ᠰᠦᠩᠱᠠᠨ ᠲᠣᠭᠤᠷᠢᠭ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠬᠦᠴᠦᠯᠡᠨ ᠪᠦᠷᠢᠨᠰᠢᠭᠦᠯᠦᠨ᠎ᠡ
ᠨᠡᠶᠢᠲᠡᠯᠡᠭᠰᠡᠨ ᠴᠠᠭ᠄
2022/1/19
    ᠨᠢᠭᠡ ᠳᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠠᠪᠴᠤ᠂ ᠠᠵᠤ ᠠᠬᠤᠶᠢᠯᠠᠯ ᠤᠨ ᠦᠢᠯᠡᠴᠢᠯᠡᠭᠡ ᠶᠢ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠭᠡ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠲᠤᠰ ᠪᠡᠶ᠎ᠡ ᠶᠢᠨ ᠠᠰᠠᠭᠤᠳᠠᠯ ᠢ ᠢᠯᠡᠷᠡᠭᠦᠯᠬᠦ ᠳᠤ ᠬᠦᠴᠢᠷ᠂ ᠠᠰᠠᠭᠤᠳᠠᠯ ᠢ ᠢᠯᠡᠷᠡᠭᠦᠯᠦᠭᠡᠳ ᠴᠡᠭᠴᠡᠯᠡᠨ ᠰᠠᠶᠢᠵᠢᠷᠠᠭᠤᠯᠬᠤ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃     ᠬᠤᠶᠠᠷ ᠲᠤ᠂ ᠴᠢᠩᠭ᠎ᠠ ᠬᠠᠮᠢᠶᠠᠷᠴᠤ ᠬᠦᠨᠳᠦ ᠪᠠᠷ ᠲᠣᠷᠭᠠᠬᠤ ᠶᠢ ᠬᠡᠷᠡᠭᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠬᠤᠯᠠᠴᠢᠯᠠᠬᠤ ᠥᠬᠡᠶ᠂ ᠠᠰᠠᠭᠤᠳᠠᠯ ᠳᠠᠯᠳᠠ ᠬᠡᠮ ᠢ ᠢᠳᠡᠪᠬᠢᠲᠡᠶ ᠪᠠᠷ ᠴᠡᠭᠴᠡᠯᠡᠨ ᠰᠠᠶᠢᠵᠢᠷᠠᠭᠤᠯᠬᠤ ᠥᠬᠡᠶ ᠠᠵᠤ ᠠᠬᠤᠶᠢᠯᠠᠯ ᠳᠤ ᠬᠠᠤᠯᠢ ᠶᠢ ᠴᠢᠩᠭ᠎ᠠ ᠬᠡᠷᠡᠭᠵᠢᠭᠦᠯᠦᠨ᠎ᠡ᠃     ᠭᠤᠷᠪᠠ ᠳᠤ᠂  ᠣᠶᠤᠨᠴᠢ ᠠᠵᠤ ᠠᠬᠤᠶᠢᠯᠠᠯ ᠢ ᠪᠠᠶᠢᠭᠤᠯᠬᠤ ᠲᠠᠯ᠎ᠠ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠦᠨ᠎ᠡ᠃     ᠲᠦᠷᠪᠡ ᠳᠤ᠂ ᠲᠤᠰᠬᠠᠢ ᠮᠡᠷᠭᠡᠵᠢᠯᠲᠡᠨ ᠢ ᠤᠷᠢᠵᠤ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠯᠲᠠ ᠬᠢᠬᠦ ᠠᠷᠭ᠎ᠠ ᠬᠡᠯᠪᠡᠷᠢ ᠶᠢ ᠦᠷᠭᠦᠯᠵᠢᠯᠡᠨ ᠬᠡᠷᠡᠭᠯᠡᠵᠦ᠂ ᠭᠦᠨ ᠳᠠᠪᠬᠤᠷᠭ᠎ᠠ ᠶᠢᠨ ᠭᠡᠮ ᠰᠣᠭᠤᠭ ᠤᠨ ᠠᠰᠠᠭᠤᠳᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠎ᠠ᠃     ᠲᠠᠪᠤ ᠳᠤ᠂ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠶᠢ ᠱᠠᠯᠠᠪᠳᠠᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号