ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠦᠪᠦᠷ ᠵᠠᠰᠠᠭ ᠠᠯᠪᠠᠨ ᠲᠠᠷᠬᠠᠭᠠᠭᠰᠠᠨ ﹇2021﹈ 21 ᠳ᠋ᠦ᠋ᠭᠡᠷ ᠲᠣᠭᠠᠲᠤ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ | ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠯᠪᠠᠨ ᠲᠢᠩᠬᠢᠮ ᠤᠨ | ᠬᠡᠷᠡᠭᠵᠢᠭᠦᠯᠬᠦ ᠰᠠᠨᠠᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠴᠡᠬᠡᠨ ᠤ ᠪᠠᠷᠢᠯᠭ᠎ᠠ ᠶᠢᠨ | ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠲᠦᠷᠢᠮ︾ ᠢ ᠲᠤᠭᠤᠰᠢᠯᠠᠭᠤᠯᠤᠨ | ᠬᠡᠷᠡᠭᠵᠢᠭᠦᠯᠵᠦ᠂ ᠪᠥᠬᠦ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ᠂ ᠪᠣᠬᠢᠷᠲᠤᠯ ᠥᠬᠡᠶ ᠪᠠᠷᠢᠯᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ᠳᠤᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠣᠬᠢᠷᠲᠤᠯ | ᠦᠭᠡᠢ ᠪᠠᠷ᠂ ᠨᠡᠭᠦᠷᠡᠰᠦᠲᠥ᠋ᠷᠥᠭᠴᠢ ᠪᠠᠭᠠᠲᠠᠢ ᠪᠠ ᠦᠷᠭᠦᠯᠵᠢᠯᠡᠬᠦ ᠬᠥᠭᠵᠢᠯᠲᠡ ᠪᠠᠷ ᠭᠤᠤᠯ ᠱᠤᠭᠤᠮ ᠪᠣᠯᠭᠠᠵᠤ᠂ | ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠵᠠᠬ᠎ᠠ ᠳᠡᠯᠭᠡᠭᠦᠷ ᠤᠨ ᠠᠵᠢᠯᠯᠠᠭ᠎ᠠ ᠶᠢ | ᠵᠢᠷᠤᠮᠵᠢᠭᠤᠯᠬᠤ᠂ ᠮᠡᠷᠭᠡᠵᠢᠯ ᠢᠶᠠᠷ ᠲᠤᠯᠭᠠᠭᠤᠷᠢᠯᠠᠬᠤ ᠶᠢ ᠴᠢᠩᠭᠠᠳᠬᠠᠬᠤ ᠪᠠᠷ ᠠᠷᠭ᠎ᠠ ᠪᠠᠷᠢᠯ ᠪᠣᠯᠭᠠᠨ᠂ ᠪᠠᠷᠢᠯᠭ᠎ᠠ ᠶᠢᠨ | ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠬᠠᠷᠠᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠤ ᠡᠨᠧᠷᠭᠢ ᠶᠢᠨ ᠬᠤᠷᠣᠭᠳᠠᠯ ᠳᠤ ︽ᠬᠤᠶᠠᠷ ᠢ ᠬᠢᠵᠠᠭᠠᠷᠯᠠᠬᠤ︾ ᠠᠵᠢᠯ ᠢ ᠤᠯᠠᠮ | ᠨᠢᠭᠡ ᠠᠯᠬᠤᠮ ᠰᠠᠶᠢᠲᠤᠷ ᠬᠢᠵᠦ᠂ ᠡᠬᠢ ᠪᠠᠶᠠᠯᠢᠭ ᠡᠨᠧᠷᠭᠢ ᠶᠢᠨ ᠬᠤᠷᠣᠭᠳᠠᠯ ᠢ ᠪᠠᠭᠠᠰᠬᠠᠨ᠂ ᠤᠷᠤᠰᠢᠨ ᠰᠠᠭᠤᠬᠤ | ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ | --- ᠬᠠᠤᠯᠢ ᠶᠣᠰᠣᠭᠠᠷ ᠠᠬᠢᠭᠤᠯᠵᠤ᠂ ᠵᠢᠷᠤᠮᠵᠢᠭᠤᠯᠤᠨ ᠬᠠᠮᠢᠶᠠᠷᠤᠨ᠎ᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠴᠡᠬᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ | ᠦᠭᠡᠶ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ ᠤᠨ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢᠨ | ᠲᠣᠭᠲᠠᠯᠴᠠᠭ᠎ᠠ᠂ ᠬᠠᠮᠢᠶᠠᠷᠤᠯᠲᠠ ᠶᠢᠨ ᠲᠣᠭᠲᠠᠯᠴᠠᠭ᠎ᠠ᠂ ᠮᠡᠷᠭᠡᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠵᠦ᠂ ᠡᠯ᠎ᠡ | ᠰᠠᠯᠠᠭ᠎ᠠ ᠮᠥᠴᠢᠷ ᠤᠨ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠳᠠᠷᠠᠭᠤᠯᠤᠨ᠂ ᠪᠠᠷᠢᠯᠭ᠎ᠠ ᠶᠢᠨ ᠡᠨᠧᠷᠭᠢ | ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠬᠢᠷᠢ ᠲᠦᠪᠰᠢᠨ ᠢ ᠨᠢ | ᠳᠡᠭᠡᠭᠰᠢᠯᠡᠭᠦᠯᠦᠨ᠎ᠡ᠃ | --- ᠭᠤᠤᠯᠳᠠᠯᠭ᠎ᠠ ᠪᠠᠨ ᠲᠣᠪᠤᠶᠢᠯᠭᠠᠵᠤ᠂ ᠪᠦᠬᠦ ᠲᠠᠯ᠎ᠠ ᠪᠠᠷ ᠠᠬᠢᠭᠤᠯᠤᠨ᠎ᠠ᠃ ᠪᠣᠬᠢᠷᠲᠤᠯ ᠦᠭᠡᠢ ᠪᠠᠷᠢᠯᠭ᠎ᠠ ᠶᠢ | ᠬᠥᠭᠵᠢᠭᠦᠯᠬᠦ ᠪᠠᠷ ᠭᠤᠣᠯ ᠱᠤᠭᠤᠮ ᠪᠣᠯᠭᠠᠨ᠂ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ᠂ | ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠬᠦ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢ | ᠬᠥᠭᠵᠢᠭᠦᠯᠬᠦ᠂ ᠣᠳᠣ ᠶᠢᠨ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠥᠭᠡᠷᠡᠴᠢᠯᠡᠨ ᠰᠠᠶᠢᠵᠢᠷᠠᠭᠤᠯᠬᠤ᠂ | ᠳᠠᠬᠢᠨ ᠡᠭᠦᠰᠴᠦ ᠪᠣᠯᠬᠤ ᠡᠨᠧᠷᠭᠢ ᠶᠢ ᠬᠡᠷᠡᠭᠯᠡᠬᠦ᠂ ᠪᠠᠷᠢᠯᠭ᠎ᠠ ᠶᠢᠨ ᠳᠤᠯᠠᠭᠠᠨ ᠪᠠᠶᠢᠯᠭᠠᠬᠤ ᠶᠢ ᠪᠠᠳᠤᠯᠠᠬᠤ | ᠪᠦᠲᠦᠴᠡ ᠶᠢ ᠨᠢᠭᠡ ᠴᠤᠭᠴᠠᠵᠢᠭᠤᠯᠤᠨ ᠬᠡᠷᠡᠭᠯᠡᠬᠦ᠂ ᠢᠳᠡᠪᠬᠢ ᠪᠤᠰᠤ ᠬᠡᠯᠪᠡᠷᠢ ᠪᠦᠬᠦᠢ ᠬᠡᠳᠦ ᠪᠠᠭ᠎ᠠ ᠡᠨᠧᠷᠭᠢ ᠶᠢᠨ | ᠬᠤᠷᠣᠭᠳᠠᠯ ᠲᠠᠢ ᠪᠠᠷᠢᠯᠭ᠎ᠠ ᠶᠢ ᠬᠥᠭᠵᠢᠭᠦᠯᠬᠦ ᠪᠠ ᠪᠣᠬᠢᠷᠲᠤᠯ ᠦᠭᠡᠢ ᠪᠠᠷ ᠪᠠᠷᠢᠯᠭ᠎ᠠ ᠪᠠᠷᠢᠬᠤ ᠵᠡᠷᠭᠡ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | --- ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠲᠥᠷᠥᠯ ᠬᠤᠪᠢᠶᠠᠵᠤ ᠵᠢᠭᠠᠨ ᠵᠢᠯᠣᠭᠤᠳᠤᠨ᠎ᠠ᠃ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠦᠪᠰᠢᠨ᠂ ᠡᠬᠢ ᠪᠠᠶᠠᠯᠢᠭ ᠠᠭᠤᠷ | ᠠᠮᠢᠰᠬᠤᠯ ᠤᠨ ᠨᠥᠬᠦᠴᠡᠯ ᠪᠠ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠲᠠᠢ ᠤᠶᠠᠯᠳᠤᠭᠤᠯᠤᠨ᠂ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢ ᠬᠥᠭᠵᠢᠭᠦᠯᠬᠦ ᠬᠠᠷᠠᠯᠲᠠ ᠪᠣᠯᠤᠨ ᠠᠷᠭ᠎ᠠ | ᠪᠣᠳᠣᠯᠭ᠎ᠠ ᠶᠢ ᠡᠮᠬᠢ ᠵᠢᠷᠤᠮ ᠲᠠᠢ ᠨᠠᠶᠢᠳᠠᠪᠤᠷᠢᠵᠢᠭᠤᠯᠵᠤ᠂ ᠠᠷᠠᠳ ᠣᠯᠠᠨ ᠤ ᠣᠷᠣᠰᠢᠨ ᠰᠠᠭᠤᠬᠤ ᠰᠠᠶᠢᠨ ᠰᠠᠶᠢᠬᠠᠨ | ᠣᠷᠴᠢᠨ ᠲᠣᠭᠤᠷᠢᠨ ᠤ ᠬᠡᠷᠡᠭᠴᠡᠭᠡ ᠶᠢ ᠬᠠᠩᠭᠠᠨ᠎ᠠ᠃ | --- ᠮᠡᠷᠭᠡᠵᠢᠯ ᠢᠶᠠᠷ ᠬᠥᠲᠥᠯᠥᠨ ᠳᠠᠭᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ︽ᠳᠥᠷᠪᠡᠨ | ᠰᠢᠨ᠎ᠡ ᠮᠡᠷᠭᠡᠵᠢᠯ︾ ︵ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ︶ ᠤᠨ | ᠬᠡᠷᠡᠭᠯᠡᠭᠡᠨ ᠢ ᠠᠬᠢᠭᠤᠯᠤᠨ᠂ ᠬᠤᠴᠣᠷᠤᠩᠭᠤᠶ ᠮᠡᠷᠭᠡᠵᠢᠯ ᠪᠠ ᠦᠢᠯᠡᠳᠬᠦᠨ ᠢ ᠲᠦᠷᠭᠡᠳᠬᠡᠨ ᠰᠢᠭᠰᠢᠭᠳᠡᠭᠦᠯᠵᠦ᠂ ᠪᠥᠬᠦ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠤ ᠡᠨᠧᠷᠭᠢ ᠶᠢᠨ | ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠬᠠᠷᠠᠯᠲᠠ ᠶᠢ ᠪᠡᠶᠡᠯᠡᠭᠦᠯᠦᠨ᠎ᠡ᠃ | ︵ᠭᠤᠷᠪᠠ︶ ᠭᠤᠣᠯ ᠬᠠᠷᠠᠯᠲᠠ᠃ 2022 ᠣᠨ ᠳᠤ᠂ ᠪᠥᠬᠦ ᠣᠷᠣᠨ ᠤ ᠬᠤᠲᠠ ᠪᠠᠯᠭᠠᠰᠤᠨ ᠤ ᠰᠢᠨ᠎ᠡ ᠪᠠᠷ | ᠪᠠᠶᠢᠭᠤᠯᠤᠭᠳᠠᠭᠰᠠᠨ ᠪᠠᠷᠢᠯᠭ᠎ᠠ ᠳᠠᠬᠢ ᠪᠣᠬᠢᠷᠲᠤᠯ ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 60% ᠪᠣᠯᠭᠠᠨ᠎ᠠ︔ | ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢᠨ ᠡᠵᠡᠯᠡᠬᠦ ᠬᠠᠷᠢᠴᠠᠯ ᠢ 15% ᠪᠣᠯᠭᠠᠬᠤ ᠪᠠᠷ ᠴᠢᠷᠮᠠᠶᠢᠨ᠎ᠠ︔ ᠡᠯ᠎ᠡ | ᠠᠶᠢᠮᠠᠭ ᠬᠤᠲᠠ ᠨᠢ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ | ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠬᠡᠷᠡᠭᠲᠡᠶ︔ ᠣᠳᠣ ᠶᠢᠨ ᠪᠠᠶᠢᠭ᠎ᠠ ᠣᠷᠣᠨ ᠰᠠᠭᠤᠴᠠ ᠶᠢᠨ | ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ 500 ᠲᠦᠮᠡᠨ ᠲᠡᠭᠰᠢ | ᠳᠥᠷᠪᠡᠯᠵᠢᠨ ᠮᠧᠳ᠋ᠷ ᠪᠡᠶᠡᠯᠡᠭᠦᠯᠵᠦ᠂ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠬᠡᠷᠡᠭᠯᠡᠬᠦ ᠲᠠᠯᠠᠪᠠᠶ ᠶᠢ 700 | ᠲᠦᠮᠡᠨ ᠲᠡᠭᠰᠢ ᠳᠥᠷᠪᠡᠯᠵᠢᠨ ᠮᠧᠳ᠋ᠷ ᠪᠣᠯᠭᠠᠨ᠎ᠠ︔ ᠰᠢᠨ᠎ᠡ ᠪᠠᠷ ᠪᠠᠶᠢᠭᠤᠯᠤᠭᠳᠠᠭᠰᠠᠨ ᠪᠠᠷᠢᠯᠭ᠎ᠠ ᠳᠠᠬᠢ ᠪᠠᠷᠢᠯᠭ᠎ᠠ ᠶᠢᠨ | ᠳᠤᠯᠠᠭᠠᠨ ᠪᠠᠶᠢᠯᠭᠠᠬᠤ ᠶᠢ ᠪᠠᠳᠤᠯᠠᠬᠤ ᠪᠦᠲᠦᠴᠡ ᠶᠢᠨ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠡᠵᠡᠯᠡᠬᠦ | ᠬᠠᠷᠢᠴᠠᠯ ᠢ 10% ᠪᠣᠯᠭᠠᠨ᠎ᠠ︔ ᠠᠷᠠᠳ ᠤᠨ ᠬᠡᠷᠡᠭᠴᠡᠬᠡᠨ ᠤ ᠪᠠᠷᠢᠯᠭ᠎ᠠ ᠳᠤ ᠬᠡᠷᠡᠭᠯᠡᠬᠦ ᠳᠠᠬᠢᠨ ᠡᠭᠦᠰᠴᠦ ᠪᠣᠯᠬᠤ | ᠡᠨᠧᠷᠭᠢ ᠶᠢᠨ ᠬᠠᠷᠢᠴᠠᠯ ᠢ 10% ᠪᠣᠯᠭᠠᠨ᠎ᠠ᠃ 2025 ᠣᠨ ᠪᠣᠯᠬᠤ ᠳᠤ᠂ ᠪᠥᠬᠦ ᠣᠷᠣᠨ ᠤ ᠬᠤᠲᠠ | ᠪᠠᠯᠭᠠᠰᠤᠨ ᠤ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ | ᠲᠠᠯ᠎ᠠ ᠪᠠᠷ ᠬᠡᠷᠡᠭᠵᠢᠭᠦᠯᠵᠦ᠂ ᠪᠣᠬᠢᠷᠲᠤᠯ ᠥᠬᠡᠶ ᠠᠮᠢ ᠠᠬᠤᠶ ᠶᠢᠨ ᠬᠤᠲᠠ ᠲᠣᠭᠤᠷᠢᠭ ᠪᠠ ᠪᠣᠬᠢᠷᠲᠤᠯ ᠥᠬᠡᠶ ᠠᠮᠢ | ᠠᠬᠤᠶ ᠶᠢᠨ ᠰᠠᠭᠤᠭᠠᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠤᠨ᠂ | ᠰᠢᠨ᠎ᠡ ᠪᠠᠷ ᠪᠠᠶᠢᠭᠤᠯᠤᠭᠳᠠᠭᠰᠠᠨ ᠪᠠᠷᠢᠯᠭ᠎ᠠ ᠳᠠᠬᠢ ᠣᠳᠣᠨ ᠲᠠᠰ ᠲᠠᠢ ᠪᠣᠬᠢᠷᠲᠤᠯ ᠥᠬᠡᠶ ᠪᠠᠷᠢᠯᠭ᠎ᠠ ᠶᠢᠨ ᠡᠵᠡᠯᠡᠬᠦ | ᠬᠠᠷᠢᠴᠠᠯ ᠢ 30% ᠠᠴᠠ ᠳᠠᠪᠠᠭᠤᠯᠤᠨ᠎ᠠ︔ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢᠨ ᠲᠠᠯᠠᠪᠠᠢ ᠪᠦᠷᠢ ᠳᠠᠬᠢ | ᠡᠵᠡᠯᠡᠬᠦ ᠬᠠᠷᠢᠴᠠᠯ ᠢ 30% ᠪᠣᠯᠭᠠᠬᠤ ᠪᠠᠷ ᠴᠢᠷᠮᠠᠶᠢᠨ᠎ᠠ︔ ᠣᠳᠣ ᠶᠢᠨ ᠪᠠᠶᠢᠭ᠎ᠠ ᠣᠷᠣᠨ ᠰᠠᠭᠤᠴᠠ ᠶᠢᠨ | ᠪᠠᠷᠢᠯᠭ᠎ᠠ ᠶᠢᠨ ᠡᠨᠧᠷᠭᠢ ᠠᠷᠪᠢᠯᠠᠬᠤ ᠳᠤ 1000 ᠲᠦᠮᠡᠨ ᠲᠡᠭᠰᠢ ᠳᠥᠷᠪᠡᠯᠵᠢᠨ ᠮᠧᠳ᠋ᠷ ᠥᠭᠡᠷᠡᠴᠢᠯᠡᠨ | ᠰᠠᠶᠢᠵᠢᠷᠠᠭᠤᠯᠵᠤ᠂ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠪᠠᠨ ᠳᠡᠭᠡᠭᠰᠢᠯᠡᠭᠦᠯᠬᠦ ᠶᠢ | ᠲᠠᠰᠤᠷᠠᠯᠲᠠ ᠥᠬᠡᠶ ᠭᠦᠨᠵᠡᠭᠡᠶᠢᠷᠡᠭᠦᠯᠦᠨ᠎ᠡ︔ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠬᠦ | ᠲᠠᠯᠠᠪᠠᠶ ᠪᠠᠨ 1000 ᠲᠦᠮᠡᠨ ᠲᠡᠭᠰᠢ ᠳᠥᠷᠪᠡᠯᠵᠢᠨ ᠮᠧᠳ᠋ᠷ ᠲᠤ ᠬᠦᠷᠭᠡᠵᠦ᠂ ᠪᠠᠷᠢᠯᠭ᠎ᠠ ᠶᠢᠨ ᠳᠤᠯᠠᠭᠠᠨ | ᠪᠠᠶᠢᠯᠭᠠᠬᠤ ᠶᠢ ᠪᠠᠳᠤᠯᠠᠬᠤ ᠪᠦᠲᠦᠴᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠡᠵᠡᠯᠡᠬᠦ ᠬᠠᠷᠢᠴᠠᠯ ᠢ ᠨᠢ | 30% ᠠᠴᠠ ᠳᠡᠭᠡᠭᠰᠢ ᠪᠣᠯᠭᠠᠨ᠂ ᠠᠷᠠᠳ ᠤᠨ ᠬᠡᠷᠡᠭᠴᠡᠬᠡᠨ ᠤ ᠪᠠᠷᠢᠯᠭ᠎ᠠ ᠳᠤ ᠳᠠᠬᠢᠨ ᠡᠭᠦᠰᠴᠦ ᠪᠣᠯᠬᠤ | ᠡᠨᠧᠷᠭᠢ ᠶᠢᠨ ᠬᠡᠷᠡᠭᠯᠡᠬᠦ ᠬᠠᠷᠢᠴᠠᠯ ᠢ 30% ᠪᠣᠯᠭᠠᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠠᠨ | ᠴᠢᠩᠭᠠᠳᠬᠠᠨ᠎ᠠ᠃ | 1 . ᠪᠠᠷᠢᠯᠭ᠎ᠠ ᠶᠢᠨ ᠡᠨᠧᠷᠭᠢ ᠠᠷᠪᠢᠯᠠᠬᠤ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠦᠨ᠎ᠡ᠃ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ︽ᠣᠷᠣᠨ ᠰᠠᠭᠤᠴᠠ ᠶᠢᠨ | ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵DBJ03-35-2019︶ ᠪᠠ | ︽ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵ | DBJ03-27-2017︶ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠷᠢᠯᠭ᠎ᠠ ᠶᠢᠨ ᠡᠭᠦᠳᠡ ᠴᠣᠩᠬᠤ᠂ ᠭᠠᠳᠠᠷ | ᠬᠡᠷᠡᠮ ᠤᠨ ᠳᠤᠯᠠᠭᠠᠨ ᠪᠠᠶᠢᠯᠭᠠᠬᠤ ᠶᠢ ᠪᠠᠲᠤᠯᠠᠬᠤ ᠵᠡᠷᠭᠡ ᠵᠠᠩᠭᠢᠯᠠᠭ᠎ᠠ ᠶᠢᠨ ᠬᠡᠰᠡᠭ ᠪᠣᠯᠬᠤ ᠤᠭᠰᠠᠷᠠᠮᠠᠯ ᠪᠡᠯᠡᠨ | ᠦᠢᠯᠡᠳᠬᠦᠨ ᠤ ᠡᠨᠧᠷᠭᠢ ᠠᠷᠪᠢᠯᠠᠬᠤ ᠴᠢᠳᠠᠮᠵᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠦᠨ᠂ ᠵᠢᠷᠤᠭ ᠲᠥᠯᠥᠪᠯᠡᠭᠡ᠂ | ᠵᠢᠷᠤᠭ ᠬᠢᠨᠠᠬᠤ᠂ ᠪᠠᠷᠢᠯᠭ᠎ᠠ ᠪᠠᠷᠢᠬᠤ᠂ ᠪᠠᠶᠢᠴᠠᠭᠠᠨ ᠰᠢᠯᠭᠠᠬᠤ᠂ ᠬᠢᠨᠠᠨ ᠬᠠᠮᠢᠶᠠᠷᠬᠤ᠂ ᠪᠠᠷᠢᠯᠭ᠎ᠠ ᠳᠠᠭᠤᠰᠤᠭᠰᠠᠨ ᠢ | ᠰᠢᠯᠭᠠᠨ ᠠᠪᠬᠤ ᠵᠡᠷᠭᠡ ᠭᠤᠭᠴᠣᠭᠠᠨ ᠳᠠᠬᠢ ᠡᠨᠧᠷᠭᠢ ᠠᠷᠪᠢᠯᠠᠬᠤ ᠶᠠᠰᠤ ᠴᠢᠨᠠᠷ ᠤᠨ ᠬᠠᠮᠢᠶᠠᠷᠤᠯᠲᠠ ᠶᠢ | ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ ᠪᠠᠷ ᠱᠠᠭᠠᠷᠳᠠᠵᠤ ᠡᠨᠧᠷᠭᠢ ᠶᠢᠨ ᠬᠤᠷᠣᠭᠳᠠᠯ ᠪᠠᠷᠤᠭ ᠯᠡ ᠦᠭᠡᠶ᠂ | ᠡᠨᠧᠷᠭᠢ ᠶᠢᠨ ᠬᠤᠷᠣᠭᠳᠠᠯ ᠥᠴᠥᠬᠡᠨ ᠴᠦ ᠦᠭᠡᠶ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠶᠢ ᠨᠢ | ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ᠃ ᠳᠣᠷᠣᠭᠰᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠬᠤ ᠴᠢᠬᠤᠯᠠᠲᠠᠢ ᠪᠣᠯᠬᠤᠷ ᠳᠠᠭᠢᠵᠤ ᠵᠢᠭᠰᠠᠭᠠᠵᠤ ᠲᠤᠳᠤᠷᠬᠠᠶᠢᠯᠠᠬᠤ ᠥᠬᠡᠶ︶ | 2 . ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ | ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ | ᠬᠤᠷᠣᠭᠳᠠᠯ᠂ ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ ᠬᠠᠮᠢᠶ᠎ᠠ ᠪᠥᠬᠦᠶ ᠵᠢᠷᠤᠭ ᠲᠥᠯᠥᠪᠯᠡᠭᠡ᠂ | ᠮᠠᠲ᠋ᠧᠷᠢᠶᠠᠯ ᠤᠨ ᠬᠡᠷᠡᠭᠯᠡᠭᠡᠨ ᠤ ᠮᠡᠷᠭᠡᠵᠢᠯ ᠤᠨ ᠵᠦᠭᠯᠡᠭᠦᠷ ᠪᠠ ᠪᠠᠷᠢᠯᠭ᠎ᠠ ᠪᠠᠷᠢᠬᠤ ᠮᠡᠷᠭᠡᠵᠢᠯ ᠤᠨ ᠳᠦᠷᠢᠮᠯᠠᠯ ᠢ | ᠨᠠᠶᠢᠷᠠᠭᠤᠯᠤᠨ ᠵᠣᠬᠢᠶᠠᠵᠤ᠂ ᠮᠡᠷᠭᠡᠵᠢᠯ ᠤᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠢᠳᠡᠪᠬᠢ | ᠪᠤᠰᠤ ᠬᠡᠯᠪᠡᠷᠢ ᠪᠦᠬᠦᠢ ᠬᠡᠳᠦ ᠪᠠᠭ᠎ᠠ ᠡᠨᠧᠷᠭᠢ ᠶᠢᠨ ᠬᠤᠷᠣᠭᠳᠠᠯ᠂ ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ | ᠮᠡᠷᠭᠡᠵᠢᠯ ᠤᠨ ᠰᠤᠳᠤᠯᠤᠯ ᠪᠠ ᠬᠤᠷᠠᠭᠤᠯᠵᠤ ᠰᠢᠨ᠎ᠡ ᠶᠢ ᠡᠭᠦᠳᠬᠦ ᠶᠢ ᠰᠠᠶᠢᠲᠤᠷ ᠬᠢᠵᠦ᠂ ᠠᠵᠤ ᠦᠢᠯᠡᠰ ᠤᠨ | ᠬᠠᠩᠭᠠᠯᠭ᠎ᠠ ᠪᠠ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠢᠳᠡᠪᠬᠢ ᠪᠤᠰᠤ ᠬᠡᠯᠪᠡᠷᠢ ᠪᠦᠬᠦᠢ ᠬᠡᠲᠦ | ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ᠂ ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ ᠪᠠᠷᠢᠯᠭ᠎ᠠ ᠶᠢᠨ | ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠢᠳᠡᠪᠬᠢ ᠪᠤᠰᠤ ᠬᠡᠯᠪᠡᠷᠢ ᠪᠦᠬᠦᠢ ᠬᠡᠲᠦ | ᠪᠠᠭ᠎ᠠ ᠡᠨᠧᠷᠭᠢ ᠶᠢᠨ ᠬᠤᠷᠣᠭᠳᠠᠯ ᠲᠠᠢ᠂ ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ ᠪᠠᠷᠢᠯᠭ᠎ᠠ ᠶᠢᠨ | ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠠᠷᠢᠭᠤᠴᠠᠨ᠎ᠠ︶ | 3 . ᠪᠠᠷᠢᠯᠭ᠎ᠠ ᠶᠢᠨ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠥᠷᠢᠨᠰᠢᠭᠦᠯᠦᠨ᠎ᠡ᠃ | ᠡᠨᠧᠷᠭᠢ ᠶᠢᠨ ᠠᠰᠢᠭᠯᠠᠮᠵᠢ ᠶᠢ ᠰᠢᠯᠭᠠᠨ ᠲᠣᠭᠲᠠᠭᠠᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ | ᠡᠨᠧᠷᠭᠢ ᠶᠢᠨ ᠠᠰᠢᠭᠯᠠᠮᠵᠢ ᠶᠢ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠂ ᠢᠯᠡᠳᠬᠡᠬᠦ ᠲᠡᠮᠳᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠪᠠᠨ ᠠᠬᠢᠭᠤᠯᠤᠨ᠎ᠠ᠃ ᠣᠯᠠᠨ | ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠠᠯᠪᠠᠨ | ᠪᠠᠶᠢᠭᠤᠯᠭ᠎ᠠ ᠶᠢᠨ ᠠᠯᠪᠠᠯᠠᠬᠤ ᠭᠠᠵᠠᠷ ᠤᠨ ᠪᠠᠷᠢᠯᠭ᠎ᠠ ᠪᠠ ᠣᠯᠠᠨ ᠨᠡᠶᠢᠲᠡ ᠶᠢᠨ ᠲᠣᠮᠣ ᠬᠡᠯᠪᠡᠷᠢ ᠶᠢᠨ ᠪᠠᠷᠢᠯᠭ᠎ᠠ ᠳᠤ | ᠡᠨᠧᠷᠭᠢ ᠠᠷᠪᠢᠯᠠᠬᠤ ᠶᠢ ᠬᠢᠨᠠᠨ ᠰᠢᠨᠵᠢᠬᠦ ᠰᠢᠰᠲ᠋ᠧᠮ ᠤᠭᠰᠠᠷᠠᠬᠤ ᠶᠢ ᠠᠬᠢᠭᠤᠯᠤᠨ᠎ᠠ᠂ ᠨᠥᠬᠦᠴᠡᠯ ᠲᠠᠢ ᠭᠠᠵᠠᠷ | ᠣᠷᠣᠨ ᠨᠢ ᠣᠯᠠᠨ ᠨᠡᠶᠢᠲᠡ ᠶᠢᠨ ᠪᠤᠰᠤᠳ ᠪᠠᠷᠢᠯᠭ᠎ᠠ᠂ ᠣᠷᠣᠨ ᠰᠠᠭᠤᠴᠠ ᠶᠢᠨ ᠪᠠᠷᠢᠯᠭ᠎ᠠ ᠬᠦᠷᠲᠡᠯ᠎ᠡ ᠤᠭᠰᠠᠷᠠᠵᠦ᠂ | ᠪᠠᠷᠢᠯᠭ᠎ᠠ ᠶᠢᠨ ᠡᠨᠧᠷᠭᠢ ᠬᠡᠷᠡᠭᠯᠡᠬᠦ ᠶᠢ ᠲᠥᠷᠥᠯ ᠬᠤᠪᠢᠶᠠᠬᠤ ᠪᠠ ᠵᠦᠢᠯ ᠬᠤᠪᠢᠶᠠᠨ ᠬᠡᠮᠵᠢᠬᠦ ᠪᠣᠯᠭᠠᠨ᠎ᠠ᠃ ᠣᠯᠠᠨ | ᠨᠡᠶᠢᠲᠡ ᠶᠢᠨ ᠪᠠᠷᠢᠯᠭ᠎ᠠ ᠳᠠᠬᠢ ᠡᠨᠧᠷᠭᠢ ᠵᠣᠬᠢᠰᠲᠠᠶ ᠬᠡᠷᠡᠭᠯᠡᠬᠦ᠂ ᠡᠨᠧᠷᠭᠢ ᠶᠢᠨ ᠬᠤᠷᠣᠭᠳᠠᠯ ᠢ ᠬᠢᠵᠠᠭᠠᠷᠯᠠᠬᠤ᠂ | ᠪᠠᠷᠢᠯᠭ᠎ᠠ ᠶᠢᠨ ᠲᠥᠷᠥᠯ ᠬᠤᠪᠢᠶᠠᠨ ᠡᠨᠧᠷᠭᠢ ᠬᠡᠷᠡᠭᠯᠡᠬᠦ ᠶᠢᠨ ᠵᠢᠱᠢᠶᠡᠯᠡᠪᠦᠷᠢ ᠵᠡᠷᠭᠡ ᠳᠦᠷᠢᠮ ᠢ ᠪᠠᠶᠢᠭᠤᠯᠤᠨ᠎ᠠ᠃ | ᠡᠨᠧᠷᠭᠢ ᠶᠢᠨ ᠬᠤᠷᠣᠭᠳᠠᠯ ᠢ ᠪᠦᠷᠢᠳᠬᠡᠬᠦ᠂ ᠡᠨᠧᠷᠭᠢ ᠶᠢ ᠬᠢᠨᠠᠨ ᠪᠣᠳᠣᠬᠤ᠂ ᠡᠨᠧᠷᠭᠢ ᠶᠢᠨ ᠬᠤᠷᠣᠭᠳᠠᠯ ᠢ | ᠰᠦᠯᠵᠢᠶ᠎ᠡ ᠪᠠᠷ ᠬᠢᠨᠠᠨ ᠰᠢᠨᠵᠢᠬᠦ᠂ ᠡᠨᠧᠷᠭᠢ ᠶᠢᠨ ᠠᠰᠢᠭᠯᠠᠮᠵᠢ ᠶᠢ ᠢᠯᠡ ᠨᠡᠶᠢᠲᠡᠯᠡᠬᠦ ᠵᠡᠷᠭᠡ ᠠᠵᠢᠯ ᠢᠶᠠᠨ ᠠᠬᠢᠭᠤᠯᠵᠤ | ᠂ ᠪᠠᠷᠢᠯᠭ᠎ᠠ ᠶᠢᠨ ᠠᠵᠢᠯᠯᠠᠭᠠᠨ ᠤ ᠱᠠᠲᠤᠨ ᠳᠠᠬᠢ ᠡᠨᠧᠷᠭᠢ ᠶᠢᠨ ᠠᠰᠢᠭᠯᠠᠮᠵᠢ ᠶᠢᠨ ᠬᠠᠮᠢᠶᠠᠷᠤᠯᠲᠠ ᠶᠢ | ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠰᠤᠷᠭᠠᠨ ᠬᠥᠮᠦᠵᠢᠯ ᠤᠨ | ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | 4 . ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢ ᠬᠥᠲᠥᠯᠥᠨ ᠵᠢᠯᠣᠭᠤᠳᠴᠤ ᠪᠠᠶᠢᠭᠠᠳ | ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠠᠴᠠ ᠪᠠᠯᠠ | ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠪᠠᠷᠢᠯᠭ᠎ᠠ᠂ ᠮᠠᠯᠵᠢᠬᠤ ᠲᠠᠷᠢᠶᠠᠯᠠᠬᠤ | ᠣᠷᠣᠨ ᠤ ᠡᠯ᠎ᠡ ᠲᠥᠷᠥᠯ ᠤᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ | ᠵᠦᠢᠯ ᠳᠤ ᠪᠣᠬᠢᠷᠲᠤᠯ ᠥᠬᠡᠶ ᠡᠨᠧᠷᠭᠢ ᠠᠷᠪᠢᠯᠠᠬᠤ ᠮᠡᠷᠭᠡᠵᠢᠯ ᠢ ᠰᠣᠩᠭᠤᠨ ᠬᠡᠷᠡᠭᠯᠡᠬᠦ ᠶᠢ ᠨᠢ ᠵᠣᠷᠢᠭᠵᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠠᠷᠢᠯᠭ᠎ᠠ ᠶᠢ ︽ᠮᠠᠯᠵᠢᠬᠤ ᠲᠠᠷᠢᠶᠠᠯᠠᠬᠤ ᠣᠷᠣᠨ ᠤ | ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵ | DBJ03-78-2017︶ ᠶᠣᠰᠣᠭᠠᠷ ᠵᠢᠷᠤᠭᠯᠠᠨ ᠲᠥᠯᠥᠪᠯᠡᠬᠦ ᠪᠠ ᠪᠠᠶᠢᠭᠤᠯᠬᠤ ᠶᠢ ᠠᠬᠢᠭᠤᠯᠤᠨ᠎ᠠ᠃ ᠬᠤᠳᠠ | ᠬᠥᠳᠡᠭᠡ ᠶᠢᠨ ᠠᠭᠤᠯᠵᠠᠷ ᠬᠡᠰᠡᠭ ᠲᠠᠬᠢ ᠤᠤᠯ ᠤᠨ ᠪᠠᠶᠢᠭᠰᠠᠨ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠥᠭᠡᠷᠡᠴᠢᠯᠡᠨ | ᠰᠠᠶᠢᠵᠢᠷᠠᠭᠤᠯᠬᠤ ᠪᠠ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠠᠨ | ᠴᠢᠩᠭᠠᠳᠬᠠᠨ᠎ᠠ᠃ ᠲᠠᠷᠢᠶᠠᠴᠢᠨ ᠤ ᠭᠡᠷ ᠪᠠᠶᠢᠰᠢᠩ ᠤᠨ ᠪᠣᠬᠢᠷᠲᠤᠯ ᠦᠭᠡᠢ ᠪᠦᠲᠦᠭᠡᠨ ᠪᠠᠶᠢᠭᠤᠯᠤᠯᠲᠠ ᠶᠢ | ᠥᠷᠨᠢᠭᠦᠯᠦᠨ᠎ᠡ᠃ ᠴᠡᠪᠡᠷ ᠳᠤᠯᠠᠭᠠᠯᠠᠭ᠎ᠠ ᠶᠢ ᠳᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠠᠷᠢᠯᠭ᠎ᠠ ᠶᠢᠨ | ᠡᠨᠧᠷᠭᠢ ᠬᠡᠷᠡᠭᠯᠡᠬᠦ ᠶᠢ ᠴᠡᠪᠡᠷᠰᠢᠭᠦᠯᠬᠦ᠂ ᠨᠡᠭᠦᠷᠡᠰᠦ ᠦᠭᠡᠢ ᠪᠣᠯᠭᠠᠬᠤ ᠶᠢ ᠨᠢ ᠬᠥᠲᠥᠯᠥᠨ ᠵᠢᠯᠣᠭᠤᠳᠴᠤ᠂ ᠣᠷᠣᠨ | ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠂ ᠡᠩ ᠤᠨ ᠡᠨᠧᠷᠭᠢ ᠶᠢᠨ ᠬᠤᠷᠣᠭᠳᠠᠯ ᠢ ᠪᠠᠭᠤᠷᠠᠭᠤᠯᠤᠨ᠎ᠠ᠃ | ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶ | ︵ᠬᠤᠶᠠᠷ︶ ᠪᠣᠬᠢᠷᠲᠤᠯ ᠦᠭᠡᠢ ᠪᠠᠷᠢᠯᠭ᠎ᠠ ᠶᠢᠨ ᠬᠡᠪᠴᠢᠶᠡᠵᠢᠨ ᠬᠥᠭᠵᠢᠬᠦ ᠶᠢ ᠠᠬᠢᠭᠤᠯᠤᠨ᠎ᠠ᠃ | 1 . ᠪᠣᠬᠢᠷᠲᠤᠯ ᠦᠭᠡᠶ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠬᠡᠪᠴᠢᠶ᠎ᠡ ᠪᠠᠨ ᠥᠷᠭᠡᠳᠬᠡᠨ᠎ᠡ᠃ | ᠪᠣᠬᠢᠷᠲᠤᠯ ᠦᠭᠡᠶ ᠪᠠᠷᠢᠯᠭ᠎ᠠ ᠶᠢ ᠠᠬᠢᠭᠤᠯᠬᠤ ᠳᠤ ᠳᠠᠩ ᠴᠣᠭᠴᠠ᠂ ᠪᠦᠯᠬᠦᠮ ᠲᠠᠢ ᠬᠥᠭᠵᠢᠵᠦ ᠪᠠᠶᠢᠭᠰᠠᠨ ᠠᠴᠠ | ᠰᠠᠭᠤᠭᠠᠯᠢ ᠲᠣᠭᠤᠷᠢᠭ ᠲᠡᠶᠢᠰᠢ᠂ ᠣᠷᠣᠨ ᠪᠦᠰᠡ ᠲᠡᠶᠢᠰᠢ ᠬᠥᠭᠵᠢᠭᠦᠯᠬᠦ ᠪᠣᠯᠭᠠᠵᠤ᠂ ᠪᠣᠬᠢᠷᠲᠤᠯ ᠦᠭᠡᠶ ᠠᠮᠢ | ᠠᠬᠤᠶ ᠶᠢᠨ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠥᠬᠡᠬᠤᠲᠠ᠂ ᠪᠤᠭᠤᠲᠤ | ᠬᠤᠲᠠ ᠶᠢᠨ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠪᠣᠬᠢᠷᠲᠤᠯ ᠦᠭᠡᠶ ᠪᠠᠷᠢᠯᠭ᠎ᠠ ᠶᠢᠨ ᠪᠠᠷᠢᠮᠵᠢᠶ᠎ᠠ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠪᠤᠰᠤᠳ ᠭᠠᠵᠠᠷ ᠣᠷᠣᠨ ᠢ ᠵᠣᠷᠢᠭᠵᠢᠭᠤᠯᠤᠨ ᠪᠣᠬᠢᠷᠲᠤᠯ ᠦᠭᠡᠶ ᠪᠠᠷᠢᠯᠭ᠎ᠠ ᠶᠢᠨ | ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠎ᠡ᠃ ᠡᠯ᠎ᠡ ᠭᠠᠵᠠᠷ ᠣᠷᠣᠨ ᠤ ᠪᠣᠬᠢᠷᠲᠤᠯ ᠥᠬᠡᠶ ᠠᠮᠢ ᠠᠬᠤᠶ ᠶᠢᠨ ᠬᠤᠲᠠ | ᠲᠣᠭᠤᠷᠢᠭ ᠤᠨ ᠬᠥᠭᠵᠢᠯᠲᠡ ᠶᠢᠨ ᠲᠥᠯᠥᠪᠵᠢᠭᠦᠯᠭᠡ ᠲᠣᠭᠲᠠᠭᠠᠬᠤ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠦᠨ᠂ ᠪᠣᠬᠢᠷᠲᠤᠯ ᠥᠬᠡᠶ | ᠠᠮᠢ ᠠᠬᠤᠶ ᠶᠢᠨ ᠬᠤᠲᠠ ᠲᠣᠭᠤᠷᠢᠭ ᠢ ᠢᠳᠡᠪᠬᠢᠲᠡᠶ ᠡᠭᠦᠳᠦᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ | ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠠᠷᠢᠭᠤᠴᠠᠨ᠎ᠠ︶ | 2 . ᠥᠨᠳᠥᠷ ᠣᠳᠣᠨ ᠲᠠᠰ ᠤᠨ ᠪᠣᠬᠢᠷᠲᠤᠯ ᠦᠭᠡᠶ ᠪᠠᠷᠢᠯᠭ᠎ᠠ ᠶᠢ ᠬᠥᠭᠵᠢᠭᠦᠯᠦᠨ᠎ᠡ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠴᠡᠬᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ | ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ ᠳᠤ ᠲᠣᠭᠲᠠᠭᠠᠭᠰᠠᠨ ︽ᠳᠥᠷᠪᠡᠨ ᠲᠥᠷᠥᠯ︾ ᠤᠨ | ᠠᠷᠠᠳ ᠤᠨ ᠬᠡᠷᠡᠭᠴᠡᠬᠡᠨ ᠤ ᠪᠠᠷᠢᠯᠭ᠎ᠠ ᠶᠢ ᠨᠢᠭᠡ ᠣᠳᠣᠨ ᠳᠡᠰ ᠠᠴᠠ ᠳᠡᠭᠡᠭᠰᠢᠬᠢ ᠪᠣᠬᠢᠷᠲᠤᠯ ᠦᠭᠡᠶ ᠪᠠᠷᠢᠯᠭ᠎ᠠ ᠶᠢᠨ | ᠪᠠᠷᠢᠮᠵᠢᠶ᠎ᠠ ᠪᠠᠷ ᠵᠢᠷᠤᠭᠯᠠᠨ ᠲᠥᠯᠥᠪᠯᠡᠵᠦ ᠪᠠᠶᠢᠭᠤᠯᠤᠨ᠎ᠠ᠃ ᠪᠠᠷᠢᠯᠭ᠎ᠠ᠂ ᠪᠦᠲᠦᠴᠡ᠂ ᠮᠠᠰᠢᠨ ᠴᠠᠬᠢᠯᠭᠠᠨ᠂ ᠵᠠᠰᠠᠵᠤ | ᠴᠢᠮᠡᠭᠯᠡᠬᠦ ᠵᠡᠷᠭᠡ ᠲᠤᠰᠬᠠᠶ ᠮᠡᠷᠭᠡᠵᠢᠯ ᠢᠶᠠᠷ ᠬᠠᠮᠵᠢᠯᠴᠠᠬᠤ ᠵᠢᠴᠢ ᠵᠢᠷᠤᠭᠯᠠᠨ ᠲᠥᠯᠥᠪᠯᠡᠬᠦ᠂ ᠦᠢᠯᠡᠳᠪᠦᠷᠢᠯᠡᠬᠦ᠂ | ᠬᠤᠳᠠᠯᠳᠤᠨ ᠠᠪᠬᠤ ᠪᠦᠬᠦ ᠶᠠᠪᠤᠴᠠ ᠶᠢ ᠨᠢ ᠨᠢᠭᠡᠳᠦᠯᠲᠡᠶ ᠲᠥᠯᠥᠪᠯᠡᠭᠰᠡᠨ ᠪᠣᠬᠢᠷᠲᠤᠯ ᠦᠭᠡᠶ ᠪᠠᠷᠢᠯᠭ᠎ᠠ ᠶᠢᠨ | ᠮᠡᠷᠭᠡᠵᠢᠯ ᠤᠨ ᠬᠤᠷᠠᠮᠠᠯ ᠬᠡᠷᠡᠭᠯᠡᠭᠡᠨ ᠢ ᠳᠡᠯᠭᠡᠷᠡᠭᠦᠯᠵᠦ᠂ ᠪᠤᠰᠤᠳ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ | ᠬᠥᠭᠵᠢᠭᠦᠯᠬᠦ ᠲᠥᠷᠥᠯ ᠵᠦᠢᠯ ᠳᠤ ᠥᠨᠳᠥᠷ ᠣᠳᠣᠨ ᠲᠠᠰ ᠤᠨ ᠪᠣᠬᠢᠷᠲᠤᠯ ᠦᠭᠡᠶ ᠪᠠᠷᠢᠯᠭ᠎ᠠ ᠪᠦᠲᠦᠭᠡᠨ | ᠪᠠᠶᠢᠭᠤᠯᠬᠤ ᠶᠢ ᠵᠣᠷᠢᠭᠵᠢᠭᠤᠯᠤᠨ᠂ ᠨᠢᠭᠡ ᠪᠦᠯᠦᠭ ᠣᠳᠣᠨ ᠲᠠᠰ ᠲᠠᠢ ᠪᠣᠬᠢᠷᠲᠤᠯ ᠦᠭᠡᠶ ᠪᠠᠷᠢᠯᠭ᠎ᠠ᠂ ᠪᠣᠬᠢᠷᠲᠤᠯ | ᠦᠭᠡᠶ ᠠᠮᠢ ᠠᠬᠤᠶ ᠶᠢᠨ ᠰᠠᠭᠤᠭᠠᠯᠢ ᠲᠣᠭᠤᠷᠢᠭ ᠢ ᠲᠥᠪᠯᠡᠷᠡᠭᠦᠯᠦᠨ ᠵᠠᠯᠭᠠᠯᠳᠤᠭᠤᠯᠵᠤ ᠪᠦᠲᠦᠭᠡᠨ ᠪᠠᠶᠢᠭᠤᠯᠤᠨ᠎ᠠ᠃ | ᠪᠣᠬᠢᠷᠲᠤᠯ ᠦᠭᠡᠶ ᠪᠠᠷᠢᠯᠭ᠎ᠠ ᠶᠢᠨ ᠲᠡᠮᠳᠡᠭ ᠢ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠯ᠎ᠡ ᠠᠶᠢᠮᠠᠭ ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠲᠤᠰ ᠲᠤᠰ | ᠭᠤᠷᠪᠠᠨ ᠣᠳᠣᠨ᠂ ᠬᠤᠶᠠᠷ ᠣᠳᠣᠨ᠂ ᠨᠢᠭᠡ ᠣᠳᠣᠨ ᠲᠡᠰ ᠤᠨ ᠪᠣᠬᠢᠷᠲᠤᠯ ᠦᠭᠡᠶ ᠪᠠᠷᠢᠯᠭ᠎ᠠ ᠶᠢᠨ ᠲᠡᠮᠳᠡᠭ | ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠬᠠᠷᠢᠭᠤᠴᠠᠨ᠎ᠠ︶ | 3 . ᠪᠣᠬᠢᠷᠲᠤᠯ ᠥᠬᠡᠶ ᠣᠷᠣᠨ ᠰᠠᠭᠤᠴᠠ ᠶᠢᠨ ᠬᠡᠷᠡᠭᠯᠡᠭᠴᠢ ᠳᠤ ᠬᠢᠨᠠᠯᠲᠠ ᠲᠠᠯᠪᠢᠬᠤ ᠲᠣᠭᠲᠠᠴᠠ ᠶᠢ | ᠪᠠᠶᠢᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ | ᠪᠣᠬᠢᠷᠲᠤᠯ ᠥᠬᠡᠶ ᠣᠷᠣᠨ ᠰᠠᠭᠤᠴᠠ ᠬᠤᠳᠠᠯᠳᠤᠨ ᠠᠪᠤᠭᠴᠢ ᠶᠢᠨ ᠭᠡᠷ ᠪᠠᠶᠢᠰᠢᠩ ᠢ ᠰᠢᠯᠭᠠᠬᠤ ᠵᠦᠭᠯᠡᠭᠦᠷ︾ ᠪᠠ | ᠪᠣᠬᠢᠷᠲᠤᠯ ᠥᠬᠡᠶ ᠣᠷᠣᠨ ᠰᠠᠭᠤᠴᠠ ᠶᠢᠨ ᠬᠡᠷᠡᠭᠯᠡᠭᠴᠢ ᠳᠤ ᠬᠢᠨᠠᠯᠲᠠ ᠲᠠᠯᠪᠢᠬᠤ ᠠᠵᠢᠯ ᠤᠨ ᠱᠠᠭᠠᠷᠳᠠᠯᠭ᠎ᠠ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠣᠷᠣᠨ ᠰᠠᠭᠤᠴᠠ ᠶᠢᠨ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠬᠤ ᠨᠢᠭᠡᠴᠢ ᠶᠢ ᠬᠥᠲᠥᠯᠥᠨ ᠵᠢᠯᠣᠭᠤᠳᠴᠤ ᠪᠠᠶᠢᠭᠠᠳ ᠭᠡᠷ ᠪᠠᠶᠢᠰᠢᠩ ᠬᠤᠳᠠᠯᠳᠤᠨ ᠠᠪᠤᠭᠴᠢ ᠲᠠᠢ | ᠬᠠᠮᠵᠢᠯᠴᠠᠨ ᠭᠡᠷ ᠪᠠᠶᠢᠰᠢᠩ ᠢ ᠨᠢ ᠰᠢᠯᠭᠠᠬᠤ ᠠᠵᠢᠯ ᠢ ᠰᠠᠶᠢᠲᠤᠷ ᠬᠢᠯᠭᠡᠨ᠎ᠡ᠃ ᠡᠯ᠎ᠡ ᠭᠠᠵᠠᠷ ᠣᠷᠣᠨ ᠢ | ᠵᠣᠷᠢᠭᠵᠢᠭᠤᠯᠵᠤ ᠪᠠᠶᠢᠭᠠᠳ ᠣᠷᠣᠨ ᠰᠠᠭᠤᠴᠠ ᠶᠢᠨ ᠪᠣᠬᠢᠷᠲᠤᠯ ᠥᠬᠡᠶ ᠴᠢᠳᠠᠮᠵᠢ ᠪᠠ ᠪᠦᠷᠢᠨ ᠵᠠᠰᠠᠵᠤ ᠴᠢᠮᠡᠭᠯᠡᠬᠦ | ᠶᠠᠰᠤ ᠴᠢᠨᠠᠷ ᠤᠨ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢ ᠲᠠᠸᠠᠷ ᠤᠨ ᠭᠡᠷ ᠪᠠᠶᠢᠰᠢᠩ ᠬᠤᠳᠠᠯᠳᠤᠭᠠᠯᠠᠬᠤ ᠭᠡᠷ᠎ᠡ᠂ | ᠣᠷᠣᠨ ᠰᠠᠭᠤᠴᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ ᠪᠠ ᠣᠷᠣᠨ ᠰᠠᠭᠤᠴᠠ ᠬᠡᠷᠡᠭᠯᠡᠬᠦ | ᠲᠣᠳᠣᠷᠬᠠᠶᠢᠯᠠᠯᠲᠠ ᠶᠢᠨ ᠪᠢᠴᠢᠭ ᠲᠤ ᠣᠷᠣᠭᠤᠯᠵᠤ᠂ ᠶᠠᠰᠤ ᠴᠢᠨᠠᠷ ᠤᠨ ᠵᠠᠰᠠᠵᠤ ᠪᠠᠲᠤᠯᠠᠬᠤ ᠬᠠᠷᠢᠭᠤᠴᠠᠯᠭ᠎ᠠ ᠪᠠ | ᠵᠢᠭᠤᠷᠠᠯᠳᠤᠭᠠᠨ ᠢ ᠰᠢᠢᠳᠪᠦᠷᠢᠡᠯᠬᠦ ᠠᠷᠭ᠎ᠠ ᠮᠠᠶ᠋ᠢᠭ ᠢ ᠨᠢ ᠲᠣᠳᠣᠷᠬᠠᠶ ᠲᠣᠭᠲᠠᠭᠠᠨ᠎ᠠ᠃ ᠨᠢᠭᠡ ᠪᠦᠯᠦᠭ ᠣᠷᠣᠨ | ᠰᠠᠭᠤᠴᠠ ᠳᠤ ᠡᠷᠡᠭᠦᠯ ᠡᠩᠬᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠠᠬᠢᠭᠤᠯᠵᠤ᠂ ᠣᠷᠣᠨ ᠰᠠᠭᠤᠴᠠ ᠶᠢᠨ | ᠡᠷᠡᠭᠦᠯ ᠡᠩᠬᠡ ᠶᠢᠨ ᠴᠢᠳᠠᠮᠵᠢ ᠶᠢᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠢ ᠴᠢᠩᠭᠠᠷᠠᠭᠤᠯᠤᠨ᠂ ᠪᠠᠷᠢᠯᠭ᠎ᠠ | ᠳᠠᠭᠤᠰᠴᠤ ᠰᠢᠯᠭᠠᠨ ᠠᠪᠬᠤ ᠬᠠᠮᠢᠶᠠᠷᠤᠯᠲᠠ ᠶᠢ ᠴᠢᠩᠳᠠᠯᠠᠵᠤ᠂ ᠪᠣᠬᠢᠷᠲᠤᠯ ᠥᠬᠡᠶ ᠡᠷᠡᠭᠦᠯ ᠡᠩᠬᠡ ᠶᠢᠨ ᠣᠷᠣᠨ | ᠰᠠᠭᠤᠴᠠ ᠶᠢᠨ ᠴᠢᠨᠠᠷ ᠴᠢᠨᠰᠠᠭ᠎ᠠ ᠶᠢ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠠᠷᠢᠭᠤᠴᠠᠨ᠎ᠠ︶ | ︵ᠭᠤᠷᠪᠠ︶ ᠪᠠᠷᠢᠯᠭ᠎ᠠ ᠶᠢᠨ ᠠᠵᠤ ᠦᠢᠯᠡᠳᠪᠦᠷᠢᠵᠢᠭᠰᠡᠨ ᠬᠥᠭᠵᠢᠯᠲᠡ ᠶᠢ ᠠᠬᠢᠭᠤᠯᠤᠨ᠎ᠠ᠃ | 1 . ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢ ᠦᠷᠭᠦᠯᠵᠢᠯᠡᠨ ᠬᠥᠭᠵᠢᠭᠦᠯᠦᠨ᠎ᠡ᠃ ᠪᠠᠷᠢᠮᠵᠢᠶᠠᠲᠤ ᠪᠡᠯᠡᠨ | ᠤᠭᠰᠠᠷᠠᠮᠠᠯ ᠦᠢᠯᠡᠳᠬᠦᠨ ᠢᠶᠠᠷ ᠰᠠᠭᠤᠷᠢ ᠪᠣᠯᠭᠠᠭᠰᠠᠨ ᠲᠤᠰᠬᠠᠶᠢᠵᠢᠭᠰᠠᠨ᠂ ᠬᠡᠪᠴᠢᠶᠡᠵᠢᠭᠰᠡᠨ᠂ ᠮᠡᠳᠡᠭᠡ | ᠵᠠᠩᠭᠢᠵᠢᠭᠰᠠᠨ ᠦᠢᠯᠡᠳᠪᠦᠷᠢᠯᠡᠯ ᠤᠨ ᠲᠣᠭᠲᠠᠯᠴᠠᠭ᠎ᠠ ᠶᠢ ᠪᠠᠶᠢᠭᠤᠯᠵᠤ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢᠨ | ᠠᠵᠤ ᠦᠢᠯᠡᠰ ᠢ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠵᠣᠬᠢᠰᠲᠠᠶ ᠪᠠᠶᠢᠷᠢᠰᠢᠭᠤᠯᠤᠨ᠂ | ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢᠨ ᠠᠵᠤ ᠦᠢᠯᠡᠰ ᠤᠨ ᠰᠠᠭᠤᠷᠢᠨ ᠭᠠᠵᠠᠷ ᠪᠠ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠭᠰᠠᠷᠠᠮᠠᠯ ᠬᠡᠯᠪᠡᠷᠢ ᠪᠦᠬᠦᠢ ᠪᠧᠲ᠋ᠤᠨ ᠤ ᠪᠦᠲᠦᠴᠡ ᠶᠢᠨ ᠲᠥᠷᠥᠯ | ᠵᠦᠢᠯ ᠳᠤ ᠳᠣᠲᠣᠷ᠎ᠠ ᠭᠠᠳᠠᠨᠠᠬᠢ ᠬᠡᠷᠡᠮ ᠤᠨ ᠬᠠᠪᠲᠠᠰᠤ᠂ ᠠᠰᠠᠷ ᠤᠨ ᠬᠠᠪᠲᠠᠰᠤ᠂ ᠠᠰᠠᠷ ᠤᠨ ᠱᠠᠲᠤ ᠵᠡᠷᠭᠡ ᠪᠡᠯᠡᠨ | ᠤᠨᠨᠰᠠᠷᠠᠮᠠᠯ ᠲᠣᠨᠤᠭ ᠢ ᠤᠷᠢᠳ ᠢᠶᠠᠷ ᠬᠡᠷᠡᠭᠯᠡᠨ᠂ ᠳᠠᠬᠢᠭᠠᠳ ᠠᠯᠬᠤᠮ ᠠᠯᠬᠤᠮ ᠢᠶᠠᠷ ᠪᠣᠰᠤᠭ᠎ᠠ ᠲᠣᠨᠣᠭᠯᠠᠭᠠᠰᠤ ᠶᠢ | ᠬᠡᠷᠡᠭᠯᠡᠬᠦ ᠪᠣᠯᠭᠠᠨ ᠬᠥᠭᠵᠢᠭᠦᠯᠵᠦ᠂ ᠤᠭᠰᠠᠷᠠᠬᠤ ᠨᠣᠷᠮ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠠᠯᠪᠠᠯᠠᠬᠤ ᠠᠰᠠᠷ᠂ ᠡᠮᠨᠡᠯᠭᠡ ᠶᠢᠨ ᠬᠤᠷᠢᠶ᠎ᠠ᠂ | ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ | ᠡᠯ᠎ᠡ ᠲᠥᠷᠥᠯ ᠤᠨ ᠠᠷᠠᠳ ᠤᠨ ᠬᠡᠷᠡᠭᠴᠡᠭᠡᠨ ᠤ ᠪᠠᠷᠢᠯᠭ᠎ᠠ ᠳᠤ ᠤᠭᠰᠠᠷᠠᠮᠠᠯ ᠬᠡᠯᠪᠡᠷᠢ ᠪᠦᠬᠦᠢ ᠪᠣᠯᠣᠳ ᠪᠦᠲᠦᠴᠡ | ᠬᠡᠷᠡᠭᠯᠡᠬᠦ ᠶᠢ ᠠᠬᠢᠭᠤᠯᠵᠤ᠂ ᠨᠡᠭᠡᠭᠡᠨ ᠬᠥᠭᠵᠢᠭᠦᠯᠵᠦ ᠪᠠᠶᠢᠭ᠎ᠠ ᠬᠤᠳᠠᠯᠳᠤᠭᠠᠴᠢᠨ ᠢ ᠬᠥᠲᠥᠯᠥᠨ ᠵᠢᠯᠣᠭᠤᠳᠴᠤ | ᠪᠠᠶᠢᠭᠠᠳ ᠤᠭᠰᠠᠷᠠᠮᠠᠯ ᠬᠡᠯᠪᠡᠷᠢ ᠪᠦᠬᠦᠢ ᠪᠣᠯᠣᠳ ᠪᠦᠳᠦᠴᠡ ᠲᠠᠢ ᠣᠷᠣᠨ ᠰᠠᠭᠤᠴᠠ ᠶᠢ ᠪᠥᠲᠥᠭᠡᠨ ᠪᠠᠶᠢᠭᠤᠯᠤᠨ᠎ᠠ᠃ | ᠵᠢᠭᠤᠯᠴᠢᠯᠠᠯ ᠤᠨ ᠦᠵᠡᠮᠵᠢ ᠶᠢᠨ ᠣᠷᠣᠨ᠂ ᠴᠡᠴᠡᠷᠯᠢᠭ ᠤᠨ ᠦᠵᠡᠮᠵᠢ᠂ ᠥᠪᠡᠰᠦᠪᠡᠨ ᠲᠡᠷᠭᠡ ᠵᠢᠯᠣᠭᠤᠳᠴᠤ | ᠵᠤᠭᠠᠴᠠᠭᠰᠠᠳ ᠤᠨ ᠪᠠᠭᠤᠳᠠᠯ ᠵᠢᠴᠢ ᠠᠮᠠᠷᠠᠯᠲᠠ ᠶᠢᠨ ᠣᠷᠣᠨ ᠵᠡᠷᠭᠡ ᠣᠷᠣᠨ ᠪᠦᠰᠡ ᠳᠠᠬᠢ ᠰᠢᠨ᠎ᠡ ᠪᠠᠷᠢᠯᠭ᠎ᠠ ᠳᠤ᠂ | ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ ᠤᠳᠤ ᠦᠶ᠎ᠡ ᠶᠢᠨ ᠤᠭᠰᠠᠷᠠᠮᠠᠯ ᠬᠡᠯᠪᠡᠷᠢ ᠪᠦᠬᠦᠢ ᠮᠣᠳᠣᠨ | ᠪᠦᠲᠦᠴᠡ ᠶᠢ ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠰᠣᠶᠣᠯ | ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | 2 . ᠣᠷᠣᠨ ᠰᠠᠭᠤᠴᠠ ᠳᠤ ᠪᠦᠷᠢᠨ ᠵᠠᠰᠠᠵᠤ ᠴᠢᠮᠡᠭᠯᠡᠬᠦ ᠶᠢ ᠢᠳᠡᠪᠬᠢᠲᠡᠢ ᠬᠡᠷᠡᠭᠵᠢᠭᠦᠯᠦᠨ᠎ᠡ᠃ ᠣᠷᠣᠨ | ᠰᠠᠭᠤᠴᠠ ᠶᠢᠨ ᠪᠦᠷᠢᠨ ᠵᠠᠰᠠᠵᠤ ᠴᠢᠮᠡᠭᠯᠡᠬᠦ ᠲᠥᠷᠥᠯ ᠵᠦᠢᠯ ᠢ ᠠᠬᠢᠭᠤᠯᠬᠤ ᠳᠤ ᠪᠠᠷᠢᠯᠭ᠎ᠠ ᠪᠠᠨ ᠶᠡᠷᠦᠩᠬᠡᠶᠢᠯᠡᠨ | ᠳᠠᠭᠠᠭᠠᠴᠢᠯᠠᠭᠤᠯᠬᠤ ᠠᠷᠭ᠎ᠠ ᠮᠠᠶ᠋ᠢᠭ ᠢ ᠬᠡᠷᠡᠭᠵᠢᠭᠦᠯᠵᠤ᠂ ᠵᠢᠷᠤᠭᠯᠠᠨ ᠲᠥᠯᠥᠪᠯᠡᠬᠦ᠂ ᠬᠤᠳᠠᠯᠳᠤᠨ ᠠᠪᠬᠤ᠂ ᠪᠠᠷᠢᠯᠭ᠎ᠠ | ᠪᠠᠷᠢᠬᠤ ᠪᠠᠨ ᠨᠢᠭᠡ ᠴᠣᠠᠠᠴᠠᠵᠢᠭᠤᠯᠬᠤ ᠶᠢ ᠪᠡᠶᠡᠯᠡᠭᠦᠯᠦᠨ᠎ᠡ᠃ ᠲᠣᠪᠶᠤᠭ ᠮᠠᠶ᠋ᠢᠭ ᠤᠨ ᠰᠣᠩᠭᠤᠯᠲᠠ ᠲᠠᠢ ᠵᠠᠰᠠᠵᠤ | ᠴᠢᠮᠡᠭᠯᠡᠬᠦ ᠶᠢ ᠬᠡᠷᠡᠭᠵᠢᠭᠦᠯᠵᠦ᠂ ᠥᠪᠡᠷᠮᠢᠴᠡ ᠣᠨᠴᠠᠯᠢᠭ ᠲᠠᠢ ᠬᠡᠷᠡᠭᠴᠡᠭᠡ ᠱᠠᠭᠠᠷᠳᠠᠯᠭ᠎ᠠ ᠶᠢ ᠨᠢ ᠬᠠᠩᠭᠠᠨ᠎ᠠ᠃ | ᠬᠠᠭᠤᠷᠠᠶ ᠪᠠᠷ ᠤᠭᠰᠠᠷᠠᠭᠰᠠᠨ ᠠᠰᠠᠷ ︵ᠱᠠᠯᠠ︶ ᠤᠨ ᠥᠩᠭᠡᠨ ᠲᠠᠯ᠎ᠠ᠂ ᠨᠢᠭᠡᠳᠬᠡᠯ ᠴᠢᠳᠠᠮᠵᠢ ᠲᠠᠢ ᠲᠣᠭᠤᠭᠠᠨ ᠬᠡᠷ᠂ | ᠨᠢᠭᠡᠳᠬᠡᠯ ᠴᠢᠳᠠᠮᠵᠢ ᠲᠠᠢ ᠠᠷᠢᠭᠤᠨ ᠴᠡᠪᠡᠷ ᠤᠨ ᠲᠠᠰᠤᠯᠭ᠎ᠠ᠂ ᠬᠤᠭᠤᠯᠠᠶ ᠭᠤᠤᠷᠰᠤ ᠤᠲᠠᠰᠤ ᠵᠡᠷᠭᠡ ᠶᠢ | ᠤᠭᠰᠠᠷᠠᠮᠠᠯ ᠠᠷᠭ᠎ᠠ ᠪᠠᠷ ᠵᠠᠰᠠᠵᠤ ᠴᠢᠮᠡᠭᠯᠡᠨ ᠤᠭᠰᠠᠷᠠᠵᠤ ᠪᠠᠶᠢᠭᠤᠯᠬᠤ ᠶᠢ ᠨᠢ ᠠᠬᠢᠭᠤᠯᠤᠨ᠎ᠠ᠃ ᠣᠷᠣᠨ | ᠰᠠᠭᠤᠴᠠ ᠶᠢᠨ ᠪᠦᠷᠢᠨ ᠵᠠᠰᠠᠵᠤ ᠴᠢᠮᠡᠭᠯᠡᠬᠦ ᠳᠤ ᠬᠢᠨᠠᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠪᠣᠷᠣᠯᠠᠭᠤᠯᠤᠨ | ᠬᠤᠳᠠᠯᠳᠤᠬᠤ ᠳᠤ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠪᠡᠯᠡᠨ ᠣᠷᠣᠨ ᠰᠠᠭᠤᠴᠠ ᠶᠢ ᠵᠠᠰᠠᠵᠤ ᠴᠢᠮᠡᠭᠯᠡᠬᠦ᠂ | ᠣᠷᠴᠢᠨ ᠲᠣᠭᠤᠷᠢᠨ ᠢ ᠬᠠᠮᠠᠭᠠᠯᠠᠬᠤ ᠪᠠ ᠬᠡᠷ ᠳᠣᠲᠣᠷᠠᠬᠢ ᠣᠷᠴᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠡᠯ᠎ᠡ ᠭᠠᠵᠠᠷ ᠣᠷᠣᠨ ᠤ ᠲᠥᠪ ᠪᠣᠯᠬᠤ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ ᠰᠢᠨ᠎ᠡ ᠪᠠᠶᠢᠭᠤᠯᠤᠭᠰᠠᠨ | ᠣᠷᠣᠨ ᠰᠠᠭᠤᠴᠠ ᠳᠤ ᠪᠠᠷᠢᠯᠭ᠎ᠠ ᠶᠢᠨ ᠪᠦᠷᠢᠨ ᠵᠠᠰᠠᠵᠤ ᠴᠢᠮᠡᠭᠯᠡᠬᠦ ᠶᠢ ᠬᠡᠷᠡᠭᠵᠢᠭᠦᠯᠵᠦ᠂ ᠪᠡᠯᠡᠨ ᠭᠡᠷ ᠪᠠᠶᠢᠰᠢᠩ ᠤᠨ | ᠠᠷᠠᠯᠵᠢᠶ᠎ᠠ ᠶᠢ ᠪᠡᠶᠡᠯᠡᠭᠦᠯᠦᠨ᠎ᠡ︔ ᠪᠤᠰᠤᠳ ᠣᠷᠣᠨ ᠪᠦᠰᠡ ᠳᠠᠬᠢ ᠰᠢᠨ᠎ᠡ ᠪᠠᠶᠢᠭᠤᠯᠤᠭᠰᠠᠨ ᠣᠷᠣᠨ ᠰᠠᠭᠤᠴᠠ ᠳᠤ | ᠪᠦᠷᠢᠨ ᠵᠠᠰᠠᠵᠤ ᠴᠢᠮᠡᠭᠯᠡᠬᠦ ᠪᠠ ᠪᠡᠯᠡᠨ ᠭᠡᠷ ᠪᠠᠶᠢᠰᠢᠩ ᠢᠶᠠᠨ ᠲᠤᠰᠢᠶᠠᠬᠤ ᠳᠤ ᠬᠡᠷᠡᠭᠵᠢᠭᠦᠯᠬᠦ ᠬᠡᠪᠴᠢᠶ᠎ᠡ ᠪᠠ ᠴᠠᠭ | ᠬᠤᠭᠤᠴᠠᠭ᠎ᠠ ᠶᠢ ᠲᠣᠳᠣᠷᠬᠠᠶ ᠲᠣᠭᠲᠠᠭᠠᠵᠤ᠂ ᠣᠷᠣᠨ ᠰᠠᠭᠤᠴᠠ ᠶᠢᠨ ᠪᠦᠷᠢᠨ ᠵᠠᠰᠠᠵᠤ ᠴᠢᠮᠡᠭᠯᠡᠬᠦ ᠶᠢ ᠨᠡᠶᠢᠳᠡᠮ | ᠪᠦᠷᠬᠦᠭᠦᠯᠬᠦ ᠪᠠᠷ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠠᠷᠢᠭᠤᠴᠠᠨ᠎ᠠ︶ | ︵ᠳᠥᠷᠪᠡ︶ ᠤᠤᠯ ᠤᠨ ᠪᠠᠶᠢᠭᠰᠠᠨ ᠪᠠᠷᠢᠯᠭ᠎ᠠ ᠶᠢᠨ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ | ᠰᠠᠶᠢᠵᠢᠷᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ | 1 . ᠤᠤᠯ ᠤᠨ ᠪᠠᠶᠢᠭᠰᠠᠨ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠪᠣᠯᠭᠠᠨ | ᠥᠭᠡᠷᠡᠴᠢᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠬᠤᠲᠠ ᠶᠢᠨ ᠬᠤᠤᠰ ᠵᠠᠰᠠᠯᠲᠠ᠂ ᠴᠡᠪᠡᠷ | ᠳᠤᠯᠠᠭᠠᠯᠠᠯᠭ᠎ᠠ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠵᠡᠷᠭᠡ ᠲᠠᠢ | ᠤᠶᠠᠯᠳᠤᠭᠤᠯᠤᠨ᠂ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠪᠠᠷ ᠬᠥᠲᠥᠯᠦᠨ ᠵᠢᠯᠣᠭᠤᠳᠬᠤ᠂ ᠥᠮᠴᠢᠲᠡᠨ ᠤ | ᠪᠠᠶᠢᠭ᠎ᠠ ᠨᠢᠭᠡᠴᠢ ᠪᠠ ᠢᠯᠴᠢ ᠬᠠᠩᠭᠠᠬᠤ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠬᠤᠭᠤᠯᠠᠶ | ᠭᠤᠤᠷᠰᠤ ᠤᠳᠠᠰᠤᠨ ᠤ ᠠᠵᠢᠯ ᠤᠨ ᠨᠢᠭᠡᠴᠢ ᠲᠠᠢ ᠬᠠᠮᠲᠤᠷᠠᠵᠤ ᠪᠠᠶᠢᠭᠤᠯᠤᠭᠰᠠᠨ᠂ ᠣᠷᠣᠨ ᠰᠠᠭᠤᠴᠠ ᠶᠢᠨ ᠰᠡᠯᠪᠢᠨ | ᠵᠠᠰᠠᠬᠤ ᠰᠠᠭᠤᠷᠢ ᠮᠥᠩᠭᠦ ᠪᠠᠷ ᠨᠥᠬᠦᠪᠦᠷᠢᠯᠡᠬᠦ᠂ ᠠᠰᠢᠭ ᠭᠥᠷᠳᠡᠭᠰᠡᠨ ᠰᠠᠭᠤᠭᠠᠯᠢ ᠠᠷᠠᠳ ᠤᠨ ᠣᠷᠣᠯᠴᠠᠭᠰᠠᠨ | ᠣᠯᠠᠨ ᠡᠰᠢᠵᠢᠯ ᠤᠨ ᠪᠡᠯᠡ ᠬᠤᠷᠠᠮᠳᠤᠭᠤᠯᠭ᠎ᠠ ᠶᠢᠨ ᠤᠤᠯ ᠤᠨ ᠪᠠᠶᠢᠭᠰᠠᠨ ᠣᠷᠣᠨ ᠰᠠᠭᠤᠴᠠ ᠶᠢᠨ ᠪᠠᠷᠢᠯᠭ᠎ᠠ ᠶᠢᠨ | ᠡᠨᠧᠷᠭᠢ ᠠᠷᠪᠢᠯᠠᠬᠤ ᠶᠢ ᠨᠢ ᠥᠭᠡᠷᠡᠴᠢᠯᠡᠨ ᠰᠠᠶᠢᠵᠢᠷᠠᠭᠤᠯᠬᠤ ᠵᠠᠭᠪᠤᠷ ᠢ ᠢᠳᠡᠪᠬᠢᠲᠡᠶ ᠳᠡᠯᠭᠡᠷᠡᠭᠦᠯᠦᠨ᠎ᠡ᠃ ᠤᠤᠯ ᠤᠨ | ᠪᠠᠶᠢᠭᠰᠠᠨ ᠣᠷᠣᠨ ᠰᠠᠭᠤᠴᠠ ᠶᠢᠨ ᠪᠠᠷᠢᠯᠭ᠎ᠠ ᠳᠤ ᠪᠣᠬᠢᠷᠲᠤᠯ ᠥᠬᠡᠶ ᠪᠣᠯᠭᠠᠨ ᠥᠭᠡᠷᠡᠴᠢᠯᠡᠵᠦ ᠰᠠᠶᠢᠵᠢᠷᠠᠭᠤᠯᠬᠤ ᠶᠢ | ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | 2 . ᠣᠯᠠᠨ ᠨᠡᠶᠢᠲᠡ ᠶᠢᠨ ᠪᠠᠷᠢᠯᠭ᠎ᠠ ᠶᠢ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ ᠰᠠᠶᠢᠵᠢᠷᠠᠭᠤᠯᠬᠤ | ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠬᠡᠷᠡᠭᠯᠡᠬᠦ | ᠬᠠᠮᠢᠶᠠᠷᠤᠯᠲᠠ ᠶᠢ ᠴᠢᠩᠭᠠᠷᠠᠭᠤᠯᠵᠤ᠂ ᠠᠵᠤ ᠦᠢᠯᠡᠰ ᠬᠢᠭᠡᠳ ᠮᠥᠩᠭᠦᠨ ᠭᠦᠢᠯᠭᠡᠭᠡ ᠶᠢᠨ ᠤᠶᠠᠯᠳᠤᠬᠤ ᠪᠠ | ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠴᠦ ᠦᠢᠯᠡᠴᠢᠯᠡᠬᠦ ᠶᠢ ᠨᠢ ᠠᠬᠢᠭᠤᠯᠤᠨ᠎ᠠ᠃ ᠠᠯᠪᠠᠨ ᠪᠠᠶᠢᠭᠤᠯᠭ᠎ᠠ ᠶᠢᠨ | ᠠᠯᠪᠠᠯᠠᠬᠤ ᠪᠠᠷᠢᠯᠭ᠎ᠠ᠂ ᠵᠠᠰᠠᠭ ᠤᠨ ᠣᠷᠳᠣᠨ ᠠᠴᠠ ᠪᠠᠯᠠ ᠣᠷᠣᠭᠤᠯᠤᠭᠰᠠᠨ ᠣᠯᠠᠨ ᠨᠡᠶᠢᠲᠡ ᠶᠢᠨ ᠪᠠᠷᠢᠯᠭ᠎ᠠ ᠪᠠ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠷᠢᠯᠭ᠎ᠠ ᠶᠢ ᠤᠷᠢᠳ ᠢᠶᠠᠷ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ | ᠰᠠᠶᠢᠵᠢᠷᠠᠭᠤᠯᠵᠤ᠂ ᠦᠢᠯᠡᠴᠢᠯᠡᠭᠡ ᠬᠤᠳᠠᠯᠳᠤᠨ ᠠᠪᠬᠤ ᠠᠷᠭ᠎ᠠ ᠬᠡᠯᠪᠡᠷᠢ ᠶᠢ ᠬᠡᠷᠡᠭᠯᠡᠨ ᠡᠨᠧᠷᠭᠢ ᠠᠷᠪᠢᠯᠠᠬᠤ | ᠠᠵᠢᠯᠯᠠᠭᠠᠨ ᠤ ᠬᠠᠮᠢᠶᠠᠷᠤᠯᠲᠠ ᠶᠢ ᠬᠡᠷᠡᠭᠵᠢᠭᠦᠯᠬᠦ ᠶᠢ ᠨᠢ ᠵᠣᠷᠢᠭᠵᠢᠭᠤᠯᠤᠨ᠂ ᠭᠡᠷ᠎ᠡ ᠲᠠᠢ ᠡᠨᠧᠷᠭᠢ ᠶᠢᠨ | ᠬᠠᠮᠢᠶᠠᠷᠤᠯᠲᠠ ᠶᠢᠨ ᠵᠠᠭᠪᠤᠷ ᠶᠣᠰᠣᠭᠠᠷ ᠡᠨᠧᠷᠭᠢ ᠠᠷᠪᠢᠯᠠᠬᠤ ᠦᠢᠯᠡᠴᠢᠯᠡᠭᠡᠨ ᠤ ᠺᠣᠮᠫᠠᠨᠢ ᠳᠤ ᠥᠭᠭᠦᠭᠰᠡᠨ | ᠵᠠᠷᠤᠯᠭ᠎ᠠ ᠶᠢ ᠨᠢ ᠡᠨᠧᠷᠭᠢ ᠶᠢᠨ ᠵᠠᠷᠤᠳᠠᠯ ᠤᠨ ᠵᠠᠷᠤᠯᠭ᠎ᠠ ᠲᠠᠢ ᠠᠳᠠᠯᠢ ᠪᠠᠷ ᠦᠵᠡᠨ᠎ᠡ᠃ ᠣᠯᠠᠨ ᠨᠡᠶᠢᠲᠡ ᠶᠢᠨ | ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠭᠤᠣᠯᠳᠠᠯᠭ᠎ᠠ ᠲᠠᠢ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠥᠷᠨᠢᠭᠦᠯᠵᠦ᠂ ᠬᠥᠬᠡᠬᠤᠲᠠ᠂ ᠪᠤᠭᠤᠲᠤ ᠬᠤᠲᠠ ᠨᠢ ᠣᠯᠠᠨ ᠨᠡᠶᠢᠲᠡ ᠶᠢᠨ ᠪᠠᠷᠢᠯᠭ᠎ᠠ ᠶᠢᠨ | ᠡᠨᠧᠷᠭᠢ ᠠᠷᠪᠢᠯᠠᠬᠤ ᠪᠠᠷ ᠥᠭᠡᠷᠡᠴᠢᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠠᠵᠢᠯᠯᠠᠭᠠᠨ ᠤ | ᠬᠠᠮᠢᠶᠠᠷᠤᠯᠲᠠ ᠶᠢᠨ ᠳᠦᠷᠢᠮ ᠢᠶᠠᠨ ᠲᠡᠭᠦᠯᠳᠡᠷᠵᠢᠭᠦᠯᠵᠦ᠂ ᠭᠡᠷ᠎ᠡ ᠲᠠᠢ ᠡᠨᠧᠷᠭᠢ ᠶᠢᠨ ᠬᠠᠮᠢᠶᠠᠷᠤᠯᠲᠠ ᠬᠢᠭᠡᠳ | ᠭᠡᠷ᠎ᠡ ᠲᠠᠢ ᠤᠰᠤ ᠠᠷᠪᠢᠯᠠᠬᠤ ᠬᠠᠮᠢᠶᠠᠷᠤᠯᠲᠠ ᠶᠢ ᠳᠡᠯᠭᠡᠷᠡᠭᠦᠯᠦᠨ᠂ ᠪᠤᠰᠤᠳ ᠠᠶᠢᠮᠠᠭ ᠬᠤᠲᠠ ᠨᠢ ᠣᠯᠠᠨ | ᠨᠡᠶᠢᠲᠡ ᠶᠢᠨ ᠪᠠᠷᠢᠯᠭ᠎ᠠ ᠶᠢ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ ᠰᠠᠶᠢᠵᠢᠷᠠᠭᠤᠯᠬᠤ ᠠᠵᠢᠯ ᠢᠶᠠᠨ ᠢᠳᠡᠪᠬᠢᠲᠡᠶ | ᠠᠬᠢᠭᠤᠯᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ | ᠵᠢᠭᠤᠯᠴᠢᠯᠠᠯ ᠤᠨ ᠲᠢᠩᠬᠢᠮ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠥᠪᠥᠷ | ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠲᠠᠪᠤ︶ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ | 1 . ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠷᠠᠭᠤᠯᠤᠨ᠎ᠠ᠃ | ᠨᠢᠭᠲᠠ ᠴᠢᠩᠭᠠᠯᠢᠭ ᠰᠢᠷᠪᠥᠰᠥ ᠪᠣᠯᠣᠳ᠂ ᠴᠢᠳᠠᠮᠵᠢ ᠰᠠᠶᠢᠲᠠᠢ ᠪᠧᠲ᠋ᠤᠨ᠂ ᠴᠢᠳᠠᠮᠵᠢ ᠰᠠᠶᠢᠲᠠᠢ ᠦᠷᠦᠮᠡᠯ ᠮᠠᠲ᠋ᠧᠷᠢᠶᠠᠯ | ᠂ ᠳᠤᠯᠠᠭᠠᠨ ᠪᠠᠶᠢᠯᠭᠠᠬᠤ ᠪᠦᠲᠦᠴᠡ ᠶᠢ ᠨᠢᠭᠡ ᠴᠣᠭᠴᠠᠵᠢᠭᠤᠯᠤᠭᠰᠠᠨ ᠬᠡᠷᠡᠮ ᠤᠨ ᠬᠠᠪᠲᠠᠰᠤ ᠵᠡᠷᠭᠡ ᠪᠣᠬᠢᠷᠲᠤᠯ ᠥᠬᠡᠶ | ᠪᠠᠷᠢᠯᠭ᠎ᠠ ᠶᠢᠨ ᠮᠠᠲ᠋ᠧᠷᠢᠶᠠᠯ ᠢ ᠶᠡᠭᠡ ᠪᠠᠷ ᠬᠥᠭᠵᠢᠭᠦᠯᠵᠦ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠵᠢᠱᠢᠶ᠎ᠡ | ᠦᠵᠡᠭᠦᠯᠬᠦ ᠦᠢᠯᠡᠳᠬᠦᠨ ᠪᠠ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠣᠶ ᠪᠣᠯᠭᠠᠨ᠎ᠠ᠃ ᠪᠣᠬᠢᠷᠲᠤᠯ ᠥᠬᠡᠶ | ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠭᠡᠷᠡᠴᠢᠯᠡᠯ ᠤᠨ ᠲᠦᠷᠢᠮ ᠢ ᠬᠡᠷᠡᠭᠵᠢᠭᠦᠯᠬᠦ ᠶᠢ ᠨᠢ ᠠᠬᠢᠭᠤᠯᠵᠤ᠂ | ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠦᠢᠯᠡᠳᠪᠦᠷᠢᠯᠡᠬᠦ᠂ ᠭᠡᠷᠡᠴᠢᠯᠡᠬᠦ᠂ ᠮᠡᠳᠡᠭᠡ ᠵᠠᠩᠭᠢ | ᠴᠤᠭᠯᠠᠭᠤᠯᠵᠤ ᠬᠡᠷᠡᠭᠯᠡᠬᠦ ᠵᠡᠷᠭᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠎ᠠ᠃ ᠪᠣᠬᠢᠷᠲᠤᠯ ᠥᠬᠡᠶ | ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠪᠦᠷᠢᠨᠰᠢᠬᠦᠯᠵᠦ᠂ ᠪᠣᠬᠢᠷᠲᠤᠯ ᠥᠬᠡᠶ | ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠪᠣᠬᠢᠷᠲᠤᠯ ᠥᠬᠡᠶ | ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠵᠦ᠂ ᠪᠣᠬᠢᠷᠲᠤᠯ ᠥᠬᠡᠶ ᠦᠢᠯᠡᠳᠬᠦᠨ ᠤ | ᠬᠡᠷᠡᠭᠯᠡᠭᠡ ᠶᠢ ᠬᠥᠲᠥᠯᠦᠨ ᠵᠢᠯᠣᠭᠤᠳᠴᠤ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠪᠠ ᠪᠠᠷᠢᠯᠭ᠎ᠠ ᠶᠢᠨ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ ᠪᠣᠬᠢᠷᠲᠤᠯ ᠦᠭᠡᠶ ᠪᠠᠷᠢᠯᠭ᠎ᠠ᠂ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠪᠤᠶᠤ | ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠵᠦ ᠪᠦᠲᠦᠭᠡᠨ ᠪᠠᠶᠢᠭᠤᠯᠬᠤ ᠲᠥᠷᠥᠯ ᠵᠦᠢᠯ ᠵᠢᠴᠢ 2 ᠲᠦᠮᠡᠨ | ᠲᠡᠭᠰᠢ ᠳᠥᠷᠪᠡᠯᠵᠢᠨ ᠮᠧᠳ᠋ᠷ ᠠᠴᠠ ᠢᠯᠡᠭᠦᠦ ᠲᠠᠯᠠᠪᠠᠢ ᠲᠠᠢ ᠣᠯᠠᠨ ᠨᠡᠶᠢᠲᠡ ᠶᠢᠨ ᠪᠠᠷᠢᠯᠭ᠎ᠠ᠂ 5 ᠲᠦᠮᠡᠨ ᠲᠡᠭᠰᠢ | ᠳᠥᠷᠪᠡᠯᠵᠢᠨ ᠮᠧᠳ᠋ᠷ ᠠᠴᠠ ᠢᠯᠡᠭᠦᠦ ᠲᠠᠯᠠᠪᠠᠢ ᠲᠠᠢ ᠣᠷᠣᠨ ᠰᠠᠭᠤᠴᠠ ᠶᠢᠨ ᠪᠠᠷᠢᠯᠭ᠎ᠠ ᠶᠢᠨ ᠲᠥᠷᠥᠯ ᠵᠦᠢᠯ ᠳᠤ | ᠭᠡᠷᠡᠴᠢᠯᠡᠯ ᠣᠯᠤᠭᠰᠠᠨ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠢ ᠡᠩ ᠲᠡᠷᠢᠭᠦᠨ ᠳᠤ | ᠬᠡᠷᠡᠭᠯᠡᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠠᠷᠢᠭᠤᠴᠠᠨ᠎ᠠ︶ | 2 . ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠪᠦᠲᠦᠴᠡ ᠳᠤ ᠨᠢᠭᠡ ᠴᠣᠭᠴᠠᠵᠢᠭᠤᠯᠬᠤ ᠶᠢ ᠬᠡᠷᠡᠭᠵᠢᠭᠦᠯᠦᠨ᠎ᠡ᠃ | ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠪᠦᠲᠦᠴᠡ ᠳᠤ ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠬᠦ | ᠠᠵᠢᠯ ᠤᠨ ᠲᠥᠰᠦᠯ ᠢ ᠲᠣᠭᠲᠠᠭᠠᠵᠤ᠂ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠂ ᠦᠢᠯᠡᠳᠪᠦᠷᠢᠯᠡᠬᠦ ᠠᠵᠤ ᠠᠬᠤᠶᠢᠯᠠᠯ ᠤᠨ ᠨᠢᠭᠡ | ᠴᠣᠭᠴᠠᠵᠢᠭᠤᠯᠤᠭᠰᠠᠨ ᠮᠡᠷᠭᠡᠵᠢᠯ ᠢ ᠰᠤᠳᠤᠯᠤᠨ ᠨᠡᠭᠡᠭᠡᠬᠦ ᠪᠠ ᠣᠷᠣᠭᠤᠯᠤᠨ ᠠᠪᠴᠢᠷᠠᠬᠤ ᠶᠢ ᠬᠥᠲᠥᠯᠥᠨ | ᠵᠢᠯᠣᠭᠤᠳᠴᠤ᠂ ᠭᠠᠷ ᠤᠷᠠᠯᠠᠯ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠶᠠᠰᠤ | ᠴᠢᠨᠠᠷ ᠢ ᠨᠢ ᠪᠠᠲᠤᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠢᠭᠡ ᠴᠣᠭᠴᠠᠵᠢᠭᠤᠯᠤᠭᠰᠠᠨ ᠮᠡᠷᠭᠡᠵᠢᠯ ᠲᠠᠢ | ᠦᠢᠯᠡᠳᠬᠦᠨ ᠤ ᠶᠠᠰᠤ ᠴᠢᠨᠠᠷ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠨ᠎ᠠ᠃ ᠨᠢᠭᠡ ᠴᠣᠭᠴᠠᠵᠢᠭᠤᠯᠤᠭᠰᠠᠨ | ᠮᠡᠷᠭᠡᠵᠢᠯ ᠳᠤ ᠰᠢᠯᠢᠨ ᠰᠣᠩᠭᠤᠬᠤ ᠠᠵᠢᠯ ᠢ ᠥᠷᠨᠢᠭᠦᠯᠵᠦ᠂ ᠪᠦᠷᠢᠨ ᠲᠡᠭᠦᠯᠳᠡᠷ ᠮᠡᠷᠭᠡᠵᠢᠯ ᠤᠨ ᠲᠤᠯᠭᠠᠭᠤᠷᠢᠯᠠᠯ ᠲᠠᠢ | ᠲᠣᠭᠲᠠᠯᠴᠠᠭ᠎ᠠ ᠶᠢ ᠪᠠᠶᠢᠭᠤᠯᠤᠨ᠎ᠠ᠃ ᠪᠦᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠪᠣᠬᠢᠷᠲᠤᠯ | ᠦᠭᠡᠶ ᠪᠠᠷᠢᠯᠭ᠎ᠠ᠂ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠣᠯᠠᠨ ᠨᠡᠶᠢᠲᠡ ᠶᠢᠨ ᠪᠠᠷᠢᠯᠭ᠎ᠠ ᠪᠠ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠷᠢᠯᠭ᠎ᠠ ᠳᠤ ᠨᠢᠭᠡ ᠴᠣᠭᠴᠠᠵᠢᠭᠤᠯᠤᠭᠰᠠᠨ ᠮᠡᠷᠭᠡᠵᠢᠯ ᠬᠡᠷᠡᠭᠯᠡᠬᠦ ᠶᠢ | ᠠᠬᠢᠭᠤᠯᠤᠨ᠎ᠠ᠃ ᠬᠥᠬᠡᠬᠤᠲᠠ᠂ ᠪᠤᠭᠤᠲᠤ ᠬᠤᠲᠠ᠂ ᠬᠢᠩᠭᠠᠨ ᠠᠶᠢᠮᠠᠭ ᠤᠨ ᠰᠢᠨ᠎ᠡ ᠪᠠᠶᠢᠭᠤᠯᠬᠤ ᠪᠠᠷᠢᠯᠭ᠎ᠠ ᠳᠤ | ᠤᠷᠢᠳ ᠢᠶᠠᠷ ᠨᠢᠭᠡ ᠴᠣᠭᠴᠠᠵᠢᠭᠤᠯᠤᠭᠰᠠᠨ ᠮᠡᠷᠭᠡᠵᠢᠯ ᠢ ᠬᠡᠷᠡᠭᠯᠡᠵᠦ᠂ ᠪᠤᠰᠤᠳ ᠠᠶᠢᠮᠠᠭ ᠬᠤᠲᠠ ᠳᠤ ᠠᠯᠬᠤᠮ | ᠠᠯᠬᠤᠮ ᠢᠶᠠᠷ ᠳᠡᠯᠭᠡᠷᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠠᠷᠢᠭᠤᠴᠠᠨ᠎ᠠ︶ | 3 . ︽ᠳᠥᠷᠪᠡᠨ ᠰᠢᠨ᠎ᠡ︾ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠᠨ ᠴᠢᠩᠭᠠᠳᠬᠠᠨ᠎ᠠ᠃ ᠪᠠᠷᠢᠯᠭ᠎ᠠ ᠶᠢᠨ | ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ | ᠂ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠵᠦ᠂ ᠳᠡᠯᠭᠡᠷᠡᠭᠦᠯᠦᠨ ᠬᠡᠷᠡᠭᠯᠡᠬᠦ ᠶᠢ ᠨᠢ ᠬᠢᠵᠠᠭᠠᠷᠯᠠᠨ ᠬᠤᠷᠢᠭᠯᠠᠬᠤ | ᠮᠡᠷᠭᠡᠵᠢᠯ ᠤᠨ ᠭᠠᠷᠴᠠᠭ ᠢ ᠴᠠᠭ ᠲᠤᠬᠠᠶ ᠳᠤ ᠨᠢ ᠰᠢᠨᠡᠳᠬᠡᠨ ᠨᠡᠶᠢᠲᠡᠯᠡᠨ᠎ᠡ᠃ ᠠᠶᠠᠨᠳᠠᠭᠠᠨ ᠨᠠᠷᠠᠨ ᠤ ᠬᠡᠷᠡᠯ ᠲᠤᠰᠬᠤ᠂ | ᠰᠠᠯᠬᠢ ᠨᠡᠪᠲᠡᠷᠡᠬᠦ᠂ ᠪᠣᠷᠣᠭᠠᠨ ᠤ ᠤᠰᠤ ᠴᠤᠭᠯᠠᠭᠤᠯᠬᠤ᠂ ᠴᠡᠪᠡᠷᠵᠢᠭᠦᠨ ᠤᠰᠤ ᠶᠢ ᠠᠰᠢᠭᠯᠠᠬᠤ᠂ ᠤᠰᠤ ᠠᠷᠪᠢᠯᠠᠬᠤ | ᠂ ᠲᠠᠭᠤ ᠬᠥᠨᠳᠡᠶᠢᠷᠡᠭᠦᠯᠬᠦ ᠵᠡᠷᠭᠡ ᠪᠣᠯᠪᠠᠰᠤᠷᠠᠩᠭᠤᠶ ᠪᠣᠯᠤᠭᠰᠠᠨ ᠮᠡᠷᠭᠡᠵᠢᠯ ᠤᠨ ᠦᠢᠯᠡᠳᠬᠦᠨ ᠢ ᠭᠠᠵᠠᠷ ᠣᠷᠣᠨ ᠤ | ᠪᠠᠶᠢᠳᠠᠯ ᠳᠤ ᠪᠠᠨ ᠳᠣᠭᠢᠷᠠᠭᠤᠯᠤᠨ ᠳᠡᠯᠭᠡᠷᠡᠭᠦᠯᠵᠦ᠂ ᠪᠠᠷᠢᠯᠭ᠎ᠠ ᠶᠢᠨ ᠬᠤᠭ ᠨᠣᠪᠰᠢ᠂ ᠨᠡᠭᠦᠷᠡᠰᠦᠨ ᠴᠢᠯᠠᠭᠤ᠂ ᠨᠤᠨᠲᠠᠭ | ᠨᠡᠭᠦᠷᠡᠰᠦᠨ ᠤ ᠦᠨᠡᠰᠦ᠂ ᠵᠤᠤᠬ᠎ᠠ ᠶᠢᠨ ᠰᠢᠭᠠᠷᠤ᠂ ᠦᠯᠡᠳᠡᠭᠳᠡᠯ ᠬᠦᠳᠡᠷ ᠵᠡᠷᠭᠡ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠠᠰᠢᠭᠯᠠᠨ ᠲᠦᠭᠦᠬᠡᠶ ᠮᠠᠲ᠋ᠧᠷᠢᠶᠠᠯ ᠪᠣᠯᠭᠠᠵᠤ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠶᠢ | ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ︶ | ︵ᠵᠢᠷᠭᠤᠭ᠎ᠠ︶ ᠲᠠᠬᠢᠨ ᠡᠭᠦᠰᠴᠤ ᠪᠣᠯᠬᠤ ᠡᠨᠧᠷᠬᠢ ᠶᠢᠨ ᠪᠠᠷᠢᠯᠭ᠎ᠠ ᠳᠤ ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ | ᠪᠠᠷᠢᠯᠭ᠎ᠠ ᠳᠤ ᠳᠠᠬᠢᠨ ᠡᠭᠦᠰᠴᠦ ᠪᠣᠯᠬᠤ ᠡᠨᠧᠷᠭᠢ ᠶᠢ ᠬᠡᠷᠡᠭᠯᠡᠬᠦ ᠪᠠᠨ ᠴᠢᠩᠭᠠᠳᠬᠠᠨ᠎ᠠ᠃ ᠨᠡᠷᠡᠨ ᠤ ᠡᠨᠧᠷᠭᠢ᠂ | ᠭᠦᠢᠬᠡᠨ ᠳᠠᠪᠬᠤᠷᠭ᠎ᠠ ᠳᠠᠬᠢ ᠭᠠᠵᠠᠷ ᠤᠨ ᠢᠯᠴᠢ ᠶᠢᠨ ᠡᠨᠧᠷᠭᠢ᠂ ᠠᠭᠠᠷ ᠤᠨ ᠡᠨᠧᠷᠭᠢ ᠵᠡᠷᠭᠡ ᠰᠢᠨ᠎ᠡ ᠡᠨᠧᠷᠭᠢ ᠶᠢ | ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠪᠠᠷᠢᠯᠭ᠎ᠠ ᠳᠤ ᠬᠡᠷᠡᠭᠯᠡᠬᠦ ᠶᠢ ᠠᠬᠢᠭᠤᠯᠵᠤ᠂ ᠠᠷᠠᠳ ᠤᠨ | ᠬᠡᠷᠡᠭᠴᠡᠬᠡᠨ ᠤ ᠪᠠᠷᠢᠯᠭ᠎ᠠ ᠶᠢᠨ ᠡᠩ ᠤᠨ ᠡᠨᠧᠷᠭᠢ ᠶᠢᠨ ᠬᠡᠷᠡᠭᠯᠡᠯᠲᠡ ᠶᠢ ᠪᠠᠭᠠᠰᠬᠠᠨ᠎ᠠ᠃ ᠳᠠᠬᠢᠨ ᠡᠭᠦᠰᠴᠦ ᠪᠣᠯᠬᠤ | ᠡᠨᠧᠷᠭᠢ ᠶᠢ ᠪᠠᠷᠢᠯᠭ᠎ᠠ ᠳᠤ ᠬᠡᠷᠡᠭᠯᠡᠬᠦ ᠢᠨᠵᠧᠨᠧᠷᠢᠩ ᠤᠨ ᠲᠥᠯᠥᠪᠵᠢᠭᠦᠯᠭᠡ᠂ ᠵᠢᠷᠤᠭ ᠲᠥᠯᠥᠪᠯᠡᠭᠡ᠂ ᠪᠠᠷᠢᠯᠭ᠎ᠠ | ᠪᠠᠷᠢᠬᠤ᠂ ᠰᠢᠯᠭᠠᠨ ᠠᠪᠬᠤ᠂ ᠠᠵᠢᠯᠯᠠᠭᠤᠯᠬᠤ ᠵᠡᠷᠭᠡ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠨᠡᠷᠡᠨ ᠤ | ᠡᠨᠧᠷᠭᠢ ᠪᠠᠷ ᠤᠰᠤ ᠬᠠᠯᠠᠭᠠᠬᠤ ᠪᠠᠷᠢᠯᠭ᠎ᠠ ᠶᠢᠨ ᠨᠢᠭᠡ ᠴᠣᠭᠴᠠᠵᠢᠭᠤᠯᠬᠤ ᠰᠢᠰᠲ᠋ᠧᠮ ᠢ ᠶᠡᠭᠡ ᠪᠠᠷ ᠬᠥᠭᠵᠢᠭᠦᠯᠵᠦ᠂ | 12 ᠳᠠᠪᠬᠤᠷᠯᠢᠭ ᠬᠦᠷᠬᠦ ᠦᠭᠡᠢ ᠣᠷᠣᠨ ᠰᠠᠭᠤᠴᠠ ᠶᠢᠨ ᠪᠠᠷᠢᠯᠭ᠎ᠠ ᠪᠠ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ | ᠵᠣᠴᠢᠳ ᠤᠨ ᠪᠠᠭᠤᠳᠠᠯ᠂ ᠤᠮᠪᠠᠯᠲᠠ ᠶᠢᠨ ᠲᠠᠲᠠᠭᠠᠯ᠂ ᠣᠯᠠᠨ ᠨᠡᠶᠢᠲᠡ ᠶᠢᠨ ᠤᠬᠢᠶᠠᠯᠭ᠎ᠠ ᠶᠢᠨ ᠥᠷᠥᠭᠡ ᠵᠡᠷᠭᠡ | ᠣᠯᠠᠨ ᠨᠡᠶᠢᠲᠡ ᠶᠢᠨ ᠪᠠᠷᠢᠯᠭ᠎ᠠ ᠳᠤ ᠨᠡᠷᠡᠨ ᠤ ᠡᠨᠧᠷᠭᠢ ᠶᠢᠨ ᠭᠡᠷᠡᠯ ᠢᠯᠴᠢ ᠬᠡᠷᠡᠭᠯᠡᠬᠦ ᠪᠠᠷᠢᠯᠭ᠎ᠠ ᠶᠢᠨ ᠨᠢᠭᠡ | ᠴᠣᠭᠴᠠᠵᠢᠭᠤᠯᠤᠭᠰᠠᠨ ᠮᠡᠷᠭᠡᠵᠢᠯ ᠢ ᠠᠬᠢᠭᠤᠯᠤᠨ᠎ᠠ᠃ ᠬᠤᠲᠠ ᠪᠠᠯᠭᠠᠰᠤᠨ ᠤ ᠪᠠᠷᠢᠯᠭ᠎ᠠ ᠳᠤ ᠨᠡᠷᠡᠨ ᠤ ᠡᠨᠧᠷᠭᠢ ᠶᠢᠨ | ᠭᠡᠷᠡᠯ ᠴᠡᠨᠡᠭ ᠤᠨ ᠲᠠᠷᠬᠠᠯᠲᠠ ᠶᠢᠨ ᠬᠡᠯᠪᠡᠷᠢ ᠲᠠᠢ᠂ ᠨᠢᠭᠡ ᠴᠣᠭᠴᠠᠵᠢᠭᠤᠯᠤᠨ ᠬᠡᠷᠡᠭᠯᠡᠬᠦ ᠶᠢ ᠳᠡᠯᠭᠡᠷᠡᠭᠦᠯᠵᠦ᠂ | ᠲᠤᠬᠠᠶ ᠶᠢᠨ ᠭᠠᠵᠠᠷ ᠲᠤ ᠨᠢ ᠦᠢᠯᠡᠳᠪᠦᠷᠢᠯᠡᠬᠦ ᠪᠠ ᠠᠪᠴᠤ ᠬᠡᠷᠡᠭᠯᠡᠬᠦ ᠪᠣᠯᠭᠠᠨ᠎ᠠ᠃ ︵ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ | ᠲᠣᠪᠴᠢᠶ᠎ᠠ ᠬᠠᠷᠢᠭᠤᠴᠠᠨ᠎ᠠ︶ | ︵ᠳᠣᠯᠤᠭ᠎ᠠ︶ ᠪᠣᠬᠢᠷᠲᠤᠯ ᠥᠬᠡᠶ ᠪᠠᠷᠢᠯᠭ᠎ᠠ ᠪᠠᠷᠢᠬᠤ ᠠᠵᠢᠯ ᠢ ᠠᠬᠢᠭᠤᠯᠤᠨ᠎ᠠ᠃ ᠪᠣᠬᠢᠷᠲᠤᠯ ᠦᠭᠡᠢ ᠪᠠᠷ | ᠪᠠᠷᠢᠯᠭ᠎ᠠ ᠪᠠᠷᠢᠬᠤ ᠪᠠ ᠠᠮᠤᠷ ᠲᠦᠪᠰᠢᠨ ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠠᠬᠢᠭᠤᠯᠤᠨ᠎ᠠ᠃ ᠪᠣᠬᠢᠷᠲᠤᠯ ᠥᠬᠡᠶ | ᠪᠠᠷᠢᠯᠭ᠎ᠠ ᠪᠠᠷᠢᠬᠤ ᠢᠨᠵᠧᠨᠧᠷᠢᠩ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ | ᠬᠠᠮᠢᠶᠠᠷᠬᠤ ᠪᠠ ᠲᠡᠷᠢᠭᠦᠨ ᠤ ᠮᠡᠷᠭᠡᠵᠢᠯ ᠢ ᠬᠡᠷᠡᠭᠯᠡᠬᠦ ᠪᠠᠷ ᠳᠠᠮᠵᠢᠭᠤᠯᠤᠨ᠂ ᠪᠠᠷᠢᠯᠭ᠎ᠠ ᠶᠢᠨ ᠬᠤᠭ ᠲᠣᠭᠤᠰᠣ ᠶᠢ | ᠵᠠᠰᠠᠬᠤ᠂ ᠤᠰᠤ ᠠᠷᠪᠢᠯᠠᠵᠤᠬᠤᠷᠣᠭᠳᠠᠯ ᠢ ᠪᠠᠭᠠᠰᠬᠠᠬᠤ᠂ ᠰᠢᠭᠠᠷᠤ ᠰᠢᠷᠣᠶ ᠶᠢᠨ ᠲᠡᠭᠡᠭᠡᠪᠦᠷᠢ᠂ ᠱᠤᠤᠬᠢᠶᠠᠨ ᠤ | ᠪᠣᠬᠢᠷᠲᠤᠯ᠂ ᠵᠠᠳᠠᠯᠤᠨ ᠰᠠᠯᠭᠠᠵᠤ ᠡᠷᠭᠢᠯᠳᠦᠭᠦᠯᠦᠨ ᠠᠰᠢᠭᠯᠠᠬᠤ ᠵᠡᠷᠭᠡ ᠲᠠᠯ᠎ᠠ ᠶᠢᠨ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ᠂ ︽ᠳᠥᠷᠪᠡ ᠶᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ︾ ︵ᠡᠨᠧᠷᠭᠢ ᠠᠷᠪᠢᠯᠠᠬᠤ᠂ | ᠭᠠᠵᠠᠷ ᠰᠢᠷᠣᠶ ᠠᠷᠪᠢᠯᠠᠬᠤ᠂ ᠤᠰᠤ ᠠᠷᠪᠢᠯᠠᠬᠤ᠂ ᠮᠠᠲ᠋ᠧᠷᠢᠶᠠᠯ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ︶ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠮᠤᠭ ᠤᠨ ᠶᠡᠭᠡ ᠬᠡᠮᠵᠢᠶ᠎ᠡ ᠪᠠᠷ ᠡᠨᠧᠷᠭᠢ ᠠᠷᠪᠢᠯᠠᠵᠤ ᠬᠤᠷᠣᠭᠳᠠᠯ ᠢ | ᠪᠠᠭᠤᠷᠠᠭᠤᠯᠤᠨ᠂ ᠪᠠᠷᠢᠯᠭ᠎ᠠ ᠶᠢᠨ ᠭᠠᠵᠠᠷ ᠤᠨ ᠪᠣᠬᠢᠷᠲᠤᠯ ᠥᠬᠡᠶ ᠪᠠᠷᠢᠯᠭ᠎ᠠ ᠪᠠᠷᠢᠬᠤ ᠪᠠ ᠣᠷᠴᠢᠨ ᠲᠣᠭᠤᠷᠢᠨ ᠢ | ᠬᠠᠮᠠᠭᠠᠯᠠᠵᠤ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠶ ᠣᠷᠴᠢᠨ | ᠲᠣᠭᠤᠷᠢᠨ ᠤ ᠲᠢᠩᠬᠢᠮ ᠬᠠᠷᠢᠭᠤᠴᠠᠨ᠎ᠠ︶ | ︵ᠨᠠᠢᠮᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰᠵᠢᠭᠦᠯᠦᠨ ᠬᠥᠭᠵᠢᠭᠦᠯᠬᠦ ᠶᠢ | ᠠᠬᠢᠭᠤᠯᠤᠨ᠎ᠠ᠃ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ | ᠪᠣᠯᠭᠠᠭᠰᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠢᠭᠡ ᠴᠣᠭᠴᠠᠵᠢᠭᠤᠯᠤᠭᠰᠠᠨ ᠮᠡᠷᠭᠡᠵᠢᠯ ᠤᠨ | ᠰᠢᠨ᠎ᠡ ᠡᠭᠦᠳᠦᠯᠲᠡ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ | ᠥᠬᠡᠶ ᠪᠠᠷᠢᠯᠭ᠎ᠠ ᠶᠢᠨ ᠨᠡᠶᠢᠲᠡᠯᠢᠭ ᠴᠢᠨᠠᠷ ᠪᠠ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠵᠢᠴᠢ | ᠬᠡᠷᠡᠭᠯᠡᠬᠦ ᠶᠢ ᠴᠢᠩᠭᠠᠷᠠᠭᠤᠯᠵᠤ᠂ ᠨᠥᠬᠦᠴᠡᠯ ᠳᠤ ᠨᠡᠶᠢᠴᠡᠭᠰᠡᠨ ᠭᠠᠵᠠᠷ ᠣᠷᠣᠨ ᠪᠠ ᠠᠵᠤ ᠠᠬᠤᠶᠢᠯᠠᠯ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠰᠤᠳᠤᠯᠬᠤ ᠲᠥᠪ᠂ | ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠶᠢ ᠳᠡᠮᠵᠢᠵᠦ᠂ ᠪᠥᠲᠥᠭᠡᠨ ᠪᠠᠶᠢᠭᠤᠯᠤᠯᠲᠠ ᠶᠢᠨ | ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ᠂ ᠮᠡᠷᠭᠡᠵᠢᠯ᠂ | ᠮᠠᠲ᠋ᠧᠷᠢᠶᠠᠯ᠂ ᠲᠥᠬᠦᠭᠡᠷᠦᠮᠵᠢ ᠵᠡᠷᠭᠡ ᠪᠠᠨ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠥᠯᠥᠪᠯᠡᠭᠡ ᠶᠢᠨ ᠳᠡᠮᠵᠢᠬᠦ ᠬᠦᠷᠢᠶᠡᠨ ᠳᠤ ᠵᠢᠭᠰᠠᠭᠠᠨ ᠣᠷᠣᠭᠤᠯᠬᠤ ᠶᠢ ᠠᠬᠢᠭᠤᠯᠤᠨ᠎ᠠ᠃ ᠪᠠᠷᠢᠯᠭ᠎ᠠ ᠶᠢᠨ ᠡᠨᠧᠷᠭᠢ | ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠲᠡᠷᠢᠭᠦᠨ ᠤ ᠮᠡᠷᠭᠡᠵᠢᠯ ᠢ ᠢᠳᠡᠪᠬᠢᠲᠡᠶ ᠪᠠᠷ ᠣᠷᠣᠭᠤᠯᠵᠤ | ᠠᠪᠴᠢᠷᠠᠬᠤ᠂ ᠬᠡᠷᠡᠭᠯᠡᠬᠦ ᠪᠠ ᠰᠢᠩᠭᠡᠭᠡᠨ ᠠᠪᠴᠤ᠂ ᠲᠤᠰ ᠭᠠᠵᠠᠷ ᠣᠷᠣᠨ ᠤ ᠪᠠᠨ ᠪᠣᠳᠠᠲᠠᠢ ᠳᠤ ᠨᠡᠶᠢᠴᠡᠭᠰᠡᠨ | ᠲᠥᠬᠦᠷ ᠦᠢᠯᠡᠳᠬᠦᠨ ᠪᠠ ᠰᠢᠨ᠎ᠡ ᠮᠡᠷᠭᠡᠵᠢᠯ ᠢ ᠬᠥᠭᠵᠢᠭᠦᠯᠦᠨ᠂ ᠲᠡᠷᠢᠭᠦᠨ ᠤ ᠪᠣᠯᠪᠠᠰᠤᠷᠠᠩᠭᠤᠶ ᠮᠡᠷᠭᠡᠵᠢᠯ ᠤᠨ | ᠦᠢᠯᠡᠳᠬᠦᠨ ᠢ ᠠᠵᠤ ᠦᠢᠯᠡᠰᠵᠢᠭᠦᠯᠬᠦ ᠠᠬᠢᠴᠠ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ | ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠲᠢᠩᠬᠢᠮ ᠤᠨ | ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠢ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠳᠤ ᠲᠣᠬᠢᠷᠠᠭᠤᠯᠵᠤ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ | ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠯ᠎ᠡ ᠠᠶᠢᠮᠠᠭ ᠬᠤᠲᠠ ᠨᠢ ᠲᠤᠰ ᠰᠠᠨᠠᠯ ᠢ | ᠪᠠᠭᠤᠯᠭᠠᠭᠰᠠᠨ ᠤ ᠳᠠᠷᠠᠭᠠᠬᠢ 6 ᠰᠠᠷ᠎ᠠ ᠶᠢᠨ ᠳᠣᠲᠣᠷ᠎ᠠ᠂ ᠲᠥᠬᠦᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠵᠤ᠂ ᠬᠠᠷᠠᠯᠲᠠ ᠡᠭᠦᠷᠭᠡ ᠪᠠᠨ ᠨᠠᠷᠢᠯᠢᠭᠵᠢᠭᠤᠯᠤᠨ᠂ ᠬᠠᠷᠢᠭᠤᠴᠠᠬᠤ ᠨᠢᠭᠡᠴᠢ ᠶᠢ ᠲᠣᠳᠣᠷᠬᠠᠶᠢᠯᠠᠵᠤ᠂ | ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠠᠷᠢᠶ᠎ᠠ ᠪᠦᠬᠦᠢ ᠬᠤᠰᠢᠭᠤ ᠰᠢᠶᠠᠨ ︵ᠬᠤᠲᠠ᠂ | ᠲᠣᠭᠤᠷᠢᠭ︶ ᠢ ᠵᠢᠭᠠᠨ ᠵᠢᠯᠣᠭᠤᠳᠴᠤ ᠪᠠᠶᠢᠭᠠᠳ ᠬᠠᠷᠢᠭᠤᠴᠠᠯᠭ᠎ᠠ ᠶᠢᠨ ᠲᠣᠭᠲᠠᠴᠠ ᠶᠢ ᠨᠢ ᠪᠦᠷᠢᠨᠰᠢᠭᠦᠯᠵᠦ᠂ | ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ ︵ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠬᠠᠷᠢᠭᠤᠴᠠᠨ᠎ᠠ︶ | ︵ᠬᠤᠶᠠᠷ︶ ᠪᠦᠲᠦᠭᠡᠨ ᠪᠠᠶᠢᠭᠤᠯᠬᠤ ᠪᠠᠷᠢᠯᠭ᠎ᠠ ᠶᠢᠨ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠴᠡᠬᠡᠨ ᠤ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠲᠦᠷᠢᠮ︾ ᠵᠡᠷᠭᠡ ᠶᠢᠨ | ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠠᠷᠠᠳ ᠤᠨ ᠬᠡᠷᠡᠭᠴᠡᠬᠡᠨ ᠤ ᠪᠠᠷᠢᠯᠭ᠎ᠠ ᠶᠢᠨ ᠲᠥᠷᠥᠯ ᠵᠦᠢᠯ | ᠲᠣᠭᠲᠠᠭᠠᠬᠤ᠂ ᠲᠥᠯᠥᠪᠵᠢᠭᠦᠯᠬᠦ᠂ ᠭᠠᠵᠠᠷ ᠬᠡᠷᠡᠭᠯᠡᠬᠦ᠂ ᠵᠢᠷᠤᠭᠯᠠᠨ ᠲᠥᠯᠥᠪᠯᠡᠬᠦ᠂ ᠵᠢᠷᠤᠭ ᠢ ᠬᠢᠨᠠᠬᠤ᠂ ᠪᠠᠷᠢᠯᠭ᠎ᠠ | ᠪᠠᠷᠢᠬᠤ᠂ ᠪᠠᠶᠢᠴᠠᠭᠠᠨ ᠰᠢᠯᠭᠠᠬᠤ᠂ ᠰᠢᠯᠭᠠᠨ ᠠᠪᠬᠤ᠂ ᠦᠨᠡᠯᠡᠬᠦ ᠵᠡᠷᠭᠡ ᠪᠥᠬᠦ ᠶᠠᠪᠤᠴᠠ ᠳᠤ ᠬᠢᠨᠠᠨ ᠬᠠᠮᠢᠶᠠᠷᠬᠤ | ᠲᠣᠭᠲᠠᠴᠠ ᠶᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ | ᠬᠠᠮᠢᠶ᠎ᠠ ᠪᠥᠬᠦᠶ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠢᠷᠤᠮᠵᠢᠯ ᠢ ᠬᠡᠷᠡᠭᠵᠢᠭᠦᠯᠬᠦ ᠳᠤ ᠨᠡᠭᠡᠭᠡᠨ | ᠬᠥᠭᠵᠢᠭᠦᠯᠵᠦ ᠪᠥᠲᠥᠭᠡᠨ ᠪᠠᠶᠢᠭᠤᠯᠬᠤ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠶᠢᠨ ᠵᠢᠷᠤᠭ ᠢ | ᠬᠢᠨᠠᠨ ᠪᠠᠶᠢᠴᠠᠭᠠᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠪᠠᠷᠢᠯᠭ᠎ᠠ ᠶᠢᠨ ᠪᠥᠲᠥᠭᠡᠨ ᠪᠠᠶᠢᠭᠤᠯᠬᠤ ᠡᠯ᠎ᠡ | ᠲᠠᠯ᠎ᠠ ᠶᠢᠨ ᠬᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠱᠠᠲᠤᠨ ᠳᠤ ᠪᠠᠷᠢᠯᠭ᠎ᠠ ᠶᠢᠨ ᠡᠨᠧᠷᠭᠢ | ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠡᠰ ᠳᠠᠷᠠᠭᠠᠯᠠᠯ ᠳᠤ ᠣᠷᠣᠭᠤᠯᠵᠤ᠂ ᠪᠠᠷᠢᠯᠭ᠎ᠠ ᠶᠢᠨ ᠵᠢᠷᠤᠭ ᠤᠨ ᠬᠢᠨᠠᠨ | ᠪᠠᠶᠢᠴᠠᠭᠠᠯᠲᠠ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠪᠦᠷᠢᠳᠬᠡᠨ | ᠳᠠᠩᠰᠠᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠨ᠂ ︽ᠬᠤᠶᠠᠷ ᠢ ᠰᠤᠭᠤᠴᠢᠨ ᠪᠠᠶᠢᠴᠠᠭᠠᠵᠤ᠂ | ᠨᠢᠭᠡ ᠶᠢ ᠢᠯᠡ ᠪᠣᠯᠭᠠᠬᠤ︾ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠵᠠᠭᠪᠤᠷ ᠶᠣᠰᠣᠭᠠᠷ᠂ | ᠡᠳᠦᠷ ᠲᠤᠲᠤᠮ ᠤᠨ ᠪᠠᠶᠢᠴᠠᠭᠠᠬᠤ ᠪᠠ ᠰᠤᠭᠤᠴᠢᠨ ᠪᠠᠶᠢᠴᠠᠭᠠᠵᠤ ᠰᠢᠯᠭᠠᠬᠤ ᠶᠢ ᠤᠶᠠᠯᠳᠤᠭᠤᠯᠤᠭᠰᠠᠨ ᠪᠠᠶᠢᠴᠠᠭᠠᠬᠤ | ᠠᠷᠭ᠎ᠠ ᠬᠡᠯᠪᠡᠷᠢ ᠶᠢ ᠬᠡᠷᠡᠭᠯᠡᠵᠦ᠂ ᠡᠯ᠎ᠡ ᠲᠠᠯ᠎ᠠ ᠶᠢᠨ ᠬᠢᠨ ᠤ ᠭᠤᠤᠯ ᠴᠣᠭᠴᠠ ᠶᠢᠨ ᠬᠡᠷᠡᠭᠵᠢᠭᠦᠯᠵᠦ ᠪᠠᠶᠢᠭ᠎ᠠ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠠᠮᠢᠶ᠎ᠠ ᠪᠦᠬᠦᠢ ᠪᠠᠷᠢᠮᠵᠢᠶ᠎ᠠ᠂ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠲᠤᠰᠬᠠᠶ | ᠬᠠᠭᠤᠳᠠᠰᠤ᠂ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠤᠨ ᠶᠠᠰᠤ ᠴᠢᠨᠠᠷ ᠤᠨ ᠬᠢᠨᠠᠨ | ᠪᠠᠶᠢᠴᠠᠭᠠᠯᠲᠠ᠂ ᠲᠤᠰᠬᠠᠶ ᠪᠠᠷᠢᠯᠭ᠎ᠠ ᠶᠢᠨ ᠮᠡᠷᠭᠡᠵᠢᠯ ᠤᠨ ᠲᠥᠰᠦᠯ᠂ ᠲᠤᠰᠬᠠᠶ ᠬᠢᠨᠠᠨ ᠬᠠᠮᠢᠶᠠᠷᠬᠤ ᠨᠠᠷᠢᠨ ᠲᠦᠷᠢᠮ | ᠵᠡᠷᠭᠡ ᠶᠢ ᠨᠠᠶᠢᠷᠠᠭᠤᠯᠤᠨ ᠬᠢᠨᠠᠬᠤ ᠪᠠ ᠬᠡᠷᠡᠭᠵᠢᠭᠦᠯᠦᠭᠰᠡᠨ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠶᠠᠰᠤ ᠴᠢᠨᠠᠷ ᠤᠨ ᠠᠵᠢᠯᠯᠠᠭ᠎ᠠ ᠳᠤ ᠡᠯ᠎ᠡ | ᠲᠠᠯ᠎ᠠ ᠶᠢᠨ ᠬᠢᠨ ᠤ ᠭᠤᠣᠯ ᠴᠣᠭᠴᠠ ᠶᠢᠨ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠂ ᠡᠯ᠎ᠡ ᠵᠦᠢᠯ ᠤᠨ | ᠱᠠᠭᠠᠷᠳᠠᠯᠭ᠎ᠠ ᠪᠠᠨ ᠪᠣᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠭᠤᠷᠪᠠ︶ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠨ ᠪᠣᠬᠢᠷ ᠪᠣᠳᠠᠰ | ᠭᠠᠳᠠᠭᠰᠢᠯᠠᠭᠤᠯᠬᠤ ᠶᠢ ᠪᠠᠭᠠᠰᠬᠠᠬᠤ᠂ ᠠᠵᠤ ᠦᠢᠯᠡᠰ ᠢ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠲᠥᠷᠥ ᠶᠢᠨ | ᠪᠣᠳᠣᠯᠭ᠎ᠠ ᠲᠠᠢ ᠤᠶᠠᠯᠳᠤᠭᠤᠯᠤᠨ᠂ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ | ᠪᠠ ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ ᠪᠠᠷᠢᠯᠭ᠎ᠠ᠂ ᠪᠣᠬᠢᠷᠲᠤᠯ ᠥᠬᠡᠶ ᠠᠮᠢ ᠠᠬᠤᠶ ᠶᠢᠨ ᠬᠤᠲᠠ | ᠲᠣᠭᠤᠷᠢᠭ᠂ ᠣᠳᠣᠨ ᠲᠠᠰ ᠲᠠᠢ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ᠂ ᠳᠠᠬᠢᠨ | ᠡᠭᠦᠰᠴᠦ ᠪᠣᠯᠬᠤ ᠡᠨᠧᠷᠭᠢ ᠶᠢᠨ ᠬᠡᠷᠡᠭᠯᠡᠯᠲᠡ᠂ ᠣᠳᠣ ᠶᠢᠨ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠶᠢ | ᠥᠭᠡᠷᠡᠴᠢᠯᠡᠨ ᠰᠠᠶᠢᠵᠢᠷᠠᠭᠤᠯᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ᠂ | ᠡᠨᠧᠷᠭᠢ ᠶᠢᠨ ᠭᠡᠷ᠎ᠡ ᠲᠠᠢ ᠬᠠᠮᠢᠶᠠᠷᠤᠯᠲᠠ ᠶᠢᠨ ᠲᠥᠷᠥᠯ ᠵᠦᠢᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ | ᠵᠦᠢᠯ᠂ ᠰᠠᠭᠤᠷᠢ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠵᠡᠷᠭᠡ ᠶᠢ ᠳᠡᠮᠵᠢᠬᠦ ᠡᠷᠴᠢᠮ ᠢᠶᠠᠨ ᠭᠤᠤᠯᠳᠠᠯᠭ᠎ᠠ ᠲᠠᠢ | ᠴᠢᠩᠭᠠᠷᠠᠭᠤᠯᠤᠨ᠎ᠠ᠃ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠤᠶᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠭᠰᠠᠨ ᠤᠭᠰᠠᠷᠠᠮᠠᠯ | ᠬᠡᠯᠪᠡᠷᠢ ᠪᠦᠬᠦᠢ᠂ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ | ᠪᠦᠲᠦᠴᠡ ᠶᠢ ᠨᠢᠭᠡ ᠴᠣᠭᠴᠠᠵᠢᠭᠤᠯᠬᠤ ᠵᠡᠷᠭᠡ ᠦᠢᠯᠡᠳᠪᠦᠷᠢᠯᠡᠯ ᠤᠨ ᠠᠵᠤ ᠠᠬᠤᠶᠢᠯᠠᠯ ᠳᠤ ᠤᠯᠤᠰ ᠪᠠ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠶᠢᠯᠢ ᠰᠦᠢᠳᠬᠡᠯ ᠢ ᠨᠢ ᠬᠠᠰᠤᠵᠤ ᠬᠡᠯᠲᠦᠷᠢᠭᠦᠯᠬᠦ | ᠪᠣᠳᠣᠯᠭ᠎ᠠ ᠶᠢ ᠬᠦᠷᠲᠡᠭᠡᠨ᠎ᠡ︔ ᠪᠣᠬᠢᠷᠲᠤᠯ ᠦᠭᠡᠶ ᠪᠠᠷᠢᠯᠭ᠎ᠠ ᠶᠢ ᠦᠨᠡᠯᠡᠬᠦ ᠲᠡᠮᠳᠡᠭ ᠲᠠᠢ ᠲᠥᠷᠥᠯ ᠵᠦᠢᠯ ᠳᠤ ᠭᠠᠶᠢᠯᠢ | ᠰᠦᠢᠳᠬᠡᠯ ᠢ ᠨᠢ ᠬᠠᠰᠤᠵᠤ ᠬᠡᠯᠲᠦᠷᠢᠭᠦᠯᠬᠦ ᠪᠠ ᠰᠢᠯᠢᠳᠡᠭ ᠢ ᠨᠢ ᠰᠢᠯᠭᠠᠷᠠᠭᠤᠯᠵᠤ ᠲᠡᠷᠢᠭᠦᠨ ᠤ ᠬᠢ ᠶᠢ ᠡᠭᠦᠳᠬᠦ | ᠲᠥᠷᠥ ᠶᠢᠨ ᠪᠣᠳᠣᠯᠭ᠎ᠠ ᠶᠢ ᠬᠦᠷᠲᠡᠭᠡᠬᠦ ᠠᠵᠢᠯ ᠢᠶᠠᠨ ᠦᠷᠭᠦᠯᠵᠢᠯᠡᠨ ᠨᠠᠶᠢᠳᠠᠪᠤᠷᠢᠵᠢᠭᠤᠯᠤᠨ᠎ᠠ᠃ ᠪᠣᠬᠢᠷᠲᠤᠯ ᠥᠬᠡᠶ | ᠪᠠᠷᠢᠯᠭ᠎ᠠ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ᠂ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ | ᠬᠤᠷᠣᠭᠳᠠᠯ ᠲᠠᠢ ᠪᠠᠷᠢᠯᠭ᠎ᠠ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠡᠭᠦᠯᠳᠡᠷᠵᠢᠭᠦᠯᠵᠦ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠳᠠᠮᠵᠢᠵᠤ ᠪᠠᠶᠢᠭᠠᠳ ᠭᠡᠷ ᠪᠠᠶᠢᠰᠢᠩ ᠭᠠᠵᠠᠷ ᠬᠥᠷᠥᠩᠭᠡ ᠶᠢᠨ ᠲᠣᠬᠢᠷᠠᠭᠤᠯᠭ᠎ᠠ | ᠡᠵᠡᠮᠰᠢᠯ ᠤᠨ ᠲᠥᠷᠥ ᠶᠢᠨ ᠪᠣᠳᠣᠯᠭ᠎ᠠ ᠳᠤ ᠨᠡᠶᠢᠴᠡᠭᠦᠯᠦᠭᠰᠡᠨ ᠤᠷᠢᠲᠠᠯ ᠳᠤᠤᠷ᠎ᠠ᠂ ᠬᠤᠳᠠᠯᠳᠤᠨ ᠠᠪᠤᠭᠴᠢ ᠳᠤ | ᠵᠢᠭᠡᠯᠡᠯᠭᠡ ᠶᠢᠨ ᠵᠣᠭᠤᠰᠤᠨ ᠤ ᠲᠤᠭ᠎ᠠ ᠪᠤᠶᠤ ᠬᠦᠦ ᠶᠢᠨ ᠨᠣᠷᠮ᠎ᠠ ᠶᠢᠨ ᠬᠠᠷᠠᠭᠠᠯᠵᠠᠯ ᠦᠵᠡᠭᠦᠯᠵᠤ᠂ ᠨᠣᠭᠤᠭᠠᠨ | ᠮᠥᠩᠭᠦᠨ ᠭᠦᠢᠯᠭᠡᠭᠡᠨ ᠢᠶᠠᠷ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ | ᠬᠥᠭᠵᠢᠯᠲᠡ ᠶᠢ ᠨᠢ ᠳᠡᠮᠵᠢᠬᠦ ᠶᠢ ᠠᠬᠢᠭᠤᠯᠤᠨ᠂ ᠤᠯᠤᠰ ᠤᠨ ᠪᠣᠬᠢᠷᠲᠤᠯ ᠥᠬᠡᠶ ᠬᠥᠭᠵᠢᠯᠲᠡ ᠶᠢᠨ ᠰᠠᠭᠤᠷᠢ | ᠮᠥᠩᠭᠦ ᠶᠢ ᠰᠠᠶᠢᠲᠤᠷ ᠬᠡᠷᠡᠭᠯᠡᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠵᠠᠰᠠᠭ ᠤᠨ ᠣᠷᠳᠣᠨ ᠪᠠ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ ᠠᠷᠭ᠎ᠠ ᠬᠡᠯᠪᠡᠷᠢ ᠶᠢ ᠬᠡᠷᠡᠭᠯᠡᠬᠦ ᠶᠢ ᠨᠢ | ᠵᠣᠷᠢᠭᠵᠢᠭᠤᠯᠵᠤ ᠪᠠᠶᠢᠭᠠᠳ ᠠᠵᠢᠯ ᠢᠶᠠᠨ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ | ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ | ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠳᠥᠷᠪᠡ︶ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠢᠶᠠᠨ ᠴᠢᠩᠭᠠᠷᠠᠭᠤᠯᠤᠨ᠎ᠠ᠃ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠲᠤᠰ ᠭᠠᠵᠠᠷ ᠣᠷᠣᠨ ᠤ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢ ᠠᠬᠢᠭᠤᠯᠬᠤ ᠠᠵᠢᠯ ᠤᠨ | ᠨᠢᠭᠡᠳᠦᠭᠡᠷ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠨ᠎ᠠ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠠᠵᠢᠯ ᠤᠨ ᠨᠢᠭᠡᠳᠦᠭᠡᠷ ᠳᠠᠭᠠᠭᠠᠨ ᠡᠭᠦᠷᠭᠡᠯᠡᠬᠦ ᠰᠠᠯᠠᠭ᠎ᠠ ᠮᠥᠴᠢᠷ ᠪᠣᠯᠬᠤᠷ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠬᠠᠷᠠᠯᠲᠠ ᠶᠢ ᠰᠢᠯᠭᠠᠨ ᠬᠢᠨᠠᠬᠤ ᠵᠡᠷᠭᠡ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ | ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶ ᠲᠣᠭᠲᠠᠭᠠᠵᠤ᠂ ᠠᠬᠢᠭᠤᠯᠬᠤ | ᠡᠷᠴᠢᠮ ᠢᠶᠠᠨ ᠴᠢᠩᠭᠠᠷᠠᠭᠤᠯᠤᠨ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠤᠬᠠᠭᠤᠯᠭ᠎ᠠ ᠬᠥᠮᠦᠵᠢᠯ ᠢ | ᠰᠠᠶᠢᠲᠤᠷ ᠬᠢᠵᠦ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ︔ ᠠᠵᠢᠯ ᠤᠨ ᠠᠬᠢᠴᠠ ᠪᠠ ᠦᠷ᠎ᠡ ᠪᠦᠲᠦᠮᠵᠢ ᠶᠢ ᠴᠠᠭ ᠲᠤᠬᠠᠶ ᠳᠤ ᠨᠢ ᠳ᠋ᠦᠩᠨᠡᠨ᠂ ᠣᠨ ᠤ | ᠮᠡᠳᠡᠭᠦᠯᠦᠯᠲᠡ ᠶᠢ ᠪᠢᠴᠢᠵᠦ᠂ ᠵᠢᠯ ᠪᠦᠷᠢ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠮᠡᠳᠡᠭᠦᠯᠬᠦ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠴᠠᠭ ᠲᠤ ᠨᠢ ᠲᠤᠬᠢᠷᠠᠭᠤᠯᠤᠨ ᠡᠯ᠎ᠡ ᠭᠠᠵᠠᠷ | ᠣᠷᠣᠨ ᠢ ᠬᠥᠳᠡᠯᠦᠩᠭᠦᠶ ᠵᠢᠭᠠᠨ ᠵᠢᠯᠣᠭᠤᠳᠬᠤ᠂ ᠬᠢᠨᠠᠯᠲᠠ ᠲᠠᠯᠪᠢᠵᠤ ᠰᠢᠯᠭᠠᠨ ᠬᠢᠨᠠᠬᠤ ᠪᠠ ᠦᠷ᠎ᠡ | ᠪᠦᠲᠦᠮᠵᠢ ᠶᠢ ᠨᠢ ᠦᠨᠡᠯᠡᠨ ᠵᠢᠱᠢᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠮᠢ ᠠᠬᠤᠶ | ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠡᠷᠭᠡ ᠰᠠᠯᠠᠭ᠎ᠠ ᠮᠥᠴᠢᠷ | ᠬᠠᠷᠢᠭᠤᠴᠠᠨ᠎ᠠ︶ | 2021 ᠣᠨ ᠤ 4 ᠳ᠋ᠣᠭᠡᠷ ᠰᠠᠷ᠎ᠠ ᠶᠢᠨ 15 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ | ᠠᠩᠭᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ | ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2021 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | | | | | | | | | | | ᠁ |