ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠦᠪᠦᠷ ᠵᠠᠰᠠᠭ ᠠᠯᠪᠠᠨ ᠲᠠᠷᠬᠠᠭᠠᠭᠰᠠᠨ ︹2021︺ 38 ᠳ᠋ᠤᠭᠠᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ | ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠵᠣᠷᠢᠭᠵᠢᠭᠤᠯᠣᠨ ᠱᠠᠩᠨᠠᠵᠤ ᠨᠥᠬᠦᠪᠦᠷᠢᠯᠡᠬᠦ ᠠᠷᠭ᠎ᠠ︾ ᠶᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ | ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠵᠣᠷᠢᠭᠵᠢᠭᠤᠯᠣᠨ ᠱᠠᠩᠨᠠᠵᠤ ᠨᠥᠬᠦᠪᠦᠷᠢᠯᠡᠬᠦ ᠠᠷᠭ᠎ᠠ︾ ᠶᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2021 ᠣᠨ ᠤ 8 ᠳ᠋ᠤᠭᠠᠷ ᠰᠠᠷ᠎ᠠ ᠶᠢᠨ 27 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ | ᠫᠠᠶᠢᠰᠠ ᠡᠯᠭᠦᠬᠦ ᠶᠢ ᠵᠣᠷᠢᠭᠵᠢᠭᠤᠯᠣᠨ ᠱᠠᠩᠨᠠᠵᠤ ᠨᠥᠬᠦᠪᠦᠷᠢᠯᠡᠬᠦ ᠠᠷᠭ᠎ᠠ | ᠨᠢᠭᠡᠳᠦᠭᠡᠷ ᠵᠦᠢᠯ ︽ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ | ︹2020︺ 14 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ | ᠡᠯᠭᠦᠬᠦ ᠶᠢ ᠵᠣᠷᠢᠭᠵᠢᠭᠤᠯᠤᠨ᠂ ᠬᠥᠷᠥᠩᠭᠡ ᠶᠢᠨ ᠵᠠᠬ᠎ᠠ ᠳᠡᠯᠭᠡᠭᠦᠷ ᠤᠨ ᠪᠣᠳᠠᠲᠤ ᠴᠣᠭᠴᠠ ᠶᠢᠨ ᠠᠵᠤ ᠠᠬᠤᠶ ᠳᠤ | ᠦᠢᠯᠡᠴᠢᠯᠡᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠢᠶᠠᠷ ᠳᠠᠮᠵᠢᠭᠤᠯᠤᠨ ᠠᠵᠤ | ᠠᠬᠤᠶᠢᠯᠠᠯ ᠤᠨ ᠲᠠᠰᠤᠷᠠᠯᠲᠠ ᠥᠬᠡᠶ ᠪᠤᠵᠠᠭᠠᠶᠢᠷᠬᠠᠤ ᠶᠢ ᠠᠬᠢᠭᠤᠯᠤᠨ᠂ ︽ᠬᠤᠶᠠᠷ ᠬᠠᠯᠬᠠᠪᠴᠢ︾ ︽ᠬᠤᠶᠠᠷ | ᠰᠠᠭᠤᠷᠢᠨ ᠭᠠᠵᠠᠷ︾ ︽ᠨᠢᠭᠡ ᠬᠥᠭᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠳᠤ ᠨᠠᠩ ᠰᠠᠢᠳᠣᠷ ᠦᠢᠯᠡᠴᠢᠯᠡᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠢᠯᠢ ᠶᠢᠨ ᠳᠣᠲᠣᠭᠠᠳᠤ ᠳᠤ | ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠤᠨ᠎ᠠ᠃ ᠱᠠᠩᠬᠠᠶ ᠱᠧᠨᠵᠧᠨ ᠤ ᠲᠡᠮᠳᠡᠭᠲᠦ ᠶᠢᠨ | ᠠᠷᠠᠯᠵᠢᠶᠠᠨ ᠤ ᠭᠠᠵᠠᠷ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠠᠷ ᠭᠤᠶᠤᠴᠢᠯᠠᠭᠰᠠᠨ ᠥᠪᠡᠷᠲᠡᠭᠡᠨ ᠵᠠᠰᠠᠬᠤ | ᠣᠷᠣᠨ ᠤ ᠳᠣᠲᠣᠷᠠᠬᠢ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠠᠴᠠ ᠱᠠᠲᠤ ᠦᠶ᠎ᠡ ᠬᠤᠪᠢᠶᠠᠵᠤ | ᠳᠤᠤᠷᠠᠬᠢ ᠱᠠᠩᠨᠠᠯ ᠨᠥᠬᠦᠪᠥᠷᠢ ᠣᠯᠭᠤᠨ᠎ᠠ᠄ | ︵ᠨᠢᠭᠡ︶ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠤ ᠰᠲ᠋ᠣᠺ ᠤᠨ | ᠵᠠᠬ᠎ᠠ ᠳᠡᠯᠭᠡᠭᠦᠷ ᠲᠤ ᠭᠠᠷᠬᠤ ᠪᠠᠷ ᠬᠠᠪᠰᠤᠷᠤᠨ ᠵᠢᠯᠣᠭᠤᠳᠣᠭᠤᠯᠵᠣ ᠪᠦᠷᠢᠳᠬᠡᠨ ᠳᠠᠩᠰᠠᠯᠠᠭᠤᠯᠬᠤ ᠶᠢ | ᠭᠦᠢᠴᠡᠳᠬᠡᠭᠰᠡᠨ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ | ︵ᠬᠤᠶᠠᠷ︶ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠱᠠᠩᠬᠠᠶ | ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠠᠷ | ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠰᠠᠨ ᠪᠥᠭᠡᠳ ᠲᠡᠭᠦᠨ ᠢ ᠨᠢ ᠬᠦᠯᠢᠶᠡᠨ ᠠᠪᠴᠤ | ᠭᠦᠢᠴᠡᠳᠬᠡᠬᠦ ᠪᠠᠷ ᠪᠠᠶᠢᠭ᠎ᠠ ᠠᠵᠤ ᠠᠬᠤᠶᠢᠯᠠᠯ ᠳᠤ 200 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ | | ︵ᠭᠤᠷᠪᠠ︶ ᠱᠠᠩᠬᠠᠶ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠰᠲ᠋ᠣᠺ ᠤᠨ ᠵᠠᠬ᠎ᠠ | ᠳᠡᠯᠭᠡᠭᠦᠷ ᠲᠤ ᠠᠩᠬ᠎ᠠ ᠭᠠᠷᠭᠠᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 1000 ᠲᠦᠮᠡᠨ ᠲᠥᠭᠦᠷᠢᠭ ᠤᠨ | ᠱᠠᠩᠨᠠᠯ ᠨᠥᠬᠦᠪᠥᠷᠢ ᠣᠯᠭᠤᠨ᠎ᠠ᠃ | ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ | ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠤᠨ᠎ᠠ᠃ ᠤᠯᠤᠰ ᠤᠨ ᠬᠢᠯᠢ ᠶᠢᠨ ᠭᠠᠳᠠᠨᠠᠬᠢ ᠰᠲ᠋ᠣᠺ ᠤᠨ | ᠵᠠᠬ᠎ᠠ ᠳᠡᠯᠭᠡᠭᠦᠷ ᠲᠤ ᠭᠠᠷᠬᠤ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠬᠢᠯᠢ ᠶᠢᠨ ᠭᠠᠳᠠᠨᠠᠬᠢ ᠭᠤᠣᠯ | ᠪᠣᠯᠬᠤ ᠲᠡᠮᠳᠡᠭᠲᠦ ᠶᠢᠨ ᠠᠷᠠᠯᠵᠢᠶᠠᠨ ᠤ ᠭᠠᠵᠠᠷ ︵ᠰᠢᠶᠠᠩᠭᠠᠩ ᠤᠨ ᠲᠡᠮᠳᠡᠭᠲᠦ ᠶᠢᠨ ᠬᠤᠯᠪᠣᠭᠠᠯᠠᠭᠰᠠᠨ ᠠᠷᠠᠯᠵᠢᠶᠠᠨ ᠤ | ᠭᠠᠵᠠᠷ᠂ ᠨᠢᠦ᠋ ᠶᠣᠷᠺ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠨᠠᠰᠳᠠᠺ ᠤᠨ ᠲᠡᠮᠳᠡᠭᠲᠦ ᠶᠢᠨ ᠠᠷᠠᠯᠵᠢᠶᠠᠨ ᠤ | ᠭᠠᠵᠠᠷ︶ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠳᠤ ᠥᠪᠡᠷᠲᠡᠭᠡᠨ ᠵᠠᠰᠠᠬᠤ | ᠣᠷᠣᠨ ᠠᠴᠠ ᠨᠢᠭᠡ ᠤᠳᠠᠭ᠎ᠠ ᠶᠢᠨ ᠴᠢᠨᠠᠷᠲᠠᠶ ᠪᠠᠷ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ | | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠢᠨ᠎ᠡ ᠭᠤᠷᠪᠠᠳᠤᠭᠠᠷ | ᠰᠠᠮᠪᠠᠷ᠎ᠠ ᠳᠤ ᠳᠡᠰ ᠳᠡᠪᠰᠢᠬᠦ ᠶᠢ ᠵᠣᠷᠢᠭᠵᠢᠭᠤᠯᠤᠨ᠎ᠠ᠃ ᠰᠢᠨ᠎ᠡ ᠭᠤᠷᠪᠠᠳᠤᠭᠠᠷ ᠰᠠᠮᠪᠠᠷ᠎ᠠ ᠶᠢᠨ ᠰᠢᠯᠢᠨ ᠰᠣᠩᠭᠤᠭᠳᠠᠬᠤ | ᠲᠠᠰ ᠲᠤ ᠳᠡᠪᠰᠢᠭᠰᠡᠨ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠠᠴᠠ ᠨᠢᠭᠡ ᠤᠳᠠᠭ᠎ᠠ ᠶᠢᠨ | ᠴᠢᠨᠠᠷᠲᠠᠶ ᠪᠠᠷ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ᠰᠢᠯᠢᠨ ᠰᠣᠩᠭᠤᠭᠳᠠᠬᠤ | ᠳᠡᠰ ᠲᠠᠬᠢ ᠠᠵᠤ ᠠᠬᠤᠶᠢᠯᠠᠯ ᠨᠢ ᠰᠲ᠋ᠣᠺ ᠤᠨ ᠰᠠᠮᠪᠠᠷ᠎ᠠ ᠪᠠᠷ ᠱᠠᠩᠬᠠᠶ ᠱᠧᠨᠵᠧᠨ ᠤ ᠠᠷᠠᠯᠵᠢᠶᠠᠨ ᠤ ᠭᠠᠵᠠᠷ ᠲᠤ | ᠰᠢᠯᠵᠢᠵᠦ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠪᠠᠶᠢᠪᠠᠯ᠂ ᠳᠠᠬᠢᠨᠲᠠ ᠨᠢᠭᠡ ᠤᠳᠠᠭ᠎ᠠ ᠶᠢᠨ ᠴᠢᠨᠠᠷᠲᠠᠶ ᠪᠠᠷ | 1000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠥᠪᠥᠷ | ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠫᠠᠶᠢᠰᠠ ᠡᠯᠭᠦᠭᠦᠯᠵᠦ ᠪᠤᠶᠢᠵᠢᠭᠤᠯᠤᠨ᠎ᠠ᠃ ᠠᠵᠤ | ᠠᠬᠤᠶᠢᠯᠠᠯ ᠨᠢ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠫᠠᠶᠢᠰᠠ ᠡᠯᠭᠦᠨ | ᠪᠦᠵᠢᠭᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ ᠠᠵᠤ | ᠠᠬᠤᠶᠢᠯᠠᠯ ᠤᠨ ᠪᠣᠯᠤᠮᠵᠢᠲᠤ ᠬᠢᠨᠠᠨ ᠲᠣᠭᠲᠠᠭᠠᠬᠤ ᠬᠤᠷᠠᠯ ᠢᠶᠠᠷ ᠬᠢᠨᠠᠨ ᠲᠣᠭᠲᠠᠭᠠᠵᠤ ᠪᠠᠲᠤᠯᠠᠭᠠᠳ᠂ ᠥᠪᠥᠷ | ᠮᠣᠩᠭᠤᠯ ᠤᠨ ︽ᠲᠢᠶᠠᠨ ᠵᠢᠶᠦ᠋ᠨ ᠨᠡᠷᠡᠮᠵᠢᠲᠦ ᠰᠠᠮᠪᠠᠷ᠎ᠠ︾ ᠳᠤ ᠫᠠᠶᠢᠰᠠ ᠡᠯᠭᠦᠭᠰᠡᠨ ᠪᠠᠶᠢᠪᠡᠯ᠂ ᠫᠠᠶᠢᠰᠠ ᠡᠯᠭᠦᠭᠰᠡᠨ | ᠠᠵᠤ ᠠᠬᠤᠶᠢᠯᠠᠯ ᠨᠢ 1 ᠨᠡᠮᠡᠭᠳᠡᠬᠦ ᠪᠦᠷᠢ ᠳᠤ᠂ ᠥᠪᠡᠷᠲᠡᠭᠡᠨ ᠵᠠᠰᠠᠬᠤ ᠣᠷᠣᠨ ᠠᠴᠠ ᠥᠪᠥᠷ ᠮᠣᠩᠭᠤᠯ ᠤᠨ | ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ 30 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ | | ᠠᠵᠤ ᠠᠬᠤᠶᠢᠯᠠᠯ ᠨᠢ ᠥᠪᠥᠷ ᠮᠣᠩᠭᠤᠯ ᠤᠨ ︽ᠲᠢᠶᠠᠨ ᠵᠢᠶᠦ᠋ᠨ ᠨᠡᠷᠡᠮᠵᠢᠲᠦ ᠰᠠᠮᠪᠠᠷ᠎ᠠ︾ ᠳᠤ ᠫᠠᠶᠢᠰᠠ | ᠡᠯᠭᠦᠨ ᠪᠦᠵᠢᠭᠤᠯᠬᠤ ᠪᠠᠷ ᠳᠠᠮᠵᠢᠭᠤᠯᠵᠤ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠳᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠠᠨ ᠬᠠᠪᠰᠤᠷᠤᠨ ᠵᠢᠯᠣᠭᠤᠳᠤᠭᠤᠯᠵᠤ ᠪᠦᠷᠢᠳᠬᠡᠨ | ᠳᠠᠩᠰᠠᠯᠠᠭᠤᠯᠬᠤ ᠪᠠᠷ ᠮᠡᠳᠡᠭᠦᠯᠵᠦ ᠬᠦᠷᠭᠡᠭᠰᠡᠨ ᠪᠥᠭᠡᠳ ᠭᠥᠯᠢᠶᠡᠨ ᠠᠪᠴᠤ ᠭᠦᠢᠴᠡᠳᠬᠡᠬᠦ ᠪᠠᠷ ᠪᠠᠶᠢᠭ᠎ᠠ ᠪᠣᠯ᠂ 1 | ᠠᠵᠤ ᠠᠬᠤᠶᠢᠯᠠᠯ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠪᠦᠷᠢ ᠳᠤ᠂ ᠥᠪᠡᠷᠲᠡᠭᠡᠨ ᠵᠠᠰᠠᠬᠤ ᠣᠷᠣᠨ ᠠᠴᠠ | ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ 100 ᠲᠦᠮᠡᠨ ᠲᠥᠭᠦᠷᠢᠭ ᠤᠨ ᠱᠠᠩᠨᠠᠯ | ᠨᠥᠬᠦᠪᠥᠷᠢ ᠣᠯᠭᠤᠨ᠎ᠠ᠃ | ᠵᠢᠷᠭᠤᠳᠤᠭᠠᠷ ᠵᠦᠢᠯ ᠣᠷᠣᠨ ᠤ ᠭᠠᠳᠠᠨᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ | ᠥᠪᠡᠷᠲᠡᠭᠡᠨ ᠵᠠᠰᠠᠬᠤ ᠣᠷᠣᠨ ᠳᠤ ᠰᠢᠯᠵᠢᠵᠦ ᠢᠷᠡᠬᠦ ᠶᠢ ᠵᠣᠷᠢᠭᠵᠢᠭᠤᠯᠤᠨ᠎ᠠ᠃ ᠳᠠᠩᠰᠠᠯᠠᠭᠤᠯᠤᠭᠰᠠᠨ | ᠭᠠᠵᠠᠷ ᠠᠴᠠ ᠪᠠᠨ ᠥᠪᠡᠷᠲᠡᠭᠡᠨ ᠵᠠᠰᠠᠬᠤ ᠣᠷᠣᠨ ᠳᠤ ᠰᠢᠯᠵᠢᠵᠦ ᠢᠷᠡᠭᠰᠡᠨ ᠣᠷᠣᠨ ᠤ ᠭᠠᠳᠠᠨᠠᠬᠢ ᠰᠲ᠋ᠣᠺ ᠤᠨ ᠵᠠᠬ᠎ᠠ | ᠳᠡᠯᠭᠡᠭᠦᠷ ᠲᠤ ᠭᠠᠷᠤᠭᠰᠠᠨ ᠺᠣᠮᠫᠠᠨᠢ ᠨᠢ ᠬᠡᠪ ᠤᠨ ᠶᠣᠰᠣᠭᠠᠷ ᠡᠵᠡᠩᠨᠡᠵᠦ ᠪᠠᠢᠬᠤ ᠮᠥᠷᠲᠡᠭᠡᠨ ᠬᠠᠤᠯᠢ ᠶᠣᠰᠣᠭᠠᠷ | ᠥᠪᠡᠷᠲᠡᠭᠡᠨ ᠵᠠᠰᠠᠬᠤ ᠣᠷᠣᠨ ᠳᠤ ᠭᠠᠶᠢᠯᠢ ᠲᠤᠰᠢᠶᠠᠭᠰᠠᠨ ᠪᠠᠶᠢᠪᠠᠯ᠂ ᠳᠠᠩᠰᠠᠯᠠᠭᠤᠯᠤᠭᠰᠠᠨ ᠭᠠᠵᠠᠷ ᠲᠠᠬᠢ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠤ ᠮᠡᠳᠡᠭᠦᠯᠦᠨ ᠬᠢᠨᠠᠨ | ᠬᠠᠷᠭᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠠᠴᠠ 1000 ᠲᠦᠮᠡᠨ | ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ | ᠳᠣᠯᠣᠳᠤᠭᠠᠷ ᠵᠦᠢᠯ ︽ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ | ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠠᠬᠢᠭᠤᠯᠬᠤ ᠭᠤᠷᠪᠠᠨ ᠵᠢᠯ ᠤᠨ ᠬᠡᠷᠡᠭᠵᠢᠭᠦᠯᠬᠦ ᠲᠥᠯᠥᠪᠯᠡᠭᠡ ︵2018 | — 2020 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ | ᠲᠠᠷᠬᠠᠭᠠᠭᠰᠠᠨ ︹2018︺ 44 ᠳ᠋ᠦ᠋ᠭᠡᠷ ᠲᠣᠭᠠᠲᠤ︶ ᠢ ᠬᠡᠷᠡᠭᠵᠢᠭᠦᠯᠬᠦ ᠬᠤᠭᠤᠴᠠᠭᠠᠨ ᠠᠴᠠ ᠲᠣᠰ ᠠᠷᠭ᠎ᠠ ᠶᠢ | ᠬᠡᠷᠡᠭᠵᠢᠭᠦᠯᠬᠦ ᠡᠳᠦᠷ ᠠᠴᠠ ᠡᠮᠦᠨ᠎ᠡ ᠪᠣᠯᠲᠠᠯ᠎ᠠ᠂ ᠲᠠᠰ ᠳᠡᠪᠰᠢᠵᠦ ᠰᠢᠨ᠎ᠡ ᠭᠤᠷᠪᠠᠳᠤᠭᠠᠷ ᠰᠠᠮᠪᠠᠷ᠎ᠠ ᠶᠢᠨ ᠰᠢᠯᠢᠨ | ᠰᠣᠩᠭᠤᠭᠳᠠᠬᠤ ᠳᠡᠰ ᠲᠤ ᠣᠷᠣᠭᠰᠠᠨ ᠪᠠ ᠰᠲ᠋ᠣᠺ ᠤᠨ ᠵᠠᠬ᠎ᠠ ᠳᠡᠯᠭᠡᠭᠦᠷ ᠲᠤ ᠠᠩᠬ᠎ᠠ ᠠᠷᠠᠯᠵᠢᠶᠠᠯᠠᠵᠤ ᠡᠬᠢᠯᠡᠭᠰᠡᠨ | ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠳᠤ᠂ ᠲᠣᠰ ᠠᠷᠭ᠎ᠠ ᠶᠢᠨ ᠪᠠᠷᠢᠮᠵᠢᠶ᠎ᠠ ᠶᠣᠰᠣᠭᠠᠷ ᠱᠠᠩᠨᠠᠯ | ᠨᠥᠬᠦᠪᠥᠷᠢ ᠣᠯᠭᠤᠨ᠎ᠠ᠃ | ᠨᠠᠢᠮᠠᠳᠤᠭᠠᠷ ᠵᠦᠢᠯ ᠠᠵᠤ ᠠᠬᠤᠶᠢᠯᠠᠯ ᠨᠢ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠭᠤᠶᠤᠴᠢᠯᠠᠬᠤ | ᠶᠠᠪᠤᠴᠠ ᠳᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠵᠤ ᠪᠠᠶᠢᠭᠠᠳ ᠲᠥᠷᠥ ᠶᠢᠨ ᠪᠣᠳᠣᠯᠭ᠎ᠠ ᠶᠢᠨ ᠪᠡᠯᠡ | ᠮᠥᠩᠭᠦ ᠶᠢ ᠮᠡᠬᠡᠯᠡᠵᠦ ᠣᠯᠣᠭᠰᠠᠨ᠂ ᠮᠡᠬᠡᠯᠡᠵᠦ ᠠᠪᠤᠭᠰᠠᠨ ᠵᠡᠷᠭᠡ ᠬᠠᠤᠯᠢ ᠪᠠ ᠰᠠᠬᠢᠯᠭ᠎ᠠ ᠠᠴᠠ ᠵᠥᠷᠢᠴᠡᠭᠰᠡᠨ ᠦᠢᠯᠡ | ᠠᠵᠢᠯᠯᠠᠭ᠎ᠠ ᠲᠠᠢ ᠪᠠᠶᠢᠪᠠᠯ᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠵᠤ | ᠰᠢᠢᠳᠬᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠠᠮᠢᠶ᠎ᠠ ᠪᠦᠬᠦᠢ | ᠲᠣᠭᠲᠠᠭᠠᠯ ᠢ ᠦᠨᠳᠦᠰᠦᠯᠡᠨ ᠰᠢᠢᠳᠬᠡᠨ ᠲᠣᠷᠭᠠᠬᠤ ᠬᠡᠷᠡᠭᠲᠡᠢ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ | ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠬᠦ ᠬᠡᠷᠡᠭᠲᠡᠢ᠃ | ᠶᠢᠰᠦᠳᠦᠭᠡᠷ ᠵᠦᠢᠯ ᠲᠤᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠠᠴᠠ ᠵᠣᠬᠢᠶᠠᠨ | ᠪᠠᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠬᠡᠷᠡᠭᠵᠢᠭᠦᠯᠬᠦ ᠶᠠᠪᠤᠴᠠ ᠳᠤ ᠬᠡᠷᠪᠡ ᠠᠰᠠᠭᠤᠳᠠᠯ ᠲᠠᠢ ᠪᠠᠶᠢᠪᠠᠯ᠂ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠠᠷᠢᠭᠤᠴᠠᠵᠣ ᠲᠠᠶᠢᠯᠪᠣᠷᠢᠯᠠᠨ᠎ᠠ᠃ | ᠠᠷᠪᠠᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ | ᠬᠦᠴᠦᠨ ᠪᠦᠬᠦᠢ ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠣᠨ᠎ᠠ᠂ | ᠥᠪᠡᠷᠲᠡᠭᠡᠨ ᠵᠠᠰᠠᠬᠤ ᠣᠷᠣᠨ ᠤ ᠡᠭᠦᠨ ᠠᠴᠠ ᠡᠮᠦᠨ᠎ᠡ ᠲᠣᠭᠲᠠᠭᠠᠭᠰᠠᠨ ᠬᠠᠮᠢᠶ᠎ᠠ ᠪᠦᠬᠦᠢ ᠱᠠᠩᠨᠠᠵᠤ ᠨᠥᠬᠦᠪᠥᠷᠢᠯᠡᠬᠦ | ᠪᠠᠷᠢᠮᠵᠢᠶ᠎ᠠ ᠨᠢ ᠲᠤᠰ ᠠᠷᠭ᠎ᠠ ᠯᠤᠭ᠎ᠠ ᠨᠢᠭᠡᠳᠦᠯ ᠦᠭᠡᠢ ᠪᠠᠶᠢᠪᠠᠯ᠂ ᠲᠤᠰ ᠠᠷᠭ᠎ᠠ ᠪᠠᠷ ᠪᠠᠷᠢᠮᠵᠢᠶ᠎ᠠ ᠪᠣᠯᠭᠠᠨ᠎ᠠ᠃ ︽ | ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ | ᠡᠯᠭᠦᠬᠦ ᠶᠢ ᠠᠬᠢᠭᠤᠯᠬᠤ ᠭᠤᠷᠪᠠᠨ ᠵᠢᠯ ᠤᠨ ᠬᠡᠷᠡᠭᠵᠢᠭᠦᠯᠬᠦ ᠲᠥᠯᠥᠪᠯᠡᠭᠡ ︵2018 — 2020 ᠣᠨ︶ ᠶᠢ | ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2018︺ 44 | ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ | ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ | ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2021 ᠣᠨ ᠤ 8 ᠳ᠋ᠤᠭᠠᠷ ᠰᠠᠷ᠎ᠠ ᠶᠢᠨ 27 ᠤ ᠡᠳᠦᠷ ᠳᠠᠷᠤᠮᠠᠯᠯᠠᠨ ᠲᠠᠷᠬᠠᠭᠠᠪᠠ | | | | | | | | | | | | | | | | | | | | | | ᠁ |