ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠦᠪᠦᠷ ᠵᠠᠰᠠᠭ ᠠᠯᠪᠠᠨ ᠲᠠᠷᠬᠠᠭᠠᠭᠰᠠᠨ ﹇2021﹈ 11 ᠳ᠋ᠦ᠋ᠭᠡᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠭᠠᠵᠠᠷ ᠢᠶᠠᠨ ︿ᠠᠮᠤ ᠪᠤᠳᠠᠭᠠᠨ ᠤ | ᠪᠤᠰᠤ ᠪᠣᠯᠭᠠᠬᠤ﹀ ᠶᠢ | ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠠᠵᠢᠯ ᠤᠨ ᠲᠥᠰᠦᠯ ︾ ᠢ | ᠳᠠᠷᠤᠮᠠᠯᠯᠠᠨ ᠶᠠᠪᠤᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ | ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠭᠠᠵᠠᠷ ᠢᠶᠠᠨ ︿ᠠᠮᠤ | ᠪᠤᠳᠠᠭᠠᠨ ᠤ ᠪᠤᠰᠤ ᠪᠣᠯᠭᠠᠬᠤ﹀ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ | ᠠᠵᠢᠯ ᠤᠨ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2021 ᠣᠨ ᠤ 2 ᠳ᠋ᠤᠭᠠᠷ ᠰᠠᠷ᠎ᠠ ᠶᠢᠨ 10 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ | ᠪᠤᠰᠤ ᠪᠣᠯᠭᠠᠬᠤ︾ ᠶᠢ | ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠠᠵᠢᠯ ᠤᠨ ᠲᠥᠰᠦᠯ | ︽ᠲᠠᠷᠢᠶᠠᠯᠠᠬᠤ ᠭᠠᠵᠠᠷ ᠢᠶᠠᠨ ︿ᠠᠮᠤ ᠪᠤᠳᠠᠭᠠᠨ ᠤ ᠪᠤᠰᠤ ᠪᠣᠯᠭᠠᠬᠤ﹀ ᠶᠢ ᠰᠡᠷᠭᠡᠶᠢᠯᠡᠵᠦ ᠠᠮᠤ ᠪᠤᠳᠠᠭᠠᠨ ᠤ | ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 44 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ | ᠪᠣᠯᠭᠠᠬᠤ︾ ᠶᠢ ᠡᠷᠡᠰ ᠰᠡᠷᠭᠡᠶᠢᠯᠡᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠦᠨᠡᠨ ᠬᠦ ᠲᠣᠭᠲᠠᠭᠤᠨ | ᠪᠠᠶᠢᠯᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠤᠰ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠪᠠᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ | ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠨ ᠠᠳᠬᠤᠬᠤ ᠶᠢ ᠪᠠᠷᠢᠮᠲᠠᠯᠠᠬᠤ ᠬᠡᠷᠡᠭᠲᠡᠢ᠃ ᠠᠮᠤ ᠪᠤᠳᠠᠭᠠᠨ ᠤ | ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠪᠠᠨ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢᠨ ᠤᠷᠢᠲᠠᠯ ᠪᠣᠯᠭᠠᠨ᠂ ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠬᠤ᠂ ᠭᠠᠵᠠᠷ | ᠲᠠᠯᠠᠪᠠᠢ ᠶᠢ ᠲᠣᠭᠲᠠᠭᠤᠨ ᠪᠠᠶᠢᠯᠭᠠᠬᠤ᠂ ᠤᠨᠠᠯᠲᠠ ᠶᠢ ᠲᠣᠭᠲᠠᠭᠤᠨ ᠪᠠᠶᠢᠯᠭᠠᠬᠤ ᠪᠠᠷ ᠬᠦᠴᠦᠯᠡᠨ ᠴᠢᠷᠮᠠᠶᠢᠵᠤ᠂ | ᠲᠠᠷᠢᠶᠠᠯᠠᠬᠤ ᠭᠠᠵᠠᠷ ᠢ ᠬᠠᠮᠢᠶᠠᠷᠤᠨ ᠡᠵᠡᠮᠳᠡᠬᠦ᠂ ᠪᠦᠲᠦᠭᠡᠨ ᠪᠠᠶᠢᠭᠤᠯᠬᠤ᠂ ᠤᠷᠮᠠᠰᠢᠭᠤᠯᠬᠤ ᠣᠯᠠᠨ ᠠᠷᠭ᠎ᠠ | ᠬᠡᠮᠵᠢᠶ᠎ᠡ ᠶᠢ ᠵᠡᠷᠭᠡ ᠳᠤ ᠨᠢ ᠬᠡᠷᠡᠭᠯᠡᠬᠦ ᠶᠢ ᠪᠠᠷᠢᠮᠲᠠᠯᠠᠨ᠂ ᠠᠮᠤ ᠪᠤᠳᠠᠭᠠᠨ ᠤ ᠲᠠᠷᠢᠮᠠᠯ ᠤᠨ ᠣᠷᠣᠨ ᠪᠦᠰᠡ ᠶᠢᠨ | ᠪᠠᠶᠢᠷᠢᠰᠢᠯ ᠪᠠ ᠳᠣᠲᠣᠭᠠᠳᠤ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠲᠠᠷᠢᠶᠠᠯᠠᠬᠤ ᠭᠠᠵᠠᠷ ᠢ | ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠦᠨ᠂ ᠲᠠᠷᠢᠶᠠᠯᠠᠬᠤ ᠭᠠᠵᠠᠷ ᠤᠨ ᠡᠬᠢ ᠪᠠᠶᠠᠯᠢᠭ ᠢ | ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠠᠰᠢᠭᠯᠠᠵᠤ᠂ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ | ᠪᠣᠯᠭᠠᠬᠤ︾ ᠶᠢ ᠡᠷᠡᠰ ᠰᠡᠷᠭᠡᠶᠢᠯᠡᠨ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ | ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠵᠦ᠂ ᠪᠦᠬᠦ ᠣᠷᠣᠨ ᠤ 9300 ᠲᠦᠮᠡᠨ ᠮᠦ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠳᠤ ᠭᠤᠣᠯᠳᠠᠯᠭ᠎ᠠ ᠲᠠᠢ ᠬᠡᠷᠡᠭᠯᠡᠨ᠂ ᠠᠮᠤ | ᠪᠤᠳᠠᠭ᠎ᠠ ᠲᠠᠷᠢᠬᠤ ᠲᠠᠯᠠᠪᠠᠢ ᠶᠢ ᠳ᠋ᠦᠩᠰᠢᠭᠤᠷ ᠮᠦ ᠭᠠᠷᠤᠢ ᠳᠤ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠵᠤ᠂ | ᠠᠮᠤ ᠪᠤᠳᠠᠭᠠᠨ ᠤ ᠤᠨᠠᠯᠲᠠ ᠶᠢ 700 ᠭᠠᠷᠤᠢ ᠳ᠋ᠦᠩᠰᠢᠭᠤᠷ ᠵᠢᠩ ᠳᠤ ᠲᠣᠭᠲᠠᠪᠤᠷᠢᠵᠢᠭᠤᠯᠤᠨ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ | | ᠬᠤᠶᠠᠷ᠂ ᠭᠤᠣᠯᠳᠠᠯᠭ᠎ᠠ ᠪᠣᠯᠬᠤ ᠠᠵᠢᠯ | ︵ᠨᠢᠭᠡ︶ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠵᠤ ᠠᠮᠤ | ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ | ᠬᠡᠷᠡᠭᠲᠡᠶ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠮᠤ ᠪᠤᠳᠠᠭᠠᠨ ᠤ ᠠᠮᠤᠷ ᠲᠦᠪᠰᠢᠨ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠲᠠᠷᠢᠶᠠᠯᠠᠬᠤ ᠭᠠᠵᠠᠷ ᠢᠶᠠᠨ ︽ | ᠲᠠᠷᠢᠶᠠᠯᠠᠩ ᠤᠨ ᠪᠤᠰᠤ ᠪᠣᠯᠭᠠᠬᠤ︾ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠰᠡᠷᠭᠡᠶᠢᠯᠡᠬᠦ ᠠᠵᠢᠯ ᠳᠤ | ᠣᠯᠠᠨᠲᠠ ᠴᠢᠬᠤᠯᠠ ᠵᠢᠭᠠᠪᠤᠷᠢ ᠴᠣᠬᠤᠯᠠᠪᠤᠷᠢ ᠬᠢᠬᠦ ᠳᠤ ᠪᠠᠨ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠢ ᠪᠠᠲᠤ | ᠰᠠᠬᠢᠵᠤ᠂ ᠲᠠᠷᠢᠶᠠᠯᠠᠬᠤ ᠭᠠᠵᠠᠷ ᠢᠶᠠᠨ ︽ᠲᠠᠷᠢᠶᠠᠯᠠᠩ ᠤᠨ ᠪᠤᠰᠤ ᠪᠣᠯᠭᠠᠵᠤ︾ ᠪᠣᠯᠬᠤ ᠦᠭᠡᠢ᠂ ᠰᠠᠶᠢᠨ ᠲᠠᠷᠢᠶᠠᠨ | ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠬᠤ︾ ᠦᠭᠡᠢ ᠪᠠᠶᠢᠬᠤ ᠪᠣᠯ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠦᠨᠳᠦᠰᠦ ᠮᠥᠨ ᠭᠡᠵᠦ ᠴᠢᠬᠤᠯᠠᠴᠢᠯᠠᠪᠠ᠃ ᠣᠳᠣᠬᠠᠨ ᠳᠤ᠂ ᠤᠯᠤᠰ ᠤᠨ | ᠳᠣᠲᠣᠭᠠᠳᠤ ᠳᠠᠬᠢ ᠠᠮᠤ ᠪᠤᠳᠠᠭᠠᠨ ᠤ ᠦᠢᠯᠡᠳᠪᠦᠷᠢᠯᠡᠯ ᠬᠡᠷᠡᠭᠴᠡᠭᠡ ᠮᠦᠨ ᠬᠦ ᠲᠠᠲᠠᠭᠤ ᠲᠡᠩᠴᠡᠭᠦᠷᠢᠰᠢᠭᠰᠡᠨ | ᠪᠠᠶᠢᠳᠠᠯ ᠳᠤ ᠪᠠᠨ ᠪᠠᠶᠢᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ | ᠳᠡᠯᠡᠬᠡᠢ ᠳᠤ ᠲᠠᠷᠬᠠᠨ ᠳᠡᠯᠭᠡᠷᠡᠵᠦ᠂ ᠤᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ | ᠬᠠᠩᠭᠠᠯᠭ᠎ᠠ ᠲᠣᠭᠲᠠᠪᠤᠷᠢ ᠦᠭᠡᠢ ᠪᠠᠶᠢᠬᠤ ᠪᠠᠶᠢᠳᠠᠯ ᠬᠤᠷᠴᠠᠳᠪᠠ᠂ ᠲᠥᠪ ᠠᠴᠠ ᠤᠯᠤᠰ ᠤᠨ ᠳᠣᠲᠣᠭᠠᠳᠤ ᠶᠢᠨ | ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠵᠤ ᠪᠠᠶᠢᠭᠠᠳ ᠳᠡᠯᠡᠬᠡᠢ ᠶᠢᠨ ᠪᠠᠶᠢᠳᠠᠯ ᠤᠨ | ᠬᠤᠪᠢᠷᠠᠯᠲᠠ ᠠᠴᠠ ᠪᠣᠯᠤᠭᠰᠠᠨ ᠲᠣᠭᠲᠠᠪᠤᠷᠢ ᠦᠭᠡᠢ ᠪᠠᠶᠢᠳᠠᠯ ᠢ ᠠᠷᠭᠠᠴᠠᠭᠠᠬᠤ ᠬᠡᠷᠡᠭᠲᠡᠢ ᠭᠡᠵᠦ ᠳᠤᠷᠠᠳᠪᠠ᠃ ᠡᠯ᠎ᠡ | ᠭᠠᠵᠠᠷ ᠣᠷᠣᠨ ᠨᠢ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠪᠠᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ | ᠮᠠᠯᠴᠢᠨ ᠲᠠᠷᠢᠶᠠᠴᠢᠨ︾ ᠤ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠨ᠂ ᠲᠠᠷᠢᠶᠠᠯᠠᠬᠤ | ᠭᠠᠵᠠᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠠᠰᠢᠭᠯᠠᠬᠤ ᠬᠡᠷᠡᠭᠲᠡᠢ᠂ ᠭᠠᠭᠴᠠ ᠠᠵᠤ | ᠠᠬᠤᠶ ᠶᠢᠨ ᠦᠷ᠎ᠡ ᠠᠰᠢᠭ ᠢᠶᠠᠷ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠲᠣᠭᠲᠠᠭᠠᠵᠤ ᠪᠣᠯᠬᠤ ᠦᠭᠡᠶ᠂ ᠡᠷᠬᠡᠪᠰᠢ | ᠬᠢᠵᠠᠭᠠᠷ ᠲᠠᠢ ᠪᠠᠶᠢᠭ᠎ᠠ ᠲᠠᠷᠢᠶᠠᠯᠠᠬᠤ ᠭᠠᠵᠠᠷ ᠤᠨ ᠡᠬᠢ ᠪᠠᠶᠠᠯᠢᠭ ᠢ ᠠᠮᠤ ᠪᠤᠳᠠᠭᠠᠨ ᠤ ᠦᠢᠯᠡᠳᠪᠦᠷᠢᠯᠡᠯ ᠳᠤ | ᠤᠷᠢᠳ ᠢᠶᠠᠷ ᠬᠡᠷᠡᠭᠯᠡᠵᠦ᠂ ᠠᠮᠤ ᠪᠤᠳᠠᠭᠠᠨ ᠤ ᠳᠣᠲᠣᠭᠠᠳᠤ ᠳᠠᠬᠢ ᠲᠠᠷᠢᠮᠠᠯ ᠤᠨ ᠪᠦᠲᠦᠴᠡ ᠶᠢ ᠲᠣᠬᠢᠷᠠᠭᠤᠯᠤᠨ | ᠰᠢᠯᠢᠳᠡᠭᠵᠢᠭᠦᠯᠬᠦ ᠪᠠᠷ ᠭᠤᠣᠯᠳᠠᠯᠭ᠎ᠠ ᠪᠣᠯᠭᠠᠨ᠂ ᠣᠷᠣᠨ ᠪᠦᠰᠡ ᠶᠢᠨ ᠪᠠᠶᠢᠷᠢᠰᠢᠯ ᠪᠠ ᠦᠢᠯᠡᠳᠪᠦᠷᠢᠯᠡᠯ ᠤᠨ | ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠶ ᠶᠢ ᠬᠠᠰᠤᠭᠳᠠᠭᠤᠯᠬᠤ | ᠦᠭᠡᠶ᠂ ᠦᠢᠯᠡᠳᠪᠦᠷᠢᠯᠡᠬᠦ ᠴᠢᠳᠠᠮᠵᠢ ᠶᠢ ᠳᠡᠭᠡᠭᠰᠢᠯᠡᠭᠦᠯᠬᠦ᠂ ᠤᠨᠠᠯᠲᠠ ᠶᠢ ᠪᠠᠭᠤᠷᠠᠭᠤᠯᠬᠤ ᠦᠭᠡᠶ ᠪᠠᠶᠢᠬᠤ ᠪᠠᠨ ᠦᠨᠡᠨ | ᠬᠦ ᠪᠠᠲᠤᠯᠠᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ | ᠬᠦ ᠡᠭᠦᠷᠭᠡᠯᠡᠬᠦ ᠬᠡᠷᠡᠭᠲᠡᠶ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠠᠮᠤ ᠪᠤᠳᠠᠭ᠎ᠠ ᠪᠠ ᠨᠥᠭᠡᠴᠡᠯᠡᠬᠦ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ᠂ ᠳᠣᠷᠣᠭᠰᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ ᠨᠠᠶᠢᠳᠠᠪᠤᠷᠢᠵᠢᠭᠤᠯᠬᠤ ᠴᠢᠬᠤᠯᠠᠲᠠᠢ ᠪᠣᠯᠬᠤᠷ᠂ ᠳᠠᠭᠢᠵᠤ ᠵᠢᠭᠰᠠᠭᠠᠵᠤ ᠲᠣᠳᠤᠷᠬᠠᠶᠢᠯᠠᠬᠤ ᠥᠬᠡᠶ︶ | ︵ᠬᠤᠶᠠᠷ︶ ᠲᠠᠷᠢᠶᠠᠯᠠᠬᠤ ᠭᠠᠵᠠᠷ ᠢ ᠠᠰᠢᠭᠯᠠᠨ ᠬᠡᠷᠡᠭᠯᠡᠬᠦ ᠳᠤ ᠤᠷᠢᠳ ᠢᠶᠠᠷ ᠪᠣᠳᠣᠯᠬᠢᠯᠠᠬᠤ ᠳᠡᠰ | ᠳᠠᠷᠠᠭᠠᠯᠠᠯ ᠢᠶᠠᠨ ᠲᠣᠳᠣᠷᠬᠠᠶ ᠲᠣᠭᠲᠠᠭᠠᠨ᠎ᠠ᠃ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠲᠠᠷᠢᠶᠠᠯᠠᠬᠤ ᠭᠠᠵᠠᠷ ᠲᠤ ᠣᠨᠴᠠᠭᠠᠶ ᠬᠠᠮᠠᠭᠠᠯᠠᠯᠲᠠ ᠪᠠ ᠭᠠᠵᠠᠷ | ᠰᠢᠷᠤᠢ ᠶᠢᠨ ᠵᠣᠷᠢᠭᠤᠯᠤᠯᠲᠠ ᠶᠢ ᠵᠠᠬᠢᠷᠤᠨ ᠬᠠᠮᠢᠶᠠᠷᠬᠤ ᠳᠦᠷᠢᠮ ᠢ ᠬᠡᠷᠡᠭᠵᠢᠭᠦᠯᠵᠦ᠂ ᠲᠠᠷᠢᠶᠠᠯᠠᠬᠤ ᠭᠠᠵᠠᠷ ᠢ ᠣᠶᠢᠲᠤ | ᠭᠠᠵᠠᠷ᠂ ᠴᠡᠴᠡᠷᠯᠢᠭ ᠤᠨ ᠭᠠᠵᠠᠷ ᠵᠡᠷᠭᠡ ᠪᠤᠰᠤᠳ ᠲᠥᠷᠥᠯ ᠬᠡᠯᠪᠡᠷᠢ ᠪᠦᠬᠦᠢ ᠲᠠᠷᠢᠶᠠᠯᠠᠩ ᠳᠤ ᠬᠡᠷᠡᠭᠯᠡᠬᠦ ᠭᠠᠵᠠᠷ | ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠢ | ᠬᠠᠮᠠᠭᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠨᠡ ᠬᠡᠰᠡᠭ ᠬᠠᠤᠯᠢ ᠶᠣᠰᠣᠭᠠᠷ | ᠬᠤᠪᠢᠶᠠᠷᠢᠯᠠᠨ ᠲᠣᠭᠲᠠᠭᠠᠭᠰᠠᠨ ᠴᠢᠨᠠᠷ ᠰᠠᠶᠢᠲᠠᠢ ᠲᠠᠷᠢᠶᠠᠯᠠᠬᠤ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠢ | ᠬᠥᠭᠵᠢᠭᠦᠯᠬᠦ ᠳᠤ ᠭᠤᠣᠯᠳᠠᠯᠭ᠎ᠠ ᠲᠠᠢ ᠬᠡᠷᠡᠭᠯᠡᠨ᠎ᠡ᠂ ᠢᠯᠠᠩᠭᠤᠶ᠎ᠠ ᠡᠷᠳᠡᠨᠢ ᠰᠢᠰᠢ᠂ ᠪᠤᠭᠤᠳᠠᠢ᠂ ᠲᠤᠲᠤᠷᠭ᠎ᠠ ᠲᠠᠷᠢᠬᠤ | ᠲᠠᠯᠠᠪᠠᠢ ᠶᠢ ᠪᠠᠲᠤᠯᠠᠵᠤ᠂ ᠵᠡᠭᠦᠨ ᠬᠤᠶᠢᠲᠤ ᠣᠷᠣᠨ ᠤ ᠰᠢᠷ᠎ᠠ ᠪᠤᠷᠴᠠᠭ ᠢ ᠬᠥᠭᠵᠢᠭᠦᠯᠦᠨ ᠮᠠᠨᠳᠤᠭᠤᠯᠬᠤ | ᠲᠥᠯᠥᠪᠯᠡᠭᠡ ᠪᠠᠨ ᠡᠮᠬᠢ ᠵᠢᠷᠤᠮ ᠲᠠᠢ ᠬᠡᠷᠡᠭᠵᠢᠭᠦᠯᠦᠨ᠂ ᠲᠥᠮᠥᠰᠥ ᠲᠠᠷᠢᠬᠤ ᠲᠠᠯᠠᠪᠠᠢ ᠶᠢ ᠵᠣᠬᠢᠰᠲᠠᠢ ᠲᠦᠪᠰᠢᠨ ᠳᠤ | ᠬᠦᠷᠲᠡᠯ᠎ᠡ ᠲᠣᠭᠲᠠᠭᠤᠨ ᠢᠶᠠᠷ ᠰᠡᠷᠭᠦᠭᠡᠵᠦ᠂ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠠᠵᠤ ᠦᠢᠯᠡᠰ ᠤᠨ | ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠩ ᠤᠨ ᠲᠠᠷᠢᠶᠠᠯᠠᠬᠤ ᠭᠠᠵᠠᠷ ᠢ ᠭᠤᠣᠯᠳᠠᠭᠤ ᠠᠮᠤ | ᠪᠤᠳᠠᠭ᠎ᠠ ᠪᠠ ᠲᠣᠰᠣ᠂ ᠰᠢᠬᠢᠷ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠡᠵᠢᠭᠡᠯ | ᠡᠪᠡᠰᠦ ᠪᠣᠷᠳᠣᠭᠠᠨ ᠤ ᠦᠢᠯᠡᠳᠪᠦᠷᠢᠯᠡᠯ ᠳᠤ ᠬᠡᠷᠡᠭᠯᠡᠨ᠎ᠡ᠃ ᠲᠠᠷᠢᠶᠠᠯᠠᠬᠤ ᠭᠠᠵᠠᠷ ᠢᠶᠠᠨ ᠠᠮᠤ ᠪᠤᠳᠠᠭ᠎ᠠ ᠪᠠ | ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠬᠦ ᠳᠤ ᠤᠷᠢᠳ ᠢᠶᠠᠷ ᠬᠡᠷᠡᠭᠯᠡᠬᠦ ᠶᠢ | ᠬᠠᠩᠭᠠᠭᠰᠠᠨ ᠰᠠᠭᠤᠷᠢᠨ ᠳᠡᠭᠡᠷ᠎ᠡ᠂ ᠢᠳᠡᠭᠡᠨ ᠤ ᠪᠤᠰᠤ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠬᠦ ᠳᠤ | ᠵᠣᠬᠢᠬᠤ ᠬᠡᠮᠵᠢᠶ᠎ᠡ ᠪᠠᠷ ᠬᠡᠷᠡᠭᠯᠡᠵᠦ᠂ ᠵᠠᠬ᠎ᠠ ᠳᠡᠯᠭᠡᠭᠦᠷ ᠲᠤ ᠢᠯᠡᠳᠲᠡ ᠦᠯᠡᠭᠦᠳᠡᠵᠦ ᠪᠠᠶᠢᠭ᠎ᠠ ᠢᠳᠡᠭᠡᠨ ᠤ ᠪᠤᠰᠤ | ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠬᠦ ᠶᠢ ᠨᠢ ᠬᠥᠲᠥᠯᠥᠨ ᠵᠢᠯᠣᠭᠤᠳᠴᠤ ᠪᠠᠶᠢᠭᠠᠳ ᠡᠮᠬᠢ ᠵᠠᠮᠪᠠᠷᠠᠭ᠎ᠠ | ᠦᠭᠡᠶ ᠪᠠᠷ ᠬᠥᠭᠵᠢᠭᠦᠯᠬᠦ ᠶᠢ ᠰᠡᠷᠭᠡᠶᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ | ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠤ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠢ ᠪᠣᠳᠠᠲᠠᠢ | ᠭᠠᠵᠠᠷ ᠬᠡᠰᠡᠭ ᠲᠤ ᠨᠢ ᠬᠦᠷᠲᠡᠯ᠎ᠡ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠪᠥᠭᠡᠳ | ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ᠶᠢ ᠪᠦᠲᠦᠭᠡᠨ ᠪᠠᠢᠭᠤᠯᠬᠤ | ᠲᠥᠯᠥᠪᠵᠢᠭᠦᠯᠭᠡ ᠶᠣᠰᠣᠭᠠᠷ᠂ ᠡᠯ᠎ᠡ ᠭᠠᠵᠠᠷ ᠣᠷᠣᠨ ᠢ ᠬᠥᠲᠥᠯᠥᠨ ᠵᠢᠯᠣᠭᠤᠳᠴᠤ ᠪᠠᠶᠢᠭᠠᠳ ᠬᠠᠷᠠᠯᠲᠠ ᠪᠣᠯᠬᠤ | ᠲᠠᠷᠢᠮᠠᠯ ᠢ ᠲᠠᠷᠢᠭᠤᠯᠤᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠢ ᠬᠤᠪᠢᠶᠠᠷᠢᠯᠠᠵᠤ | ᠲᠣᠭᠲᠠᠭᠠᠭᠰᠠᠨ ᠪᠠᠶᠢᠳᠠᠯ ᠳᠤ ︽ᠪᠤᠴᠠᠵᠤ ᠪᠠᠶᠢᠴᠠᠭᠠᠨ ᠦᠵᠡᠬᠦ︾ ᠠᠵᠢᠯ ᠢ ᠥᠷᠨᠢᠭᠦᠯᠵᠦ᠂ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠮᠵᠢᠲᠤ ᠣᠷᠣᠨ ᠤ ᠪᠤᠳᠠᠲᠠᠢ ᠭᠠᠵᠠᠷ ᠬᠡᠰᠡᠭ ᠲᠠᠬᠢ ᠲᠠᠷᠢᠶᠠᠯᠠᠩ ᠤᠨ ᠰᠠᠭᠤᠷᠢ | ᠪᠡᠯᠡᠳᠬᠡᠮᠵᠢ ᠶᠢ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠢ ᠡᠵᠡᠩᠨᠡᠯᠲᠡ ᠶᠢᠨ ᠭᠤᠣᠯ ᠴᠣᠭᠴᠠ ᠳᠤ ᠬᠦᠷᠲᠡᠯ᠎ᠡ | ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢ ᠰᠢᠮᠳᠠᠭᠤᠯᠤᠨ ᠵᠢᠯᠣᠭᠤᠳᠴᠤ ᠪᠠᠶᠢᠭᠠᠳ | ᠪᠡᠯᠡᠳᠬᠡᠮᠵᠢ ᠶᠢ ᠬᠠᠮᠢᠶᠠᠷᠴᠤ ᠬᠠᠮᠠᠭᠠᠯᠠᠬᠤ ᠡᠷᠴᠢᠮ ᠢ ᠨᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠬᠤᠯᠪᠣᠭᠠᠯᠠᠨ | ᠬᠥᠳᠡᠯᠦᠯᠴᠡᠵᠦ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠮᠵᠢᠲᠤ ᠣᠷᠣᠨ ᠤ ᠬᠤᠪᠢᠶᠠᠷᠢᠯᠠᠵᠤ ᠲᠣᠭᠲᠠᠭᠠᠭᠰᠠᠨ ᠪᠣᠳᠠᠲᠠᠢ ᠭᠠᠵᠠᠷ ᠬᠡᠰᠡᠭ᠂ ᠬᠠᠷᠠᠯᠲᠠ ᠪᠣᠯᠬᠤ ᠲᠠᠷᠢᠮᠠᠯ ᠤᠨ | ᠲᠠᠯᠠᠪᠠᠶ᠂ ᠠᠮᠤ ᠪᠤᠳᠠᠭᠠᠨ ᠤ ᠤᠨᠠᠯᠲᠠ ᠵᠡᠷᠭᠡ ᠪᠠᠶᠢᠳᠠᠯ ᠢ ᠪᠥᠬᠦ ᠶᠠᠪᠤᠴᠠ ᠳᠤ ᠨᠢ ᠮᠥᠷᠳᠡᠵᠦ᠂ ᠬᠥᠳᠡᠯᠦᠩᠭᠦᠶ ᠬᠢᠨᠠᠨ | ᠰᠢᠨᠵᠢᠬᠦ ᠬᠠᠮᠢᠶᠠᠷᠤᠯᠲᠠ ᠶᠢ ᠴᠢᠩᠳᠠᠯᠠᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠳᠤ | ᠳᠤᠷ᠎ᠠ ᠪᠠᠷ ᠲᠣᠬᠢᠷᠠᠭᠤᠯᠤᠯᠲᠠ ᠬᠢᠵᠦ ᠪᠣᠯᠬᠤ ᠦᠭᠡᠶ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ | ᠣᠷᠣᠨ ᠳᠤ ᠲᠣᠭᠲᠠᠭᠠᠯ ᠠᠴᠠ ᠵᠥᠷᠢᠴᠡᠨ ᠲᠠᠷᠢᠵᠤ ᠤᠷᠭᠤᠭᠤᠯᠬᠤ ᠪᠠ ᠲᠡᠵᠢᠭᠡᠨ ᠦᠷᠡᠵᠢᠭᠦᠯᠬᠦ ᠪᠡᠯᠡᠳᠬᠡᠮᠵᠢ ᠶᠢ | ᠪᠠᠶᠢᠭᠤᠯᠵᠤ ᠪᠣᠯᠬᠤ ᠦᠭᠡᠶ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠢ ᠲᠣᠭᠲᠠᠭᠠᠯ ᠠᠴᠠ | ᠵᠥᠷᠢᠴᠡᠨ ᠲᠠᠷᠢᠶᠠᠯᠠᠬᠤ ᠶᠢ ᠨᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠬᠡᠪᠴᠢᠶᠡᠨ ᠳᠤ | ᠣᠷᠣᠭᠤᠯᠵᠤ ᠪᠣᠯᠬᠤ ᠦᠭᠡᠶ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠳᠤ ᠪᠠᠷᠢᠮᠵᠢᠶ᠎ᠠ ᠠᠴᠠ | ᠬᠡᠲᠦᠷᠡᠭᠦᠯᠦᠨ ᠲᠠᠷᠢᠶᠠᠨ ᠭᠠᠵᠠᠷ ᠤᠨ ᠣᠶ ᠲᠣᠣᠷᠯᠠᠵᠢᠭᠤᠯᠣᠨ ᠪᠠᠶᠢᠭᠤᠯᠵᠤ ᠪᠣᠯᠬᠤ ᠦᠭᠡᠶ᠃ ︵ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠳᠥᠷᠪᠡ︶ ᠠᠮᠤ ᠪᠤᠳᠠᠭ᠎ᠠ ᠲᠠᠷᠢᠬᠤ ᠲᠠᠯᠠᠪᠠᠶ ᠪᠠ ᠦᠢᠯᠡᠳᠪᠦᠷᠢᠯᠡᠬᠦ ᠴᠢᠳᠠᠮᠵᠢ ᠶᠢ ᠲᠣᠭᠲᠠᠭᠤᠨ ᠪᠠᠶᠢᠯᠭᠠᠨ᠎ᠠ | ᠃ ᠤᠯᠤᠰ ᠤᠨ ᠴᠢᠬᠤᠯᠠ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠪᠠᠶᠢᠷᠢᠰᠢᠭᠤᠯᠤᠯᠲᠠ | ᠵᠢᠴᠢ ᠲᠥᠷᠥᠯ ᠬᠤᠪᠢᠶᠠᠨ ᠦᠢᠯᠡᠳᠪᠦᠷᠢᠯᠡᠵᠦ ᠬᠠᠩᠭᠠᠬᠤ ᠲᠥᠰᠦᠯ ᠤᠨ ᠱᠠᠭᠠᠷᠳᠠᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠠᠶᠢᠮᠠᠭ ᠬᠤᠲᠠ ᠳᠤ ᠠᠮᠤ ᠪᠤᠳᠠᠭ᠎ᠠ ᠳᠠᠷᠢᠬᠤ ᠲᠠᠯᠠᠪᠠᠶ ᠪᠠ ᠠᠮᠤ ᠪᠤᠳᠠᠭᠠᠨ ᠤ ᠤᠨᠠᠯᠲᠠ ᠶᠢᠨ | ᠬᠠᠷᠠᠯᠲᠠ ᠲᠠᠢ ᠡᠭᠦᠷᠭᠡ ᠪᠠᠭᠤᠯᠭᠠᠵᠤ᠂ ᠡᠯ᠎ᠡ ᠭᠠᠵᠠᠷ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠤᠨ᠎ᠠ᠃ ᠬᠥᠬᠡᠬᠤᠲᠠ᠂ ᠪᠤᠭᠤᠲᠤ ᠬᠤᠲᠠ᠂ | ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ | ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠵᠡᠷᠭᠡ ᠠᠮᠤ ᠪᠤᠳᠠᠭᠠᠨ ᠤ ᠭᠤᠤᠯ ᠭᠠᠷᠤᠯᠲᠠ ᠶᠢᠨ 9 ᠠᠶᠢᠮᠠᠭ | ᠬᠤᠲᠠ ᠨᠢ ᠠᠮᠤ ᠪᠤᠳᠠᠭᠠᠨ ᠤ ᠦᠢᠯᠡᠳᠪᠦᠷᠢᠯᠡᠯ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠤᠯᠠᠮ ᠨᠢᠭᠡ | ᠠᠯᠬᠤᠮ ᠴᠢᠩᠭᠠᠷᠠᠭᠤᠯᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠶ᠃ ᠰᠢᠯᠢ ᠶᠢᠨ ᠭᠤᠤᠯ ᠠᠶᠢᠮᠠᠭ᠂ ᠦᠬᠠᠶ ᠬᠤᠲᠠ᠂ ᠠᠯᠠᠱᠠ ᠠᠶᠢᠮᠠᠭ ᠵᠡᠷᠭᠡ ᠠᠮᠤ | ᠪᠤᠳᠠᠭᠠᠨ ᠤ ᠭᠤᠤᠯ ᠪᠤᠰᠤ ᠭᠠᠷᠤᠯᠲᠠ ᠶᠢᠨ 3 ᠠᠶᠢᠮᠠᠭ ᠬᠤᠲᠠ ᠨᠢ ᠠᠮᠤ ᠪᠤᠳᠠᠭ᠎ᠠ ᠳᠠᠷᠢᠬᠤ ᠲᠠᠯᠠᠪᠠᠶ ᠶᠢᠨ ᠬᠤᠷᠢᠭ᠎ᠠ | ᠱᠤᠭᠤᠮ ᠢ ᠲᠣᠳᠣᠷᠬᠠᠶ ᠲᠣᠭᠲᠠᠭᠠᠵᠤ᠂ ᠠᠮᠤ ᠪᠤᠳᠠᠭᠠᠨ ᠤ ᠥᠪᠡᠷ ᠢ ᠪᠠᠨ ᠬᠠᠩᠭᠠᠬᠤ ᠨᠣᠷᠮ᠎ᠠ ᠶᠢ ᠲᠣᠭᠲᠠᠭᠤᠨ | ᠪᠠᠶᠢᠯᠭᠠᠬᠤ ᠪᠥᠭᠡᠳ ᠳᠡᠭᠡᠭᠰᠢᠯᠡᠭᠦᠯᠬᠦ ᠬᠡᠷᠡᠭᠲᠡᠶ᠃ ︽ᠭᠠᠵᠠᠷ ᠰᠢᠷᠣᠶ ᠪᠠᠷ ᠠᠮᠤ ᠪᠤᠳᠠᠭ᠎ᠠ ᠶᠢ ᠪᠠᠲᠤᠯᠠᠵᠤ᠂ ᠤᠷ᠎ᠠ | ᠮᠡᠷᠭᠡᠵᠢᠯ ᠢᠶᠠᠷ ᠤᠨᠠᠯᠲᠠ ᠬᠤᠷᠢᠶᠠᠯᠲᠠ ᠶᠢ ᠳᠡᠭᠡᠭᠰᠢᠯᠡᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ | ᠂ ᠭᠤᠤᠯ ᠪᠣᠯᠬᠤ ᠠᠮᠤ ᠪᠤᠳᠠᠭ᠎ᠠ ᠲᠣᠰᠣᠨ ᠤ ᠦᠢᠯᠡᠳᠪᠦᠷᠢᠯᠡᠯ ᠤᠨ ᠬᠤᠰᠢᠭᠤ ᠰᠢᠶᠠᠨ ︵ᠬᠤᠲᠠ᠂ ᠲᠣᠭᠤᠷᠢᠭ︶ | ᠳᠤ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠪᠠᠷ ᠭᠤᠤᠯᠳᠠᠯᠭ᠎ᠠ ᠪᠣᠯᠭᠠᠭᠰᠠᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶ᠎ᠠ᠂ ᠤᠰᠤ᠂ ᠵᠠᠮ᠂ ᠣᠶ᠂ ᠴᠠᠬᠢᠯᠭᠠᠨ᠂ | ᠬᠥᠷᠥᠰᠥ ᠰᠢᠷᠣᠶ ᠶᠢ ᠰᠠᠶᠢᠵᠢᠷᠠᠭᠤᠯᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠲᠥᠬᠦᠷᠵᠢᠭᠦᠯᠦᠨ᠂ ᠤᠰᠤ | ᠠᠷᠪᠢᠯᠠᠬᠤ᠂ ᠭᠠᠩ ᠬᠠᠭᠰᠠᠷᠭᠠᠨ ᠢ ᠳᠠᠭᠠᠭᠠᠬᠤ᠂ ᠰᠥᠷᠬᠦ ᠴᠢᠨᠠᠷ ᠢᠶᠠᠷ ᠴᠢᠩᠭ᠎ᠠ ᠵᠦᠢᠯ ᠢ ᠳᠡᠯᠭᠡᠷᠡᠭᠦᠯᠵᠦ᠂ | ᠤᠰᠤᠨ ᠤ ᠡᠬᠢ ᠰᠤᠷᠪᠤᠯᠵᠢ ᠶᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠠᠮᠤ ᠪᠤᠳᠠᠭ᠎ᠠ ᠲᠠᠷᠢᠬᠤ | ᠬᠢᠭᠡᠳ ᠤᠰᠤ ᠳᠤᠲᠠᠭᠳᠠᠵᠤ ᠪᠠᠶᠢᠭ᠎ᠠ︾ ᠵᠥᠷᠢᠴᠡᠯ ᠢ ᠰᠢᠢᠳᠪᠦᠷᠢᠯᠡᠨ᠎ᠡ᠃ ᠵᠡᠭᠦᠨ ᠬᠤᠶᠢᠲᠤ ᠣᠷᠣᠨ ᠤ ᠬᠠᠷ᠎ᠠ | ᠬᠥᠷᠥᠰᠥ ᠶᠢ ᠬᠠᠮᠠᠭᠠᠯᠠᠨ ᠠᠰᠢᠭᠯᠠᠬᠤ ᠲᠠᠯᠠᠪᠠᠢ ᠶᠢ ᠥᠷᠭᠡᠳᠬᠡᠵᠦ᠂ ᠬᠤᠵᠢᠷᠰᠢᠭᠰᠠᠨ ᠲᠠᠷᠢᠶᠠᠯᠠᠬᠤ ᠭᠠᠵᠠᠷ ᠢᠶᠠᠨ | ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠥᠷᠨᠢᠭᠦᠯᠦᠨ᠂ ᠲᠠᠷᠢᠶᠠᠯᠠᠬᠤ ᠭᠠᠵᠠᠷ ᠤᠨ ᠡᠭᠡᠯᠵᠢᠯᠡᠨ ᠲᠠᠷᠢᠬᠤ | ᠳᠦᠷᠢᠮ ᠢᠶᠠᠨ ᠪᠠᠶᠢᠩᠭᠤᠵᠢᠭᠤᠯᠬᠤ ᠶᠢ ᠠᠬᠢᠭᠤᠯᠵᠤ᠂ ᠡᠰᠢ ᠰᠦᠷᠡᠯ ᠢ ᠪᠣᠷᠳᠣᠭᠤᠷ ᠪᠣᠯᠭᠠᠵᠤ ᠲᠠᠷᠢᠶᠠᠨ ᠳᠤ | ᠪᠤᠴᠠᠭᠠᠬᠤ ᠪᠠ ᠬᠥᠷᠥᠰᠥ ᠶᠢ ᠭᠦᠨ ᠰᠤᠯᠠᠷᠠᠭᠤᠯᠵᠤ ᠲᠠᠷᠢᠶᠠᠨ ᠭᠠᠵᠠᠷ ᠢ ᠲᠡᠭᠰᠢᠯᠡᠬᠦ ᠵᠡᠷᠭᠡ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠬᠤ ᠠᠷᠭ᠎ᠠ ᠬᠡᠮᠵᠢᠶ᠎ᠡ ᠶᠢ ᠳᠡᠯᠭᠡᠷᠡᠭᠦᠯᠦᠨ᠂ ᠲᠠᠷᠢᠶᠠᠯᠠᠬᠤ ᠭᠠᠵᠠᠷ ᠤᠨ ᠶᠠᠰᠤ ᠴᠢᠨᠠᠷ ᠢ ᠠᠯᠬᠤᠮ | ᠠᠯᠬᠤᠮ ᠢᠶᠠᠷ ᠳᠡᠭᠡᠭᠰᠢᠯᠡᠭᠦᠯᠬᠦ᠂ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠮᠵᠢ ᠶᠢ ᠲᠣᠭᠲᠠᠭᠤᠨ ᠢᠶᠠᠷ | ᠳᠡᠭᠡᠭᠰᠢᠯᠡᠭᠦᠯᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠲᠠᠪᠤ︶ ᠠᠵᠤ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢ ᠬᠥᠳᠡᠭᠡ ᠪᠠᠭᠤᠯᠭᠠᠬᠤ ᠪᠠᠷ ᠡᠮᠬᠢ | ᠵᠢᠷᠤᠮ ᠲᠠᠢ ᠬᠥᠲᠥᠯᠥᠨ ᠵᠢᠯᠣᠭᠤᠳᠤᠨ᠎ᠠ᠃ ᠠᠵᠤ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢ ᠮᠠᠯᠵᠢᠬᠤ | ᠲᠠᠷᠢᠶᠠᠯᠠᠬᠤ ᠣᠷᠣᠨ ᠳᠤ ᠪᠠᠭᠤᠯᠭᠠᠵᠤ ᠰᠠᠶᠢᠨ ᠦᠷ᠎ᠡ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠠᠮᠤ ᠪᠤᠳᠠᠭ᠎ᠠ | ᠦᠢᠯᠡᠳᠪᠦᠷᠢᠯᠡᠬᠦ᠂ ᠠᠮᠤ ᠪᠤᠳᠠᠭ᠎ᠠ ᠪᠣᠯᠪᠠᠰᠤᠷᠠᠭᠤᠯᠵᠤ ᠭᠦᠢᠯᠭᠡᠭᠡᠬᠦ ᠵᠡᠷᠭᠡ ᠲᠤᠰᠬᠠᠶᠢᠵᠢᠭᠰᠠᠨ ᠨᠡᠶᠢᠭᠡᠮᠴᠢᠯᠡᠭᠰᠡᠨ | ᠦᠢᠯᠡᠴᠢᠯᠡᠭᠡᠨ ᠡᠷᠬᠢᠯᠡᠬᠦ ᠳᠤ ᠣᠷᠤᠭᠤᠯᠤᠯᠲᠠ ᠬᠢᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ᠡᠯ᠎ᠡ | ᠭᠠᠵᠠᠷ ᠣᠷᠣᠨ ᠢ ᠵᠢᠭᠠᠨ ᠵᠢᠯᠣᠭᠤᠳᠴᠤ ᠪᠠᠶᠢᠭᠠᠳ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠡᠷᠭᠢᠯᠳᠦᠭᠦᠯᠬᠦ | ᠭᠡᠷ᠎ᠡ ᠶᠢᠨ ᠬᠠᠮᠢᠶᠠᠷᠤᠯᠲᠠ ᠶᠢ ᠨᠢ ᠵᠢᠷᠤᠮᠵᠢᠭᠤᠯᠵᠤ᠂ ᠠᠵᠤ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ ᠭᠠᠵᠠᠷ | ᠰᠢᠷᠣᠶ ᠡᠷᠭᠢᠯᠳᠦᠭᠦᠯᠬᠦ ᠬᠢᠷᠢ ᠬᠡᠮ ᠢ ᠨᠢ ᠬᠢᠨᠠᠨ ᠪᠠᠶᠢᠴᠠᠭᠠᠬᠤ ᠪᠠ ᠲᠥᠷᠥᠯ ᠵᠦᠢᠯ ᠢ ᠨᠢ ᠬᠢᠨᠠᠨ ᠬᠠᠷᠭᠤᠭᠤᠯᠬᠤ | ᠲᠦᠷᠢᠮ ᠢ ᠪᠠᠶᠢᠭᠤᠯᠵᠤ᠂ ᠠᠵᠤ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠬᠢᠷᠢ ᠬᠡᠮ᠂ | ᠡᠵᠡᠩᠨᠡᠯᠲᠡ ᠶᠢᠨ ᠲᠥᠷᠥᠯ ᠵᠦᠢᠯ᠂ ᠠᠵᠤ ᠠᠬᠤᠶᠢᠯᠠᠯ ᠤᠨ ᠢᠲᠡᠭᠡᠮᠵᠢ᠂ ᠭᠠᠵᠠᠷ ᠰᠢᠷᠣᠶ ᠡᠷᠭᠢᠯᠳᠦᠭᠦᠯᠬᠦ ᠵᠡᠷᠭᠡ | ᠲᠠᠯ᠎ᠠ ᠪᠠᠷ ᠬᠢᠨᠠᠨ ᠬᠠᠷᠭᠤᠭᠤᠯᠬᠤ ᠶᠢ ᠴᠢᠩᠭᠠᠷᠠᠭᠤᠯᠤᠨ᠎ᠠ᠃ ᠠᠵᠤ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ | ᠲᠦᠷᠢᠶᠡᠰᠦᠯᠡᠭᠰᠡᠨ ᠭᠠᠵᠠᠷ ᠰᠢᠷᠣᠶ ᠳᠤ ᠬᠢᠨᠠᠨ ᠰᠢᠨᠵᠢᠵᠦ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ | ᠲᠠᠷᠢᠶᠠᠯᠠᠬᠤ ᠭᠠᠵᠠᠷ ᠢ ᠶᠡᠭᠡ ᠬᠡᠪᠴᠢᠶ᠎ᠡ ᠪᠠᠷ ᠡᠷᠭᠢᠯᠳᠦᠭᠦᠯᠦᠨ ᠪᠠᠶᠢᠵᠤ ᠠᠵᠤ ᠦᠢᠯᠡᠰ ᠤᠨ ᠬᠥᠭᠵᠢᠯᠲᠡ ᠶᠢᠨ ᠬᠠᠮᠢᠶ᠎ᠠ | ᠪᠥᠬᠦᠶ ᠲᠥᠯᠥᠪᠵᠢᠭᠦᠯᠭᠡ ᠳᠠᠬᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠵᠥᠷᠢᠴᠡᠭᠰᠡᠨ ᠦᠢᠯᠡ | ᠠᠵᠢᠯᠯᠠᠭ᠎ᠠ ᠶᠢ ᠨᠢ ᠣᠯᠵᠤ ᠮᠡᠳᠡᠪᠡᠯ ᠡᠷᠡᠰ ᠵᠠᠯᠠᠷᠠᠭᠤᠯᠬᠤ ᠶᠢᠨ ᠬᠠᠮᠲᠤ᠂ ᠬᠦᠷᠲᠡᠵᠦ ᠪᠠᠶᠢᠭ᠎ᠠ ᠬᠠᠮᠢᠶ᠎ᠠ ᠪᠥᠬᠦᠶ | ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠢ ᠳᠠᠷᠦ᠋ᠢᠬᠠᠨ ᠵᠣᠭᠰᠣᠭᠠᠬᠤ ᠬᠡᠷᠡᠭᠲᠡᠶ᠃ ᠠᠮᠤ ᠪᠤᠳᠠᠭ᠎ᠠ | ᠲᠠᠷᠢᠭᠰᠠᠨ ᠳᠤ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ | ᠬᠤᠳᠠᠯᠳᠤᠭᠠᠨ ᠤ ᠠᠵᠤ ᠠᠬᠤᠶᠢᠯᠠᠯ ᠤᠨ ᠭᠠᠵᠠᠷ ᠰᠢᠷᠣᠶ ᠶᠢ ᠡᠷᠭᠢᠯᠳᠦᠭᠦᠯᠵᠦ ᠠᠮᠤ ᠪᠤᠳᠠᠭ᠎ᠠ ᠶᠢ ᠬᠡᠪᠴᠢᠶᠡᠵᠢᠭᠦᠯᠦᠨ | ᠳᠠᠷᠢᠬᠤ ᠪᠠᠨ ᠬᠥᠭᠵᠢᠭᠦᠯᠬᠦ ᠶᠢ ᠨᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ | ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠲᠠᠷᠢᠶᠠᠯᠠᠬᠤ ᠭᠠᠵᠠᠷ ᠵᠢᠴᠢ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠭᠠᠵᠠᠷ | ᠰᠢᠷᠤᠢ ᠶᠢᠨ ᠵᠣᠷᠢᠭᠤᠯᠤᠯᠲᠠ ᠶᠢᠨ ᠵᠠᠬᠢᠷᠤᠨ ᠬᠠᠮᠢᠶᠠᠷᠤᠯᠲᠠ ᠶᠢ ᠴᠢᠩᠳᠠᠯᠠᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ︽ᠦᠨᠳᠦᠰᠦᠨ ᠲᠠᠷᠢᠶᠠᠨ ᠭᠠᠵᠠᠷ ᠢ | ᠬᠠᠮᠠᠭᠠᠯᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 257 ᠳ᠋ᠤᠭᠠᠷ ᠲᠣᠭᠠᠲᠤ︶ ᠤᠨ | ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠲᠤᠭᠤᠰᠢᠯᠠᠭᠤᠯᠵᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠠᠯᠲᠠ | ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠨᠠᠶᠢᠳᠠᠪᠤᠷᠢᠵᠢᠭᠤᠯᠤᠨ᠎ᠠ᠃ | ᠲᠠᠷᠢᠶᠠᠯᠠᠬᠤ ᠭᠠᠵᠠᠷ ᠢᠶᠠᠨ ︽ᠲᠠᠷᠢᠶᠠᠯᠠᠩ ᠤᠨ ᠪᠤᠰᠤ ᠪᠣᠯᠭᠠᠬᠤ︾ ᠠᠰᠠᠭᠤᠳᠠᠯ ᠢ ᠡᠷᠡᠰ ᠵᠣᠭᠰᠣᠭᠠᠵᠤ᠂ | ᠲᠣᠭᠲᠠᠭᠠᠯ ᠠᠴᠠ ᠵᠥᠷᠢᠴᠡᠨ ᠲᠠᠷᠢᠶᠠᠯᠠᠬᠤ ᠭᠠᠵᠠᠷ ᠢ ᠡᠵᠡᠯᠡᠨ ᠨᠣᠭᠤᠭᠠᠷᠠᠭᠤᠯᠵᠤ ᠣᠶᠢᠵᠢᠭᠤᠯᠬᠤ ᠶᠢ ᠴᠢᠩᠭ᠎ᠠ | ᠬᠤᠷᠢᠭᠯᠠᠨ᠂ ᠲᠣᠭᠲᠠᠭᠠᠯ ᠠᠴᠠ ᠵᠥᠷᠢᠴᠡᠨ ᠪᠠᠷᠢᠮᠵᠢᠶ᠎ᠠ ᠠᠴᠠ ᠬᠡᠲᠦᠷᠡᠭᠦᠯᠦᠨ ᠰᠠᠭᠠᠳ ᠥᠬᠡᠶ ᠨᠡᠪᠲᠡᠷᠡᠬᠦ ᠵᠠᠮ | ᠪᠠᠶᠢᠭᠤᠯᠬᠤ ᠶᠢ ᠴᠢᠩᠭ᠎ᠠ ᠬᠤᠷᠢᠭᠯᠠᠵᠤ᠂ ᠲᠣᠭᠲᠠᠭᠠᠯ ᠠᠴᠠ ᠵᠥᠷᠢᠴᠡᠨ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠵᠦ | ᠨᠠᠭᠤᠷ ᠪᠠ ᠦᠵᠡᠮᠵᠢ ᠭᠠᠷᠭᠠᠬᠤ ᠶᠢ ᠴᠢᠩᠭ᠎ᠠ ᠬᠤᠷᠢᠭᠯᠠᠨ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ | ᠬᠡᠷᠡᠭᠯᠡᠵᠦ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢᠶᠠᠨ ᠥᠷᠭᠡᠳᠬᠡᠬᠦ ᠶᠢ ᠴᠢᠩᠭ᠎ᠠ ᠬᠤᠷᠢᠭᠯᠠᠵᠤ᠂ | ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠲᠠᠷᠢᠶᠠᠯᠠᠩ ᠤᠨ ᠪᠤᠰᠤ ᠪᠥᠲᠥᠭᠡᠨ | ᠪᠠᠶᠢᠭᠤᠯᠤᠯᠲᠠ ᠬᠢᠬᠦ ᠶᠢ ᠴᠢᠩᠭ᠎ᠠ ᠬᠤᠷᠢᠭᠯᠠᠨ᠂ ᠬᠠᠤᠯᠢ ᠪᠠ ᠲᠣᠭᠲᠠᠭᠠᠯ ᠠᠴᠠ ᠵᠥᠷᠢᠴᠡᠨ ᠭᠠᠵᠠᠷ ᠰᠢᠷᠤᠢ | ᠵᠥᠪᠰᠢᠶᠡᠷᠡᠬᠦ ᠭᠠᠵᠠᠷ ᠬᠡᠷᠡᠭᠯᠡᠬᠦ ᠶᠢ ᠴᠢᠩᠭ᠎ᠠ ᠬᠤᠷᠢᠭᠯᠠᠨ᠎ᠠ᠃ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ | ᠪᠣᠯᠭᠠᠬᠤ︾ ᠶᠢ ᠡᠷᠡᠰ ᠰᠡᠷᠭᠡᠶᠢᠯᠡᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠲᠠᠬᠢ ᠲᠠᠷᠢᠶᠠᠯᠠᠩ ᠤᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠂ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠢ ᠡᠵᠡᠯᠡᠨ ᠬᠡᠷᠡᠭᠯᠡᠵᠦ ᠣᠢ ᠰᠢᠭᠤᠢ ᠪᠠ ᠵᠢᠮᠢᠰ ᠤᠨ ᠦᠢᠯᠡᠰ ᠡᠷᠬᠢᠯᠡᠬᠦ ᠵᠢᠴᠢ ᠴᠥᠭᠦᠷᠥᠮ ᠮᠠᠯᠲᠠᠵᠤ ᠵᠢᠭᠠᠰᠤ | ᠲᠡᠵᠢᠭᠡᠬᠦ᠂ ᠬᠠᠤᠯᠢ ᠪᠤᠰᠤ ᠪᠠᠷ ᠰᠢᠷᠣᠢ ᠠᠪᠬᠤ ᠵᠡᠷᠭᠡ ᠲᠠᠷᠢᠶᠠᠯᠠᠬᠤ ᠬᠥᠷᠥᠰᠥᠨ ᠳᠠᠪᠬᠤᠷᠭ᠎ᠠ ᠶᠢ ᠡᠪᠳᠡᠬᠦ ᠦᠢᠯᠡ | ᠠᠵᠢᠯᠯᠠᠭ᠎ᠠ ᠶᠢ ᠬᠤᠷᠢᠭᠯᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠰᠤᠯᠠ ᠲᠠᠯᠪᠢᠬᠤ ᠪᠠ | ᠠᠲᠠᠷᠰᠢᠭᠤᠯᠬᠤ ᠶᠢ ᠬᠤᠷᠢᠭᠯᠠᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠰᠢᠭᠯᠠᠨ ᠲᠤᠳᠤᠷᠭᠠᠨ | ᠲᠠᠷᠢᠶ᠎ᠠ ᠶᠢᠨ ᠣᠨᠴᠠᠯᠢᠭ ᠲᠤ ᠲᠣᠬᠢᠷᠠᠭᠤᠯᠤᠨ ᠵᠢᠭᠠᠰᠤ᠂ ᠰᠡᠮ ᠬᠤᠷᠣᠬᠠᠢ᠂ ᠨᠠᠢᠮᠠᠯᠵᠢ ᠵᠡᠷᠭᠡ ᠶᠢ ᠶᠡᠷᠦᠩᠬᠡᠶᠢᠯᠡᠨ | ᠪᠣᠰᠤᠭ᠎ᠠ ᠴᠣᠭᠴᠠ ᠲᠠᠢ ᠳᠠᠷᠢᠵᠤ ᠲᠡᠵᠢᠭᠡᠬᠦ ᠶᠢ ᠬᠥᠭᠵᠢᠭᠦᠯᠬᠦ ᠳᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ | ᠡᠪᠳᠡᠬᠦ ᠥᠬᠡᠶ ᠪᠠᠶᠢᠬᠤ ᠪᠠᠷ ᠤᠷᠢᠲᠠᠯ ᠪᠣᠯᠭᠠᠵᠤ᠂ ᠭᠤᠤ ᠰᠤᠪᠠᠭ ᠤᠨ ᠡᠵᠡᠯᠡᠬᠦ ᠬᠠᠷᠢᠴᠠᠯ ᠢ ᠲᠤᠲᠤᠷᠭ᠎ᠠ ᠶᠢᠨ | ᠣᠨᠴᠠᠯᠢᠭ ᠲᠤ ᠲᠣᠬᠢᠷᠠᠭᠤᠯᠤᠨ ᠵᠢᠭᠠᠰᠤ ᠶᠡᠷᠦᠩᠬᠡᠶᠢᠯᠡᠨ ᠲᠡᠵᠢᠭᠡᠬᠦ ᠮᠡᠷᠭᠡᠵᠢᠯ ᠤᠨ ᠵᠢᠷᠤᠮᠵᠢᠯ ᠤᠨ ᠶᠡᠷᠦᠩᠬᠡᠶ | ᠲᠦᠷᠢᠮ ᠤᠨ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠣᠯᠤᠭ᠎ᠠ︶ ᠠᠲᠠᠷᠰᠢᠭᠰᠠᠨ ᠭᠠᠵᠠᠷ ᠢ ᠨᠢᠭᠡᠳᠦᠯᠲᠡᠶ ᠲᠥᠯᠥᠪᠯᠡᠨ ᠠᠰᠢᠭᠯᠠᠵᠤ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠢ ᠠᠬᠢᠭᠤᠯᠤᠨ᠎ᠠ᠃ ᠪᠦᠬᠦ ᠣᠷᠣᠨ ᠤ ᠲᠠᠷᠢᠶᠠᠯᠠᠬᠤ ᠭᠠᠵᠠᠷ ᠤᠨ ᠠᠲᠠᠷᠰᠢᠭᠰᠠᠨ | ᠦᠨᠳᠦᠰᠦᠨ ᠪᠠᠶᠢᠳᠠᠯ ᠳᠤ ᠪᠠᠶᠢᠴᠠᠭᠠᠯᠲᠠ ᠬᠢᠬᠦ ᠠᠵᠢᠯ ᠢ ᠵᠣᠬᠢᠶᠠᠨ ᠪᠠᠶᠢᠭᠤᠯᠵᠦ ᠥᠷᠨᠢᠭᠦᠯᠤᠨ᠂ ᠰᠠᠭᠤᠷᠢ ᠲᠤᠭ᠎ᠠ ᠶᠢ | ᠲᠣᠳᠣᠷᠬᠠᠶ ᠣᠢᠯᠠᠭᠠᠵᠤ᠂ ᠠᠲᠠᠷᠰᠢᠭᠰᠠᠨ ᠭᠠᠵᠠᠷ ᠢ ᠨᠢᠭᠡᠳᠦᠯᠲᠡᠶ ᠲᠥᠯᠥᠪᠯᠡᠨ ᠠᠰᠢᠭᠯᠠᠬᠤ ᠳᠤ ᠬᠡᠷᠡᠭᠵᠢᠭᠦᠯᠬᠦ ᠰᠠᠨᠠᠯ | ᠲᠣᠭᠲᠠᠭᠠᠨ᠎ᠠ᠃ ᠬᠤᠵᠢᠷᠰᠢᠭᠰᠠᠨ᠂ ᠡᠯᠡᠰᠦᠷᠬᠡᠭᠵᠢᠭᠰᠡᠨ ᠪᠠ ᠤᠰᠤᠨ ᠤ ᠡᠬᠢ ᠰᠤᠷᠪᠤᠯᠵᠢ ᠬᠦᠷᠦᠯᠴᠡᠬᠦ ᠦᠭᠡᠶ | ᠵᠡᠷᠭᠡ ᠠᠴᠠ ᠪᠣᠯᠵᠤ ᠲᠠᠷᠢᠶᠠᠯᠠᠬᠤ ᠨᠥᠬᠦᠴᠡᠯ ᠠᠨᠠᠢ ᠪᠠᠶᠢᠭ᠎ᠠ ᠠᠲᠠᠷᠰᠢᠭᠰᠠᠨ ᠭᠠᠵᠠᠷ ᠲᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠬᠤ ᠨᠥᠬᠦᠴᠡᠯ ᠢ ᠨᠢ ᠰᠠᠶᠢᠵᠢᠷᠠᠭᠤᠯᠵᠤ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠬᠥᠭᠵᠢᠭᠦᠯᠦᠨ᠎ᠡ | ᠃ ᠣᠷᠳᠣ ᠬᠤᠭᠤᠴᠠᠭ᠎ᠠ ᠪᠠᠷ ᠭᠠᠳᠠᠭᠰᠢ ᠭᠠᠷᠴᠤ ᠬᠦᠴᠦ ᠶᠠᠪᠤᠭᠰᠠᠨ᠂ ᠬᠡᠷ ᠲᠤ ᠨᠢ ᠬᠥᠳᠡᠯᠮᠦᠷᠢ ᠬᠦᠴᠦᠨ | ᠥᠬᠡᠶ ᠠᠴᠠ ᠪᠣᠯᠵᠤ ᠠᠲᠠᠷᠰᠢᠭᠰᠠᠨ ᠭᠠᠵᠠᠷ ᠤᠨ ᠠᠲᠠᠷᠰᠢᠭᠤᠯᠤᠭᠰᠠᠨ ᠲᠠᠷᠢᠶᠠᠴᠢᠨ ᠡᠷᠦᠬᠡ ᠶᠢ ᠳᠠᠶᠢᠴᠢᠯᠠᠵᠤ | ᠪᠠᠶᠢᠭᠠᠳ ᠲᠦᠷᠢᠶᠡᠰᠦᠯᠡᠭᠦᠯᠬᠦ ︵ᠰᠢᠯᠵᠢᠭᠦᠯᠦᠨ ᠳᠠᠭᠠᠭᠠᠴᠢᠯᠠᠭᠤᠯᠬᠤ︶᠂ ᠬᠤᠪᠢ ᠣᠷᠣᠭᠤᠯᠬᠤ ᠵᠡᠷᠭᠡ ᠠᠷᠭ᠎ᠠ | ᠮᠠᠶ᠋ᠢᠭ ᠢᠶᠠᠷ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠨᠢ ᠡᠷᠭᠢᠯᠳᠦᠭᠦᠯᠦᠨ ᠰᠢᠯᠵᠢᠭᠦᠯᠵᠦ᠂ ᠵᠣᠬᠢᠬᠤ | ᠬᠡᠪᠴᠢᠶᠡᠵᠢᠭᠰᠡᠨ ᠡᠵᠡᠩᠨᠡᠯᠲᠡ ᠶᠢ ᠬᠥᠭᠵᠢᠭᠦᠯᠦᠨ᠎ᠡ᠃ ᠬᠤᠶᠠᠷ ᠵᠢᠯ ᠢᠯᠡᠭᠦᠦ ᠳᠠᠷᠠᠭᠠᠯᠠᠨ ᠠᠲᠠᠷᠰᠢᠭᠰᠠᠨ ᠪᠠᠶᠢᠪᠠᠯ᠂ | ᠳᠠᠭᠠᠭᠠᠴᠢᠯᠠᠭᠴᠢ ᠨᠢ ᠵᠣᠬᠢᠰᠲᠠᠢ ᠬᠤᠭᠤᠴᠠᠭᠠᠨ ᠳᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ | ᠡᠷᠭᠢᠯᠳᠦᠭᠦᠯᠬᠦ ᠭᠡᠷ᠎ᠡ ᠪᠠᠨ ᠬᠦᠴᠦᠨ ᠦᠭᠡᠢ ᠪᠣᠯᠭᠠᠬᠤ ᠦᠭᠡᠢ ᠴᠦ᠂ ᠳᠠᠭᠠᠭᠠᠴᠢᠯᠠᠭᠤᠯᠤᠭᠴᠢ ᠨᠢ ᠭᠠᠵᠠᠷ | ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠡᠷᠭᠢᠯᠳᠦᠭᠦᠯᠬᠦ ᠭᠡᠷ᠎ᠡ ᠶᠢ ᠨᠢ ᠵᠣᠭᠰᠣᠭᠠᠬᠤ ᠪᠠᠷ ᠱᠠᠭᠠᠷᠳᠠᠬᠤ ᠡᠷᠬᠡ ᠲᠠᠢ᠃ | ᠲᠠᠷᠢᠶᠠᠯᠠᠬᠤ ᠭᠠᠵᠠᠷ ᠤᠨ ᠰᠢᠮ᠎ᠡ ᠴᠢᠨᠠᠷ ᠢ ᠬᠠᠮᠠᠭᠠᠯᠠᠬᠤ ᠨᠡᠮᠡᠭᠦᠷᠢ ᠥᠭᠬᠦ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠵᠦ᠂ ᠠᠲᠠᠷᠰᠢᠭᠰᠠᠨ ᠭᠠᠵᠠᠷ ᠲᠤ ᠨᠢ ᠨᠡᠮᠡᠭᠦᠷᠢ ᠥᠭᠬᠦ ᠶᠢ ᠵᠣᠭᠰᠣᠭᠠᠨ᠎ᠠ᠃ ᠠᠲᠠᠷᠰᠢᠭᠰᠠᠨ | ᠭᠠᠵᠠᠷ ᠲᠤ ᠳᠠᠪᠲᠠᠨ ᠲᠠᠷᠢᠵᠤ ᠤᠷᠭᠤᠭᠤᠯᠬᠤ ᠮᠡᠷᠭᠡᠵᠢᠯ ᠤᠨ ᠵᠢᠭᠠᠨ ᠵᠢᠯᠤᠭᠤᠳᠤᠯᠭ᠎ᠠ ᠬᠢᠬᠦ ᠶᠢ ᠴᠢᠩᠭᠠᠳᠬᠠᠵᠤ᠂ | ᠣᠷᠣᠯᠠᠨ ᠲᠠᠷᠢᠵᠤ ᠤᠷᠭᠤᠭᠤᠯᠬᠤ᠂ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ | ᠬᠥᠭᠵᠢᠭᠦᠯᠦᠨ᠎ᠡ᠃ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠪᠥᠬᠦ | ᠨᠡᠶᠢᠭᠡᠮ ᠢᠶᠠᠷ ᠢᠶᠠᠨ ᠲᠠᠷᠢᠶᠠᠯᠠᠬᠤ ᠭᠠᠵᠠᠷ ᠢᠶᠠᠨ ᠠᠲᠠᠷᠰᠢᠭᠤᠯᠬᠤ ᠠᠴᠠ ᠰᠡᠷᠭᠡᠶᠢᠯᠡᠨ ᠬᠤᠷᠢᠭᠯᠠᠬᠤ ᠮᠠᠰᠢ ᠰᠠᠶᠢᠨ | ᠠᠭᠤᠷ ᠠᠮᠢᠰᠬᠤᠯ ᠢ ᠪᠣᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠠᠮᠤ ᠪᠤᠳᠠᠭ᠎ᠠ ᠶᠢᠨ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠮᠤ ᠪᠤᠳᠠᠭ᠎ᠠ ᠶᠢᠨ ᠠᠮᠤᠷ ᠲᠦᠪᠰᠢᠨ ᠳᠤ | ᠨᠠᠮ ᠪᠠ ᠵᠠᠰᠠᠭ ᠤᠨ ᠤᠳᠤᠷᠢᠳᠤᠯᠭ᠎ᠠ ᠠᠳᠠᠯᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠡᠯ᠎ᠡ ᠭᠠᠵᠠᠷ ᠣᠷᠣᠨ ᠨᠢ ᠲᠣᠰ ᠭᠠᠵᠠᠷ ᠣᠷᠣᠨ ᠤ ᠠᠮᠤ ᠪᠤᠳᠠᠭ᠎ᠠ ᠶᠢᠨ ᠦᠢᠯᠡᠳᠪᠦᠷᠢᠯᠡᠯ ᠢ | ᠪᠠᠲᠤᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠠᠮᠤ ᠪᠤᠳᠠᠭ᠎ᠠ ᠳᠠᠷᠢᠬᠤ ᠲᠠᠯᠠᠪᠠᠶ ᠶᠢ | ᠲᠣᠭᠲᠠᠭᠤᠨ ᠪᠠᠶᠢᠯᠭᠠᠵᠤ᠂ ᠠᠮᠤ ᠪᠤᠳᠠᠭ᠎ᠠ ᠶᠢᠨ ᠦᠢᠯᠡᠳᠪᠦᠷᠢᠯᠡᠯ ᠤᠨ ᠬᠠᠷᠠᠯᠲᠠ ᠪᠣᠯᠬᠤ ᠡᠭᠦᠷᠭᠡ ᠶᠢ ᠡᠯ᠎ᠡ ᠬᠤᠰᠢᠭᠤ | ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢᠯᠠᠵᠤ ᠥᠭᠭᠦᠨ᠎ᠡ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠬᠤ︾ | ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠬᠤ ᠶᠢᠨ ᠬᠠᠮᠲᠤ᠂ ᠦᠯᠡᠳᠡᠭᠳᠡᠵᠦ ᠪᠠᠶᠢᠭ᠎ᠠ ᠠᠰᠠᠭᠤᠳᠠᠯ ᠤᠨ | ᠲᠠᠯ᠎ᠠ ᠪᠠᠷ ᠬᠢ ᠪᠠᠶᠢᠳᠠᠯ ᠢ ᠲᠣᠳᠣᠷᠬᠠᠶ ᠣᠶᠢᠯᠠᠭᠠᠵᠤ᠂ ᠲᠥᠷᠥᠯ ᠬᠤᠪᠢᠶᠠᠨ ᠳᠡᠪᠲᠡᠷᠯᠡᠬᠦ ᠬᠡᠷᠡᠭᠲᠡᠶ᠃ ᠥᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠯᠦᠭᠡ ᠬᠠᠮᠵᠢᠯᠴᠠᠵᠤ ᠪᠠᠶᠢᠭᠠᠳ ᠪᠦᠬᠦ ᠣᠷᠣᠨ ᠤ | ᠬᠡᠪᠴᠢᠶᠡᠨ ᠳᠠᠬᠢ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠭᠰᠠᠨ︾ ᠪᠠᠶᠢᠳᠠᠯ ᠳᠤ | ᠪᠠᠶᠢᠴᠠᠭᠠᠯᠲᠠ ᠬᠢᠬᠦ ᠶᠢ ᠪᠡᠶᠡᠯᠡᠭᠦᠯᠵᠦ᠂ ᠡᠯ᠎ᠡ ᠠᠶᠢᠮᠠᠭ ᠬᠤᠲᠠ ᠶᠢᠨ ᠣᠢᠯᠠᠭᠠᠭᠰᠠᠨ ᠪᠠᠶᠢᠳᠠᠯ ᠲᠠᠢ ᠤᠶᠠᠯᠳᠤᠭᠤᠯᠤᠨ᠂ | ᠪᠣᠳᠠᠲᠤ ᠪᠠᠶᠢᠳᠠᠯ ᠠᠴᠠ ᠭᠠᠷᠳᠠᠵᠤ ᠯᠠᠪᠳᠠᠭᠤᠨ ᠢᠶᠠᠷ ᠰᠢᠢᠳᠪᠦᠷᠢᠯᠡᠬᠦ ᠵᠠᠷᠴᠢᠮ ᠶᠣᠰᠣᠭᠠᠷ᠂ ᠲᠥᠷᠥᠯ ᠬᠤᠪᠢᠶᠠᠨ | ᠰᠢᠢᠳᠪᠦᠷᠢᠯᠡᠬᠦ ᠰᠠᠨᠠᠯ ᠳᠤᠷᠠᠳᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠤ ᠪᠤᠳᠠᠭ᠎ᠠ ᠪᠠ ᠨᠥᠭᠡᠴᠡᠯᠡᠬᠦ ᠲᠣᠪᠴᠢᠶ᠎ᠠ ᠵᠡᠷᠭᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠬᠤ︾ | ᠶᠢ ᠨᠢ ᠰᠡᠷᠭᠡᠶᠢᠯᠡᠬᠦ ᠠᠵᠢᠯ ᠢ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠴᠢᠬᠤᠯᠠ ᠠᠭᠤᠯᠭ᠎ᠠ ᠳᠤ ᠣᠷᠣᠭᠤᠯᠤᠨ᠂ ᠠᠮᠤ ᠪᠤᠳᠠᠭ᠎ᠠ | ᠳᠠᠷᠢᠬᠤ ᠲᠠᠯᠠᠪᠠᠶ᠂ ᠤᠨᠠᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ | ᠭᠦᠢᠴᠡᠳᠬᠡᠯ ᠲᠤᠭ᠎ᠠ ᠶᠢᠨ ᠡᠵᠡᠯᠡᠬᠦ ᠬᠤᠪᠢᠳᠠᠯ ᠢ ᠳᠡᠭᠡᠭᠰᠢᠯᠡᠭᠦᠯᠵᠦ᠂ ᠠᠮᠤ ᠪᠤᠳᠠᠭᠠᠨ ᠤ ᠭᠤᠤᠯ ᠪᠣᠯᠬᠤ | ᠤᠨᠠᠯᠲᠠ ᠶᠢᠨ ᠣᠷᠣᠨ ᠪᠠ ᠭᠤᠤᠯ ᠪᠤᠰᠤ ᠤᠨᠠᠯᠲᠠ ᠶᠢᠨ ᠣᠷᠣᠨ ᠳᠤ ᠢᠯᠭᠠᠪᠤᠷᠢᠯᠠᠵᠤ ᠰᠢᠯᠭᠠᠨ ᠬᠢᠨᠠᠬᠤ ᠶᠢ | ᠬᠡᠷᠡᠭᠵᠢᠭᠦᠯᠬᠦ ᠬᠡᠷᠡᠭᠲᠡᠶ᠃ ᠴᠢᠩᠭ᠎ᠠ ᠰᠢᠯᠭᠠᠨ ᠬᠢᠨᠠᠬᠤ ᠶᠢᠨ ᠬᠠᠮᠲᠤ ᠦᠷ᠎ᠡ ᠳ᠋ᠦᠩ ᠤᠨ ᠬᠡᠷᠡᠭᠯᠡᠯᠲᠡ ᠶᠢ | ᠴᠢᠩᠭᠠᠷᠠᠭᠤᠯᠤᠨ᠂ ᠠᠮᠵᠢᠯᠲᠠ ᠪᠠᠷ ᠲᠣᠪᠤᠶᠢᠮ᠎ᠠ ᠭᠠᠵᠠᠷ ᠣᠷᠣᠨ ᠢ ᠰᠠᠶᠢᠰᠢᠶᠠᠵᠤ᠂ ᠨᠠᠶᠢᠳᠠᠪᠤᠷᠢᠵᠢᠭᠤᠯᠤᠭᠰᠠᠨ ᠢᠶᠠᠷ | ᠬᠦᠴᠦᠨ ᠦᠭᠡᠶ ᠭᠠᠵᠠᠷ ᠣᠷᠣᠨ ᠢ ᠨᠡᠪᠲᠡᠷᠡᠭᠦᠯᠦᠨ ᠮᠡᠳᠡᠭᠡᠯᠡᠬᠦ ᠪᠥᠭᠡᠳ ᠪᠣᠯᠵᠣᠨ ᠶᠠᠷᠢᠯᠴᠠᠬᠤ ᠶᠢᠨ ᠬᠠᠮᠲᠤ᠂ | ᠬᠠᠮᠢᠶ᠎ᠠ ᠪᠦᠬᠦᠢ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠯᠦᠭᠡ ᠵᠣᠯᠭᠠᠯᠳᠤᠭᠤᠯᠬᠤ | ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ | ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ᠂ ᠠᠮᠤ ᠪᠤᠳᠠᠭ᠎ᠠ ᠪᠠ ᠨᠥᠭᠡᠴᠡᠯᠡᠬᠦ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠬᠤᠶᠠᠷ︶ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠥᠷᠥ ᠶᠢᠨ ᠪᠣᠳᠣᠯᠭ᠎ᠠ ᠪᠠᠨ | ᠲᠡᠭᠦᠯᠳᠡᠷᠵᠢᠭᠦᠯᠦᠨ᠎ᠡ᠃ ᠲᠥᠷᠥ ᠶᠢᠨ ᠪᠣᠳᠣᠯᠭ᠎ᠠ ᠪᠠ ᠪᠡᠯᠡ ᠮᠥᠩᠭᠦᠨ ᠤ ᠲᠠᠯ᠎ᠠ ᠳᠤ ᠳᠡᠮᠵᠢᠯᠭᠡ ᠦᠵᠡᠬᠦᠯᠬᠦ ᠶᠢ | ᠴᠢᠩᠭᠠᠷᠠᠭᠤᠯᠤᠨ᠂ ᠠᠮᠤ ᠪᠤᠳᠠᠭᠠᠨ ᠤ ᠤᠨᠠᠯᠲᠠ ᠶᠡᠭᠡ ᠲᠠᠢ ᠰᠢᠶᠠᠨ ᠢ ᠱᠠᠩᠨᠠᠬᠤ ᠵᠡᠷᠭᠡ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠤᠷᠢᠳ ᠢᠶᠠᠷ ᠲᠣᠬᠢᠷᠠᠭᠤᠯᠬᠤ ᠪᠠ ᠡᠮᠬᠢᠯᠡᠨ ᠨᠡᠶᠢᠯᠡᠭᠦᠯᠵᠦ ᠪᠠᠶᠢᠭᠠᠳ ᠠᠮᠤ | ᠪᠤᠳᠠᠭᠠᠨ ᠤ ᠭᠤᠣᠯ ᠤᠨᠠᠯᠲᠠ ᠶᠢᠨ ᠭᠠᠵᠠᠷ ᠣᠷᠣᠨ ᠪᠠ ᠲᠠᠷᠢᠮᠠᠯ ᠢ ᠳᠡᠮᠵᠢᠵᠦ᠂ ᠡᠯ᠎ᠡ ᠭᠠᠵᠠᠷ ᠣᠷᠣᠨ ᠤ | ᠪᠣᠳᠠᠲᠠᠢ ᠪᠠᠨ ᠦᠨᠳᠦᠰᠦᠯᠡᠨ ᠠᠮᠤ ᠪᠤᠳᠠᠭᠠᠨ ᠤ ᠦᠢᠯᠡᠳᠪᠦᠷᠢᠯᠡᠯ ᠳᠤ ᠳᠡᠮᠵᠢᠯᠭᠡ ᠦᠵᠡᠭᠦᠯᠬᠦ ᠲᠥᠷᠥ ᠶᠢᠨ | ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠬᠤ ᠪᠠ ᠳᠡᠮᠵᠢᠵᠦ᠂ ᠲᠠᠷᠢᠶᠠᠯᠠᠩ ᠢ ᠳᠡᠮᠵᠢᠵᠦ ᠲᠠᠷᠢᠶᠠᠴᠢᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠡᠷᠲᠡᠬᠡᠨ ᠠᠷᠭ᠎ᠠ ᠰᠦᠪᠡᠭᠴᠢᠯᠡᠬᠦ ᠪᠠ ᠶᠡᠭᠡ ᠪᠠᠷ | ᠤᠬᠠᠭᠤᠯᠤᠨ᠂ ᠡᠯ᠎ᠡ ᠭᠠᠵᠠᠷ ᠣᠷᠣᠨ ᠤ ᠲᠠᠷᠢᠶᠠᠯᠠᠩ ᠢ ᠴᠢᠬᠤᠯᠠᠴᠢᠯᠠᠨ ᠠᠮᠤ ᠪᠤᠳᠠᠭ᠎ᠠ ᠶᠢ ᠠᠳᠬᠤᠬᠤ᠂ | ᠲᠠᠷᠢᠶᠠᠴᠢᠳ ᠤᠨ ᠲᠠᠷᠢᠶᠠᠨ ᠠᠵᠢᠯ ᠬᠢᠵᠦ ᠠᠮᠤ ᠪᠤᠳᠠᠭ᠎ᠠ ᠲᠠᠷᠢᠬᠤ ᠢᠳᠡᠪᠬᠢᠵᠢᠯ ᠢ ᠨᠢ ᠬᠦᠴᠦᠯᠡᠨ ᠬᠠᠮᠠᠭᠠᠯᠠᠬᠤ ᠪᠠ | ᠳᠠᠶᠢᠴᠢᠯᠠᠬᠤ ᠬᠡᠷᠡᠭᠲᠡᠶ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠳᠤ ᠲᠥᠷᠥ ᠶᠢᠨ | ᠪᠣᠳᠣᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠤᠨ᠂ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠮᠵᠢᠲᠤ ᠣᠷᠣᠨ ᠢ ᠬᠠᠮᠢᠶ᠎ᠠ ᠪᠦᠬᠦᠢ ᠲᠠᠷᠢᠶᠠᠯᠠᠩ ᠤᠨ ᠪᠡᠯᠡ ᠮᠥᠩᠭᠦ ᠪᠠᠷ ᠬᠠᠷᠠᠭᠠᠯᠵᠠᠨ ᠳᠡᠮᠵᠢᠵᠦ᠂ ᠠᠮᠤ | ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠤᠷᠢᠳ ᠢᠶᠠᠷ ᠥᠷᠨᠢᠭᠦᠯᠦᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ | ᠣᠷᠣᠨ ᠳᠠᠬᠢ ᠬᠠᠷᠠᠯᠲᠠ ᠪᠣᠯᠬᠤ ᠲᠠᠷᠢᠮᠠᠯ ᠲᠠᠷᠢᠬᠤ ᠶᠢ ᠤᠷᠢᠳ ᠢᠶᠠᠷ ᠳᠡᠮᠵᠢᠬᠦ ᠬᠡᠷᠡᠭᠲᠡᠶ᠃ ᠡᠯ᠎ᠡ ᠭᠠᠵᠠᠷ ᠣᠷᠣᠨ ᠤ | ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠤ ᠬᠠᠷᠠᠯᠲᠠ ᠪᠣᠯᠬᠤ ᠲᠠᠷᠢᠮᠠᠯ ᠳᠤ ᠪᠠᠨ ᠴᠢᠭᠯᠡᠭᠦᠯᠵᠦ | ᠵᠦᠷᠢᠶᠡᠴᠢᠯᠡᠨ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠲᠣᠭᠲᠠᠭᠠᠬᠤ ᠶᠢ ᠨᠢ ᠵᠣᠷᠢᠭᠵᠢᠭᠤᠯᠤᠨ᠎ᠠ᠃ ᠠᠮᠤ ᠪᠤᠳᠠᠭ᠎ᠠ | ᠳᠠᠷᠢᠬᠤ ᠭᠤᠤᠯ ᠴᠣᠭᠴᠠ ᠶᠢ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ ᠪᠠᠨ ᠴᠢᠩᠭᠠᠳᠬᠠᠵᠤ᠂ ᠬᠡᠷ ᠪᠦᠯᠢ ᠶᠢᠨ | ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠬᠤᠷᠰᠢᠶᠠᠵᠢᠯ ᠢ ᠳᠡᠮᠵᠢᠵᠦ ᠪᠠᠶᠢᠭᠠᠳ ᠠᠮᠤ ᠪᠤᠳᠠᠭᠠᠨ ᠤ ᠵᠣᠬᠢᠬᠤ | ᠬᠡᠪᠴᠢᠶᠠᠵᠢᠯ ᠲᠠᠢ ᠡᠵᠡᠩᠨᠡᠯᠲᠡ ᠶᠢ ᠨᠢ ᠬᠥᠭᠵᠢᠭᠦᠯᠦᠨ᠂ ᠣᠷᠣᠯᠠᠨ ᠲᠠᠷᠢᠵᠤ ᠤᠷᠭᠤᠭᠤᠯᠬᠤ᠂ ᠨᠢᠭᠡᠳᠦᠯᠲᠡᠶ | ᠰᠡᠷᠭᠡᠶᠢᠯᠡᠵᠦ ᠵᠠᠰᠠᠬᠤ᠂ ᠭᠠᠵᠠᠷ ᠰᠢᠷᠣᠶ ᠪᠠᠨ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ | ᠶᠡᠭᠡ ᠪᠠᠷ ᠳᠡᠯᠭᠡᠷᠡᠭᠦᠯᠵᠦ᠂ ᠠᠮᠤ ᠪᠤᠳᠠᠭ᠎ᠠ ᠲᠠᠷᠢᠵᠤ ᠬᠡᠪᠴᠢᠶᠡᠵᠢᠭᠰᠡᠨ ᠦᠷ᠎ᠡ ᠠᠰᠢᠭ ᠣᠯᠬᠤ ᠶᠢ ᠨᠢ | ᠳᠡᠭᠡᠭᠰᠢᠯᠡᠭᠦᠯᠦᠨ᠎ᠡ᠃ ᠤᠯᠤᠰ ᠤᠨ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠲᠠᠷᠢᠶᠠᠯᠠᠩ ᠤᠨ ᠶᠡᠭᠡ | ᠭᠠᠮᠰᠢᠭ ᠤᠨ ᠳᠠᠭᠠᠳᠬᠠᠯ ᠤᠨ ᠲᠤᠷᠰᠢᠯᠲᠠ ᠶᠢᠨ ᠴᠡᠭ ᠢ ᠴᠠᠭ ᠲᠤ ᠨᠢ ᠲᠣᠬᠢᠷᠠᠭᠤᠯᠤᠨ ᠥᠷᠭᠡᠳᠬᠡᠵᠦ᠂ ᠡᠷᠳᠡᠨᠢ | ᠰᠢᠰᠢ᠂ ᠪᠤᠭᠤᠳᠠᠶ᠂ ᠤᠰᠤᠨ ᠲᠤᠲᠤᠷᠭ᠎ᠠ ᠳᠤ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠣᠷᠣᠯᠭ᠎ᠠ ᠶᠢᠨ | ᠳᠠᠭᠠᠳᠬᠠᠯ ᠤᠨ ᠲᠤᠷᠰᠢᠯᠲᠠ ᠶᠢᠨ ᠴᠡᠭ ᠢ ᠠᠬᠢᠭᠤᠯᠤᠨ᠂ ᠡᠷᠳᠡᠨᠢ ᠰᠢᠰᠢ᠂ ᠪᠤᠭᠤᠳᠠᠶ᠂ ᠤᠰᠤᠨ ᠲᠤᠲᠤᠷᠭ᠎ᠠ ᠵᠡᠷᠭᠡ | ᠭᠤᠷᠪᠠᠨ ᠶᠡᠭᠡ ᠲᠠᠷᠢᠮᠠᠯ ᠤᠨ ᠰᠠᠶᠢᠨ ᠦᠷ᠎ᠡ ᠪᠤᠶᠢᠵᠢᠭᠤᠯᠬᠤ ᠳᠠᠭᠠᠳᠬᠠᠯ ᠤᠨ ᠰᠦᠢᠳᠬᠡᠯ ᠳᠤ ᠨᠡᠮᠡᠭᠦᠷᠢ ᠥᠭᠬᠦ | ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠠᠮᠤ ᠪᠤᠳᠠᠭᠠᠨ ᠤ ᠦᠢᠯᠡᠳᠪᠦᠷᠢᠯᠡᠯ ᠤᠨ ᠠᠨᠠᠶᠢᠬᠠᠨ | ᠪᠠᠶᠢᠭ᠎ᠠ ᠭᠤᠭᠴᠣᠭᠠᠨ ᠳᠤ ᠮᠧᠬᠠᠨᠢᠭᠵᠢᠭᠤᠯᠬᠤ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ | ᠥᠷᠨᠢᠭᠦᠯᠵᠦ᠂ ᠤᠰᠤᠨ ᠲᠤᠲᠤᠷᠭ᠎ᠠ ᠶᠢ ᠮᠠᠰᠢᠨ ᠢᠶᠠᠷ ᠲᠦᠷᠭᠡᠨ ᠬᠠᠳᠬᠤᠬᠤ᠂ ᠡᠷᠳᠡᠨᠢ ᠰᠢᠰᠢ ᠶᠢ ᠮᠠᠰᠢᠨ ᠢᠶᠠᠷ | ᠬᠤᠷᠢᠶᠠᠬᠤ ᠵᠡᠷᠭᠡ ᠮᠡᠷᠭᠡᠵᠢᠯ ᠢ ᠶᠡᠭᠡ ᠪᠠᠷ ᠳᠡᠯᠭᠡᠷᠡᠭᠦᠯᠬᠦ ᠬᠡᠷᠡᠭᠲᠡᠶ᠃ ᠠᠮᠤ ᠪᠤᠳᠠᠭ᠎ᠠ ᠦᠢᠯᠡᠳᠪᠦᠷᠢᠯᠡᠭᠰᠡᠨ ᠤ | ᠳᠠᠷᠠᠭᠠᠬᠢ ᠬᠠᠳᠠᠭᠠᠬᠤ ᠪᠠ ᠪᠣᠯᠪᠠᠰᠤᠷᠠᠭᠤᠯᠬᠤ ᠪᠡᠯᠡᠳᠬᠡᠮᠵᠢ ᠪᠠᠶᠢᠭᠤᠯᠬᠤ ᠶᠢ ᠳᠡᠮᠵᠢᠵᠦ᠂ ᠠᠵᠤ ᠦᠢᠯᠡᠰ ᠤᠨ | ᠬᠡᠯᠬᠢᠶᠡᠰᠦ ᠶᠢ ᠨᠢ ᠤᠷᠲᠤᠳᠬᠠᠨ᠂ ᠠᠮᠤ ᠪᠤᠳᠠᠭᠠᠨ ᠤ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ | ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠮᠤ ᠪᠤᠳᠠᠭ᠎ᠠ | ᠪᠠ ᠨᠥᠭᠡᠴᠡᠯᠡᠬᠦ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠲᠠᠷᠢᠶᠠᠯᠠᠬᠤ ᠭᠠᠵᠠᠷ ᠲᠤ ᠠᠮᠤ ᠪᠤᠳᠠᠭ᠎ᠠ ᠲᠠᠷᠢᠵᠤ ᠪᠠᠶᠢᠭ᠎ᠠ ᠪᠠᠶᠢᠳᠠᠯ ᠢ ᠬᠢᠨᠠᠨ ᠰᠢᠨᠵᠢᠬᠦ ᠪᠠᠨ | ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠳᠠᠭᠠᠭᠤᠯᠢ ᠣᠳᠣᠨ ᠤ ᠠᠯᠤᠰ | ᠰᠡᠷᠡᠯ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠪᠥᠬᠦ ᠣᠷᠣᠨ ᠤ | ᠲᠠᠷᠢᠶᠠᠯᠠᠬᠤ ᠭᠠᠵᠠᠷ ᠲᠤ ᠠᠮᠤ ᠪᠤᠳᠠᠭ᠎ᠠ ᠲᠠᠷᠢᠵᠤ ᠪᠠᠶᠢᠭ᠎ᠠ ᠪᠠᠶᠢᠳᠠᠯ ᠳᠤ ᠵᠢᠯ ᠪᠦᠷᠢ ᠨᠢᠭᠡ ᠤᠳᠠᠭ᠎ᠠ ᠬᠢᠨᠠᠨ | ᠰᠢᠨᠵᠢᠵᠦ ᠦᠨᠡᠯᠡᠬᠦ ᠠᠵᠢᠯ ᠢ ᠥᠷᠨᠢᠭᠦᠯᠦᠨ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠭᠰᠠᠨ︾ | ᠪᠠᠶᠢᠳᠠᠯ ᠳᠤ ᠨᠡᠪᠲᠡᠷᠡᠭᠦᠯᠦᠨ ᠮᠡᠳᠡᠭᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠯ᠎ᠡ ᠠᠶᠢᠮᠠᠭ ᠬᠤᠲᠠ ᠨᠢ ᠲᠤᠰ | ᠵᠠᠰᠠᠭ ᠵᠠᠬᠢᠷᠭᠠᠨ ᠤ ᠣᠷᠣᠨ ᠤ ᠲᠠᠷᠢᠶᠠᠯᠠᠬᠤ ᠭᠠᠵᠠᠷ ᠲᠤ ᠠᠮᠤ ᠪᠤᠳᠠᠭ᠎ᠠ ᠲᠠᠷᠢᠵᠤ ᠪᠠᠶᠢᠭ᠎ᠠ ᠪᠠᠶᠢᠳᠠᠯ ᠢ | ᠬᠥᠳᠡᠯᠦᠩᠭᠦᠶ ᠪᠠᠷ ᠬᠢᠨᠠᠨ ᠰᠢᠨᠵᠢᠵᠦ ᠦᠨᠡᠯᠡᠨ᠂ ᠠᠰᠠᠭᠤᠳᠠᠯ ᠲᠠᠢ ᠪᠠᠶᠢᠬᠤ ᠶᠢ ᠣᠯᠵᠤ ᠮᠡᠳᠡᠪᠡᠯ ᠴᠠᠭ | ᠲᠤᠬᠠᠶ ᠳᠤ ᠨᠢ ᠴᠡᠭᠴᠡᠯᠡᠨ ᠰᠠᠶᠢᠵᠢᠷᠠᠭᠤᠯᠵᠤ᠂ ᠴᠢᠬᠤᠯᠠ ᠶᠡᠭᠡ ᠪᠠᠶᠢᠳᠠᠯ ᠢ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ | ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠳᠠᠬᠢ ᠬᠠᠷᠠᠯᠲᠠ ᠪᠣᠯᠬᠤ ᠲᠠᠷᠢᠮᠠᠯ ᠲᠠᠷᠢᠵᠤ ᠪᠠᠶᠢᠭ᠎ᠠ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠬᠢᠨᠠᠨ ᠰᠢᠨᠵᠢᠵᠦ ᠦᠨᠡᠯᠡᠨ᠂ ᠮᠡᠳᠡᠭᠡ ᠵᠠᠩᠭᠢᠴᠢᠯᠠᠭᠰᠠᠨ ᠪᠠ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠡᠯᠧᠺᠳ᠋ᠷᠦᠨ ᠭᠠᠵᠠᠷ ᠤᠨ ᠵᠢᠷᠤᠭ ᠪᠠ ᠳ᠋ᠠᠶᠢᠲ᠋ᠠ ᠶᠢᠨ | ᠬᠥᠮᠥᠷᠭᠡ ᠪᠠᠨ ᠴᠠᠭ ᠲᠤᠬᠠᠶ ᠳᠤ ᠨᠢ ᠰᠢᠨᠡᠳᠬᠡᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠠᠶᠢᠮᠠᠭ ᠬᠤᠲᠠ ᠨᠢ ᠲᠣᠰ | ᠲᠥᠰᠦᠯ ᠤᠨ ᠱᠠᠭᠠᠷᠳᠠᠯᠭ᠎ᠠ ᠶᠣᠰᠣᠭᠠᠷ᠂ ᠪᠣᠳᠠᠲᠠᠶ ᠬᠡᠷᠡᠭᠵᠢᠭᠦᠯᠬᠦ ᠰᠠᠨᠠᠯ ᠢ ᠱᠠᠯᠠᠪᠳᠠᠨ ᠲᠣᠭᠲᠠᠭᠠᠵᠤ᠂ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢᠨ ᠬᠠᠮᠲᠤ᠂ 2021 ᠣᠨ ᠤ 3 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠯᠪᠣᠭᠳᠠᠯ ᠪᠥᠬᠦᠶ ᠠᠵᠢᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠵᠦ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠨᠢ ᠬᠤᠷᠢᠶᠠᠩᠭᠤᠶᠢᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠵᠤ ᠠᠮᠤ | ᠪᠤᠳᠠᠭᠠᠨ ᠤ ᠦᠢᠯᠡᠳᠪᠦᠷᠢᠯᠡᠯ ᠢᠶᠠᠨ ᠲᠣᠭᠲᠠᠭᠤᠨ ᠪᠠᠶᠢᠯᠭᠠᠬᠤ ᠲᠠᠯ᠎ᠠ ᠶᠢᠨ ᠤᠬᠠᠭᠤᠯᠬᠤ ᠠᠵᠢᠯ ᠢ ᠦᠨᠡᠨ ᠬᠦ | ᠰᠠᠶᠢᠲᠤᠷ ᠠᠳᠬᠤᠵᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠦᠢᠯᠡᠳᠪᠦᠷᠢᠯᠡᠯ ᠢ ᠬᠥᠭᠵᠢᠭᠦᠯᠬᠦ | ᠰᠠᠶᠢᠨ ᠰᠠᠶᠢᠬᠠᠨ ᠣᠷᠴᠢᠨ ᠪᠠᠶᠢᠳᠠᠯ ᠲᠠᠢ ᠪᠣᠯᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠯᠴᠠᠨ ᠲᠣᠰ ᠲᠥᠰᠦᠯ ᠢ ᠬᠡᠷᠡᠭᠵᠢᠭᠦᠯᠦᠭᠰᠡᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ︵ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ | ᠠᠩᠭᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ | ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ | ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2021 ᠣᠨ ᠤ 2 ᠳ᠋ᠤᠭᠠᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | | | | | | | | | | | ᠁ |