭ᠎ᠠ ᠲᠠᠢ ᠪᠣᠯ᠂ ᠲᠡᠷᠡ ᠳᠠᠷᠤᠶ ᠳᠤ ᠨᠢ ᠠᠷᠢᠯᠭᠠᠭᠤᠯᠬᠤ ᠪᠠᠷ ᠵᠠᠷᠯᠢᠭᠳᠠᠬᠤ ᠬᠡᠷᠡᠭᠲᠡᠶ︔ | ᠨᠥᠬᠦᠴᠡᠯ ᠤᠨ ᠬᠢᠵᠠᠭᠠᠷᠯᠠᠯ ᠠᠴᠠ ᠪᠤᠯᠵᠦ ᠳᠠᠯᠳᠠ ᠭᠡᠮ ᠢ ᠲᠡᠷᠡ ᠳᠠᠷᠤᠶ ᠳᠤ ᠨᠢ ᠠᠷᠢᠯᠭᠠᠬᠤ ᠶᠢᠨ ᠠᠷᠭ᠎ᠠ ᠦᠭᠡᠢ | ᠪᠣᠯ᠂ ᠬᠤᠭᠤᠴᠠᠭ᠎ᠠ ᠬᠢᠵᠠᠭᠠᠷᠯᠠᠵᠤ ᠠᠷᠢᠯᠭᠠᠭᠤᠯᠬᠤ ᠪᠠᠷ ᠵᠠᠷᠯᠢᠭᠳᠠᠬᠤ ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠬᠤᠭᠤᠯᠠᠶ ᠭᠤᠣᠷᠰᠤ ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠬᠤ | ᠦᠢᠯᠡ ᠠᠵᠢᠯᠯᠠᠭ᠎ᠠ ᠬᠢᠭᠰᠡᠨ ᠵᠢᠴᠢ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠠᠤᠯᠢ ᠴᠠᠭᠠᠵᠠ | ᠬᠠᠤᠯᠢ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠶᠣᠰᠣᠭᠠᠷ ᠬᠡᠷᠡᠭᠵᠢᠭᠦᠯᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠵᠢᠴᠢ ᠲᠡᠳᠡᠭᠡᠷ ᠤᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠠᠵᠢᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠠᠮᠢᠶ᠎ᠠ ᠪᠥᠬᠦᠢ ᠰᠠᠯᠠᠭ᠎ᠠ ᠮᠥᠴᠢᠷ ᠨᠢ ᠬᠤᠯᠪᠣᠭᠳᠠᠯ | ᠪᠥᠬᠦᠢ ᠲᠣᠭᠲᠠᠭᠠᠯ ᠠᠴᠠ ᠵᠥᠷᠢᠴᠡᠭᠰᠡᠨ ᠪᠣᠯ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | | ᠭᠤᠴᠢᠨ ᠲᠠᠪᠤᠳᠤᠭᠠᠷ ᠵᠦᠢᠯ ᠲᠣᠰ ᠠᠷᠭ᠎ᠠ ᠶᠢ 2021 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠭᠢᠮ | 2021 ᠣᠨ ᠤ 2 ᠳ᠋ᠤᠭᠠᠷ ᠰᠠᠷ᠎ᠠ ᠶᠢᠨ 25 ᠤ ᠡᠳᠦᠷ ᠳᠠᠷᠤᠮᠮᠠᠯᠠᠨ ᠲᠠᠷᠬᠠᠭᠠᠪᠠ | ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ | ᠰᠥᠯᠵᠢᠶ᠎ᠡ | | | | | | | | | | | | | ᠁ |