ᠵᠠᠰᠠᠭ ᠤᠨ ᠣᠷᠳᠣᠨ ᠤ ᠠᠵᠢᠯ ᠤᠨ ᠢᠯᠡᠳᠬᠡᠯ | — 2022 ᠤᠨ ᠤ 1 ᠰᠠᠷ᠎ᠠ ᠶᠢᠨ 5 ᠤ ᠡᠳᠦᠷ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ | ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ | ᠳᠡᠭᠡᠷ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠵᠥᠩ ᠴᠢᠩ ᠰᠥᠩ | ᠲᠥᠯᠥᠭᠡᠯᠡᠭᠴᠢᠳ ᠡ᠄ | ᠤᠳᠤ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠷᠡᠴᠢᠯᠡᠨ ᠲᠣᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠥᠩᠭᠡᠷᠡᠭᠰᠡᠨ ᠲᠠᠪᠤᠨ ᠵᠢᠯ ᠵᠢᠴᠢ 2021 ᠤᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠲᠠᠪᠤᠨ ᠵᠢᠯ ᠪᠣᠯ ᠥᠷᠢᠰᠥᠯᠳᠦᠭᠡᠨ ᠤᠯᠠᠨ᠂ ᠡᠭᠦᠷᠭᠡ ᠬᠦᠨᠳᠦ ᠪᠠᠶᠢᠭᠰᠠᠨ ᠲᠠᠪᠤᠨ ᠵᠢᠯ ᠮᠥᠨ᠂ | ᠨᠡᠩ ᠴᠤ ᠡᠷᠡᠯᠬᠡᠭᠯᠡᠨ ᠤᠷᠤᠭᠰᠢᠯᠠᠵᠤ᠂ ᠦᠷ᠎ᠡ ᠪᠦᠲᠦᠭᠡᠯ ᠣᠯᠤᠭᠰᠠᠨ ᠲᠠᠪᠤᠨ ᠵᠢᠯ ᠮᠥᠨ᠃ 2019 ᠤᠨ ᠤ 7 | ᠰᠠᠷ᠎ᠠ ᠶᠢᠨ 15 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠮᠠᠨ ᠤ ᠲᠣᠭᠤᠷᠢᠭ ᠤᠨ ᠯᠢᠨ ᠬᠤᠸᠠᠩ ᠵᠢᠶᠠ | ᠶᠤᠸᠠᠨ ᠨᠡᠶᠢᠭᠡᠮ ᠲᠣᠭᠤᠷᠢᠭ ᠲᠤ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠭᠰᠠᠨ ᠳᠤ ᠪᠦᠬᠦ ᠲᠣᠭᠤᠷᠢᠭ ᠢᠶᠠᠷ ᠢᠶᠠᠨ | ᠲᠦᠢᠯ ᠢᠶᠠᠷ ᠤᠷᠮᠠᠰᠢᠨ ᠵᠣᠷᠢᠭᠵᠢᠪᠠ᠂ ᠶᠡᠷᠦᠩᠬᠡᠢ ᠱᠦᠵᠢ ᠶᠢᠨ ᠳᠣᠲᠣᠨᠣ ᠬᠠᠯᠠᠮᠵᠢᠯᠠᠯ ᠪᠠ ᠳᠣᠲᠣᠨᠣ ᠨᠠᠶᠢᠳᠠᠯᠭ᠎ᠠ ᠨᠢ | ᠰᠦᠩᠱᠠᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠲᠠᠪᠤᠨ | ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠣᠭᠤᠷᠢᠭ ᠤᠨ | ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠳᠡᠮᠵᠢᠯᠭᠡ ᠪᠠ ᠬᠢᠨᠠᠯᠲᠠ ᠳᠣᠣᠷ᠎ᠠ᠂ | ᠲᠣᠭᠤᠷᠢᠭ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠡᠭᠡᠳᠦ | ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠪᠦᠯᠬᠦᠮᠳᠡᠨ | ᠲᠦᠰᠢᠭᠯᠡᠵᠦ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ | ᠡᠭᠦᠷᠭᠡᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠵᠠᠮ ᠨᠡᠭᠡᠭᠡᠨ ᠤᠷᠤᠭᠰᠢᠯᠠᠵᠤ᠂ ᠠᠵᠤ ᠠᠬᠤᠢ | ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠲᠡᠮᠡᠴᠡᠯ ᠤᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠰᠢᠯᠢᠳᠡᠭ | ᠰᠢᠯᠭᠠᠯᠲᠠ ᠶᠢᠨ ᠬᠠᠭᠤᠳᠠᠰᠤ ᠶᠢ ᠲᠤᠰᠢᠶᠠᠭᠰᠠᠨ ᠪᠠᠶᠢᠨ᠎ᠠ᠃ | — ᠲᠠᠪᠤᠨ ᠵᠢᠯ ᠤᠨ ᠲᠤᠷᠰᠢ᠂ ᠪᠢᠳᠡ ᠵᠢᠱᠢᠯᠲᠡ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠪᠠᠲᠤᠯᠠᠬᠤ ᠳᠤ | ᠠᠩᠬᠠᠷᠤᠯ ᠢᠶᠠᠨ ᠲᠦᠪᠯᠡᠷᠡᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠳᠡᠭᠡᠭᠰᠢᠯᠡᠪᠡ᠃ ᠭᠠᠵᠠᠷ | ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠵᠢᠯ ᠪᠦᠷᠢ ᠳᠤᠮᠳᠠᠴᠢ ᠪᠠᠷ 5.5% ᠪᠠᠷ ᠨᠡᠮᠡᠭᠳᠡᠵᠦ᠂ ᠣᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠵᠢᠯ ᠪᠦᠷᠢ ᠳᠤᠮᠳᠠᠴᠢ ᠪᠠᠷ 11.5% ᠪᠠᠷ ᠨᠡᠮᠡᠭᠳᠡᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠵᠢᠯ ᠪᠦᠷᠢ ᠳᠤᠮᠳᠠᠴᠢ ᠪᠠᠷ 4. | 7% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ 5.1% ᠪᠠᠷ | ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | ᠵᠢᠯ ᠪᠦᠷᠢ ᠳᠤᠮᠳᠠᠴᠢ ᠪᠠᠷ 6.8% ᠪᠠ 9.2% ᠢᠶᠠᠷ ᠨᠡᠮᠡᠭᠳᠡᠵᠦ᠂ ᠭᠤᠤᠯ ᠪᠣᠯᠬᠤ ᠠᠵᠤ ᠠᠬᠤᠶ ᠶᠢᠨ | ᠭᠦᠢᠴᠡᠳᠬᠡᠯ ᠲᠤᠭ᠎ᠠ ᠶᠢ ᠪᠥᠬᠦ ᠬᠤᠲᠠ ᠶᠢᠨ ᠨᠢᠭᠡᠳᠦᠭᠡᠷ ᠱᠠᠲᠤᠨ ᠳᠤ ᠪᠠᠶᠢᠯᠭᠠᠬᠤ ᠶᠢ ᠪᠠᠲᠤᠯᠠᠪᠠ᠃ ᠣᠲᠣ | ᠦᠶ᠎ᠡ ᠶᠢᠨ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠥᠨᠳᠥᠷ | ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠨᠡᠶᠢᠲᠡ 88 ᠲᠦᠮᠡᠨ ᠮᠥ ᠬᠡᠷᠡᠭᠵᠢᠭᠦᠯᠵᠦ᠂ ᠠᠵᠤ ᠠᠬᠤᠶ ᠶᠢᠨ | ᠲᠠᠷᠢᠮᠠᠯ ᠤᠨ ᠲᠠᠯᠠᠪᠠᠶ 75 ᠲᠦᠮᠡᠨ ᠮᠥ ᠳᠤ ᠬᠦᠷᠴᠦ᠂ ᠠᠮᠤ ᠪᠤᠳᠠᠭᠠᠨ ᠤ ᠤᠨᠠᠯᠲᠠ ᠶᠢ 16 ᠳ᠋ᠦᠩᠰᠢᠭᠤᠷ ᠵᠢᠩ | ᠣᠷᠴᠢᠮ ᠳᠤ ᠲᠣᠭᠲᠠᠪᠤᠷᠢᠵᠢᠭᠤᠯᠵᠤ᠂ 18 ᠵᠢᠯ ᠳᠠᠷᠠᠭᠠᠯᠠᠨ ᠪᠥᠬᠦ ᠬᠤᠲᠠ ᠳᠤ ᠨᠢᠭᠡᠳᠦᠭᠡᠷ ᠲᠤ ᠣᠷᠣᠪᠠ᠃ | ᠪᠡᠯᠡᠳᠭᠡᠮᠵᠢᠳᠤ ᠲᠠᠷᠢᠶᠠᠯᠠᠩ ᠤᠨ ᠶᠡᠷᠦᠩᠬᠡᠶ ᠬᠡᠮᠵᠢᠶ᠎ᠡ 42 ᠲᠦᠮᠡᠨ ᠮᠥ ᠳᠤ ᠬᠦᠷᠴᠦ᠂ ᠪᠥᠬᠦ ᠬᠤᠲᠠ ᠶᠢᠨ | ᠳᠥᠷᠪᠡᠨ ᠤ ᠨᠢᠭᠡ ᠬᠤᠪᠢ ᠶᠢ ᠡᠵᠡᠯᠡᠪᠡ︔ ᠠᠵᠤ ᠠᠬᠤᠶ ᠶᠢᠨ ᠣᠶ ᠶᠢᠨ ᠲᠠᠯᠠᠪᠠᠶ ᠶᠢ 13.5 ᠲᠦᠮᠡᠨ ᠮᠥ ᠳᠤ | ᠬᠦᠷᠲᠡᠯ᠎ᠡ ᠬᠥᠭᠵᠢᠭᠦᠯᠵᠦ᠂ ᠵᠢᠯ ᠪᠦᠷᠢ ᠳᠤᠮᠳᠠᠴᠢ ᠪᠠᠷ 200 ᠲᠦᠮᠡᠨ ᠭᠠᠭ᠋ᠠᠶ ᠭᠠᠷᠭᠠᠵᠤ᠂ ᠠᠯᠠᠰᠢᠨ ᠦᠬᠡᠷ | ᠠᠯᠠᠰᠢᠨ ᠬᠤᠨᠢᠨ ᠤ ᠲᠤᠭ᠎ᠠ ᠲᠣᠯᠣᠭᠠᠶ 21 ᠲᠦᠮᠡ ᠪᠠ 70 ᠲᠦᠮᠡ᠂ ᠬᠤᠲᠠ ᠶᠢᠨ ᠲᠠᠰ ᠠᠴᠠ ᠳᠡᠭᠡᠭᠰᠢᠬᠢ | ᠲᠤᠯᠤᠭᠠᠶᠢᠯᠠᠭᠴᠢ ᠠᠵᠤ ᠠᠬᠤᠶᠢᠯᠠᠯ 21 ᠪᠠᠶᠢᠵᠤ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠶᠢᠨ | ᠭᠡᠷᠡᠴᠢᠯᠡᠯ 48 ᠣᠯᠵᠤ᠂ ᠲᠠᠷᠢᠶᠠᠯᠠᠩ ᠤᠨ ᠮᠠᠰᠢᠨ ᠤ ᠶᠡᠷᠦᠩᠬᠡᠶᠢᠯᠡᠭᠰᠡᠨ ᠠᠵᠢᠯᠯᠠᠭᠠᠨ ᠤ ᠨᠣᠷᠮ᠎ᠠ ᠶᠢ 80% ᠳᠤ | ᠬᠦᠷᠦᠭᠦᠯᠵᠦ᠂ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠤᠬᠠᠶ ᠶᠢᠨ | ᠭᠠᠵᠠᠷ ᠲᠤᠨᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 67.5% ᠳᠤ ᠬᠦᠷᠦᠭᠦᠯᠪᠡ᠃ ᠰᠢᠨ᠎ᠡ ᠬᠡᠯᠪᠡᠷᠢ ᠶᠢᠨ | ᠠᠵᠤ ᠦᠢᠯᠡᠳᠪᠦᠷᠢ ᠶᠢ ᠲᠦᠷᠭᠡᠳᠬᠡᠨ ᠠᠬᠢᠭᠤᠯᠵᠤ᠂ ᠲᠥᠯᠥᠪᠵᠢᠭᠦᠯᠭᠡ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠠᠵᠤ ᠠᠬᠤᠶᠢᠯᠠᠯ 25 ᠪᠠᠶᠢᠵᠤ᠂ ᠠᠩᠴᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ 10.5 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 30 ᠲᠦᠮᠡᠨ ᠲᠡᠭᠰᠢ ᠳᠥᠷᠪᠡᠯᠵᠢᠨ | ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ ᠪᠠᠶᠢᠰᠢᠩ ᠢ ᠪᠠᠶᠢᠭᠤᠯᠵᠤ᠂ ᠬᠦᠷᠢᠶᠡᠯᠡᠩ ᠳᠤ ᠤᠷᠤᠭᠰᠠᠨ | ᠠᠵᠤ ᠠᠬᠤᠶᠢᠯᠠᠯ 52 ᠪᠠᠶᠢᠨ᠎ᠠ᠃ ᠰᠢᠨ ᠺᠧ ᠬᠦᠷᠢᠶᠡᠯᠡᠩ ᠲᠣᠭᠤᠷᠢᠭ ᠲᠤ 16.9 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠥᠬᠦ ᠬᠤᠲᠠ ᠶᠢᠨ ᠠᠵᠤ ᠦᠢᠯᠡᠰ ᠪᠠ ᠬᠤᠲᠠ ᠶᠢᠨ ᠠᠭᠤᠰᠤᠯᠴᠠᠯ ᠤᠨ | ᠬᠤᠰᠢᠭᠤᠴᠢ ᠲᠣᠭᠤᠷᠢᠭ ᠲᠤ ᠣᠷᠣᠵᠤ᠂ 10.5 ᠲᠦᠮᠡᠨ ᠲᠡᠭᠰᠢ ᠳᠥᠷᠪᠡᠯᠵᠢᠨ ᠮᠧᠲᠷ ᠤᠨ ᠲᠣᠭᠠᠨ ᠤ | ᠡᠭᠦᠳᠦᠯᠲᠡ ᠶᠢᠨ ᠰᠠᠭᠤᠷᠢᠨ ᠭᠠᠵᠠᠷ ᠤᠨ ᠥᠮᠴᠢᠯᠡᠬᠦ ᠡᠷᠬᠡ ᠶᠢᠨ ᠰᠢᠯᠵᠢᠯᠲᠡ᠂ ᠥᠭᠡᠷᠡᠴᠢᠯᠡᠨ ᠲᠠᠰ | ᠳᠡᠪᠰᠢᠭᠦᠯᠦᠯᠲᠡ ᠶᠢ ᠪᠡᠶᠡᠯᠡᠭᠦᠯᠵᠦ᠂ ᠪᠡᠭᠡᠵᠢᠩ ᠤᠨ ᠵᠥᠩ ᠭᠤᠸᠠᠨ ᠼᠦᠨ ᠤ ᠮᠡᠳᠡᠭᠡ ᠵᠠᠩᠭᠢ ᠶᠢᠨ ᠬᠥᠨᠳᠡᠶ ᠲᠠᠢ | ᠠᠮᠵᠢᠯᠲᠠ ᠲᠠᠢ ᠪᠠᠷ ᠭᠡᠷ᠎ᠡ ᠲᠣᠭᠲᠠᠨ ᠬᠠᠮᠲᠤᠷᠠᠯᠴᠠᠵᠤ᠂ 35 ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠣᠷᠣᠵᠤ ᠰᠠᠭᠤᠭᠠᠳ᠂ ᠵᠢᠯ ᠤᠨ ᠦᠢᠯᠡᠳᠬᠦᠨ ᠤ ᠥᠷᠲᠡᠭ ᠨᠢ 3 ᠳ᠋ᠦᠩᠰᠢᠭᠤᠷ | ᠲᠥᠭᠦᠷᠢᠭ ᠢ ᠳᠠᠪᠠᠪᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠢ ᠲᠠᠰ ᠳᠡᠪᠰᠢᠭᠦᠯᠵᠦ᠂ | ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠬᠤᠲᠠ ᠶᠢᠨ 27 ᠲᠥᠷᠥᠯ ᠵᠦᠢᠯ ᠠᠰᠢᠭᠯᠠᠯᠲᠠ ᠳᠤ | ᠣᠷᠣᠵᠤ ᠦᠷ᠎ᠡ ᠪᠦᠲᠦᠮᠵᠢ ᠣᠯᠵᠤ᠂ 14 ᠲᠥᠷᠥᠯ ᠵᠦᠢᠯ ᠲᠦᠷᠭᠡᠨ ᠢᠶᠠᠷ ᠠᠭᠢᠪᠠ᠃ ᠶᠦᠩ ᠶᠧ᠂ ᠵᠥᠩ | ᠯᠢᠶᠠᠨ᠂ ᠰᠢᠨ ᠲᠢᠶᠠᠨ ᠳ᠋ᠢ ᠵᠡᠷᠭᠡ ᠤᠯᠠᠮᠵᠢᠯᠠᠯᠲᠤ ᠬᠤᠳᠠᠯᠳᠤᠭᠠᠨ ᠤ ᠲᠣᠭᠤᠷᠢᠭ ᠬᠡᠯᠪᠡᠷᠢ ᠪᠠᠨ ᠬᠤᠪᠢᠷᠠᠭᠤᠯᠤᠨ | ᠬᠥᠭᠵᠢᠵᠦ᠂ ᠰᠦᠩᠱᠠᠨ ᠸᠠᠨ ᠳ᠋ᠠ ᠳᠤ ᠫᠦᠰᠡ ᠳᠦᠭᠦᠷᠡᠩ ᠡᠵᠡᠩᠨᠡᠵᠦ᠂ ᠳ᠋ᠢ ᠬᠤᠤ ᠬᠤᠳᠠᠯᠳᠤᠭᠠᠨ ᠤ ᠲᠣᠭᠤᠷᠢᠭ | ᠦᠳᠲᠡᠷ ᠲᠦᠷᠭᠡᠨ ᠬᠥᠭᠵᠢᠪᠡ᠃ ᠬᠤᠸᠠᠩ ᠵᠢᠶᠠ ᠮᠠᠨ ᠳ᠋ᠢᠶᠠᠨ᠂ ᠶᠢᠨ ᠾᠧ ᠬᠥ᠋ ᠵᠢᠵᠢᠭ ᠪᠠᠯᠭᠠᠰᠤ ᠵᠡᠷᠭᠡ A | ᠲᠠᠰ ᠤᠨ ᠦᠵᠡᠮᠵᠢ ᠶᠢᠨ ᠣᠷᠣᠨ ᠢ 5 ᠪᠠᠶᠢᠭᠤᠯᠵᠤ᠂ 23 ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠵᠦ᠂ | ᠨᠡᠶᠢᠲᠡ 300 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 45 ᠳ᠋ᠦᠩᠰᠢᠭᠤᠷ | ᠲᠥᠭᠦᠷᠢᠭ ᠲᠤ ᠬᠦᠷᠦᠪᠡ᠃ | — ᠲᠠᠪᠤᠨ ᠵᠢᠯ ᠤᠨ ᠲᠤᠷᠰᠢ᠂ ᠪᠢᠳᠡ ᠳᠤᠲᠠᠭᠤᠳᠠᠯ ᠢᠶᠠᠨ ᠨᠥᠬᠦᠪᠥᠷᠢᠯᠡᠬᠦ᠂ ᠬᠦᠴᠦᠷᠬᠡᠭ ᠪᠠᠭᠤᠷᠠᠢ | ᠲᠠᠯ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢᠯᠡᠳᠲᠡ | ᠦᠷ᠎ᠡ ᠪᠦᠲᠦᠮᠵᠢ ᠤᠯᠪᠠ᠃ 9.28 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ | ᠣᠷᠣᠭᠤᠯᠵᠤ᠂ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠶᠢ ᠴᠢᠩᠭ᠎ᠠ ᠠᠩᠬᠠᠷᠴᠤ᠂ ᠶᠠᠳᠠᠭᠤ ᠶᠢ | ᠲᠡᠳᠬᠦᠬᠦ ᠠᠵᠤ ᠦᠢᠯᠡᠰ ᠤᠨ ᠬᠦᠷᠢᠶᠡᠯᠡᠩ ᠲᠣᠭᠤᠷᠢᠭ 50᠂ ᠰᠠᠭᠤᠷᠢᠨ ᠭᠠᠵᠠᠷ ᠢ 20 ᠭᠠᠷᠤᠶ ᠲᠦᠮᠡᠨ ᠮᠥ | ᠪᠠᠶᠢᠭᠤᠯᠵᠤ᠂ ︽ᠬᠥᠮᠦᠨ ᠨᠢ ᠶᠠᠳᠠᠭᠤ ᠠᠴᠠ ᠠᠩᠭᠢᠵᠢᠷᠠᠬᠤ᠂ ᠲᠣᠰᠬᠤᠨ ᠨᠢ ᠶᠠᠳᠠᠭᠤ ᠠᠴᠠ ᠭᠠᠷᠬᠤ᠂ | ᠲᠣᠭᠤᠷᠢᠭ ᠨᠢ ᠶᠠᠳᠠᠭᠤ ᠠᠴᠠ ᠰᠠᠯᠬᠤ︾ ᠬᠠᠷᠠᠯᠲᠠ ᠶᠢ ᠪᠡᠶᠡᠯᠡᠭᠦᠯᠪᠡ᠃ ᠬᠦᠨᠳᠦ ᠶᠡᠭᠡ ᠲᠦᠭᠰᠢᠭᠦᠷᠢ ᠶᠢ | ᠢᠳᠡᠪᠬᠢᠲᠡᠶ ᠪᠠᠷ ᠰᠡᠷᠭᠡᠶᠢᠯᠡᠨ ᠠᠷᠢᠯᠭᠠᠵᠤ᠂ ᠲᠥᠰᠦᠪ ᠤᠨ ᠠᠵᠢᠯ ᠤᠨ ᠠᠮᠵᠢᠯᠲᠠ ᠪᠦᠲᠦᠮᠵᠢ᠂ ᠲᠥᠪᠯᠡᠷᠡᠭᠦᠯᠦᠨ | ᠣᠯᠭᠤᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠡᠳ᠋ ᠤᠨ ᠵᠠᠰᠠᠭ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠦᠨ᠂ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠵᠤ᠂ | ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠳᠠᠯᠳᠠ ᠥᠷᠢ ᠥᠭᠴᠡᠭᠡ ᠶᠢ ᠠᠷᠢᠯᠭᠠᠬᠤ ᠱᠠᠩᠨᠠᠯ ᠤᠨ ᠪᠠᠯᠠ ᠮᠥᠩᠭᠦ ᠶᠢ 3.42 ᠳ᠋ᠦᠩᠰᠢᠭᠤᠷ | ᠲᠥᠭᠦᠷᠢᠭ ᠣᠯᠵᠤ᠂ ᠲᠦᠷ ᠥᠭᠬᠦ ᠵᠣᠭᠤᠰ ᠢ ᠰᠢᠩᠭᠡᠭᠡᠬᠦ ᠠᠵᠢᠯ ᠤᠨ ᠱᠠᠩᠨᠠᠯ ᠤᠨ ᠪᠠᠯᠠ ᠮᠥᠩᠭᠦ ᠶᠢ 2.65 | ᠳ᠋ᠦᠩᠰᠢᠭᠤᠷ ᠲᠥᠭᠦᠷᠢᠭ ᠭᠥᠷᠳᠡᠪᠡ᠃ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ | ᠴᠢᠩᠭᠠᠳᠬᠠᠵᠤ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠤᠨ᠂ ᠮᠥᠩᠭᠦᠨ ᠭᠦᠢᠯᠭᠡᠭᠡᠨ ᠤ | ᠵᠠᠬ᠎ᠠ ᠳᠡᠯᠭᠡᠭᠦᠷ ᠤᠨ ᠡᠮᠬᠢ ᠳᠢᠭᠯᠢᠮ ᠨᠢ ᠵᠢᠷᠤᠮᠵᠢᠯ ᠲᠠᠢ ᠪᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠯᠠᠪᠳᠠᠭᠤᠨ ᠢᠶᠠᠷ ᠠᠬᠢᠭᠤᠯᠵᠤ᠂ ᠬᠦᠬᠡ ᠲᠩᠷᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠢ ᠨᠡᠩ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾ ᠠᠴᠠ ᠬᠠᠷᠢᠭᠤ ᠲᠤᠰᠬᠠᠭᠰᠠᠨ 25 | ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ 7730 ᠡᠷᠦᠬᠡ ᠶᠢᠨ ᠵᠠᠳᠠᠭᠠᠢ | ᠰᠢᠲᠠᠭᠠᠬᠤ ᠨᠡᠭᠦᠷᠡᠰᠦᠨ ᠵᠤᠤᠬ᠎ᠠ ᠶᠢ ᠴᠡᠪᠡᠷᠰᠢᠭᠦᠯᠦᠨ ᠥᠭᠡᠷᠡᠴᠢᠯᠡᠵᠦ᠂ ᠬᠤᠲᠠ ᠶᠢᠨ ᠲᠣᠭᠤᠷᠢᠭ ᠤᠨ ᠠᠭᠠᠷ ᠤᠨ | ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ 90% ᠠᠴᠠ ᠳᠡᠭᠡᠭᠰᠢ ᠳᠤ ᠬᠦᠷᠭᠡᠪᠡ︔ ᠲᠥᠪ | ᠬᠤᠲᠠ ᠶᠢᠨ ᠲᠣᠭᠤᠷᠢᠭ ᠤᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠠᠵᠢᠯ | ᠢᠯᠡᠳᠲᠡ ᠦᠷ᠎ᠡ ᠪᠦᠲᠦᠮᠵᠢ ᠣᠯᠵᠤ᠂ 46 ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ | ᠪᠢᠲᠡᠭᠦᠮᠵᠢᠯᠡᠨ ᠵᠣᠭᠰᠣᠭᠠᠵᠤ᠂ ᠬᠤᠲᠠ ᠶᠢᠨ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ | ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100% ᠳᠤ | ᠬᠦᠷᠦᠭᠦᠯᠪᠡ︔ 18 ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ ᠪᠡᠶᠡᠯᠡᠭᠦᠯᠵᠦ᠂ ᠲᠠᠷᠢᠶᠠᠨ | ᠡᠮ᠂ ᠬᠢᠮᠢ ᠶᠢᠨ ᠪᠣᠷᠲᠣᠭᠤᠷ ᠤᠨ ᠬᠡᠷᠡᠭᠯᠡᠯᠲᠡ ᠶᠢᠨ ᠬᠡᠮᠵᠢᠶ᠎ᠡ ᠦᠷᠭᠦᠯᠵᠢᠯᠡᠨ ᠰᠥᠭᠡᠷᠭᠦ ᠨᠡᠮᠡᠭᠳᠡᠯ ᠲᠠᠢ ᠪᠣᠯᠵᠣ᠂ | ᠬᠥᠷᠥᠰᠥ ᠰᠢᠷᠣᠶ ᠶᠢᠨ ᠣᠷᠴᠢᠨ ᠲᠣᠭᠤᠷᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ | — ᠲᠠᠪᠤᠨ ᠵᠢᠯ ᠤᠨ ᠲᠤᠷᠰᠢ᠂ ᠪᠢᠳᠡ ᠰᠠᠭᠤᠷᠢ ᠶᠢ ᠪᠠᠲᠤᠳᠬᠠᠬᠤ᠂ ᠶᠠᠰᠤ ᠴᠢᠨᠠᠷ ᠢ ᠳᠡᠭᠡᠭᠰᠢᠯᠡᠭᠦᠯᠬᠦ ᠳᠤ | ᠠᠩᠬᠠᠷᠤᠯ ᠢᠶᠠᠨ ᠲᠦᠪᠯᠡᠷᠡᠭᠦᠯᠵᠦ᠂ ᠬᠤᠳᠠ ᠬᠥᠳᠡᠭᠡ ᠶᠢᠨ ᠳᠦᠷᠰᠦ ᠪᠠᠶᠢᠳᠠᠯ ᠴᠤ᠋ ᠰᠢᠨ᠎ᠡ ᠪᠣᠯᠤᠭᠰᠠᠨ ᠪᠠᠶᠢᠨ᠎ᠠ᠃ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠨᠡᠶᠢᠲᠡ 190.2 ᠳ᠋ᠦᠩᠰᠢᠭᠤᠷ | ᠲᠥᠭᠦᠷᠢᠭ ᠣᠷᠣᠭᠤᠯᠵᠤ᠂ ᠬᠤᠲᠠ ᠶᠢᠨ ᠵᠡᠭᠡᠯᠢ ᠭᠤᠳᠤᠮᠵᠢ ᠶᠢ 42 ᠵᠤᠷᠪᠤᠰ 74.7 ᠺᠢᠯᠣᠮᠧᠲᠷ ᠰᠢᠨ᠎ᠡ ᠪᠠᠷ | ᠥᠭᠡᠷᠡᠴᠢᠯᠡᠨ ᠪᠠᠶᠢᠭᠤᠯᠵᠤ᠂ 381.8 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠨ ᠭᠠᠵᠠᠷ ᠢ ᠰᠢᠨ᠎ᠡ ᠪᠠᠷ | ᠨᠡᠮᠡᠭᠳᠡᠭᠦᠯᠦᠨ᠂ 7690 ᠡᠷᠦᠬᠡ ᠶᠢᠨ ᠬᠡᠷ ᠪᠠᠶᠢᠰᠢᠩ᠂ 2.3 ᠲᠦᠮᠡᠨ ᠮᠥ ᠭᠠᠵᠠᠷ ᠰᠢᠷᠣᠶ ᠶᠢ ᠲᠠᠲᠠᠪᠤᠷᠢᠯᠠᠵᠤ᠂ | 7477 ᠡᠷᠦᠬᠡ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠪᠠᠶᠢᠭᠤᠯᠵᠤ᠂ 43. | 9 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠲᠣᠭᠤᠷᠢᠭ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ | ᠬᠤᠲᠠ ᠪᠠᠯᠭᠠᠰᠤᠵᠢᠯᠲᠠ ᠶᠢᠨ ᠨᠣᠷᠮ᠎ᠠ 55% ᠳᠤ ᠬᠦᠷᠦᠪᠡ᠃ ᠬᠤᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ ᠶᠢ ᠳᠣᠷᠣᠭᠰᠢ ᠪᠠᠭᠤᠯᠭᠠᠬᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠧᠨ ᠰᠢᠩ | ᠂ ᠱᠠᠨ ᠰᠢ ᠶᠢᠩ᠂ ᠯᠢ ᠱᠦᠶ ᠾᠧ ᠫᠠᠨ ᠵᠡᠷᠭᠡ 7 ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ | ᠬᠤᠪᠢᠶᠠᠷᠢᠯᠠᠨ ᠵᠠᠬ᠎ᠠ ᠳᠡᠯᠭᠡᠭᠦᠷ ᠲᠤ ᠤᠷᠤᠭᠤᠯᠵᠤ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠢ | ᠠᠵᠢᠯᠯᠠᠵᠤ ᠣᠷᠣᠰᠢᠨ ᠰᠠᠭᠤᠬᠤ ᠳᠤ ᠲᠣᠬᠢᠷᠠᠮᠵᠢᠲᠠᠶ ᠪᠣᠯᠭᠠᠵᠤ᠂ ᠬᠤᠲᠠ ᠶᠢᠨ ᠠᠮᠢᠳᠤᠷᠠᠯ ᠢ ᠨᠠᠩ ᠰᠠᠶᠢᠨ ᠰᠠᠶᠢᠬᠠᠨ | ᠪᠣᠯᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠵᠠᠮ ᠱᠤᠭᠤᠮ ᠢ ᠡᠭᠦᠳᠦᠨ | ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠪᠠ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ 986 ᠠᠶᠤᠯ ᠦᠭᠡᠢ ᠤᠤᠭᠤᠬᠤ ᠤᠰᠤᠨ ᠤ ᠢᠨᠵᠧᠨᠧᠷᠢᠩ ᠢ ᠬᠡᠷᠡᠭᠵᠢᠭᠦᠯᠵᠦ᠂ | 2.9 ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠵᠤ᠂ 9 ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ᠂ 15 ᠬᠤᠭ ᠨᠣᠪᠰᠢ ᠪᠤᠯᠠᠬᠤ ᠭᠠᠵᠠᠷ ᠢ ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠳᠤ ᠠᠳᠠᠯ ᠠᠬᠤᠢ ᠶᠢᠨ ᠴᠢᠨᠠᠷᠲᠠᠢ ᠬᠠᠮᠢᠶᠠᠷᠤᠯᠲᠠ | ᠬᠠᠮᠠᠭᠠᠯᠠᠯᠲᠠ ᠶᠢ ᠬᠡᠷᠡᠭᠵᠢᠭᠦᠯᠪᠡ᠃ 244 ᠵᠠᠰᠠᠭ ᠵᠠᠬᠢᠷᠭᠠᠨ ᠤ ᠲᠣᠰᠬᠤᠨ ᠤ ᠭᠠᠵᠠᠷ ᠰᠢᠷᠣᠢ ᠶᠢᠨ ᠡᠷᠬᠡ ᠶᠢ | ᠨᠤᠲᠠᠯᠠᠨ ᠦᠨᠡᠮᠯᠡᠯ ᠣᠯᠭᠤᠬᠤ ᠠᠵᠢᠯ ᠢ ᠪᠦᠬᠦᠨ ᠢ ᠪᠡᠶᠡᠯᠡᠭᠦᠯᠵᠦ᠂ ᠲᠣᠰᠬᠤᠨ ᠤ ᠳᠡᠰ ᠤᠨ ᠪᠠᠶᠠᠷ | ᠤᠷᠤᠰᠢᠭᠤᠯᠭ᠎ᠠ ᠤᠨ ᠬᠡᠷᠡᠭ ᠡᠷᠬᠢᠯᠡᠭᠴᠢᠳ ᠤᠨ ᠬᠤᠷᠠᠯ ᠢ ᠪᠦᠬᠦᠨ ᠢ ᠪᠦᠷᠬᠦᠬᠦᠯᠵᠦ᠂ ᠲᠣᠰᠬᠤᠨ ᠤ ᠳᠦᠷᠰᠦ | ᠪᠠᠶᠢᠳᠠᠯ ᠡᠳᠦᠷ ᠠᠴᠠ ᠡᠳᠦᠷ ᠰᠢᠨᠡᠳᠴᠦ᠂ ᠬᠥᠳᠡᠭᠡ ᠲᠣᠰᠬᠤᠨ ᠤ ᠬᠥᠮᠦᠰ ᠤᠨ ᠬᠦᠰᠡᠯ ᠡᠷᠡᠮᠡᠯᠵᠡᠯ ᠢ ᠨᠡᠩ ᠶᠡᠭᠡ | ᠪᠣᠯᠭᠠᠪᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠨᠡᠶᠢᠲᠡ 6 ᠲᠦᠮᠡᠨ ᠮᠥ ᠵᠠᠰᠠᠵᠤ᠂ 4 ᠲᠦᠮᠡᠨ | ᠮᠥ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ᠂ 2.2 ᠲᠦᠮᠡᠨ ᠮᠥ ᠣᠶ ᠰᠢᠭᠤᠶ ᠶᠢ ᠠᠷᠠᠴᠢᠯᠠᠨ | ᠪᠤᠶᠢᠵᠢᠭᠤᠯᠬᠤ᠂ 15 ᠲᠦᠮᠡᠨ ᠮᠥ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ | ᠬᠡᠷᠡᠭᠵᠢᠭᠦᠯᠵᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 33.38% ᠳᠤ ᠬᠦᠷᠦᠪᠡ᠃ ᠶᠢᠨ ᠾᠧ | ᠭᠤᠣᠯ ᠤᠨ ᠳᠡᠭᠡᠳᠦ ᠤᠷᠤᠰᠬᠠᠯ ᠤᠨ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠯᠣᠣ ᠬᠠ ᠾᠧ | ᠭᠤᠣᠯ ᠤᠨ ᠳᠡᠭᠡᠳᠦ ᠤᠷᠤᠰᠬᠠᠯ ᠢ ᠴᠡᠭᠴᠡᠯᠡᠨ ᠵᠠᠰᠠᠬᠤ᠂ ᠭᠤᠣᠯ ᠬᠤᠳᠠ ᠶᠢᠨ ᠲᠣᠭᠤᠷᠢᠭ ᠤᠨ ᠭᠤᠣᠯ ᠤᠨ ᠵᠠᠮ ᠢ | ᠵᠠᠰᠠᠬᠤ ᠵᠡᠷᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠴᠢᠨᠠᠷ ᠰᠠᠶᠢᠲᠠᠢ ᠪᠡᠶᠡᠯᠡᠭᠦᠯᠵᠦ᠂ ᠰᠠᠨ ᠽᠦᠸᠧ | ᠳ᠋ᠢᠶᠠᠨ ᠤ ᠤᠰᠤᠨ ᠠᠰᠢᠭᠯᠠᠯᠲᠠ ᠶᠢᠨ ᠬᠦᠢᠰᠦ ᠠᠴᠠ ᠭᠤᠣᠯ ᠬᠤᠳᠠ ᠶᠢᠨ ᠲᠣᠭᠤᠷᠢᠭ ᠲᠤ ᠤᠰᠤ ᠲᠠᠲᠠᠵᠤ | ᠬᠠᠩᠭᠠᠬᠤ ᠢᠨᠵᠧᠨᠧᠷᠢᠩ ᠢ ᠪᠦᠬᠦ ᠱᠤᠭᠤᠮ ᠢᠶᠠᠷ ᠨᠡᠪᠲᠡᠷᠡᠭᠦᠯᠪᠡ᠃ ᠰᠢᠨ᠎ᠡ ᠪᠠᠷ ᠵᠠᠰᠠᠵᠤ ᠪᠠᠶᠢᠭᠤᠯᠤᠭᠰᠠᠨ ᠬᠥᠳᠡᠭᠡ | ᠲᠣᠰᠬᠤᠨ ᠤ ᠵᠠᠰᠠᠮᠠᠯ ᠵᠠᠮ 980 ᠺᠢᠯᠣᠮᠧᠲᠷ᠂ 29 ᠬᠥᠭᠦᠷᠭᠡ᠂ 219 ᠮᠤᠵᠢ ᠶᠢᠨ ᠵᠠᠮ ᠤᠨ ᠰᠦᠩᠱᠠᠨ | ᠬᠡᠰᠡᠭ ᠲᠤ ᠲᠡᠷᠭᠡ ᠨᠡᠪᠲᠡᠷᠡᠵᠦ᠂ ᠤᠯᠤᠰ ᠤᠨ ᠪᠠ ᠮᠤᠵᠢ ᠶᠢᠨ ᠭᠤᠣᠯ ᠵᠠᠮ ᠤᠨ ᠰᠢᠯᠢᠳᠡᠭ ᠰᠠᠶᠢᠨ ᠨᠤᠷᠮ᠎ᠠ 84. | 4% ᠳᠤ ᠬᠦᠷᠴᠦ᠂ ᠤᠯᠤᠰ ᠤᠨ ︽ᠲᠦᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ | ᠰᠢᠶᠠᠨ ᠢᠶᠠᠷ ᠦᠨᠡᠯᠡᠭᠳᠡᠪᠡ᠃ ᠪᠡᠭᠡᠵᠢᠩ ᠠᠴᠠ ᠲᠦᠩᠯᠢᠶᠤᠤ ᠬᠦᠷᠬᠦ ᠳᠡᠮᠤᠷ ᠵᠠᠮ ᠤᠨ ᠴᠠᠬᠢᠯᠭᠠᠨᠵᠢᠭᠤᠯᠤᠯᠲᠠ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ︽ᠲᠦᠷᠭᠡᠨ ᠤ ᠳᠡᠮᠤᠷ ᠵᠠᠮ ᠤᠨ ᠵᠡᠭᠦᠳᠦ︾ ᠶᠢ | ᠲᠡᠷᠭᠡᠯᠰᠢᠭᠦᠯᠪᠡ᠃ 1082 ᠺᠢᠯᠣᠮᠧᠲᠷ ᠤᠨ ᠥᠨᠳᠥᠷ ᠪᠣᠭᠤᠨᠢ ᠬᠦᠴᠦᠳᠡᠯᠲᠦ ᠴᠠᠬᠢᠯᠭᠠᠨ ᠱᠤᠭᠤᠮ ᠢ ᠰᠢᠨ᠎ᠡ ᠪᠠᠷ | ᠥᠭᠡᠷᠡᠴᠢᠯᠡᠨ ᠪᠠᠶᠢᠭᠤᠯᠵᠤ᠂ 66 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢ 5 ᠥᠭᠡᠷᠡᠴᠢᠯᠡᠨ | ᠪᠠᠶᠢᠭᠤᠯᠵᠤ᠂ ᠴᠢᠬᠤᠯᠠ ᠶᠡᠭᠡ ᠰᠠᠭᠤᠷᠢ | ᠲᠥᠬᠦᠭᠡᠷᠦᠮᠵᠢ ᠡᠳᠦᠷ ᠢᠷᠡᠬᠦᠶ᠎ᠡ | ᠲᠡᠭᠦᠯᠳᠡᠷᠵᠢᠭᠦᠯᠵᠦ᠂ ᠶᠡᠷᠦᠩᠬᠡᠶ | ᠳᠠᠪᠠᠭᠤᠯᠢᠭ ᠢᠶᠠᠷ ᠢᠶᠠᠨ ᠰᠦᠩᠱᠠᠨ ᠢ ᠨᠡᠩ | ᠶᠡᠭᠡ ᠥᠷᠢᠰᠥᠯᠳᠦᠬᠦ ᠬᠦᠴᠦᠨ ᠲᠠᠢ | ᠪᠣᠯᠭᠠᠪᠠ᠃ | — ᠲᠠᠪᠤᠨ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢ ᠠᠳᠬᠤᠬᠤ᠂ ᠨᠡᠭᠡᠭᠡᠯᠳᠡ ᠶᠢ ᠠᠬᠢᠭᠤᠯᠬᠤ ᠳᠤ | ᠠᠩᠬᠠᠷᠤᠯ ᠢᠶᠠᠨ ᠲᠦᠪᠯᠡᠷᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠳᠠ ᠦᠭᠡᠢ ᠴᠢᠩᠭᠠᠷᠠᠪᠠ᠃ | ᠵᠠᠰᠠᠭ ᠤᠨ ᠣᠷᠳᠣᠨ ᠤ ᠪᠠᠶᠢᠭᠤᠯᠤᠮᠵᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠤᠯᠤᠰ ᠤᠨ | ᠥᠮᠴᠢᠯᠡᠯ ᠤᠨ ᠤᠢ ᠰᠢᠭᠤᠶ ᠶᠢᠨ ᠲᠠᠯᠠᠪᠠᠢ ᠵᠡᠷᠭᠡ ᠶᠢᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ᠂ ᠪᠡᠯᠡ ᠣᠷᠣᠭᠤᠯᠵᠤ ᠪᠡᠯᠡ ᠲᠣᠬᠢᠷᠠᠭᠤᠯᠬᠤ | ᠪᠠᠶᠢᠭᠤᠯᠤᠯ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠵᠡᠷᠭᠡ ᠲᠤᠰᠬᠠᠶ ᠵᠦᠢᠯ ᠤᠨ | ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ | ᠳᠡᠪᠢᠰᠬᠡᠷ ᠤᠨ ᠪᠠᠶᠢᠴᠠᠭᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠣᠯᠠᠨ ᠨᠡᠶᠢᠲᠡ ᠶᠢᠨ ᠦᠢᠯᠡᠴᠢᠯᠡᠭᠡᠨ ᠤ | ᠵᠦᠢᠯᠡᠰ ᠢ ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠵᠤ᠂ ᠪᠣᠶ ᠪᠥᠬᠦᠶ ᠬᠢᠨᠠᠨ | ᠵᠥᠪᠰᠢᠶᠡᠷᠡᠬᠦ ᠭᠤᠭᠴᠤᠭ᠎ᠠ ᠪᠠ ᠭᠦᠢᠴᠡᠳᠬᠡᠬᠦ ᠴᠠᠭ ᠤᠨ ᠬᠢᠵᠠᠭᠠᠷ ᠢ ᠴᠥᠮ ᠭᠤᠷᠪᠠᠨ ᠤ ᠨᠢᠭᠡ ᠠᠴᠠ ᠳᠡᠭᠡᠭᠰᠢ | ᠪᠠᠭᠠᠰᠬᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠪᠥᠬᠦ ᠶᠠᠪᠤᠴᠠ ᠶᠢ ᠡᠯᠧᠺᠲᠷᠤᠨᠴᠢᠯᠠᠬᠤ ᠶᠢ | ᠪᠡᠶᠡᠯᠡᠭᠦᠯᠪᠡ᠃ ᠠᠷᠠᠯᠵᠢᠶᠠᠴᠢᠨ ᠤᠷᠢᠵᠤ ᠪᠠᠯᠠ ᠣᠷᠣᠭᠤᠯᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ︽ ᠤᠯᠠᠭᠠᠨᠬᠠᠳᠠᠴᠤᠤᠳ ᠤᠨ ᠲᠦᠷᠦᠭᠦᠴᠦᠳ ᠤᠨ ᠬᠤᠷᠠᠯ︾ ᠢ ᠢᠳᠡᠪᠬᠢᠲᠡᠶ ᠪᠠᠷ ᠳᠠᠭᠠᠭᠠᠨ | ᠡᠷᠭᠢᠯᠡᠵᠦ᠂ ᠨᠡᠶᠢᠲᠡ 81 ᠲᠥᠷᠥᠯ ᠵᠦᠢᠯ ᠳᠤ ᠭᠠᠷ ᠤᠨ ᠥᠰᠥᠭ ᠵᠢᠷᠤᠵᠤ ᠨᠠᠶᠢᠳᠠᠪᠤᠷᠢᠵᠢᠭᠤᠯᠤᠨ᠂ 317 | ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ ᠶᠢ ᠲᠦᠯᠦᠪᠯᠡᠪᠡ᠃ ᠤᠯᠤᠰ ᠤᠨ ᠲᠠᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ 15 ᠪᠠᠶᠢᠵᠤ᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 12 ᠪᠠᠶᠢᠨ᠎ᠠ᠃ ᠲᠤᠭᠤᠷᠢᠭ ᠲᠤ ᠰᠠᠭᠤᠭ᠎ᠠ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 277 ᠳ᠋ᠦᠩᠰᠢᠭᠤᠷ | ᠲᠥᠭᠦᠷᠢᠭ ᠲᠤ ᠬᠦᠷᠴᠦ᠂ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ 83.7% ᠪᠣᠯᠤᠨ᠎ᠠ᠃ | — ᠲᠠᠪᠤᠨ ᠵᠢᠯ ᠤᠨ ᠲᠤᠷᠰᠢ᠂ ᠪᠢᠳᠡ ᠪᠠᠲᠤᠯᠠᠭ᠎ᠠ ᠶᠢ ᠴᠢᠩᠭᠠᠳᠬᠠᠬᠤ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠪᠠ᠃ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠨᠡᠶᠢᠲᠡ 182 ᠳ᠋ᠦᠩᠰᠢᠭᠤᠷ ᠲᠥᠭᠦᠷᠢᠭ ᠲᠤ ᠬᠦᠷᠴᠦ᠂ | ᠪᠥᠬᠦ ᠲᠤᠭᠤᠷᠢᠭ ᠤᠨ ᠡᠳ᠋ ᠤᠨ ᠵᠠᠰᠠᠭ ᠤᠨ ᠶᠡᠷᠦᠩᠬᠡᠶ ᠵᠠᠷᠤᠯᠭ᠎ᠠ ᠶᠢᠨ 76.1% ᠶᠢ ᠡᠵᠡᠯᠡᠪᠡ᠃ ᠬᠤᠲᠠ | ᠪᠠᠯᠭᠠᠰᠤᠨ ᠤ 1.5 ᠲᠦᠮᠡᠨ ᠬᠥᠮᠦᠨ ᠳᠤ ᠠᠵᠢᠯ ᠣᠯᠭᠤᠵᠤ᠂ ᠬᠥᠳᠡᠭᠡ ᠲᠣᠰᠬᠤᠨ ᠤ ᠰᠢᠯᠵᠢᠭᠦᠯᠦᠨ ᠠᠵᠢᠯ | ᠣᠯᠭᠤᠭᠰᠠᠨ ᠬᠥᠮᠦᠨ ᠤᠳᠠᠭ᠎ᠠ ᠶᠢ 51.86 ᠲᠦᠮᠡᠨ ᠬᠥᠮᠦᠨ ᠤᠳᠠᠭ᠎ᠠ ᠨᠡᠮᠡᠭᠳᠡᠭᠦᠯᠪᠡ᠃ ᠬᠦᠴᠢᠷᠳᠡᠯᠲᠡᠶ ᠣᠯᠠᠨ | ᠲᠦᠮᠡᠨ ᠢ 137.4 ᠲᠦᠮᠡᠨ ᠬᠥᠮᠦᠨ ᠤᠳᠠᠭ᠎ᠠ ᠠᠪᠤᠷᠠᠨ ᠲᠤᠰᠠᠯᠠᠵᠤ᠂ ᠡᠯ᠎ᠡ ᠲᠥᠷᠥᠯ ᠤᠨ ᠠᠪᠤᠷᠠᠨ ᠲᠤᠰᠠᠯᠠᠬᠤ | ᠪᠠᠯᠠ ᠮᠥᠩᠭᠦ ᠶᠢ 8 ᠳ᠋ᠦᠩᠰᠢᠭᠤᠷ ᠭᠠᠷᠤᠶ ᠲᠥᠭᠦᠷᠢᠭ ᠲᠠᠷᠬᠠᠭᠠᠪᠠ᠃ ᠡᠮ ᠡᠮᠨᠡᠯᠭᠡ ᠶᠢᠨ ᠦᠨᠳᠦᠰᠦᠨ | ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 47 ᠲᠦᠮᠡ ᠳᠤ ᠬᠦᠷᠴᠦ᠂ ᠬᠤᠲᠠ ᠬᠥᠳᠡᠭᠡ ᠶᠢᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠰ ᠲᠣᠰ 2160 ᠲᠥᠭᠦᠷᠢᠭ ᠪᠠ 1712 ᠲᠥᠭᠦᠷᠢᠭ | ᠳᠡᠭᠡᠭᠰᠢᠯᠡᠭᠦᠯᠪᠡ᠃ ᠨᠡᠶᠢᠲᠡ 15.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 52 ᠰᠤᠷᠭᠠᠭᠤᠯᠢ ᠶᠢ | ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ ︽ᠭᠤᠷᠪᠠᠨ | ᠰᠢᠷᠣᠶ︾ ᠶᠢ ᠪᠦᠬᠦᠨ ᠢ ᠬᠠᠰᠤᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ | ᠬᠠᠷᠠᠭᠠᠯᠵᠠᠯ ᠤᠨ ᠴᠢᠨᠠᠷᠲᠠᠶ ᠴᠡᠴᠡᠷᠯᠢᠭ ᠤᠨ ᠪᠠᠶᠢᠷᠢ ᠶᠢᠨ ᠬᠤᠪᠢ ᠶᠢᠨ ᠵᠢᠩ ᠢ 78.4% ᠪᠣᠯᠲᠠᠯ᠎ᠠ ᠳᠡᠭᠡᠭᠰᠢᠯᠡᠭᠦᠯᠵᠦ | ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠶᠢᠨ ᠰᠦᠯᠵᠢᠶᠡᠨ ᠳᠤ | ᠤᠷᠤᠭᠰᠠᠨ ᠨᠣᠷᠮ᠎ᠠ ᠶᠢ 65% ᠠᠴᠠ ᠳᠡᠭᠡᠭᠰᠢ ᠪᠠᠶᠢᠯᠭᠠᠬᠤ ᠶᠢ ᠪᠠᠲᠤᠯᠠᠪᠠ᠃ ᠡᠮᠴᠢᠯᠡᠭᠡᠨ ᠤ ᠪᠠᠶᠢᠭᠤᠯᠤᠮᠵᠢ ᠶᠢᠨ | ᠪᠠᠶᠢᠷᠢᠰᠢᠯ ᠤᠨ ᠲᠣᠬᠢᠷᠠᠭᠤᠯᠤᠯᠲᠠ ᠶᠢ ᠪᠡᠶᠡᠯᠡᠭᠦᠯᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠠ ᠡᠬᠡ | ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢ ᠰᠢᠨ᠎ᠡ ᠭᠠᠵᠠᠷ ᠲᠤ ᠨᠡᠭᠦᠯᠭᠡᠨ ᠣᠷᠣᠭᠤᠯᠵᠤ᠂ ᠰᠦᠩᠱᠠᠨ ᠡᠮᠨᠡᠯᠭᠡ ᠶᠢᠨ | ᠬᠤᠷᠢᠶ᠎ᠠ ᠶᠢ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠳᠡᠪᠰᠢᠭᠦᠯᠵᠦ᠂ 18 | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ | ᠪᠡᠶᠡᠯᠡᠭᠦᠯᠪᠡ᠃ ᠰᠣᠶᠣᠯ ᠤᠨ ᠣᠷᠳᠣᠨ᠂ ᠨᠣᠮ ᠤᠨ ᠰᠠᠩ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠰᠠᠨ ᠽᠦᠸᠧ ᠳ᠋ᠢᠶᠠᠨ ᠤ ᠴᠢᠯᠠᠭᠤᠨ ᠬᠤᠳᠠ ᠶᠢᠨ ᠪᠠᠭᠤᠷᠢ ᠶᠢ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠯᠥᠪᠯᠡᠭᠡ ᠳᠤ ᠣᠷᠣᠭᠤᠯᠵᠤ᠂ | ᠦᠨᠳᠦᠰᠦᠨ ᠱᠠᠲᠤᠨ ᠤ ᠰᠣᠶᠣᠯ ᠤᠨ ᠦᠷᠳᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ︽ᠳᠤᠮᠳᠠᠳᠤ ᠶᠢᠨ | ᠰᠢᠯᠦᠭ ᠳᠠᠭᠤᠯᠠᠯ ᠤᠨ ᠨᠤᠲᠤᠭ︾ ᠭᠡᠬᠦ ᠢᠷᠠᠭᠤ ᠠᠯᠳᠠᠷ ᠤᠨ ᠴᠣᠯᠠ ᠶᠢ ᠬᠦᠷᠳᠡᠪᠡ᠃ ᠪᠦᠬᠦ ᠤᠯᠤᠰ ᠤᠨ | ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠯᠠᠪᠳᠠᠭᠤᠨ ᠢᠶᠠᠷ ᠠᠬᠢᠵᠤ᠂ ᠤᠯᠤᠰ ᠤᠨ ᠡᠷᠡᠭᠦᠯ | ᠬᠠᠮᠠᠭᠠᠯᠠᠯ ᠤᠨ ᠬᠤᠳᠠ ᠶᠢᠨ ᠲᠠᠬᠢᠨ ᠬᠢᠨᠠᠯᠲᠠ ᠤᠷᠤᠭᠰᠢᠲᠠᠶ ᠪᠠᠲᠤᠯᠠᠭᠳᠠᠪᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ︽ᠪᠦᠬᠦ ᠤᠯᠤᠰ ᠤᠨ | ᠳᠥᠷᠪᠡᠳᠦᠭᠡᠷ ᠪᠦᠯᠦᠭ ᠤᠨ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠦᠢᠯᠡᠴᠢᠯᠡᠭᠡᠨ ᠤ | ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠬᠤᠳᠠ︾ ᠭᠡᠬᠦ ᠢᠷᠠᠭᠤ ᠠᠯᠳᠠᠷ ᠤᠨ ᠴᠣᠯᠠ ᠶᠢ ᠬᠦᠷᠲᠡᠵᠦ᠂ ᠯᠢᠨ | ᠬᠤᠸᠠᠩ ᠵᠢᠶᠠ ᠶᠤᠸᠠᠨ ᠨᠡᠶᠢᠭᠡᠮ ᠲᠣᠭᠤᠷᠢᠭ᠂ ᠰᠢᠶᠤᠤ ᠮᠢᠶᠣᠣ ᠽᠢ ᠲᠣᠰᠬᠤᠨ ︽ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ︵ᠲᠣᠰᠬᠤᠨ︶︾ ᠢ | ᠬᠦᠷᠲᠡᠪᠡ᠃ ᠬᠤᠶᠠᠷ ᠢ ᠬᠦᠷᠢᠶᠡᠯᠡᠬᠦ ᠬᠠᠷᠠᠭᠠᠯᠵᠠᠯ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ | ᠡᠮᠡᠭᠲᠡᠶᠢᠴᠦᠳ ᠬᠡᠤᠬᠡᠳ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ᠂ ᠴᠠᠭ ᠠᠭᠤᠷ᠂ ᠲᠠᠩᠰᠠ ᠡᠪᠬᠡᠮᠡᠯ᠂ | ᠨᠢᠭᠦᠯᠡᠰᠦᠩᠭᠦᠶ ᠶᠢᠨ ᠦᠢᠯᠡᠰ ᠵᠡᠷᠭᠡ ᠠᠵᠢᠯ ᠴᠥᠮ ᠰᠢᠨ᠎ᠡ ᠠᠮᠵᠢᠯᠲᠠ ᠤᠯᠪᠠ᠃ | — ᠲᠠᠪᠤᠨ ᠵᠢᠯ ᠤᠨ ᠲᠤᠷᠰᠢ᠂ ᠪᠢᠳᠡ ᠠᠮᠤᠷ ᠠᠮᠤᠭᠤᠯᠠᠩ ᠢ ᠴᠣᠭᠴᠠᠯᠠᠬᠤ᠂ ᠡᠶ᠎ᠡ ᠵᠣᠬᠢᠴᠠᠯ ᠢ | ᠠᠬᠢᠭᠤᠯᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠨᠡᠶᠢᠭᠡᠮ ᠤᠨ ᠶᠡᠭᠡ ᠲᠠᠯ᠎ᠠ ᠦᠷᠭᠦᠯᠵᠢᠯᠡᠨ ᠲᠣᠭᠲᠠᠭᠤᠨ | ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠢᠳᠡᠪᠬᠢᠲᠡᠶ ᠪᠠᠷ ᠠᠷᠭᠠᠴᠠᠵᠤ᠂ | ︽ᠳᠦᠷᠪᠡᠨ ᠡᠷᠲᠡ︾ ᠶᠢᠨ ᠱᠠᠭᠠᠷᠳᠠᠯᠭ᠎ᠠ ᠶᠢ ᠪᠠᠷᠢᠮᠲᠠᠯᠠᠨ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ | ᠨᠠᠶᠢᠳᠠᠪᠤᠷᠢᠵᠢᠭᠤᠯᠵᠤ᠂ ︽ᠭᠤᠷᠪᠠᠨ ᠬᠡᠰᠡᠭ ᠵᠢᠭᠰᠠᠭᠠᠯ ᠤᠨ ᠭᠠᠵᠠᠷ︾ ᠢ ᠪᠠᠲᠤ ᠰᠠᠬᠢᠵᠤ᠂ ᠸᠠᠺᠼᠢᠨ ᠤ | ᠲᠠᠷᠢᠯᠭ᠎ᠠ ᠶᠢ ᠡᠮᠬᠢ ᠵᠢᠷᠤᠮ ᠲᠠᠢ ᠳᠥᠯᠭᠢᠨ ᠠᠬᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ | ᠪᠠᠲᠤ ᠪᠠᠬᠢ ᠨᠢᠭᠲᠠ ᠰᠦᠯᠵᠢᠪᠡ᠃ ︽ᠭᠤᠷᠪᠠᠨ ᠳᠠᠪᠬᠤᠷᠭ᠎ᠠ ᠨᠢᠭᠡᠳᠦᠭᠡᠷ ᠹᠷᠣᠨᠲ︾ ᠢ ᠴᠢᠩᠭ᠎ᠠ | ᠨᠠᠶᠢᠳᠠᠪᠤᠷᠢᠵᠢᠭᠤᠯᠤᠨ᠂ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠩᠬᠠᠷᠴᠤ᠂ ᠨᠡᠯᠢᠶᠡᠳ ᠶᠡᠭᠡ | ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠥᠬᠡᠶ᠃ ᠢᠳᠡᠭᠡᠨ ᠤ ᠵᠦᠢᠯ ᠤᠨ ᠥᠯᠢᠭᠡᠷ ᠠᠪᠴᠤ | ᠪᠠᠶᠢᠴᠠᠭᠠᠨ ᠬᠡᠮᠵᠢᠬᠦ ᠶᠢ 9000 ᠭᠠᠷᠤᠶ ᠪᠦᠯᠦᠭ ᠤᠳᠠᠭ᠎ᠠ ᠪᠡᠶᠡᠯᠡᠭᠦᠯᠵᠦ᠂ ᠰᠤᠷᠭᠠᠭᠤᠯᠢ᠂ ᠬᠡᠤᠬᠡᠳ | ᠰᠠᠭᠠᠲᠠᠭᠤᠯᠬᠤ ᠪᠠᠶᠢᠭᠤᠯᠤᠮᠵᠢ ᠪᠠ ᠲᠣᠮᠣ ᠳᠤᠮᠳᠠ ᠬᠡᠯᠪᠡᠷᠢ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ | ᠨᠢᠭᠡᠴᠡ ᠳᠤ ᠡᠯᠧᠺᠲᠷᠣᠨ ᠬᠢᠨᠠᠯᠲᠠ ᠬᠠᠮᠢᠶᠠᠷᠤᠯᠲᠠ ᠶᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠵᠦ᠂ ᠬᠡᠷᠡᠭᠯᠡᠭᠡᠨ ᠤ | ᠣᠷᠴᠢᠨ ᠲᠣᠭᠤᠷᠢᠨ ᠢ ᠨᠠᠩ ᠠᠮᠤᠷ ᠲᠦᠪᠰᠢᠨ ᠪᠥᠭᠡᠳ ᠰᠠᠨᠠᠭ᠎ᠠ ᠠᠮᠤᠷ ᠪᠣᠯᠭᠠᠪᠠ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠥᠷᠨᠢᠭᠦᠯᠵᠦ᠂ ᠰᠢᠶᠠᠩ ᠶᠠᠩ ᠲᠣᠮᠢᠯᠠᠭᠰᠠᠨ ᠰᠠᠯᠪᠤᠷᠢ ᠨᠢ | ︽ᠪᠦᠬᠦ ᠤᠯᠤᠰ ᠤᠨ ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ ᠤ ᠬᠠᠮᠲᠤ︾᠂ ︽ᠪᠦᠬᠦ ᠤᠯᠤᠰ ᠤᠨ | ᠰᠢᠯᠢᠳᠡᠭ ᠦᠨᠳᠦᠰᠦᠨ ᠱᠠᠲᠤᠨ ᠤ ᠨᠢᠭᠡᠴᠡ︾ ᠶᠢᠨ ᠴᠣᠯᠠ ᠬᠦᠷᠳᠡᠪᠡ᠃ ︽ᠬᠠᠮᠤᠭ ᠤᠨ ᠤᠯᠠᠨ ᠳᠠᠭᠠᠨ ᠨᠢᠭᠡ | ᠤᠳᠠᠭ᠎ᠠ ᠡᠷᠢᠬᠦ︾ ᠰᠢᠢᠳᠪᠦᠷᠢᠯᠡᠬᠦ ᠲᠣᠭᠲᠠᠴᠠ ᠶᠢ ᠰᠦᠪᠡᠭᠴᠢᠯᠡᠨ ᠬᠡᠷᠡᠭᠵᠢᠭᠦᠯᠵᠦ᠂ ︽ᠬᠠᠤᠯᠢᠴᠢ + | ᠡᠶᠡᠳᠡᠭᠦᠯᠭᠡ ᠶᠢᠨ ᠺᠣᠮᠢᠰ︾ ᠤᠨ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠬᠦ ᠵᠠᠭᠪᠤᠷ ᠠᠩᠬ᠎ᠠ ᠠᠯᠬᠤᠮ ᠤᠨ ᠦᠷ᠎ᠡ | ᠪᠦᠲᠦᠮᠵᠢ ᠣᠯᠵᠤ᠂ ᠲᠠᠬᠢᠨ ᠳᠠᠪᠲᠠᠨ ᠡᠷᠢᠭᠰᠡᠨ ᠵᠦᠢᠯᠡᠰ ᠢ ᠰᠢᠢᠳᠪᠦᠷᠢᠯᠡᠬᠦ ᠠᠵᠢᠯ ᠢ ᠦᠨᠳᠦᠰᠦᠨ ᠳᠡᠭᠡᠨ | ᠳᠠᠭᠤᠰᠬᠠᠵᠤ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ | ᠰᠤᠷᠪᠤᠯᠵᠢᠯᠠᠭ᠎ᠠ ᠶᠢᠨ ᠵᠦᠢᠯ ᠢ ᠪᠦᠬᠦᠨ ᠢ ᠢᠯᠭᠠᠷᠠᠭᠤᠯᠤᠨ ᠲᠢᠭᠯᠡᠪᠡ᠃ | — ᠲᠠᠪᠤᠨ ᠵᠢᠯ ᠤᠨ ᠲᠤᠷᠰᠢ᠂ ᠪᠢᠳᠡ ᠠᠵᠢᠯ ᠤᠨ ᠰᠤᠷᠲᠠᠯ ᠢᠶᠠᠨ ᠬᠤᠪᠢᠷᠠᠭᠤᠯᠬᠤ᠂ ᠦᠢᠯᠡᠴᠢᠯᠡᠭᠡ ᠶᠢ | ᠰᠢᠯᠢᠳᠡᠭᠵᠢᠭᠦᠯᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠡᠭᠡ | ᠬᠡᠮᠵᠢᠶ᠎ᠡ ᠪᠠᠷ ᠳᠡᠭᠡᠭᠰᠢᠯᠡᠪᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠢ ᠰᠤᠷᠤᠯᠴᠠᠵᠦ ᠨᠢᠭᠡ ᠪᠤᠯᠬᠤ︾ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠬᠤ ᠳᠦᠷᠢᠮᠵᠢᠭᠦᠯᠬᠦ ᠶᠢ ᠭᠦᠨᠵᠡᠭᠡᠢ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠪᠡ᠃ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠰᠢᠪᠠᠳᠠᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠠᠵᠢᠯ ᠤᠨ ᠳᠦᠷᠢᠮ᠂ ᠨᠠᠮ ᠤᠨ ᠤᠳᠤᠷᠢᠳᠬᠤ ᠳᠤᠭᠤᠶᠢᠯᠠᠩ ᠤᠨ | ᠬᠡᠷᠡᠭ ᠵᠥᠪᠯᠡᠬᠦ ᠳᠦᠷᠢᠮ᠂ ᠪᠠᠶᠢᠩᠭᠤ ᠶᠢᠨ ᠬᠤᠷᠠᠯᠳᠤᠭᠠᠨ ᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠳᠠᠬᠢ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠪᠠ | ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ | ᠲᠤᠪᠤᠶᠢᠮ᠎ᠠ ᠠᠰᠠᠭᠤᠳᠠᠯ ᠢ ᠡᠷᠡᠰ ᠵᠠᠯᠠᠷᠠᠭᠤᠯᠪᠠ᠃ ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢ | ᠲᠦᠭᠡᠮᠡᠯᠵᠢᠭᠦᠯᠬᠦ ᠲᠥᠯᠥᠪᠯᠡᠭᠡᠨ ᠤ ᠬᠤᠭᠤᠴᠠᠭᠠᠨ ᠳᠠᠬᠢ ᠠᠵᠢᠯ ᠢ ᠤᠷᠤᠭᠰᠢᠲᠠᠶ ᠪᠡᠶᠡᠯᠡᠭᠦᠯᠵᠦ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠢ ᠲᠦᠷᠭᠡᠪᠴᠢᠯᠡᠨ ᠪᠠᠶᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ | ᠨᠡᠶᠢᠳᠡ 314 ᠬᠤᠪᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 493 ᠬᠤᠪᠢ | ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠨᠢ 100% ᠪᠠᠶᠢᠵᠤ᠂ ᠰᠢᠢᠳᠪᠦᠷᠢᠯᠡᠭᠰᠡᠨ ᠶᠠᠰᠤ | ᠴᠢᠨᠠᠷ ᠨᠢ ᠵᠢᠯ ᠳᠠᠷᠠᠭᠠᠯᠠᠨ ᠳᠡᠭᠡᠭᠰᠢᠯᠡᠪᠡ᠃ ᠲᠥᠪ ᠤᠨ ︽ᠨᠠᠢᠮᠠᠨ ᠵᠦᠢᠯ ᠤᠨ ᠲᠣᠭᠲᠠᠭᠠᠯ︾ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ | ᠶᠡᠭᠡ ᠪᠠᠷ ᠪᠠᠭᠠᠰᠬᠠᠪᠠ᠃ ᠦᠵᠡᠯ ᠤᠬᠠᠮᠰᠠᠷ ᠤᠨ ᠬᠡᠯᠪᠡᠷᠢ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ | ᠣᠷᠳᠣᠨ ᠤ ᠰᠢᠰᠲ᠋ᠧᠮ ᠤᠨ ᠰᠤᠷᠲᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠠᠵᠢᠯ ᠤᠨ ᠦᠷ᠎ᠡ ᠪᠦᠲᠦᠮᠵᠢ ᠶᠢ | ᠢᠯᠡᠳᠲᠡ ᠳᠡᠭᠡᠭᠰᠢᠯᠡᠭᠦᠯᠪᠡ᠃ | ᠲᠥᠯᠥᠭᠡᠯᠡᠭᠴᠢᠳ ᠡ᠂ ᠰᠠᠶ᠋ᠢᠬᠠᠨ ᠥᠩᠭᠡᠷᠡᠭᠰᠡᠨ 2021 ᠤᠨ ᠪᠣᠯ ᠳᠤᠮᠳᠠᠳᠤ ᠤᠯᠤᠰ ᠤᠨ ᠡᠪ ᠬᠠᠮᠲᠤ | ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠪᠢᠳᠡ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠭᠠᠳ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠠᠮᠵᠢᠯᠲᠠ ᠪᠦᠲᠦᠮᠵᠢ ᠤᠯᠪᠠ᠃ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ ᠪᠠᠷᠤᠭ 3.9% ᠪᠠᠷ ᠨᠡᠮᠡᠭᠳᠡᠭᠦᠯᠵᠦ᠂ ᠡᠩ ᠤᠨ | ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠪᠠᠷᠤᠭ 0.3% ᠪᠠᠷ ᠨᠡᠮᠡᠭᠳᠡᠭᠦᠯᠵᠦ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ ᠪᠠᠷᠤᠭ 6.5% ᠪᠠᠷ ᠨᠡᠮᠡᠭᠳᠡᠭᠦᠯᠵᠦ᠂ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠪᠠᠷᠤᠭ | 7% ᠪᠠ 8.5% ᠪᠠᠷ ᠨᠡᠮᠡᠭᠳᠡᠭᠦᠯᠪᠡ᠃ ᠨᠢᠭᠡ ᠵᠢᠯ ᠤᠨ ᠲᠤᠷᠰᠢ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠭᠤᠣᠯᠳᠠᠭᠤ ᠳᠣᠣᠷᠠᠬᠢ ᠠᠵᠢᠯ ᠤᠳ ᠢ ᠬᠢᠪᠡ᠄ | ︵ᠨᠢᠭᠡ︶ ᠰᠠᠭᠤᠷᠢ ᠶᠢ ᠴᠢᠩᠭᠠᠳᠬᠠᠨ ᠬᠡᠯᠬᠢᠶ᠎ᠡ ᠶᠢ ᠨᠥᠬᠦᠪᠥᠷᠢᠯᠡᠵᠦ᠂ ᠠᠵᠤ ᠦᠢᠯᠡᠰ ᠤᠨ ᠬᠥᠭᠵᠢᠯᠲᠡ ᠶᠢᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ | ᠮᠠᠶ᠋ᠢᠭ ᠢ ᠲᠦᠷᠭᠡᠳᠬᠡᠨ ᠬᠤᠪᠢᠷᠠᠭᠤᠯᠵᠤ᠂ 10 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ | ᠦᠬᠡᠷ ᠤᠨ ᠬᠠᠰᠢᠶ᠎ᠠ ᠶᠢ ᠰᠢᠨ᠎ᠡ ᠪᠠᠷ ᠪᠠᠶᠢᠭᠤᠯᠵᠤ᠂ 2 ᠲᠦᠮᠡᠨ ᠮᠥ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠵᠦ | ᠂ 3.1 ᠲᠦᠮᠡᠨ ᠮᠥ ᠠᠵᠤ ᠠᠬᠤᠶ ᠶᠢᠨ ᠣᠶ ᠶᠢ ᠬᠦᠭᠵᠢᠭᠦᠯᠪᠡ᠃ ᠬᠤᠴᠣᠷᠤᠩᠭᠤᠶ ᠦᠢᠯᠡᠳᠪᠦᠷᠢᠯᠡᠬᠦ | ᠴᠢᠳᠠᠪᠤᠷᠢ ᠶᠢᠨ ᠠᠵᠤ ᠠᠬᠤᠶᠢᠯᠠᠯ ᠢ 24 ᠰᠢᠭᠰᠢᠭᠳᠡᠭᠦᠯᠵᠦ᠂ ᠡᠨᠧᠷᠭᠢ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢᠨ ᠠᠵᠤ ᠠᠬᠤᠶᠢᠯᠠᠯ ᠢ 16 ᠪᠡᠶᠡᠯᠡᠭᠦᠯᠵᠦ᠂ ᠪᠠᠷᠢᠮᠵᠢᠶ᠎ᠠ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 57 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ | ᠠᠩᠴᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠤᠯᠤᠰ ᠤᠨ ᠲᠠᠰ ᠤᠨ ᠵᠢᠵᠢᠭ ᠪᠢᠴᠢᠯ ᠠᠵᠤ | ᠠᠬᠤᠶᠢᠯᠠᠯ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠨ | ᠳᠡᠪᠰᠢᠭᠦᠯᠵᠦ᠂ ᠤᠯᠠᠭᠠᠨᠬᠠᠳᠠ ᠶᠢᠨ ᠵᠥᠩ ᠭᠤᠸᠠᠨ ᠼᠦᠨ ᠤ ᠮᠡᠳᠡᠭᠡ ᠵᠠᠩᠭᠢ ᠶᠢᠨ ᠬᠥᠨᠳᠡᠶ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠦᠷ᠎ᠡ ᠪᠦᠲᠦᠮᠵᠢ ᠠᠩᠬ᠎ᠠ ᠠᠯᠬᠤᠮ ᠢᠯᠡᠷᠡᠵᠦ᠂ | ᠬᠦᠷᠢᠶᠡᠯᠡᠩ ᠳᠤ ᠣᠷᠣᠬᠤ ᠠᠵᠤ ᠠᠬᠤᠶᠢᠯᠠᠯ 7 ᠰᠢᠨ᠎ᠡ ᠪᠠᠷ ᠨᠡᠮᠡᠭᠳᠡᠨ᠂ 12 ᠠᠵᠤ ᠠᠬᠤᠶᠢᠯᠠᠯ | ᠬᠠᠮᠲᠤᠷᠠᠯᠴᠠᠭᠠᠨ ᠤ ᠬᠦᠰᠡᠯ ᠲᠠᠢ ᠪᠣᠯᠵᠣ᠂ ᠦᠬᠡᠷ ᠬᠤᠨᠢᠨ ᠤ ᠠᠷᠠᠯᠵᠢᠶᠠᠨ ᠤ ᠵᠠᠬ᠎ᠠ ᠳᠡᠯᠭᠡᠭᠦᠷ᠂ ᠢᠦᠶ ᠷᠦᠨ | ᠦᠬᠡᠷ ᠤᠨ ᠦᠢᠯᠡᠰ ᠤᠨ ᠶᠡᠷᠦᠩᠬᠡᠶ ᠵᠠᠬᠢᠷᠭ᠎ᠠ ᠠᠮᠵᠢᠯᠲᠠ ᠲᠠᠢ ᠪᠠᠷ ᠭᠡᠷ᠎ᠡ ᠲᠣᠭᠲᠠᠪᠠ᠃ ᠰᠦᠩᠱᠠᠨ ᠸᠠᠨ ᠳ᠋ᠠ᠂ | ᠬᠠᠢ ᠳ᠋ᠠ ᠠᠭᠤᠳᠠᠮ ᠲᠠᠯᠠᠪᠠᠢ ᠡᠵᠡᠩᠨᠡᠯᠲᠡ ᠪᠠᠨ ᠡᠬᠢᠯᠡᠭᠦᠯᠵᠦ᠂ ᠰᠢᠶᠤᠤ ᠮᠢᠶᠣᠣ ᠽᠢ ᠲᠣᠰᠬᠤᠨ ᠪᠦᠬᠦ ᠤᠯᠤᠰ ᠤᠨ | ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠪᠡ᠃ | ︵ᠬᠤᠶᠠᠷ︶ ᠪᠥᠲᠥᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ᠂ ᠬᠤᠲᠠ ᠶᠢᠨ ᠶᠠᠰᠤ | ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃ ᠯᠢᠨ ᠬᠤᠸᠠᠩ ᠶᠡᠭᠡ ᠵᠡᠭᠡᠯᠢ᠂ ᠴᠢᠤᠸᠠᠨ ᠨᠢᠩ ᠵᠡᠭᠡᠯᠢ ᠵᠡᠷᠭᠡ 13 | ᠵᠤᠷᠪᠤᠰ ᠵᠡᠭᠡᠯᠢ ᠭᠤᠳᠤᠮᠵᠢ ᠳᠤ ᠪᠣᠷᠣᠭᠠᠨ ᠪᠣᠬᠢᠷᠲᠤᠯ ᠢ ᠰᠠᠯᠭᠠᠨ ᠥᠭᠡᠷᠡᠴᠢᠯᠡᠬᠦ ᠠᠵᠢᠯ ᠢ 26 ᠺᠢᠯᠣᠮᠧᠲᠷ | ᠪᠡᠶᠡᠯᠡᠭᠦᠯᠵᠦ᠂ ᠰᠦᠩ ᠶᠤᠸᠠᠢ ᠵᠡᠭᠡᠯᠢ᠂ ᠱᠤ᠋ ᠰᠢᠶᠠᠩ ᠵᠡᠭᠡᠯᠢ ᠵᠡᠷᠭᠡ 4 ᠵᠤᠷᠪᠤᠰ ᠵᠠᠮ ᠢ ᠪᠠᠶᠢᠭᠤᠯᠤᠨ ᠲᠡᠷᠭᠡ | ᠨᠡᠪᠲᠡᠷᠡᠭᠦᠯᠵᠦ᠂ ᠨᠥᠬᠦᠷᠯᠡᠯ ᠭᠤᠳᠤᠮᠵᠢ ᠵᠡᠷᠭᠡ 5 ᠵᠤᠷᠪᠤᠰ ᠭᠤᠳᠤᠮᠵᠢ ᠶᠢᠨ ᠵᠠᠮ ᠢ ᠲᠣᠭᠲᠠᠭᠰᠠᠨ | ᠬᠤᠭᠤᠴᠠᠭᠠᠨ ᠳᠤ ᠠᠰᠢᠭᠯᠠᠯᠲᠠ ᠳᠤ ᠣᠷᠣᠭᠤᠯᠵᠤ᠂ ᠬᠤᠳᠠ ᠶᠢᠨ ᠨᠣᠭᠤᠭᠠᠷᠠᠭᠤᠯᠤᠭᠰᠠᠨ ᠭᠠᠵᠠᠷ ᠢ 6.4 ᠲᠦᠮᠡᠨ | ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ 5G ᠶᠢᠨ ᠰᠠᠭᠤᠷᠢ ᠦᠷᠳᠡᠭᠡ ᠶᠢ 600 ᠭᠠᠷᠤᠶ | ᠰᠢᠨ᠎ᠡ ᠪᠠᠷ ᠥᠭᠡᠷᠡᠴᠢᠯᠡᠨ ᠪᠠᠶᠢᠭᠤᠯᠪᠠ᠃ 16.8 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ 9.2 ᠲᠦᠮᠡᠨ ᠲᠡᠭᠰᠢ ᠳᠥᠷᠪᠡᠯᠵᠢᠨ ᠮᠧᠲᠷ | ᠶᠠᠪᠠᠭᠠᠨ ᠬᠥᠮᠦᠨ ᠤ ᠵᠠᠮ ᠢ ᠥᠭᠡᠷᠡᠴᠢᠯᠡᠨ ᠵᠠᠰᠠᠵᠤ᠂ 55 ᠲᠦᠮᠡᠨ ᠲᠡᠭᠰᠢ ᠳᠥᠷᠪᠡᠯᠵᠢᠨ ᠮᠧᠲᠷ ᠣᠷᠣᠨ | ᠰᠠᠭᠤᠴᠠ ᠶᠢᠨ ᠵᠢᠵᠢᠭ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠪᠡ᠃ ᠰᠦᠩᠵᠸᠦ ᠴᠡᠴᠡᠷᠯᠢᠭ᠂ ᠰᠦᠩᠵᠸᠦ | ᠵᠠᠮ ᠢ ᠲᠦᠷᠭᠡᠪᠴᠢᠯᠡᠨ ᠲᠦᠯᠬᠢᠨ ᠠᠬᠢᠭᠤᠯᠵᠤ᠂ ᠤᠶᠤᠨᠲᠤ ᠲᠡᠷᠭᠡ ᠵᠣᠭᠰᠣᠭᠠᠬᠤ ᠵᠢᠯᠣᠭᠤᠳᠬᠤ ᠲᠥᠪ ᠤᠨ | ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ 4.3 ᠲᠦᠮᠡᠨ ᠲᠡᠭᠰᠢ ᠳᠥᠷᠪᠡᠯᠵᠢᠨ ᠮᠧᠲᠷ ᠤᠨ ᠬᠦᠷᠢᠶᠡᠯᠡᠨ | ᠬᠠᠰᠢᠯᠲᠠ ᠶᠢ ᠰᠢᠨ᠎ᠡ ᠪᠠᠷ ᠪᠠᠶᠢᠭᠤᠯᠵᠤ᠂ 3.5 ᠲᠦᠮᠡᠨ ᠲᠡᠭᠰᠢ ᠳᠥᠷᠪᠡᠯᠵᠢᠨ ᠮᠧᠲᠷ ᠲᠣᠭᠲᠠᠭᠠᠯ ᠠᠴᠠ ᠵᠥᠷᠢᠴᠡᠨ | ᠪᠦᠳᠦᠭᠡᠨ ᠪᠠᠶᠢᠭᠤᠯᠤᠭᠰᠠᠨ ᠢ ᠨᠤᠷᠠᠭᠠᠵᠤ᠂ ᠬᠤᠲᠠ ᠶᠢᠨ ᠲᠣᠭᠤᠷᠢᠭ ᠤᠨ ᠬᠤᠭ ᠨᠣᠪᠰᠢ ᠶᠢ ᠴᠡᠪᠡᠷᠯᠡᠨ | ᠵᠥᠭᠡᠭᠡᠪᠦᠷᠢᠯᠡᠬᠦ ᠨᠤᠷᠮ᠎ᠠ ᠶᠢ 100% ᠳᠤ ᠬᠦᠷᠭᠡᠵᠦ᠂ ᠮᠠᠰᠢᠨ ᠢᠶᠠᠷ ᠵᠠᠮ ᠱᠦᠭᠦᠷᠳᠡᠬᠦ ᠨᠤᠷᠮ᠎ᠠ ᠶᠢ 85% | ᠪᠣᠯᠲᠠᠯ᠎ᠠ ᠳᠡᠭᠡᠭᠰᠢᠯᠡᠭᠦᠯᠵᠦ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠨ ᠡᠬᠢᠯᠡᠯᠲᠡ ᠲᠠᠢ | ᠪᠣᠯᠭᠠᠪᠠ᠃ | ︵ᠭᠤᠷᠪᠠ︶ ᠴᠡᠭ ᠢ ᠠᠳᠬᠤᠨ ᠬᠡᠪᠴᠢᠶ᠎ᠡ ᠶᠢ ᠥᠷᠭᠡᠳᠬᠡᠵᠦ᠂ ᠥᠭᠡᠷᠡᠴᠢᠯᠡᠯᠲᠡ ᠨᠡᠭᠡᠭᠡᠯᠳᠡ ᠶᠢ | ᠲᠦᠷᠭᠡᠪᠴᠢᠯᠡᠨ ᠠᠬᠢᠭᠤᠯᠪᠠ᠃ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠭᠤᠤᠯ | ᠴᠣᠭᠴᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠥᠬᠦ ᠬᠤᠲᠠ ᠶᠢᠨ ᠲᠡᠷᠢᠭᠦᠨ ᠳᠤ | ᠰᠠᠶ᠋ᠢ ᠲᠥᠷᠥᠭᠰᠡᠨ ᠬᠡᠤᠬᠡᠳ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠠᠵᠢᠯ ᠢ | ᠡᠬᠢᠯᠡᠭᠦᠯᠵᠦ᠂ ᠭᠠᠷ ᠤᠨ ᠠᠯᠠᠭᠠᠨ ᠳᠠᠬᠢ ᠳᠡᠩᠰᠡᠯᠡᠯᠲᠡ ᠶᠢᠨ ᠲᠤᠭ᠎ᠠ ᠬᠡᠮᠵᠢᠶ᠎ᠡ ᠶᠢ ᠪᠥᠬᠦ ᠬᠤᠲᠠ ᠶᠢᠨ ᠲᠡᠷᠢᠭᠦᠨ ᠳᠤ | ᠵᠢᠭᠰᠠᠭᠠᠵᠤ᠂ 745 ᠵᠦᠢᠯᠡᠰ ᠲᠤ ︽ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠶᠢ | ᠪᠡᠶᠡᠯᠡᠭᠦᠯᠪᠡ᠃ ︽ᠠᠵᠤ ᠦᠢᠯᠡᠳᠪᠦᠷᠢ ᠶᠢᠨ ᠲᠦᠷᠢᠮ ᠤᠨ ᠥᠭᠡᠷᠡᠴᠢᠯᠡᠯᠲᠡ︾ ᠶᠢᠨ ᠬᠦᠷᠢᠶᠡᠨ ᠳᠤ 45 | ᠲᠥᠷᠥᠯ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠤᠨ ᠣᠷᠣᠨ | ᠪᠦᠰᠡ ᠶᠢᠨ ᠦᠨᠡᠯᠡᠨ ᠵᠢᠱᠢᠯᠲᠡ ᠶᠢ ᠪᠥᠬᠦ ᠲᠠᠯ᠎ᠠ ᠪᠠᠷ ᠥᠷᠨᠢᠭᠦᠯᠵᠦ᠂ ᠦᠢᠯᠡᠴᠢᠯᠡᠭᠡᠨ ᠤ ᠳᠥᠭᠦᠮᠴᠢᠯᠡᠯᠲᠡ ᠶᠢᠨ | ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢ 1.1 | ᠲᠦᠮᠡᠨ ᠡᠷᠦᠬᠡ ᠰᠢᠨ᠎ᠡ ᠪᠠᠷ ᠨᠡᠮᠡᠭᠳᠡᠭᠦᠯᠵᠦ᠂ ᠬᠤᠸᠠ ᠸᠧᠶ ᠲᠣᠮᠣ ᠮᠣᠯᠧᠺᠦ᠋ᠯ ᠤᠨ ᠪᠡᠭᠡᠯᠡᠶ ᠶᠢᠨ ᠦᠢᠯᠡᠳᠪᠦᠷᠢᠯᠡᠯ᠂ | ᠥᠪᠥᠷ ᠮᠣᠩᠭᠤᠯ ᠤᠨ ᠲᠠᠷᠢᠶᠠᠨ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠶᠢᠨ ᠪᠠᠢ ᠲᠧ | ᠲᠣᠭᠤᠭᠠᠨ ᠬᠡᠷ ᠤᠨ ᠬᠡᠷᠡᠭᠰᠡᠯ ᠦᠢᠯᠡᠳᠬᠦ ᠵᠡᠷᠭᠡ 54 ᠲᠥᠷᠥᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠠᠰᠤ ᠴᠢᠨᠠᠷ ᠪᠠ ᠵᠡᠷᠭᠡ ᠳᠡᠰ ᠢ ᠲᠠᠰᠤᠷᠠᠯᠲᠠ ᠥᠬᠡᠶ | ᠳᠡᠭᠡᠭᠰᠢᠯᠡᠭᠦᠯᠪᠡ᠃ ᠤᠯᠠᠭᠠᠨᠬᠠᠳᠠ ᠶᠢᠨ ᠲᠣᠭᠠᠴᠢᠯᠠᠭᠰᠠᠨ ᠪᠦᠲᠦᠭᠡᠯᠴᠢ ᠠᠵᠤ ᠦᠢᠯᠡᠰ ᠤᠨ ᠳᠡᠭᠡᠳᠦ ᠰᠤᠷᠭᠠᠭᠤᠯᠢ | ᠫᠠᠶᠢᠰᠠ ᠰᠡᠬᠦᠵᠦ ᠪᠠᠶᠢᠭᠤᠯᠤᠭᠳᠠᠨ᠂ 26 ᠲᠤᠰᠬᠠᠢ ᠮᠡᠷᠭᠡᠵᠢᠯ ᠤᠨ ᠪᠠᠭᠰᠢ ᠶᠢ ᠣᠷᠣᠭᠤᠯᠤᠨ ᠠᠪᠴᠢᠷᠠᠵᠤ᠂ 226 | ᠲᠦᠷᠦᠯ ᠵᠦᠢᠯ ᠢ ᠣᠷᠣᠯᠠᠨ ᠪᠡᠶᠡᠯᠡᠭᠦᠯᠵᠦ᠂ ᠵᠢᠯ ᠤᠨ ᠦᠢᠯᠡᠳᠬᠦᠨ ᠤ ᠦᠷᠳᠡᠭ ᠨᠢ 2000 ᠲᠦᠮᠡ ᠰᠢᠬᠠᠮ | ᠲᠥᠭᠦᠷᠢᠭ ᠲᠤ ᠬᠦᠷᠦᠪᠡ᠃ | ︵ᠳᠥᠷᠪᠡ︶ ᠤᠷᠢᠳᠠᠪᠠᠷ ᠲᠤᠷᠰᠢᠯᠲᠠ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠶ ᠵᠤᠯᠭᠠᠭᠤᠯᠪᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠵᠦ᠂ ᠬᠥᠮᠦᠰ ᠢ ᠬᠦᠳᠡᠯᠦᠩᠭᠦᠢ ᠪᠠᠷ ᠬᠢᠨᠠᠨ ᠬᠡᠮᠵᠢᠵᠦ᠂ ᠶᠠᠳᠠᠭᠤ ᠶᠢ ᠰᠡᠷᠭᠡᠶᠢᠯᠡᠬᠦ | ᠳᠠᠭᠠᠳᠬᠠᠯ ᠢ ᠤᠨᠢᠨ ᠳᠡᠭᠡᠷ᠎ᠡ ᠨᠢ ᠴᠠᠭ ᠲᠤᠬᠠᠢ ᠳᠤᠨᠢ ᠬᠡᠷᠡᠭᠵᠢᠭᠦᠯᠵᠦ᠂ ᠡᠯ᠎ᠡ ᠵᠦᠢᠯ ᠤᠨ ᠲᠦᠷᠦ ᠶᠢᠨ | ᠪᠤᠳᠤᠯᠭ᠎ᠠ ᠶᠢ ᠠᠯᠬᠤᠮ ᠠᠯᠬᠤᠮ ᠢᠶᠠᠷ ᠪᠠᠶᠢᠩᠭᠤ ᠶᠢᠨ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠤᠷᠳᠤ | ᠬᠤᠭᠤᠴᠠᠭᠠᠨ ᠤ ᠪᠦᠲᠦᠮᠵᠢᠲᠡᠢ ᠴᠢᠨᠠᠷ ᠲᠡᠰᠢ ᠬᠤᠪᠢᠷᠠᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ 13 ᠲᠣᠰᠬᠤᠨ ᠢ ᠲᠣᠭᠲᠠᠭᠠᠵᠤ᠂ 35 ᠠᠵᠤ ᠦᠢᠯᠡᠰ ᠤᠨ ᠲᠦᠷᠦᠯ ᠵᠦᠢᠯ ᠢ | ᠬᠥᠭᠵᠢᠭᠦᠯᠬᠦ ᠪᠠᠷ ᠲᠣᠭᠲᠠᠪᠠ᠃ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠬᠥᠳᠡᠭᠡ ᠲᠣᠰᠬᠤᠨ ᠤ ᠵᠠᠮ 41.7 | ᠺᠢᠯᠣᠮᠧᠲᠷ᠂ 3 ᠬᠥᠭᠦᠷᠭᠡ᠂ 31 ᠰᠠᠭᠤᠷᠢ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠪᠡ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠪᠠ ᠠᠶᠢᠯ ᠲᠣᠰᠬᠤᠨ ᠤ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠨᠠᠶᠢᠷᠠᠭᠤᠯᠤᠨ | ᠵᠣᠬᠢᠶᠠᠵᠤ᠂ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠶᠢᠨ ᠲᠣᠭᠤᠷᠢᠨ ᠳᠤ᠂ ᠨᠠᠮ ᠤᠨ ᠪᠠᠶᠢᠭᠤᠯᠤᠯᠲᠠ ᠪᠠᠷ ︽ | ᠭᠤᠷᠮᠤᠰᠤᠨ ᠴᠣᠭᠴᠠ︾ ᠶᠢᠨ ᠬᠠᠮᠲᠤᠷᠠᠯᠴᠠᠭᠠᠨ ᠤ ᠥᠭᠡᠷᠡᠴᠢᠯᠡᠯᠲᠡ ᠶᠢ ᠬᠥᠲᠥᠯᠥᠨ ᠳᠠᠭᠠᠭᠤᠯᠬᠤ ᠪᠠᠷ | ᠶᠡᠷᠦᠩᠬᠡᠶᠢᠯᠡᠨ ᠵᠢᠯᠣᠭᠤᠳᠤᠭᠤᠯᠵᠤ᠂ ᠶᠢᠨ ᠾᠧ ᠭᠤᠣᠯ ᠤᠨ ᠳᠡᠭᠡᠳᠦ ᠤᠷᠤᠰᠬᠠᠯ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠢ | ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃ | ︵ᠲᠠᠪᠤ︶ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ | ᠪᠦᠲᠦᠭᠡᠯ ᠢ ᠪᠠᠲᠤ ᠰᠠᠬᠢᠪᠠ᠃ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ | ᠰᠡᠷᠭᠦᠬᠦ ᠶᠢ ᠰᠡᠷᠭᠡᠶᠢᠯᠡᠬᠦ︾ ᠪᠠ ︽ᠬᠥᠮᠦᠨ ᠡᠳ᠋ ᠢ ᠬᠠᠮᠲᠤ ᠪᠠᠷ ᠰᠡᠷᠭᠡᠶᠢᠯᠡᠬᠦ︾ ᠶᠢ ᠢᠮᠠᠭᠲᠠ ᠪᠠᠷᠢᠮᠲᠠᠯᠠᠵᠤ᠂ ᠤᠯᠠᠨ | ᠭᠠᠵᠠᠷ ᠲᠤ ᠬᠦᠨᠳᠡᠵᠦ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠲᠠᠢ ᠬᠥᠮᠦᠰ ᠢ 2.2 ᠲᠦᠮᠡᠨ ᠬᠥᠮᠦᠨ ᠤᠳᠠᠭ᠎ᠠ ᠳᠠᠷᠠᠭᠠᠯᠠᠨ | ᠪᠠᠶᠢᠴᠠᠭᠠᠵᠤ ᠬᠠᠮᠢᠶᠠᠷᠤᠨ ᠡᠵᠡᠮᠳᠡᠵᠦ᠂ 65.9 ᠲᠦᠮᠡᠨ ᠬᠤᠪᠢ ᠦᠯᠢᠭᠡᠷ ᠬᠡᠪ ᠢ ᠪᠠᠶᠢᠴᠠᠭᠠᠵᠤ᠂ 130.5 | ᠲᠦᠮᠡᠨ ᠤᠳᠠᠭ᠎ᠠ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠵᠦ᠂ | ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠤ ᠵᠦᠢᠯ ᠤᠨ ᠲᠥᠪᠯᠡᠷᠡᠩᠭᠦᠶ ᠬᠥᠮᠥᠷᠭᠡ ᠪᠠ | ᠤᠯᠠᠨ ᠤᠯᠤᠰ ᠤᠨ ᠰᠢᠦᠳᠠᠨ ᠤ ᠵᠦᠢᠯ ᠢ ᠲᠥᠪᠯᠡᠷᠡᠭᠦᠯᠦᠨ ᠬᠦᠷᠭᠡᠬᠦ ᠴᠡᠭ ᠢ ᠲᠤᠰ ᠪᠦᠷᠢ 1 ᠭᠠᠷᠭᠠᠵᠤ᠂ ᠪᠠᠴᠢᠮ | ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠶᠢ ᠭᠦᠢᠴᠡᠳ ᠪᠣᠯᠭᠠᠪᠠ᠃ 15 ᠳᠣᠲᠣᠭᠠᠳᠤ ᠶᠢ ᠬᠠᠮᠠᠭᠠᠯᠠᠬᠤ | ᠺᠠᠳ᠋ᠷ ᠴᠠᠭᠳᠠᠭ᠎ᠠ᠂ 32 ᠡᠮᠴᠢ ᠰᠤᠪᠢᠯᠠᠭᠴᠢ ᠪᠠᠴᠢᠮ ᠪᠠᠶᠢᠳᠠᠯ ᠢ ᠠᠷᠭᠠᠴᠠᠨ ᠲᠤᠰᠠᠯᠠᠬᠤ ᠡᠭᠦᠷᠭᠡ ᠪᠠᠨ | ᠠᠮᠵᠢᠯᠲᠠ ᠲᠠᠢ ᠪᠡᠶᠡᠯᠡᠭᠦᠯᠵᠦ᠂ ᠭᠤᠶᠠᠴᠢ ᠦᠭᠡᠢ ᠵᠢᠳᠬᠦᠭᠰᠡᠨ ᠪᠠ ᠭᠠᠷᠮᠠᠭᠠᠢ ᠠᠮᠵᠢᠯᠲᠠ ᠪᠠᠷ ᠢᠶᠠᠨ ᠡᠷᠬᠢᠮ ᠳᠡᠭᠡᠳᠦ | ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠪᠣᠯᠤᠨ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ | ᠢᠯᠡᠷᠡᠭᠦᠯᠪᠡ᠃ | ︵ᠵᠢᠷᠭᠤᠭ᠎ᠠ︶ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠢ ᠨᠠᠩ ᠡᠯᠪᠡᠭ ᠪᠤᠯᠭᠠᠪᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠰᠡᠳᠬᠢᠯ | ᠲᠠᠯᠪᠢᠨ ᠰᠠᠶᠢᠲᠤᠷ ᠬᠢᠪᠡ᠃ ᠴᠢᠳᠬᠤᠯᠠᠩ ᠬᠡᠤᠬᠡᠳ ᠤᠨ ᠴᠡᠴᠡᠷᠯᠢᠭ᠂ ᠠᠷᠪᠠᠨ ᠬᠤᠶᠠᠳᠤᠭᠠᠷ ᠪᠠᠭ᠎ᠠ ᠰᠤᠷᠭᠠᠭᠤᠯᠢ | ᠂ ᠲᠤᠷᠰᠢᠯᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠵᠡᠷᠭᠡ 7 ᠲᠥᠷᠥᠯ | ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠭᠠᠵᠠᠷ ᠰᠢᠨᠵᠢᠯᠡᠭᠡᠨ ᠤ ᠬᠤᠶᠠᠳᠤᠭᠠᠷ | ᠳᠤᠮᠳᠠᠳᠤ ᠰᠤᠷᠭᠠᠭᠤᠯᠢ ᠶᠢᠨ ᠰᠢᠨ᠎ᠡ ᠭᠠᠵᠠᠷ ᠲᠤ ᠭᠤᠤᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠵᠦ᠂ ᠲᠦᠭᠡᠮᠡᠯ | ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠢ 7 ᠰᠢᠨ᠎ᠡ ᠪᠠᠷ ᠨᠡᠮᠡᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠥᠪ ᠲᠤ ︽ᠲᠣᠭᠠᠴᠢᠯᠠᠭᠰᠠᠨ ᠰᠤᠷᠭᠠᠭᠤᠯᠢ ᠶᠢᠨ ᠬᠦᠷᠢᠶᠡᠨ ᠤ ᠬᠡᠪ ᠳᠠᠭᠤᠷᠢᠶᠠᠯ ᠤᠨ | ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠨᠢᠭᠡᠴᠡ︾ ᠶᠢᠨ ᠢᠷᠠᠭᠤ ᠠᠯᠳᠠᠷ ᠤᠨ ᠴᠣᠯᠠ ᠣᠯᠭᠤᠪᠠ᠃ | ᠰᠦᠩᠱᠠᠨ ᠡᠮᠴᠢᠯᠡᠭᠡᠨ ᠤ ᠪᠦᠯᠦᠭᠯᠡᠯ ᠤᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠤᠨ ᠳᠠᠭᠤᠰᠬᠠᠵᠤ᠂ 12 | ᠰᠠᠭᠤᠷᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠠᠶᠢᠴᠠᠭᠠᠨ ᠰᠢᠯᠭᠠᠬᠤ ᠴᠢᠳᠠᠪᠤᠷᠢ ᠶᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠃ ᠨᠡᠶᠢᠭᠡᠮ ᠲᠣᠭᠤᠷᠢᠭ ᠤᠨ 647 | ᠲᠣᠣᠷᠵᠢᠯ ᠢ ᠬᠤᠪᠢᠶᠠᠷᠢᠯᠠᠵᠤ᠂ ᠲᠣᠣᠷᠵᠢᠭᠤᠯᠤᠭᠰᠠᠨ ᠦᠢᠯᠡᠴᠢᠯᠡᠭᠡ ᠶᠢ ᠨᠡᠶᠢᠳᠡᠮ ᠪᠦᠷᠬᠦᠭᠦᠯᠵᠦ᠂ ᠨᠡᠶᠢᠭᠡᠮ | ᠲᠣᠭᠤᠷᠢᠭ ᠤᠨ ᠵᠠᠰᠠᠯᠲᠠ ᠶᠢ ᠨᠡᠩ ᠨᠠᠷᠢᠯᠢᠬᠵᠢᠭᠤᠯᠪᠠ᠃ ᠰᠣᠶᠣᠯ ᠤᠨ ᠣᠷᠳᠣᠨ᠂ ᠨᠣᠮ ᠤᠨ ᠰᠠᠩ ᠢ ᠰᠦᠢᠳᠬᠡᠯ | ᠬᠤᠷᠢᠶᠠᠬᠤ ᠦᠭᠡᠢ ᠪᠠᠷ ᠨᠡᠭᠡᠭᠡᠵᠦ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠬᠤᠪᠢᠰᠬᠠᠯ ᠤᠨ ᠭᠤᠣᠯ ᠬᠦᠭ | ᠠᠶᠠᠰ ᠢ ᠴᠢᠪᠬᠠᠳᠠᠵᠤ᠂ ᠪᠦᠬᠦ ᠲᠤᠭᠤᠷᠢᠭ ᠤᠨ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ 35 | ᠲᠠᠯᠠᠪᠠᠢ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 74 ᠲᠠᠯᠠᠪᠠᠢ ᠤᠳᠠᠭ᠎ᠠ ᠥᠷᠨᠢᠭᠦᠯᠪᠡ᠃ | ᠲᠥᠯᠥᠭᠡᠯᠡᠭᠴᠢᠳ ᠡ︕ ᠪᠣᠳᠠᠲᠠᠢ ᠠᠵᠢᠯᠯᠠᠪᠠᠯ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠴᠢᠷᠮᠠᠶᠢᠨ | ᠲᠡᠮᠡᠴᠡᠪᠡᠯ ᠭᠡᠷᠡᠯ ᠰᠠᠴᠤᠷᠠᠩᠭᠤᠢ ᠠᠮᠵᠢᠯᠲᠠ ᠶᠢ ᠣᠯᠤᠨ᠎ᠠ︕ ᠥᠩᠭᠡᠷᠡᠭᠰᠡᠨ ᠲᠠᠪᠤᠨ ᠵᠢᠯ ᠤᠨ ᠠᠮᠵᠢᠯᠲᠠ | ᠪᠦᠲᠦᠮᠵᠢ ᠶᠢ ᠬᠢᠯᠪᠠᠷ ᠪᠤᠰᠤ ᠪᠠᠷ ᠣᠯᠤᠭᠰᠠᠨ ᠶᠤᠮ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ | ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠠᠴᠢ ᠪᠠᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠳᠡᠮᠵᠢᠯᠭᠡ᠂ ᠪᠦᠲᠦᠮᠵᠢᠲᠡᠶ ᠬᠢᠨᠠᠯᠲᠠ ᠶᠢᠨ | ᠠᠴᠢ ᠪᠠᠷ᠂ ᠨᠠᠩ ᠴᠤ ᠪᠥᠬᠦ ᠲᠤᠭᠤᠷᠢᠭ ᠤᠨ ᠠᠷᠠᠳ ᠲᠦᠮᠡᠨ ᠤ ᠡᠷᠡᠯᠬᠡᠭᠯᠡᠨ ᠲᠡᠮᠡᠴᠡᠵᠦ᠂ ᠯᠠᠪᠳᠠᠭᠤᠨ ᠪᠠᠲᠤᠲᠠᠶ | ᠰᠢᠷᠭᠠᠭᠤ ᠠᠵᠢᠯᠯᠠᠭᠰᠠᠨ ᠤ ᠠᠴᠢ ᠪᠠᠷ ᠣᠯᠤᠭᠰᠠᠨ ᠶᠤᠮ᠃ ᠡ᠊ᠨᠳᠡ ᠪᠢ ᠲᠤᠭᠤᠷᠢᠭ ᠤᠨ ᠵᠠᠰᠠᠭ ᠤᠨ ᠣᠷᠳᠣᠨ ᠤ | ᠡᠮᠦᠨ᠎ᠡ ᠠᠴᠠ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ᠂ | ᠰᠦᠩᠱᠠᠨ ᠤ ᠪᠦᠳᠦᠭᠡᠨ ᠪᠠᠶᠢᠭᠤᠯᠤᠯᠲᠠ ᠪᠠ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠤᠢ ᠪᠦᠬᠦᠢ | ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠪᠢᠳᠡ ᠪᠠᠰᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠳᠥᠯᠭᠢᠨ ᠠᠬᠢᠭᠤᠯᠬᠤ ᠵᠠᠮ ᠳᠡᠭᠡᠷ᠎ᠡ ᠮᠠᠰᠢ ᠣᠯᠠᠨ ᠠᠶᠤᠯ ᠲᠦᠭᠰᠢᠭᠦᠷᠢ ᠪᠠ ᠥᠷᠢᠰᠥᠯᠳᠦᠭᠡᠨ | ᠲᠤᠯᠭᠠᠷᠠᠵᠤ᠂ ᠵᠠᠷᠢᠮ ᠵᠠᠶᠢᠯᠠᠭᠤᠯᠵᠤ ᠪᠣᠯᠤᠰᠢ ᠥᠬᠡᠶ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ | ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠃ ᠬᠤᠶᠢᠰᠢᠳᠠ ᠶᠢᠨ ᠲᠠᠪᠤᠨ ᠵᠢᠯ ᠴᠢᠨᠠᠭᠰᠢᠯᠠᠪᠠᠯ ᠨᠡᠩ ᠤᠷᠳᠤ | ᠬᠤᠭᠤᠴᠠᠭᠠᠨ ᠳᠤ᠂ ᠳᠡᠯᠡᠬᠡᠢ ᠳ᠋ᠠᠬᠢᠨ ᠶᠠᠭ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ | ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠠᠯᠤᠰ ᠬᠡᠳᠤ ᠶᠢᠨ ᠪᠠᠶᠢᠳᠠᠯ ᠢ | ᠨᠥᠯᠥᠭᠡᠯᠡᠨ᠎ᠡ︔ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠬᠥᠭᠵᠢᠯᠲᠡ ᠳᠤ ᠬᠡᠷᠡᠭᠴᠡᠭᠡ ᠪᠠᠭᠠᠰᠬᠤ᠂ | ᠬᠠᠩᠭᠠᠯᠭ᠎ᠠ ᠶᠢᠨ ᠲᠠᠭᠠᠷᠢᠯᠳᠠ᠂ ᠵᠢᠱᠢᠯᠲᠡ ᠪᠠᠭᠤᠷᠠᠬᠤ ᠭᠤᠷᠪᠠᠨ ᠳᠠᠪᠬᠤᠷ ᠳᠠᠷᠤᠯᠲᠠ ᠲᠤᠯᠭᠠᠷᠠᠵᠤ ᠪᠠᠶᠢᠨ᠎ᠠ︔ | ᠭᠠᠵᠠᠷ ᠣᠷᠣᠨ ᠤ ᠬᠤᠭᠤᠷᠣᠨᠳᠣᠬᠢ ᠥᠷᠢᠰᠥᠯᠳᠦᠨ ᠬᠥᠭᠵᠢᠬᠦ ᠬᠠᠨᠳᠤᠰᠢ ᠤᠯᠠᠮ ᠠᠴᠠ ᠤᠯᠠᠮ ᠰᠢᠷᠦᠭᠦᠰᠴᠦ᠂ | ᠬᠦᠷᠦᠩᠭᠡ᠂ ᠲᠧᠭᠨᠢᠭ ᠮᠡᠷᠭᠡᠵᠢᠯ᠂ ᠴᠢᠳᠠᠪᠤᠷᠢᠲᠠᠨ ᠵᠡᠷᠭᠡ ᠡᠯᠧᠮᠧᠨ᠋ᠲ ᠢ ᠪᠤᠯᠢᠶᠠᠯᠳᠤᠬᠤ ᠶᠠᠪᠤᠳᠠᠯ ᠤᠯᠠᠮ ᠰᠢᠷᠦᠭᠦᠰᠴᠦ | ᠪᠠᠶᠢᠨ᠎ᠠ᠃ ᠪᠥᠬᠦ ᠲᠤᠭᠤᠷᠢᠭ ᠤᠨ ᠠᠵᠤ ᠦᠢᠯᠡᠰ ᠤᠨ ᠪᠦᠲᠦᠴᠡ ᠶᠢᠨ ᠴᠢᠨᠠᠷᠲᠠᠶ ᠵᠥᠷᠢᠴᠡᠯ ᠮᠥᠨ ᠬᠦ ᠲᠣᠪᠤᠶᠢᠮ᠎ᠠ | ᠪᠠᠶᠢᠵᠤ᠂ ᠨᠢᠭᠡᠳᠦᠭᠡᠷ ᠠᠵᠤ ᠦᠢᠯᠡᠰ ᠨᠢ ᠶᠡᠭᠡ ᠪᠣᠯᠪᠠᠴᠤ ᠬᠦᠴᠦᠷᠬᠡᠭ ᠪᠢᠰᠢ᠂ ᠬᠤᠶᠠᠳᠤᠭᠠᠷ ᠠᠵᠤ ᠦᠢᠯᠡᠰ ᠨᠢ | ᠲᠤᠯᠭᠠᠭᠤᠷᠢᠯᠠᠬᠤ ᠴᠢᠨᠠᠷᠲᠠᠶ ᠠᠵᠤ ᠦᠢᠯᠡᠰ ᠪᠣᠯᠵᠣ ᠪᠦᠷᠢᠯᠳᠦᠭᠡᠳᠦᠶ᠂ ᠭᠤᠷᠪᠠᠳᠤᠭᠠᠷ ᠠᠵᠤ ᠦᠢᠯᠡᠰ ᠨᠢ ᠲᠥᠪ | ᠬᠤᠲᠠ ᠶᠢᠨ ᠲᠣᠭᠤᠷᠢᠭ ᠤᠨ ᠭᠤᠤᠯ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠢᠷᠢ ᠲᠦᠪᠰᠢᠨ ᠳᠤ ᠬᠦᠷᠴᠦ | ᠳᠡᠶᠢᠯᠦᠭᠡᠳᠦᠶ ᠪᠠᠶᠢᠭᠰᠠᠭᠠᠷ︔ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠬᠥᠭᠵᠢᠯᠲᠡ ᠶᠢ ᠲᠤᠯᠭᠠᠭᠤᠷᠢᠯᠠᠬᠤ | ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠴᠥᠭᠡᠨ ᠪᠠᠶᠢᠵᠤ᠂ ᠬᠦᠳᠦᠯᠦᠨ ᠳᠠᠭᠠᠭᠤᠯᠵᠤ ᠳᠠᠶᠢᠴᠢᠯᠠᠬᠤ | ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠴᠢᠬᠤᠯᠠᠲᠠᠢ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠵᠥᠷᠢᠴᠡᠯ ᠲᠤᠪᠤᠶᠢᠮ᠎ᠠ ᠪᠠᠶᠢᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ | ᠤᠮᠳᠤᠭᠠᠶᠢᠯᠠᠵᠤ ᠪᠤᠯᠤᠰᠢ ᠦᠭᠡᠢ︔ ᠠᠮᠢ ᠠᠬᠤᠶ ᠶᠢ ᠬᠠᠮᠠᠭᠠᠯᠠᠨ ᠰᠡᠷᠭᠦᠭᠡᠬᠦ ᠡᠭᠦᠷᠭᠡ ᠬᠠᠲᠠᠭᠤ ᠪᠡᠷᠬᠡ ᠪᠠᠶᠢᠵᠤ᠂ | ᠡᠬᠢ ᠪᠠᠶᠠᠯᠢᠭ ᠤᠨ ᠬᠢᠵᠠᠭᠠᠷᠯᠠᠯ ᠲᠠᠰᠤᠷᠠᠯᠳᠠ ᠦᠭᠡᠢ ᠴᠢᠩᠭᠠᠷᠠᠵᠤ ᠪᠠᠶᠢᠨ᠎ᠠ︔ ᠥᠪᠡᠷᠮᠢᠴᠡ᠂ ᠣᠯᠠᠨ ᠶᠠᠩᠵᠤ ᠶᠢᠨ | ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠳᠤ ᠪᠠᠰᠠ ᠳᠤᠲᠠᠭᠤᠳᠠᠯ ᠣᠷᠣᠰᠢᠵᠤ᠂ ᠠᠷᠠᠳ ᠤᠨ | ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠶ | ᠪᠠᠶᠢᠨ᠎ᠠ︔ ᠣᠨᠴᠠ ᠵᠠᠷᠢᠮ ᠺᠠᠳ᠋ᠷ ᠤᠨ ᠪᠠᠶᠢᠳᠠᠯ ᠨᠢ ᠠᠨᠠᠶ᠂ ᠴᠢᠳᠠᠪᠤᠷᠢ ᠨᠢ ᠳᠤᠲᠠᠮᠠᠭ᠂ ᠬᠠᠷᠢᠭᠤᠴᠠᠯᠭ᠎ᠠ ᠨᠢ | ᠬᠦᠷᠦᠯᠴᠡᠬᠦ ᠦᠭᠡᠢ ᠪᠠᠶᠢᠬᠤ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ᠃ ᠪᠢᠳᠡ ᠵᠠᠪᠠᠯ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ | ᠬᠡᠷᠡᠭᠲᠡᠶ᠃ | ᠲᠥᠯᠥᠭᠡᠯᠡᠭᠴᠢᠳ ᠡ︕ ᠨᠢᠭᠡ ᠴᠠᠭ ᠦᠶ᠎ᠡ ᠳᠤ ᠨᠢᠭᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠲᠠᠢ᠂ | ᠨᠢᠭᠡ ᠦᠶ᠎ᠡ ᠶᠢᠨ ᠬᠥᠮᠦᠰ ᠲᠤ ᠨᠢᠭᠡ ᠦᠶ᠎ᠡ ᠶᠢᠨ ᠬᠥᠮᠦᠰ ᠤᠨ ᠡᠭᠦᠷᠭᠡ ᠬᠠᠷᠢᠭᠤᠴᠠᠯᠭ᠎ᠠ ᠲᠠᠢ᠃ ᠥᠨᠥᠳᠦᠷ ᠤᠨ | ᠰᠦᠩᠱᠠᠨ ᠶᠠᠭ ᠨᠢᠭᠡᠨ ᠲᠦᠢᠯ ᠤᠨ ᠴᠢᠬᠤᠯᠠ ᠬᠥᠭᠵᠢᠯᠲᠡ ᠶᠢᠨ ᠠᠭᠤᠯᠵᠠᠷ ᠲᠤ ᠣᠷᠣᠰᠢᠵᠤ᠂ ᠠᠭᠤᠤ ᠶᠡᠭᠡ ᠴᠠᠭ | ᠦᠶ᠎ᠡ ᠳᠤ ᠣᠷᠣᠰᠢᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ ᠪᠠᠶᠢᠨ᠎ᠠ᠃ ᠰᠢᠨ᠎ᠡ ᠨᠢᠭᠡ | ᠬᠤᠭᠤᠴᠠᠭᠠᠨ ᠤ ᠵᠠᠰᠠᠭ ᠤᠨ ᠣᠷᠳᠣᠨ ᠡᠷᠬᠡᠪᠰᠢ ᠦᠢᠯᠡᠰ ᠪᠦᠲᠦᠭᠡᠬᠦ ᠪᠠᠷ ᠬᠦᠴᠦᠯᠡᠨ ᠴᠢᠷᠮᠠᠶᠢᠬᠤ ᠣᠶᠤᠨ | ᠰᠠᠨᠠᠭᠠᠨ ᠤ ᠳᠦᠷᠰᠦ ᠪᠠᠶᠢᠳᠠᠯ ᠢᠶᠠᠨ ᠪᠠᠲᠤᠯᠠᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠲᠡᠦᠬᠡ ᠶᠢᠨ ᠠᠵᠠ | ᠲᠣᠬᠢᠶᠠᠯ ᠢ ᠠᠮᠵᠢᠵᠤ᠂ ᠬᠤᠷᠸ᠎ᠠ ᠪᠠᠶᠢᠳᠠᠯ ᠤᠨ ᠲᠣᠭᠲᠠᠭᠤᠨ ᠤ ᠳᠤᠮᠳᠠ ᠰᠠᠶᠢᠵᠢᠷᠠᠬᠤ ᠬᠥᠭᠵᠢᠯᠲᠡ ᠶᠢᠨ ᠠᠵᠠ | ᠲᠣᠬᠢᠶᠠᠯ ᠢ ᠠᠮᠵᠢᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠲᠠᠰᠤᠷᠠᠯᠳᠠ ᠦᠭᠡᠢ ᠪᠠᠳᠠᠷᠠᠭᠤᠯᠵᠤ᠂ ᠰᠤᠯᠠᠷᠠᠬᠤ | ᠦᠭᠡᠢ᠂ ᠴᠠᠯᠠᠭᠠᠶᠢᠷᠠᠬᠤ ᠦᠭᠡᠢ᠂ ᠵᠠᠶᠢᠯᠠᠬᠤ ᠦᠭᠡᠢ ᠪᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ | ᠰᠠᠶᠢᠨ ᠡᠬᠢᠯᠡᠯᠲᠡ ᠲᠠᠢ ᠪᠣᠯᠭᠠᠵᠤ ᠰᠠᠶᠢᠨ ᠠᠯᠬᠤᠮ ᠢ ᠡᠬᠢᠯᠡᠭᠦᠯᠬᠦ ᠬᠡᠷᠡᠭᠲᠡᠢ᠃ | ᠬᠤᠶᠢᠰᠢᠳᠠ ᠶᠢᠨ ᠲᠠᠪᠤᠨ ᠵᠢᠯ ᠤᠨ ᠶᠡᠷᠦᠩᠬᠡᠶ ᠪᠠᠶᠢᠳᠠᠯ ᠪᠠ ᠬᠥᠭᠵᠢᠯᠲᠡ ᠶᠢᠨ ᠬᠠᠷᠠᠯᠲᠠ | ᠣᠳᠣᠬᠠᠨ ᠳᠤ᠂ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠬᠠᠷᠠᠯᠲᠠ ᠳᠤ ᠲᠡᠦᠬᠡ ᠶᠢᠨ ᠠᠯᠢ ᠴᠤ ᠦᠶ᠎ᠡ ᠠᠴᠠ ᠢᠯᠡᠭᠦᠦ ᠣᠶᠢᠷᠠᠳᠴᠤ᠂ ᠰᠦᠩᠱᠠᠨ ᠤ ᠬᠥᠭᠵᠢᠯᠲᠡ ᠶᠠᠭ | ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ᠂ ᠢᠷᠡᠭᠡᠳᠦᠢ ᠶᠢᠨ ᠠᠵᠤ | ᠠᠬᠤᠢ ᠶᠢᠨ ᠲᠣᠭᠲᠠᠭᠤᠨ ᠡᠷᠡᠭᠦᠯ ᠬᠥᠭᠵᠢᠯᠲᠡ ᠶᠢᠨ ᠬᠥᠳᠡᠯᠭᠡᠬᠦ ᠬᠦᠴᠦᠨ ᠭᠦᠢᠴᠡᠳ ᠪᠠᠶᠢᠨ᠎ᠠ᠃ ᠤᠯᠤᠰ ᠠᠴᠠ ︽ | ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠬᠦ᠂ ᠪᠠᠷᠠᠭᠤᠨ ᠣᠷᠣᠨ ᠢ | ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠵᠡᠷᠭᠡ ᠪᠠᠶᠢᠯᠳᠤᠬᠤ | ᠪᠤᠳᠤᠯᠭ᠎ᠠ ᠶᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠤᠯᠠᠭᠠᠨᠬᠠᠳᠠ᠂ ᠲᠦᠩᠯᠢᠶᠣᠤ ᠶᠢᠨ ︽ | ᠬᠤᠣᠰ ᠤᠳᠤᠨ ᠣᠷᠣᠨ︾ ᠢ ᠴᠣᠭᠴᠠᠯᠠᠬᠤ ᠪᠠᠷ ᠳᠤᠷᠠᠳᠴᠤ᠂ ︽ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ | ︾ ᠨᠢ ᠪᠢᠳᠡᠨ ᠳᠤ ᠨᠡᠩ ᠤᠯᠠᠨ ᠲᠦᠷᠦ ᠶᠢᠨ ᠪᠤᠳᠤᠯᠭ᠎ᠠ ᠶᠢᠨ ᠠᠰᠢᠭ ᠢ ᠣᠯᠭᠤᠵᠤ᠂ ᠣᠷᠣᠨ ᠪᠦᠰᠡ ᠶᠢᠨ | ᠬᠠᠮᠵᠢᠯᠴᠠᠭ᠎ᠠ ᠳᠤ ᠨᠡᠩ ᠤᠯᠠᠨ ᠠᠵᠠ ᠲᠣᠬᠢᠶᠠᠯ ᠣᠯᠭᠤᠬᠤ ᠶᠢ ᠲᠣᠳᠣᠷᠬᠠᠶᠢᠯᠠᠪᠠ᠃ ᠭᠤᠣᠯ ᠬᠤᠲᠠ ᠶᠢᠨ | ᠲᠣᠭᠤᠷᠢᠭ ᠪᠣᠯᠤᠭᠰᠠᠨ ᠤ ᠬᠤᠪᠢ ᠳᠤ᠂ ᠳᠥᠭᠦᠮ ᠳᠥᠲᠡ ᠵᠠᠮ ᠬᠠᠷᠢᠯᠴᠠᠭᠠᠨ ᠤ ᠲᠣᠣᠷ ᠰᠦᠯᠵᠢᠶ᠎ᠡ᠂ ᠬᠤᠲᠠ ᠶᠢᠨ | ᠲᠣᠭᠤᠷᠢᠭ ᠤᠨ ᠵᠠᠭᠤᠨ ᠲᠦᠮᠡᠨ ᠬᠥᠮᠦᠨ ᠠᠮᠠ ᠶᠢᠨ ᠡᠬᠢ ᠪᠠᠶᠠᠯᠢᠭ᠂ ᠬᠥᠭᠵᠢᠯᠲᠡ ᠶᠢ ᠳᠠᠭᠠᠭᠠᠬᠤ ᠬᠦᠷᠢᠶᠡᠯᠡᠩ | ᠲᠣᠭᠤᠷᠢᠭ ᠤᠨ ᠲᠠᠪᠴᠠᠩ᠂ ᠡᠳᠦᠷ ᠢᠷᠡᠬᠦᠶ᠎ᠡ ᠲᠡᠭᠦᠯᠳᠡᠷᠵᠢᠵᠦ ᠪᠠᠶᠢᠭ᠎ᠠ ᠰᠠᠭᠤᠷᠢ ᠲᠥᠬᠦᠭᠡᠷᠦᠮᠵᠢ᠂ ᠬᠤᠲᠠ | ᠬᠥᠳᠡᠭᠡ ᠶᠢᠨ ᠠᠭᠤᠰᠤᠯᠴᠠᠯ ᠤᠨ ᠯᠤᠲᠤ ᠶᠡᠭᠡ ᠳᠠᠯᠳᠠ ᠬᠦᠴᠦᠨ᠂ ᠠᠵᠤ ᠠᠬᠤᠶ ᠶᠢᠨ ᠨᠡᠮᠡᠭᠳᠡᠯ ᠢ ᠳᠡᠮᠵᠢᠬᠦ ᠡᠯ᠎ᠡ | ᠵᠦᠢᠯ ᠤᠨ ᠥᠷᠢᠰᠥᠯᠳᠦᠭᠡᠨ ᠤ ᠳᠠᠪᠠᠭᠤᠯᠢᠭ ᠨᠢ ᠮᠠᠨ ᠤ ᠲᠤᠭᠤᠷᠢᠭ ᠤᠨ ᠣᠳᠣᠬᠢᠴᠢᠯᠠᠭᠰᠠᠨ ᠣᠷᠣᠨ ᠪᠦᠰᠡ ᠶᠢᠨ | ᠲᠥᠪ ᠬᠤᠳᠠ ᠶᠢᠨ ᠤᠷᠢᠳᠠᠪᠠᠷ ᠬᠡᠷᠡᠭᠵᠢᠭᠦᠯᠬᠦ ᠲᠣᠭᠤᠷᠢᠭ᠂ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ | ᠵᠢᠱᠢᠶ᠎ᠡ ᠦᠵᠡᠭᠦᠯᠬᠦ ᠲᠣᠭᠤᠷᠢᠭ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠪᠠᠷᠠᠭᠠᠨ ᠤ | ᠭᠦᠢᠯᠭᠡᠭᠡᠨ ᠤ ᠵᠠᠩᠭᠢᠯᠠᠭ᠎ᠠ ᠶᠢᠨ ᠠᠴᠢᠶᠠᠯᠠᠪᠤᠷᠢ ᠶᠢᠨ ᠬᠤᠳᠠ ᠶᠢᠨ ᠭᠤᠣᠯ ᠲᠣᠭᠤᠷᠢᠭ᠂ ᠪᠣᠬᠢᠷᠲᠤᠯ ᠦᠭᠡᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠰᠠᠭᠤᠷᠢᠨ ᠭᠠᠵᠠᠷ᠂ ᠰᠣᠶᠣᠯ ᠵᠤᠭᠠᠴᠠᠯ ᠪᠠ | ᠠᠮᠢ ᠠᠬᠤᠢ ᠶᠢᠨ ᠰᠡᠯᠡᠭᠦᠴᠡᠯ ᠠᠮᠠᠷᠠᠯᠲᠠ ᠶᠢᠨ ᠰᠠᠭᠤᠷᠢᠨ ᠭᠠᠵᠠᠷ ᠢ ᠪᠠᠶᠢᠭᠤᠯᠬᠤ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠵᠦ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠨᠢ ᠯᠠᠪᠲᠠᠢ ᠶᠤᠮ᠃ | ᠬᠤᠶᠢᠰᠢᠳᠠ ᠶᠢᠨ ᠲᠠᠪᠤᠨ ᠵᠢᠯ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠲᠠᠪᠤᠨ ᠵᠢᠯ ᠪᠣᠯᠤᠨ᠎ᠠ᠂ ᠮᠥᠨᠴᠦ ᠰᠦᠩᠱᠠᠨ ᠲᠣᠭᠤᠷᠢᠭ ᠤᠨ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ᠂ ᠳᠠᠪᠠᠵᠤ ᠭᠠᠷᠬᠤ ᠲᠠᠪᠤᠨ ᠵᠢᠯ ᠪᠣᠯᠤᠨ᠎ᠠ᠃ ᠲᠣᠭᠤᠷᠢᠭ ᠤᠨ | ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ | ᠲᠣᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠰᠠᠶᠢᠲᠤᠷ | ᠵᠠᠮᠨᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ | ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠬᠠᠷᠠᠯᠲᠠ ᠪᠣᠯᠭᠠᠵᠤ᠂ ︽ᠲᠠᠪᠤᠨ ᠬᠥᠭᠵᠢᠯᠲᠡ ᠶᠢᠨ ᠪᠠᠶᠢᠷᠢ | ᠲᠣᠭᠲᠠᠭᠠᠯᠲᠠ︾ ᠶᠢ ᠴᠢᠩᠭ᠎ᠠ ᠠᠳᠬᠤᠵᠤ᠂ ︽ᠲᠥᠪ︾ ᠤᠨ ᠳᠠᠪᠠᠭᠤᠯᠢᠭ ᠢ ᠶᠡᠬᠡᠰᠬᠡᠵᠦ᠂ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠤᠳᠤ | ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠰᠢᠨ᠎ᠡ ᠬᠡᠯᠪᠡᠷᠢ ᠶᠢᠨ | ᠬᠤᠳᠠ ᠪᠠᠯᠭᠠᠰᠤᠵᠢᠯᠳᠠ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ ᠣᠷᠣᠨ ᠪᠦᠰᠡ ᠶᠢᠨ ᠲᠥᠪ | ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠢ ᠪᠠᠶᠢᠭᠤᠯᠵᠤ᠂ ᠪᠠᠶᠠᠨ ᠬᠦᠴᠦᠷᠬᠡᠭ᠂ | ᠪᠣᠯᠪᠠᠰᠤᠨ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠰᠢᠨ᠎ᠡ ᠰᠦᠩᠱᠠᠨ ᠲᠤᠭᠤᠷᠢᠭ ᠢ ᠪᠦᠳᠦᠭᠡᠨ | ᠪᠠᠶᠢᠭᠤᠯᠤᠶ᠎ᠠ︕ | ᠪᠥᠬᠦ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ | ᠨᠠᠢᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠄ | ︵ᠨᠢᠭᠡ︶ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠬᠦᠴᠦᠯᠡᠨ | ᠠᠬᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠶ ᠠᠯᠬᠤᠨ᠎ᠠ᠃ | ᠪᠣᠬᠢᠷᠲᠤᠯ ᠦᠭᠡᠢ ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ᠨᠡᠭᠦᠷᠡᠰᠦᠲᠥ᠋ᠷᠥᠭᠴᠢ ᠶᠢᠨ | ᠣᠷᠭᠢᠯ ᠳᠤ ᠬᠥᠷᠬᠦ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠵᠥᠪ ᠢᠶᠠᠷ ᠲᠠᠨᠢᠨ ᠡᠵᠡᠮᠳᠡᠵᠦ᠂ ︽ᠬᠤᠶᠠᠷ | ᠥᠨᠳᠥᠷ︾ ᠤᠨ ᠲᠥᠷᠥᠯ ᠵᠦᠢᠯ ᠤᠨ ᠰᠣᠬᠤᠷ ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠵᠤ᠂ ᠡᠨᠧᠷᠭᠢ ᠶᠢᠨ | ᠬᠤᠷᠣᠭᠳᠠᠯ ᠤᠨ ᠬᠤᠤᠰ ᠡᠵᠡᠮᠳᠡᠯ ᠤᠨ ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠤᠰᠤᠨ ᠤ ᠡᠬᠢ ᠪᠠᠶᠠᠯᠢᠭ ᠤᠨ ᠬᠢᠵᠠᠭᠠᠷᠯᠠᠯ ᠢ ᠴᠢᠩᠭᠠᠳᠬᠠᠵᠤ᠂ ᠤᠰᠤ ᠪᠠᠷ ᠭᠠᠷᠤᠯᠲᠠ ᠶᠢ ᠲᠣᠭᠲᠠᠭᠠᠬᠤ᠂ ᠤᠰᠤ ᠶᠢ | ᠬᠡᠮᠵᠢᠬᠦ ᠶᠢ ᠪᠠᠷᠢᠮᠲᠠᠯᠠᠨ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠳᠤᠮᠳᠠᠬᠢ ᠤᠰᠤ ᠶᠢ ᠡᠭᠡᠭᠦᠯᠦᠨ ᠬᠤᠷᠢᠶᠠᠵᠤ ᠲᠠᠬᠢᠨ ᠠᠰᠢᠭᠯᠠᠬᠤ ᠶᠢ ᠲᠦᠷᠭᠡᠪᠴᠢᠯᠡᠨ | ᠳᠡᠯᠭᠡᠷᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ | ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠢᠳᠡᠪᠬᠢᠲᠡᠶ ᠪᠠᠷ ᠬᠥᠭᠵᠢᠭᠦᠯᠵᠦ᠂ ᠡᠰᠢ ᠰᠦᠷᠡᠯ᠂ | ᠰᠦᠯᠢᠶᠣᠣ ᠪᠦᠷᠬᠦᠪᠴᠢ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠵᠡᠷᠭᠡ ᠲᠠᠷᠢᠶᠠᠯᠠᠩ ᠤᠨ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ ᠵᠦᠢᠯᠡᠰ ᠢ ᠲᠦᠯᠬᠢᠨ ᠠᠬᠢᠭᠤᠯᠵᠤ᠂ ᠰᠠᠶᠢᠨ ᠣᠷᠴᠢᠯ ᠲᠠᠢ᠂ ᠤᠷᠳᠤ ᠬᠤᠭᠤᠴᠠᠭᠠᠨ ᠤ | ᠪᠦᠲᠦᠮᠵᠢᠲᠡᠶ ᠦᠷᠭᠦᠯᠵᠢᠯᠡᠨ ᠠᠵᠢᠯᠯᠠᠬᠤ ᠲᠣᠭᠲᠠᠴᠠ ᠶᠢ ᠪᠠᠶᠢᠭᠤᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠶ ᠲᠦᠯᠬᠢᠨ | ᠠᠬᠢᠭᠤᠯᠤᠨ᠎ᠠ᠃ ᠣᠷᠴᠢᠨ ᠠᠬᠤᠶ ᠶᠢᠨ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠲᠠᠪᠤ ᠶᠢ ᠬᠢᠵᠠᠭᠠᠷᠯᠠᠬᠤ︾ ᠠᠷᠭ᠎ᠠ ᠬᠡᠮᠵᠢᠶ᠎ᠡ ᠶᠢ ᠪᠣᠳᠠᠲᠠᠶ ᠪᠠᠷ | ᠠᠳᠬᠤᠵᠤ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢ ᠲᠦᠷᠭᠡᠪᠴᠢᠯᠡᠨ ᠬᠡᠷᠡᠭᠵᠢᠭᠦᠯᠵᠦ᠂ ᠠᠭᠠᠷ ᠤᠨ ᠴᠢᠨᠠᠷ | ᠴᠢᠨᠰᠠᠭ᠎ᠠ ᠶᠢᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 90% ᠠᠴᠠ ᠳᠡᠭᠡᠭᠰᠢ ᠪᠠᠶᠢᠯᠭᠠᠬᠤ ᠶᠢ | ᠦᠨᠡᠨ ᠬᠦ ᠪᠠᠲᠤᠯᠠᠨ᠎ᠠ᠃ ᠭᠤᠤᠯ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠤᠨ | ᠵᠠᠮ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠦᠨ᠂ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠦᠷᠭᠦᠯᠵᠢᠯᠡᠨ ᠡᠵᠡᠩᠨᠡᠵᠦ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠵᠦ᠂ ᠪᠣᠬᠢᠷ | ᠤᠰᠤ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠤᠯᠤᠰ ᠤᠨ ᠰᠢᠯᠭᠠᠯᠲᠠ ᠶᠢᠨ | ᠣᠭᠲᠣᠯᠤᠭᠠᠰᠤ ᠶᠢᠨ ᠳᠤᠮᠳᠠᠴᠢ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ | ᠪᠠᠲᠤᠯᠠᠨ᠎ᠠ᠃ ᠬᠤᠭ ᠨᠣᠪᠰᠢ ᠶᠢ ᠲᠦᠷᠦᠯ ᠬᠤᠪᠢᠶᠠᠨ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠠᠭᠤᠷᠬᠠᠶ ᠶᠢᠨ | ᠭᠠᠵᠠᠷ ᠤᠨ ᠣᠷᠴᠢᠨ ᠠᠬᠤᠶ ᠶᠢ ᠰᠡᠷᠭᠦᠭᠡᠬᠦ ᠪᠠ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠪᠠ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ | ᠴᠢᠩᠭᠠᠳᠬᠠᠵᠤ᠂ ᠬᠥᠷᠥᠰᠥ ᠰᠢᠷᠣᠶ ᠶᠢᠨ ᠣᠷᠴᠢᠨ ᠠᠬᠤᠶ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ | ᠃ | ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃ ︽ᠭᠤᠷᠪᠠᠨ | ᠱᠤᠭᠤᠮ ᠨᠢᠭᠡ ᠬᠠᠭᠤᠳᠠᠰᠤ︾ ᠶᠢ ᠨᠠᠶᠢᠳᠠᠪᠤᠷᠢᠵᠢᠭᠤᠯᠵᠤ᠂ ︽ᠭᠤᠷᠪᠠᠨ ᠣᠷᠣᠨ ᠭᠤᠷᠪᠠᠨ ᠱᠤᠭᠤᠮ︾ ᠢ ᠴᠢᠩᠭ᠎ᠠ | ᠰᠠᠬᠢᠵᠤ᠂ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠬᠤ ᠶᠢ ᠴᠢᠩᠭᠠᠷᠠᠭᠤᠯᠤᠨ᠂ ᠵᠥᠪᠰᠢᠶᠡᠷᠡᠨ ᠣᠷᠣᠭᠤᠯᠬᠤ | ᠪᠣᠭᠤᠮᠲᠠ ᠶᠢ ᠪᠠᠲᠤ ᠪᠠᠬᠢ ᠪᠠᠶᠢᠭᠤᠯᠵᠤ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠪᠣᠬᠢᠷᠲᠤᠯ | ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠪᠤᠰᠤᠳᠴᠢ ᠵᠢᠮ᠎ᠡ ᠶᠣᠰᠣ ᠶᠢ ᠬᠦᠨᠳᠦᠳᠬᠡᠵᠦ᠂ | ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ᠂ ᠣᠶᠢᠵᠢᠭᠤᠯᠬᠤ ᠳᠤ ᠲᠣᠬᠢᠷᠠᠮᠵᠢᠲᠠᠶ ᠪᠣᠯ | ᠣᠶᠢᠵᠢᠭᠤᠯᠬᠤ᠂ ᠪᠡᠯᠴᠢᠭᠡᠷᠯᠡᠭᠦᠯᠬᠦ ᠳᠤ ᠲᠣᠬᠢᠷᠠᠮᠵᠢᠲᠠᠶ ᠪᠣᠯ ᠪᠡᠯᠴᠢᠭᠡᠷᠯᠡᠭᠦᠯᠬᠦ ᠶᠢ ᠪᠠᠷᠢᠮᠲᠠᠯᠠᠵᠤ᠂ ᠠᠭᠯᠠᠭ ᠠᠭᠤᠯᠠ | ᠠᠳᠠᠷ ᠬᠥᠲᠥᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠦᠳᠦᠯ ᠭᠠᠵᠠᠷ ᠢ ᠵᠠᠰᠠᠬᠤ ᠠᠵᠢᠯ ᠢ ᠦᠷᠭᠦᠯᠵᠢᠯᠡᠨ | ᠲᠦᠯᠬᠢᠨ ᠠᠬᠢᠭᠤᠯᠤᠨ᠎ᠠ᠃ ᠤᠢ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ | ᠠᠭᠤᠯᠠ ᠶᠢ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠬᠤ᠂ ᠬᠠᠰᠢᠶᠠᠯᠠᠨ ᠲᠡᠵᠢᠭᠡᠬᠦ ᠶᠢ ᠴᠢᠩᠭ᠎ᠠ ᠬᠡᠷᠡᠭᠵᠢᠭᠦᠯᠵᠦ᠂ | ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠰᠡᠭᠦᠯᠴᠢ ᠪᠣᠯᠬᠤ ᠳᠤ ᠤᠢ ᠰᠢᠭᠤᠶ ᠶᠢᠨ ᠪᠦᠷᠬᠦᠴᠡ ᠶᠢᠨ ᠨᠤᠷᠮ᠎ᠠ ᠶᠢ 35% ᠠᠴᠠ ᠳᠡᠭᠡᠭᠰᠢ | ᠪᠣᠯᠲᠠᠯ᠎ᠠ ᠳᠡᠭᠡᠭᠰᠢᠯᠡᠭᠦᠯᠬᠦ ᠪᠠᠷ ᠴᠢᠷᠮᠠᠶᠢᠨ᠎ᠠ᠃ | ︵ᠬᠤᠶᠠᠷ︶ ᠲᠠᠪᠠᠯᠳᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠨᠡᠮᠡᠭᠳᠡᠭᠦᠯᠬᠦ ᠲᠠᠯ᠎ᠠ ᠪᠠᠷ | ᠯᠠᠪᠳᠠᠭᠤᠨ ᠪᠠᠲᠤᠲᠠᠶ ᠠᠯᠬᠤᠨ᠎ᠠ᠃ | ᠠᠷᠠᠯᠵᠢᠶᠠᠴᠢᠨ ᠤᠷᠢᠵᠤ ᠪᠠᠯᠠ ᠣᠷᠣᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ︽ᠲᠠᠪᠤᠨ | ᠬᠥᠭᠵᠢᠯᠲᠡ ᠶᠢᠨ ᠪᠠᠶᠢᠷᠢ ᠲᠣᠭᠲᠠᠭᠠᠯᠲᠠ︾ ᠲᠠᠢ ᠤᠶᠠᠯᠳᠤᠭᠤᠯᠤᠨ᠂ ᠤᠯᠤᠰ ᠤᠨ ᠲᠥᠷᠥ ᠶᠢᠨ ᠪᠣᠳᠣᠯᠭ᠎ᠠ ᠶᠢᠨ | ᠬᠠᠨᠳᠤᠰᠢ᠂ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠳᠤ ᠰᠠᠭᠤᠷᠢᠯᠠᠨ᠂ ᠠᠮᠢ ᠠᠬᠤᠶ᠂ ᠡᠨᠧᠷᠭᠢ ᠶᠢᠨ | ᠬᠤᠷᠣᠭᠳᠠᠯ ᠤᠨ ᠬᠢᠵᠠᠭᠠᠷ ᠱᠤᠭᠤᠮ ᠢ ᠪᠠᠲᠤ ᠰᠠᠬᠢᠵᠤ᠂ ᠭᠤᠤᠯᠯᠠᠬᠤ ᠠᠵᠤ ᠦᠢᠯᠡᠰ᠂ ᠳᠠᠪᠠᠭᠤᠯᠢᠭ ᠠᠵᠤ | ᠦᠢᠯᠡᠰ ᠪᠠ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠬᠠᠷᠠᠭᠠᠯᠠᠨ᠂ ᠪᠡᠭᠡᠵᠢᠩ ᠲᠢᠶᠠᠨᠵᠢᠨ ᠾᠤᠪᠸᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠲᠠᠢ | ᠭᠠᠵᠠᠷ ᠣᠷᠣᠨ ᠢ ᠴᠢᠩᠭ᠎ᠠ ᠠᠩᠬᠠᠷᠴᠤ᠂ ᠪᠥᠬᠦ ᠠᠵᠤ ᠦᠢᠯᠡᠰ ᠤᠨ ᠬᠡᠯᠬᠢᠶᠡᠨ ᠤ ᠰᠡᠳᠬᠢᠬᠦᠶ ᠶᠢ ᠳᠣᠪᠤᠶᠢᠯᠭᠠᠨ᠂ | ᠬᠤᠳᠠᠯᠳᠤᠭᠠᠴᠢᠨ ᠤᠷᠢᠬᠤ ᠭᠠᠵᠠᠷ ᠤᠨ ᠵᠢᠷᠤᠭ ᠪᠠ ᠠᠵᠤ ᠦᠢᠯᠡᠰ ᠤᠨ ᠵᠢᠷᠤᠭ ᠢ ᠲᠡᠭᠦᠯᠳᠡᠷᠵᠢᠭᠦᠯᠦᠨ᠎ᠡ᠃ ᠭᠠᠵᠠᠷ | ᠣᠷᠣᠨ ᠤ ᠡᠬᠢ ᠪᠠᠶᠠᠯᠢᠭ᠂ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠣᠷᠣᠨ ᠪᠠᠶᠢᠷᠢ ᠶᠢᠨ | ᠪᠠᠶᠢᠷᠢᠰᠢᠭᠤᠯᠤᠯᠲᠠ᠂ ᠠᠴᠢᠶᠠᠯᠠᠪᠤᠷᠢ ᠶᠢᠨ ᠲᠠᠪᠴᠠᠩ ᠤᠨ ᠲᠣᠭᠤᠷᠢᠨ ᠳᠤ᠂ ᠹᠷᠣᠨᠲ ᠬᠤᠪᠢᠶᠠᠨ ᠪᠣᠭᠤᠮᠲᠠ | ᠰᠢᠪᠲᠤᠯᠤᠨ ᠬᠤᠳᠠᠯᠳᠤᠭᠠᠴᠢᠨ ᠤᠷᠢᠬᠤ᠂ ᠰᠠᠯᠪᠤᠷᠢ ᠪᠠᠭ᠎ᠠ ᠠᠩᠭᠢ ᠶᠢᠨ ᠴᠢᠭ ᠲᠤ ᠰᠠᠭᠤᠵᠤ ᠬᠤᠳᠠᠯᠳᠤᠭᠠᠴᠢᠨ | ᠤᠷᠢᠬᠤ᠂ ᠬᠡᠯᠬᠢᠶᠡᠨ ᠤ ᠳᠠᠷᠤᠭ᠎ᠠ ᠶᠢᠨ ᠲᠤᠰᠬᠠᠶ ᠠᠩᠭᠢ ᠶᠢᠨ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠵᠤ᠂ ᠨᠢᠭᠡ ᠪᠦᠯᠦᠭ ᠬᠥᠲᠥᠯᠦᠨ ᠳᠠᠭᠠᠭᠤᠯᠬᠤ ᠮᠠᠶ᠋ᠢᠭ ᠤᠨ᠂ | ᠲᠤᠯᠭᠠᠭᠤᠷᠢᠯᠠᠬᠤ ᠮᠠᠶ᠋ᠢᠭ ᠤᠨ᠂ ᠨᠥᠬᠦᠪᠥᠷᠢᠯᠡᠬᠦ ᠬᠡᠯᠬᠢᠶᠡᠨ ᠤ ᠮᠠᠶ᠋ᠢᠭ ᠤᠨ ᠲᠥᠷᠥᠯ ᠵᠦᠢᠯ ᠢ ᠣᠷᠣᠭᠤᠯᠤᠨ | ᠠᠪᠴᠢᠷᠠᠵᠤ᠂ ︽ᠲᠣᠮᠣ ᠲᠥᠷᠥᠯ ᠵᠦᠢᠯ ᠢᠶᠠᠷ ᠪᠡᠷᠬᠡ ᠰᠡᠳᠦᠪ ᠢ ᠡᠪᠳᠡᠨ᠂ ᠰᠠᠶᠢᠨ ᠲᠥᠷᠥᠯ ᠵᠦᠢᠯ ᠢ | ᠲᠥᠪᠯᠡᠷᠡᠭᠦᠯᠬᠦ︾ ᠰᠢᠨ᠎ᠡ ᠪᠠᠶᠢᠳᠠᠯ ᠢ ᠡᠭᠦᠳᠦᠨ᠎ᠡ᠃ | ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠨ᠎ᠠ᠃ ︽ | ᠬᠢᠨᠠᠨ ᠵᠥᠪᠰᠢᠶᠡᠷᠡᠬᠦ ᠳᠤ ᠨᠢᠭᠤᠷᠳᠠᠨ ᠵᠤᠯᠭᠠᠬᠤ ᠦᠭᠡᠢ᠂ ᠬᠠᠮᠤᠭ ᠤᠨ ᠠᠷᠪᠢᠨ ᠳᠠᠭᠠᠨ ᠨᠢᠭᠡ ᠯᠡ ᠬᠦᠶᠦᠬᠦ︾ | ᠶᠠᠪᠤᠳᠠᠯ ᠲᠠᠢ ᠨᠢᠭᠲᠠ ᠤᠶᠠᠯᠳᠤᠭᠤᠯᠤᠨ᠂ ᠭᠤᠭᠴᠤᠭ᠎ᠠ ᠶᠢ ᠬᠠᠰᠤᠵᠤ᠂ ᠮᠠᠲ᠋ᠧᠷᠢᠶᠠᠯ ᠢ ᠬᠠᠰᠤᠵᠤ᠂ ᠴᠠᠭ ᠤᠨ | ᠬᠢᠵᠠᠭᠠᠷ ᠢ ᠬᠠᠰᠤᠵᠤ᠂ ᠬᠢᠨᠠᠨ ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ︽ᠨᠢᠭᠡ ᠯᠡ | ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠲᠥᠪᠯᠡᠷᠡᠭᠦᠯᠦᠨ ᠦᠢᠯᠡᠴᠢᠯᠡᠬᠦ︾ ᠶᠢ ᠳᠥᠯᠭᠢᠨ ᠠᠬᠢᠭᠤᠯᠤᠨ᠎ᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ᠂ ᠲᠣᠳᠣᠷᠬᠠᠶ ᠬᠠᠭᠤᠳᠠᠰᠤᠵᠢᠭᠤᠯᠬᠤ | ᠂ ᠮᠡᠳᠡᠭᠡ ᠵᠠᠩᠭᠢᠵᠢᠭᠤᠯᠬᠤ ᠶᠢ ᠳᠥᠯᠭᠢᠨ ᠠᠬᠢᠭᠤᠯᠵᠤ᠂ ︽ᠨᠢᠭᠡ ᠶᠠᠪᠤᠳᠠᠯ ᠢ ᠨᠢᠭᠡ ᠯᠡ ᠭᠦᠢᠴᠡᠳᠬᠡᠬᠦ︾ | ᠬᠠᠷᠢᠴᠠᠯ ᠢ ᠳᠡᠭᠡᠭᠰᠢᠯᠡᠭᠦᠯᠦᠨ᠂ ︽ᠨᠢᠭᠡ ᠰᠦᠯᠵᠢᠶ᠎ᠡ ᠳᠤ ᠨᠢᠭᠡ ᠯᠡ ᠭᠦᠢᠴᠡᠳᠬᠡᠬᠦ︾ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠨᠠᠩ ᠣᠯᠠᠨ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠠᠭᠠᠨ | ᠭᠦᠢᠴᠡᠳᠬᠡᠬᠦ ᠶᠢ ᠪᠡᠶᠡᠯᠡᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠦᠨᠡᠨᠴᠢ ᠢᠲᠡᠭᠡᠮᠵᠢᠲᠡᠶ | ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠢᠭᠡᠯᠡᠨ ᠬᠡᠷᠡᠭᠯᠡᠬᠦ ᠬᠢᠷᠢ ᠬᠡᠮ ᠳᠤ | ᠲᠦᠰᠢᠭᠯᠡᠨ ᠳᠠᠭᠠᠭᠠᠴᠢᠯᠠᠯᠲᠠ ᠬᠦᠯᠢᠶᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ | ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ | ᠳᠥᠯᠭᠢᠨ ᠠᠬᠢᠭᠤᠯᠵᠤ᠂ ᠨᠢᠭᠡ ᠯᠡ ᠤᠳᠠᠭ᠎ᠠ ᠳᠤ ᠮᠡᠳᠡᠭᠳᠡᠬᠦ᠂ ᠤᠷᠢᠳᠠᠪᠠᠷ ᠠᠰᠠᠭᠤᠬᠤ ᠳᠤ ᠬᠠᠷᠢᠭᠤᠴᠠᠬᠤ ᠵᠡᠷᠭᠡ | ᠲᠦᠷᠢᠮ ᠢ ᠨᠠᠶᠢᠳᠠᠪᠤᠷᠢᠵᠢᠭᠤᠯᠤᠨ᠂ ᠪᠣᠯᠪᠠᠰᠤᠨ ᠦᠭᠡ ᠬᠡᠯᠡ᠂ ᠶᠣᠰᠣᠷᠬᠠᠭ ᠢᠶᠠᠷ ᠬᠥᠮᠦᠨ ᠳᠤ ᠬᠠᠨᠳᠤᠬᠤ ᠶᠢ | ᠴᠢᠩᠭᠠᠳᠬᠠᠵᠤ᠂ ᠤᠷᠢᠳᠴᠢᠯᠠᠨ ᠪᠣᠯᠵᠣᠬᠤ ᠦᠢᠯᠡᠴᠢᠯᠡᠭᠡ᠂ ᠴᠠᠭ ᠢ ᠤᠷᠲᠤᠳᠬᠠᠬᠤ ᠦᠢᠯᠡᠴᠢᠯᠡᠭᠡ ᠶᠢ | ᠬᠡᠷᠡᠭᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠬᠠᠯᠠᠭᠤᠨ ᠳᠤᠯᠠᠭᠠᠨ ᠪᠣᠯᠭᠠᠨ᠎ᠠ᠃ | ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠬᠥᠭᠵᠢᠭᠡᠨ᠎ᠡ᠃ | ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠪᠠ ᠵᠦᠩ ᠭᠤᠸᠠᠨ ᠼᠦᠨ ᠤ ᠲᠣᠭᠠᠨ ᠤ ᠰᠢᠨ᠎ᠡ ᠶᠢ | ᠡᠭᠦᠳᠬᠦ ᠰᠠᠭᠤᠷᠢᠨ ᠭᠠᠵᠠᠷ ᠤᠨ ᠳᠠᠪᠠᠭᠤᠯᠢᠭ ᠲᠤ ᠲᠦᠰᠢᠭᠯᠡᠨ᠂ ᠳᠣᠲᠣᠭᠠᠳᠤ ᠲᠠᠯᠳᠠ ᠬᠦᠴᠦᠨ ᠢ ᠠᠭᠤᠳᠠᠯᠵᠤ᠂ | ᠬᠠᠩᠭᠠᠯᠭ᠎ᠠ ᠶᠢᠨ ᠬᠡᠯᠬᠢᠶ᠎ᠡ ᠶᠢᠨ ᠡᠯᠧᠮᠧᠨ᠋ᠲ ᠢ ᠲᠣᠬᠢᠷᠠᠭᠤᠯᠤᠨ᠂ ᠪᠦᠬᠦ ᠲᠠᠯ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ | ᠨᠡᠩ ᠤᠯᠠᠨ ᠨᠡᠶᠢᠭᠡᠮ ᠤᠨ ᠪᠡᠶᠡᠴᠢ ᠴᠣᠭᠴᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ | ᠵᠣᠷᠢᠭᠵᠢᠭᠤᠯᠤᠨ᠎ᠠ᠃ ᠲᠣᠭᠠᠴᠢᠯᠠᠭᠰᠠᠨ ᠪᠦᠲᠦᠭᠡᠯᠴᠢ ᠠᠵᠤ ᠦᠢᠯᠡᠰ ᠤᠨ ᠳᠡᠭᠡᠳᠦ ᠰᠤᠷᠭᠠᠭᠤᠯᠢ ᠶᠢᠨ | ᠲᠣᠭᠤᠷᠢᠨ ᠳᠤ᠂ ᠬᠠᠮᠲᠤᠷᠠᠨ ᠰᠤᠷᠭᠠᠭᠤᠯᠢ ᠡᠷᠭᠢᠯᠡᠬᠦ ᠵᠠᠭᠪᠤᠷ ᠢ ᠭᠦᠨᠵᠡᠭᠡᠶᠢᠷᠡᠭᠦᠯᠦᠨ᠂ ᠰᠣᠷᠣᠭᠴᠢ ᠡᠯᠰᠡᠬᠦ | ᠬᠡᠪᠴᠢᠶ᠎ᠡ ᠶᠢ ᠥᠷᠭᠡᠳᠬᠡᠵᠦ᠂ ᠣᠷᠣᠯᠠᠨ ᠠᠵᠢᠯᠯᠠᠬᠤ ᠲᠥᠷᠥᠯ ᠵᠦᠢᠯ ᠢ ᠨᠡᠮᠡᠭᠳᠡᠭᠦᠯᠦᠨ᠂ ᠰᠠᠭᠤᠷᠢ ᠴᠢᠳᠠᠪᠤᠷᠢᠲᠠᠨ ᠢ | ᠬᠥᠮᠦᠵᠢᠭᠦᠯᠵᠦ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ | ᠴᠢᠳᠠᠪᠤᠷᠢᠲᠠᠨ᠂ ᠤᠶᠤᠨ ᠴᠢᠳᠠᠪᠤᠷᠢ᠂ ᠲᠦᠷᠦᠯ ᠵᠦᠢᠯ ᠢ ᠤᠶᠠᠯᠳᠤᠭᠤᠯᠤᠭᠰᠠᠨ ᠣᠷᠣᠭᠤᠯᠤᠨ ᠠᠪᠴᠢᠷᠠᠬᠤ | ᠲᠣᠭᠲᠠᠴᠠ ᠶᠢ ᠪᠠᠶᠢᠭᠤᠯᠵᠤ᠂ ᠦᠰᠦᠨ ᠪᠤᠶᠢᠵᠢᠬᠤ ᠲᠠᠪᠴᠠᠩ ᠢ ᠪᠠᠶᠢᠭᠤᠯᠵᠤ᠂ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠠᠷᠭ᠎ᠠ ᠵᠠᠮ ᠢ ᠥᠷᠭᠡᠳᠬᠡᠵᠦ᠂ ᠴᠢᠳᠠᠪᠤᠷᠢᠲᠠᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠬᠥᠭᠵᠢᠭᠡᠨ ᠥᠷᠭᠡᠳᠬᠡᠵᠦ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠎ᠠ᠃ ᠲᠣᠰ ᠭᠠᠵᠠᠷ | ᠣᠷᠣᠨ ᠤ ᠠᠵᠤ ᠠᠬᠤᠶᠢᠯᠠᠯ ᠪᠠ ᠨᠢᠭᠡᠨᠲᠡ ᠣᠷᠣᠵᠤ ᠰᠠᠭᠤᠭᠰᠠᠨ ᠠᠵᠤ ᠠᠬᠤᠶᠢᠯᠠᠯ ᠢ ᠦᠨᠡᠨ ᠰᠡᠳᠬᠢᠯ ᠠᠴᠠ ᠪᠠᠨ | ᠬᠠᠯᠠᠮᠵᠢᠯᠠᠨ ᠬᠠᠶᠢᠷᠠᠯᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠵᠤ ᠠᠬᠤᠶᠢᠯᠠᠯ ᠢ ᠲᠡᠳᠬᠦᠬᠦ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠤᠬᠠᠭᠤᠯᠤᠨ ᠨᠠᠶᠢᠳᠠᠪᠤᠷᠢᠵᠢᠭᠤᠯᠵᠤ᠂ ᠮᠥᠩᠭᠦᠨ | ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠦᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠡᠭᠦᠳᠦᠨ | ᠪᠦᠲᠦᠭᠡᠬᠦ ᠳᠠᠯᠳᠠ ᠴᠢᠳᠠᠪᠤᠷᠢ ᠶᠢ ᠬᠥᠭᠵᠢᠭᠡᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠠᠬᠢ ᠥᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠡ᠃ | ︵ᠭᠤᠷᠪᠠ︶ ᠲᠠᠷᠢᠶᠠᠯᠠᠩ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠪᠴᠢᠯᠡᠨ | ᠠᠬᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠶ ᠠᠯᠬᠤᠨ᠎ᠠ᠃ | ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︽ᠲᠠᠪᠤᠨ | ᠵᠢᠯ ᠤᠨ ᠰᠢᠯᠵᠢᠯᠲᠡ ᠶᠢᠨ ᠬᠤᠭᠤᠴᠠᠭ᠎ᠠ︾᠂ ︽ᠲᠦᠷᠪᠡ ᠶᠢ ᠠᠪᠴᠤ ᠬᠠᠶᠠᠬᠤ ᠦᠭᠡᠢ︾ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠠᠵᠤ ᠦᠢᠯᠡᠰ ᠤᠨ ᠪᠠᠲᠤᠯᠠᠪᠤᠷᠢ ᠶᠢᠨ ᠰᠠᠭᠤᠷᠢ ᠶᠢ | ᠪᠠᠬᠢᠵᠢᠭᠦᠯᠵᠦ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠵᠠᠯᠭᠠᠮᠵᠢ ᠠᠵᠤ ᠦᠢᠯᠡᠰ ᠤᠨ | ᠲᠡᠳᠬᠦᠮᠵᠢ ᠶᠢ ᠴᠢᠩᠭᠠᠳᠬᠠᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠨ᠎ᠡ᠃ | ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠦᠷᠭᠦᠯᠵᠢᠯᠡᠨ | ᠬᠡᠷᠡᠭᠯᠡᠬᠦ ᠶᠢ ᠴᠢᠩᠭᠠᠳᠬᠠᠵᠤ᠂ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠦᠨ᠂ ᠪᠠᠶᠢᠪᠠᠰᠤ | ᠵᠣᠬᠢᠬᠤ ᠦᠷ᠎ᠡ ᠠᠰᠢᠭ ᠢ ᠪᠠᠳᠠᠷᠠᠭᠤᠯᠤᠨ᠎ᠠ᠃ ᠠᠵᠤ ᠦᠢᠯᠡᠰ ᠢᠶᠠᠷ ᠬᠠᠪᠰᠤᠷᠤᠨ ᠲᠡᠳᠬᠦᠬᠦ ᠠᠰᠢᠭ ᠲᠤᠰᠠ ᠶᠢ | ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠤ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ | ᠬᠥᠮᠦᠨ ᠠᠮᠠ ᠶᠢᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠶᠢ ᠠᠬᠢᠭᠤᠯᠤᠨ᠎ᠠ᠃ | ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠭᠤᠷᠪᠠᠨ | ᠴᠤᠭᠯᠠᠷᠠᠯ︾ ᠤᠨ ᠬᠥᠭᠵᠢᠯᠲᠡ ᠶᠢ ᠪᠠᠲᠤᠳᠬᠠᠵᠤ᠂ ︽ᠭᠤᠷᠪᠠ ᠶᠢ ᠲᠣᠭᠲᠠᠪᠤᠷᠢᠵᠢᠭᠤᠯᠵᠤ ᠭᠤᠷᠪᠠ ᠶᠢ ᠨᠡᠮᠡᠭᠳᠡᠭᠦᠯᠬᠦ | ︾ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠭᠠᠷᠤᠯᠲᠠ ᠪᠠᠨ | ᠨᠡᠮᠡᠭᠳᠡᠭᠦᠯᠬᠦ ᠶᠢ ᠶᠠᠰᠤ ᠴᠢᠨᠠᠷ ᠢ ᠳᠡᠭᠡᠭᠰᠢᠯᠡᠭᠦᠯᠬᠦ ᠲᠡᠶᠢᠰᠢ ᠬᠤᠪᠢᠷᠠᠭᠤᠯᠬᠤ ᠶᠢ ᠲᠦᠷᠭᠡᠳᠬᠡᠨ᠎ᠡ᠃ ᠪᠡᠯᠡᠳᠭᠡᠮᠵᠢᠳᠤ | ᠲᠠᠷᠢᠶᠠᠯᠠᠩ᠂ ᠠᠯᠠᠰᠢᠨ ᠦᠬᠡᠷ᠂ ᠠᠵᠤ ᠠᠬᠤᠶ ᠶᠢᠨ ᠣᠶ ᠵᠡᠷᠭᠡ ᠭᠤᠤᠯᠯᠠᠬᠤ ᠠᠵᠤ ᠦᠢᠯᠡᠰ ᠢ ᠦᠷᠭᠦᠯᠵᠢᠯᠡᠨ | ᠪᠤᠵᠠᠭᠠᠶᠢᠷᠠᠭᠤᠯᠵᠤ᠂ ᠵᠠᠳᠠᠭᠠᠶ ᠭᠠᠵᠠᠷ ᠤᠨ ᠢᠳᠡᠰᠢᠨ ᠨᠣᠭᠤᠭ᠎ᠠ᠂ ᠡᠯᠳᠡᠪ ᠠᠮᠤ ᠡᠯᠳᠡᠪ ᠪᠤᠷᠴᠠᠭ ᠵᠡᠷᠭᠡ ᠳᠠᠪᠠᠭᠤᠯᠢᠭ | ᠠᠵᠤ ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠵᠦ᠂ ᠣᠶ ᠶᠢᠨ ᠬᠤᠷᠮᠣᠶ ᠶᠢᠨ ᠠᠵᠤ ᠠᠬᠤᠶ᠂ ᠬᠢᠲᠠᠳ ᠡᠮ ᠤᠨ | ᠮᠠᠲ᠋ᠧᠷᠢᠶᠠᠯ ᠵᠡᠷᠭᠡ ᠤᠨᠴᠠᠯᠢᠭᠳᠤ ᠠᠵᠤ ᠦᠢᠯᠡᠰ ᠢ ᠢᠳᠡᠪᠬᠢᠲᠡᠶ ᠬᠥᠭᠵᠢᠭᠦᠯᠦᠨ᠂ ᠤᠯᠤᠰ ᠤᠨ ᠲᠠᠰ ᠤᠨ | ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠡᠭᠦᠳᠦᠨ ᠪᠠᠶᠢᠭᠤᠯᠵᠤ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠭᠠᠷᠭᠠᠬᠤ ᠰᠠᠭᠤᠷᠢᠨ ᠭᠠᠵᠠᠷ ᠤᠨ ᠵᠢᠱᠢᠶ᠎ᠡ ᠦᠵᠡᠭᠦᠯᠬᠦ ᠣᠷᠣᠨ ᠤ | ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠠᠭᠠᠭᠠᠨ ᠠᠪᠤᠨ᠎ᠠ᠃ ᠠᠵᠤ ᠦᠢᠯᠡᠳᠪᠦᠷᠢᠵᠢᠯᠲᠡ ᠶᠢᠨ | ᠣᠶᠢᠯᠠᠭᠠᠭᠳᠠᠬᠤᠨ ᠢᠶᠠᠷ ᠲᠠᠷᠢᠶᠠᠯᠠᠩ ᠢ ᠡᠵᠡᠩᠨᠡᠵᠦ᠂ ᠤᠶᠤᠨᠲᠤ ᠲᠠᠷᠢᠶᠠᠯᠠᠩ᠂ ᠤᠰᠤ ᠠᠷᠪᠢᠯᠠᠬᠤ ᠲᠠᠷᠢᠶᠠᠯᠠᠩ ᠢ | ᠳᠡᠯᠭᠡᠷᠡᠭᠦᠯᠵᠦ᠂ ᠪᠠᠶᠢᠷᠢᠰᠢᠯ ᠢ ᠣᠷᠣᠨ ᠪᠦᠰᠡᠴᠢᠯᠡᠬᠦ᠂ ᠡᠵᠡᠩᠨᠡᠯᠲᠡ ᠶᠢ ᠬᠡᠪᠴᠢᠶᠡᠵᠢᠭᠦᠯᠬᠦ᠂ ᠦᠢᠯᠡᠳᠪᠦᠷᠢᠯᠡᠯ ᠢ | ᠪᠠᠷᠢᠮᠵᠢᠶᠠᠵᠢᠭᠤᠯᠬᠤ ᠶᠢ ᠲᠦᠯᠬᠢᠨ ᠠᠬᠢᠭᠤᠯᠵᠤ᠂ ᠨᠢᠭᠡ ᠪᠦᠯᠦᠭ ᠳᠠᠶᠢᠴᠢᠯᠠᠬᠤ ᠬᠦᠴᠦᠨ ᠪᠦᠬᠦᠢ ᠲᠣᠯᠣᠭᠠᠶᠢᠯᠠᠭᠴᠢ | ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠤᠶᠢᠵᠢᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠨᠠᠷᠢᠯᠢᠭ ᠭᠦᠨ ᠪᠣᠯᠪᠠᠰᠤᠷᠠᠭᠤᠯᠬᠤ ᠶᠢ ᠬᠥᠭᠵᠢᠭᠦᠯᠵᠦ᠂ ᠨᠡᠷᠡᠲᠦ ᠲᠡᠮᠳᠡᠭᠲᠦ ᠶᠢ ᠪᠦᠲᠦᠭᠡᠵᠦ | ᠳᠡᠯᠭᠡᠷᠡᠭᠦᠯᠬᠦ ᠶᠢ ᠴᠢᠩᠭᠠᠳᠬᠠᠵᠤ᠂ ᠭᠤᠷᠪᠠᠨ ᠠᠵᠤ ᠦᠢᠯᠡᠰ ᠬᠤᠯᠪᠣᠭᠠᠯᠠᠨ ᠬᠥᠳᠡᠯᠦᠯᠴᠡᠬᠦ᠂ ᠭᠤᠷᠪᠠᠨ ᠠᠵᠤ | ᠦᠢᠯᠡᠰ ᠬᠠᠮᠲᠤ ᠪᠠᠷ ᠠᠰᠢᠭ ᠬᠦᠷᠲᠡᠬᠦ᠂ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ᠃ | ᠵᠢᠱᠢᠶ᠎ᠡ ᠦᠵᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠨᠠᠮ ᠤᠨ | ᠪᠠᠶᠢᠭᠤᠯᠤᠯᠲᠠ ᠪᠠᠷ ︽ᠭᠤᠷᠪᠠ ᠶᠢ ᠨᠢᠭᠡ ᠴᠤᠭᠴᠠᠵᠢᠭᠤᠯᠬᠤ︾ ᠬᠠᠮᠲᠤᠷᠠᠯᠴᠠᠭᠠᠨ ᠤ ᠵᠠᠭᠪᠤᠷ ᠢ ᠬᠥᠲᠥᠯᠦᠨ | ᠳᠠᠭᠠᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ ᠵᠣᠬᠢᠬᠤ ᠬᠡᠪᠴᠢᠶᠡᠲᠦ ᠡᠵᠡᠩᠨᠡᠯᠲᠡ ᠶᠢ ᠠᠬᠢᠭᠤᠯᠵᠤ᠂ ᠰᠢᠨ᠎ᠡ | ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ ᠪᠤᠶᠢᠵᠢᠭᠤᠯᠵᠤ᠂ ᠲᠠᠷᠢᠶᠠᠴᠢᠨ ᠤ ᠲᠤᠰᠬᠠᠶ ᠠᠵᠢᠯ ᠤᠨ | ᠬᠤᠷᠰᠢᠶ᠎ᠠ ᠶᠢᠨ ᠠᠵᠢᠯᠯᠠᠭᠠᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠦᠯᠡᠳᠡᠭᠡᠯ ᠡᠳ᠋ ᠬᠥᠷᠥᠩᠭᠡ ᠶᠢᠨ ᠡᠬᠢ | ᠪᠠᠶᠠᠯᠢᠭ ᠢ ᠴᠢᠯᠥᠭᠡᠲᠡᠶ ᠪᠣᠯᠭᠠᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ | ᠪᠤᠵᠠᠭᠠᠶᠢᠷᠠᠭᠤᠯᠵᠤ᠂ ᠲᠠᠷᠢᠶᠠᠯᠠᠩ ᠤᠨ ᠡᠬᠢ ᠪᠠᠶᠠᠯᠢᠭ᠂ ᠠᠮᠢ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠢ ᠠᠵᠤ | ᠦᠢᠯᠡᠰ ᠤᠨ ᠳᠠᠪᠠᠭᠤᠯᠢᠭ᠂ ᠬᠥᠭᠵᠢᠯᠲᠡ ᠶᠢᠨ ᠢᠯᠠᠯᠲᠠ ᠶᠢᠨ ᠬᠠᠨᠳᠤᠰᠢ ᠪᠣᠯᠭᠠᠨ ᠬᠤᠪᠢᠷᠠᠭᠤᠯᠬᠤ ᠶᠢ ᠳᠥᠯᠭᠢᠨ | ᠠᠬᠢᠭᠤᠯᠤᠨ᠎ᠠ᠃ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠢᠢᠵᠢᠭᠤᠯᠬᠤ ᠱᠠᠭᠠᠷᠳᠠᠯᠭ᠎ᠠ | ᠶᠣᠰᠣᠭᠠᠷ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠰᠢᠰᠲ᠋ᠧᠮ ᠲᠠᠢ | ᠵᠠᠰᠠᠬᠤ ᠶᠢ ᠪᠠᠷᠢᠮᠲᠠᠯᠠᠵᠤ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠵᠣᠷᠢᠭᠲᠠᠢ ᠪᠠᠷ ᠬᠠᠶᠢᠨ | ᠰᠦᠪᠡᠭᠴᠢᠯᠡᠵᠦ᠂ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠵᠦ᠂ ᠥᠨᠳᠥᠷ ᠪᠠᠷᠢᠮᠵᠢᠶ᠎ᠠ ᠪᠠᠷ ᠶᠢᠨ ᠾᠧ | ᠭᠤᠣᠯ ᠤᠨ ᠳᠡᠭᠡᠳᠦ ᠤᠷᠤᠰᠬᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠬᠢᠷᠲᠤᠯ ᠦᠭᠡᠢ | ᠬᠡᠯᠪᠡᠷᠢ ᠶᠢ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠲᠠᠬᠢᠨ ᠦᠢᠯᠡᠳᠴᠦ ᠪᠣᠯᠬᠤ᠂ | ᠳᠡᠯᠭᠡᠷᠡᠭᠦᠯᠵᠦ ᠪᠣᠯᠬᠤ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠨ ᠵᠠᠰᠠᠬᠤ ᠪᠠ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠬᠥᠭᠵᠢᠭᠦᠯᠬᠦ ᠠᠷᠭ᠎ᠠ ᠵᠠᠮ ᠢ ᠬᠠᠶᠢᠨ ᠰᠦᠪᠡᠭᠴᠢᠯᠡᠨ᠎ᠡ᠃ ᠪᠠᠭᠠᠰᠬᠠᠨ ᠰᠢᠯᠵᠢᠭᠦᠯᠬᠦ᠂ ᠠᠵᠤ | ᠦᠢᠯᠡᠰ ᠢ ᠤᠷᠢᠳ ᠢᠶᠠᠷ ᠬᠥᠭᠵᠢᠭᠦᠯᠬᠦ᠂ ᠲᠥᠪᠯᠡᠷᠡᠭᠦᠯᠦᠨ ᠬᠥᠭᠵᠢᠭᠦᠯᠬᠦ ᠶᠢ ᠳᠡᠮᠵᠢᠵᠦ᠂ ᠨᠡᠶᠢᠭᠡᠮ ᠤᠨ | ᠬᠦᠷᠦᠩᠭᠡ ᠶᠢᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ ᠪᠡᠯᠡ ᠣᠷᠣᠭᠤᠯᠬᠤ ᠶᠢ ᠳᠡᠮᠵᠢᠵᠦ᠂ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠭᠠᠭᠤᠯᠭ᠎ᠠ ᠪᠠᠷ ᠰᠠᠶᠢᠨ᠂ ᠠᠵᠤ ᠦᠢᠯᠡᠰ ᠤᠨ ᠬᠥᠭᠵᠢᠯᠲᠡ ᠶᠢ | ᠠᠬᠢᠭᠤᠯᠤᠭᠰᠠᠨ ᠢᠶᠠᠷ ᠰᠠᠶᠢᠨ᠂ ᠬᠥᠳᠡᠭᠡ ᠶᠢᠨ ᠰᠤᠷᠲᠠᠯ ᠪᠣᠯᠪᠠᠰᠤᠨ ᠤ ᠪᠠᠶᠢᠭᠤᠯᠤᠯᠲᠠ ᠪᠠᠷ ᠰᠠᠶᠢᠨ᠂ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠢᠶᠠᠷ ᠰᠠᠶᠢᠨ ᠨᠢᠭᠡ ᠪᠦᠯᠦᠭ ᠵᠢᠱᠢᠶ᠎ᠡ ᠦᠵᠡᠭᠦᠯᠬᠦ | ᠠᠶᠢᠯ ᠲᠣᠰᠬᠤᠨ ᠢ ᠪᠦᠳᠦᠭᠡᠨ ᠪᠠᠶᠢᠭᠤᠯᠵᠤ᠂ ᠴᠡᠭ ᠢᠶᠠᠷ ᠨᠡᠶᠢᠳᠡᠮ ᠢ ᠲᠠᠶᠢᠴᠢᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ | ︵ᠳᠥᠷᠪᠡ︶ ᠬᠦᠴᠦᠨ ᠢᠶᠠᠨ ᠲᠥᠪᠯᠡᠷᠡᠭᠦᠯᠦᠨ ᠠᠵᠤ ᠦᠢᠯᠡᠳᠪᠦᠷᠢ ᠶᠢᠨ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠬᠦ ᠲᠠᠯ᠎ᠠ ᠪᠠᠷ ᠯᠠᠪᠳᠠᠭᠤᠨ ᠪᠠᠲᠤᠲᠠᠶ ᠠᠯᠬᠤᠨ᠎ᠠ᠃ | ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠪᠠᠷᠢᠮᠲᠠᠯᠠᠨ᠎ᠠ᠃ ᠤᠯᠠᠮᠵᠢᠯᠠᠯᠲᠤ ᠠᠵᠤ ᠦᠢᠯᠡᠰ ᠤᠨ ︽ | ᠬᠠᠳᠠᠭᠠᠯᠠᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠬᠦ︾᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ︽ | ᠨᠡᠮᠡᠭᠳᠡᠯ ᠤᠨ ᠬᠡᠮᠵᠢᠶ᠎ᠡ ᠪᠠᠷ ᠪᠤᠶᠢᠵᠢᠭᠤᠯᠬᠤ︾ ᠶᠢ ᠪᠠᠷᠢᠮᠲᠠᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠰᠡᠭᠦᠯᠴᠢ ᠪᠣᠯᠬᠤ ᠳᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢ 10 ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠦᠨ᠂ ᠦᠢᠯᠡᠳᠬᠦᠨ ᠤ ᠥᠷᠲᠡᠭ ᠢ 100 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ᠳ᠋ᠠ ᠲᠠᠩ᠂ | ᠳᠤᠮᠳᠠᠳᠤ ᠤᠯᠤᠰ ᠤᠨ ᠴᠥᠮ᠎ᠡ ᠶᠢᠨ ᠠᠵᠤ ᠠᠬᠤᠶᠢᠯᠠᠯ ᠵᠡᠷᠭᠡ ᠡᠨᠧᠷᠭᠢ ᠶᠢᠨ ᠰᠤᠷᠪᠤᠯᠵᠢ ᠶᠢᠨ ᠠᠵᠤ | ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠠᠯᠬᠢᠨ ᠤ ᠬᠦᠴᠦ᠂ ᠭᠡᠷᠡᠯ ᠴᠡᠨᠡᠭ᠂ ᠡᠨᠧᠷᠭᠢ | ᠬᠠᠳᠠᠭᠠᠯᠠᠬᠤ ᠵᠡᠷᠭᠡ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠬᠥᠭᠵᠢᠭᠦᠯᠦᠨ᠎ᠡ᠃ ᠴᠠᠢ ᠬᠤ᠋ ᠯᠠᠨ | ᠽᠢ ᠰᠢᠵᠢᠷ ᠠᠯᠲᠠ᠂ ᠳᠤᠮᠳᠠᠳᠤ ᠤᠯᠤᠰ ᠤᠨ ᠪᠤᠯᠤᠳ ᠲᠡᠮᠤᠷ ᠤᠨ ᠺᠣᠮᠫᠠᠨᠢ ᠶᠢᠨ ᠶᠢᠨ ᠰᠢᠨ ᠵᠡᠷᠭᠡ ᠠᠭᠤᠷᠬᠠᠶ ᠶᠢᠨ | ᠦᠢᠯᠡᠰ ᠤᠨ ᠠᠵᠤ ᠠᠬᠤᠶᠢᠯᠠᠯ ᠢ ᠪᠤᠵᠠᠭᠠᠶᠢᠷᠠᠭᠤᠯᠵᠤ᠂ ᠨᠠᠷᠢᠯᠢᠭ ᠭᠦᠨᠵᠡᠭᠡᠶ ᠡᠳ᠋ᠰᠢᠭᠦᠯᠬᠦ ᠶᠢ ᠴᠢᠩᠭᠠᠳᠬᠠᠵᠤ᠂ | ᠥᠩᠭᠡᠲᠦ ᠲᠡᠮᠦᠷᠯᠢᠭ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ᠠᠮᠤ ᠪᠤᠳᠠᠭ᠎ᠠ᠂ ᠭᠠᠭ᠋ᠠᠶ᠂ ᠠᠯᠠᠰᠢᠨ | ᠦᠬᠡᠷ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠡᠬᠢ ᠪᠠᠶᠠᠯᠢᠭ ᠤᠨ ᠲᠣᠭᠤᠷᠢᠨ ᠳᠤ᠂ ᠦᠢᠯᠡᠳᠪᠦᠷᠢᠯᠡᠵᠦ | ᠡᠳ᠋ᠰᠢᠭᠦᠯᠬᠦ ᠠᠵᠤ ᠠᠬᠤᠶᠢᠯᠠᠯ ᠢ ᠬᠦᠴᠦ ᠲᠠᠯᠪᠢᠨ ᠣᠷᠣᠭᠤᠯᠤᠨ ᠠᠪᠴᠢᠷᠠᠵᠤ᠂ ᠶᠡᠷᠦᠩᠬᠡᠶ ᠬᠡᠮᠵᠢᠶᠡᠨ ᠤ | ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠬᠤᠸᠠ | ᠸᠧᠶ ᠡᠮᠨᠡᠯᠭᠡ ᠳᠤ ᠬᠡᠷᠡᠭᠯᠡᠬᠦ᠂ ᠾᠧᠩ ᠢᠦᠶ ᠬᠡᠯᠪᠡᠷᠢ ᠶᠢᠨ ᠪᠣᠯᠣᠳ ᠵᠡᠷᠭᠡ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠵᠦ᠂ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠠᠵᠤ ᠦᠢᠯᠡᠰ ᠢ ᠪᠤᠶᠢᠵᠢᠭᠤᠯᠤᠨ ᠠᠵᠤ ᠦᠢᠯᠡᠳᠪᠦᠷᠢ ᠠᠵᠤ | ᠠᠬᠤᠶ ᠶᠢᠨ ᠰᠢᠨ᠎ᠡ ᠨᠡᠮᠡᠭᠳᠡᠯ ᠤᠨ ᠲᠦᠢᠯ ᠪᠣᠯᠭᠠᠨ᠎ᠠ᠃ ᠹᠦᠵᠢᠶᠠᠨ ᠤ ᠵᠥᠩ ᠨᠧᠩ᠂ ᠱᠧᠨᠵᠧᠨ ᠤ ᠨᠢᠦ ᠸᠧᠶ ᠵᠡᠷᠭᠡ | ᠠᠵᠤ ᠠᠬᠤᠶᠢᠯᠠᠯ ᠤᠨ ᠣᠶᠤᠨᠴᠢ ᠦᠢᠯᠡᠳᠬᠦ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠶᠢ | ᠵᠣᠷᠢᠭᠵᠢᠭᠤᠯᠵᠤ᠂ ᠤᠯᠤᠰ ᠤᠨ ᠴᠠᠬᠢᠯᠭᠠᠨ ᠬᠦᠴᠦᠨ ᠤ ᠬᠠᠮᠲᠤᠷᠠᠭᠰᠠᠨ ᠬᠥᠳᠡᠯᠭᠡᠬᠦ ᠬᠦᠴᠦᠨ᠂ ᠲᠢᠶᠠᠨ ᠷᠦᠨ ᠰᠢᠨ | ᠨᠧᠩ ᠵᠡᠷᠭᠡ ᠠᠵᠤ ᠠᠬᠤᠶᠢᠯᠠᠯ ᠤᠨ ᠬᠤᠲᠠ ᠠᠴᠠ ᠤᠬᠤᠷᠢᠨ ᠬᠦᠷᠢᠶᠡᠯᠡᠩ ᠳᠤ ᠣᠷᠣᠬᠤ ᠶᠢ ᠠᠬᠢᠭᠤᠯᠵᠤ᠂ ᠲᠣᠨᠤᠭ | ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠨ᠎ᠡ᠃ ᠲᠣᠭᠠᠴᠢᠯᠠᠭᠰᠠᠨ ᠠᠵᠤ ᠠᠬᠤᠶ ᠶᠢ | ︽ᠵᠠᠪᠳᠤᠨ︾ ᠬᠥᠭᠵᠢᠭᠦᠯᠵᠦ᠂ ︽ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ︾ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠮᠡᠳᠡᠭᠡ ᠵᠠᠩᠭᠢ ᠴᠤᠭᠯᠠᠭᠤᠯᠬᠤ᠂ ᠮᠡᠳᠡᠭᠡ ᠵᠠᠩᠭᠢ ᠶᠢᠨ ᠵᠡᠭᠦᠯᠲᠡ | ᠬᠠᠳᠠᠬᠤ᠂ ᠲᠤᠭ᠎ᠠ ᠪᠠᠷᠢᠮᠲᠠ ᠶᠢᠨ ᠵᠠᠭᠪᠤᠷ ᠪᠠᠶᠢᠭᠤᠯᠬᠤ ᠵᠡᠷᠭᠡ ᠰᠠᠭᠤᠷᠢ ᠠᠵᠤ ᠦᠢᠯᠡᠰ ᠠᠴᠠ ᠡᠬᠢᠯᠡᠨ᠂ ᠲᠤᠭ᠎ᠠ | ᠪᠠᠷᠢᠮᠲᠠ ᠶᠢ ᠨᠡᠭᠡᠭᠡᠨ ᠬᠥᠭᠵᠢᠭᠦᠯᠬᠦ᠂ ᠵᠥᠭᠡᠯᠡᠨ ᠲᠣᠨᠤᠭ ᠢ ᠰᠤᠳᠤᠯᠤᠨ ᠨᠡᠭᠡᠭᠡᠬᠦ᠂ ᠵᠣᠬᠢᠶᠠᠮᠠᠯ ᠣᠶᠤᠨ ᠴᠢᠳᠠᠪᠤᠷᠢ | ᠵᠡᠷᠭᠡ ᠳᠡᠭᠡᠳᠦ ᠲᠠᠰ ᠤᠨ ᠲᠣᠭᠠᠴᠢᠯᠠᠭᠰᠠᠨ ᠠᠵᠤ ᠦᠢᠯᠡᠰ ᠳᠠᠰᠢ ᠠᠯᠬᠤᠮ ᠠᠯᠬᠤᠮ ᠢᠶᠠᠷ ᠤᠷᠤᠭᠰᠢᠯᠠᠨ᠎ᠠ᠃ | ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽1153︾ | ᠢᠨᠵᠧᠨᠧᠷᠢᠩ ᠢ ᠭᠦᠨᠵᠡᠭᠡᠶ ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠰᠠᠭᠤᠷᠢ ᠢᠵᠢ ᠪᠦᠷᠢᠳᠦᠭᠦᠯᠬᠦ᠂ | ᠭᠠᠵᠠᠷ ᠰᠢᠷᠣᠶ ᠶᠢ ᠬᠥᠳᠡᠯᠦᠩᠭᠦᠶ ᠪᠠᠷ ᠨᠥᠭᠡᠴᠡᠯᠡᠬᠦ ᠶᠢ ᠲᠡᠭᠦᠯᠳᠡᠷᠵᠢᠭᠦᠯᠵᠦ᠂ ᠵᠠᠬᠢᠶᠠᠯᠠᠭ᠎ᠠ ᠶᠢᠨ ᠮᠠᠶ᠋ᠢᠭ ᠤᠨ | ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠵᠠᠭᠪᠤᠷ ᠢ ᠬᠡᠷᠡᠭᠵᠢᠭᠦᠯᠵᠦ᠂ | ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠢ 80 ᠲᠦᠮᠡᠨ ᠲᠡᠭᠰᠢ ᠳᠥᠷᠪᠡᠯᠵᠢᠨ ᠮᠧᠲᠷ ᠪᠦᠳᠦᠭᠡᠨ | ᠪᠠᠶᠢᠭᠤᠯᠬᠤ ᠪᠠ ᠠᠮᠢᠳᠤᠯᠢᠭ ᠪᠣᠯᠭᠠᠨ᠎ᠠ᠃ ᠬᠦᠷᠢᠶᠡᠯᠡᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ | ᠠᠵᠢᠯ ᠤᠨ ᠠᠮᠵᠢᠯᠲᠠ ᠪᠦᠲᠦᠮᠵᠢ ᠶᠢᠨ ᠬᠥᠯᠥᠰᠥ ᠣᠯᠭᠤᠮᠵᠢ᠂ ᠮᠥ ᠪᠦᠷᠢ ᠶᠢᠨ ᠳᠤᠮᠳᠠᠴᠢ ᠦᠷ᠎ᠡ ᠠᠰᠢᠭ᠂ ᠠᠵᠤ | ᠠᠬᠤᠶᠢᠯᠠᠯ ᠤᠨ ᠤᠬᠤᠷᠢᠨ ᠭᠠᠷᠬᠤ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ | ᠥᠭᠡᠷᠡᠴᠢᠯᠡᠯᠲᠡ ᠶᠢ ᠰᠢᠰᠲ᠋ᠧᠮ ᠲᠠᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠬᠦᠴᠦᠨ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ ︽ᠰᠤᠳᠤᠯᠤᠨ ᠨᠡᠭᠡᠭᠡᠵᠦ | ᠨᠡᠪᠴᠢᠭᠦᠯᠬᠦ ᠶᠢ ᠪᠡᠭᠡᠵᠢᠩ ᠳᠤ᠂ ᠤᠯᠠᠷᠢᠭᠤᠯᠤᠨ ᠬᠤᠪᠢᠷᠠᠭᠤᠯᠵᠤ ᠨᠠᠶᠢᠳᠠᠪᠤᠷᠢᠵᠢᠭᠤᠯᠬᠤ ᠶᠢ ᠰᠦᠩᠱᠠᠨ ᠳᠤ ︾ ᠬᠡᠭᠦ | ᠰᠡᠳᠬᠢᠴᠡ ᠶᠣᠰᠣᠭᠠᠷ᠂ ᠨᠡᠶᠢᠰᠯᠡᠯ ᠤᠨ ᠳᠡᠭᠡᠳᠦ ᠲᠠᠰ ᠤᠨ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠠᠭᠤᠯᠢᠭ ᠢ ᠠᠰᠢᠭᠯᠠᠨ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ᠂ ᠠᠵᠤ ᠦᠢᠯᠡᠰ ᠤᠨ | ᠬᠥᠭᠵᠢᠯᠲᠡ ᠶᠢ ᠪᠤᠶᠢᠵᠢᠭᠤᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠰᠡᠭᠦᠯᠴᠢ ᠪᠣᠯᠬᠤ ᠳᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ 400 ᠠᠴᠠ ᠳᠡᠭᠡᠭᠰᠢ | ᠠᠵᠤ ᠠᠬᠤᠶᠢᠯᠠᠯ ᠣᠷᠣᠵᠤ ᠰᠠᠭᠤᠬᠤ ᠪᠠᠷ ᠴᠢᠷᠮᠠᠶᠢᠵᠤ᠂ ᠵᠢᠯ ᠤᠨ ᠦᠢᠯᠡᠳᠬᠦᠨ ᠤ ᠥᠷᠲᠡᠭ ᠢ 200 ᠳ᠋ᠦᠩᠰᠢᠭᠤᠷ | ᠲᠥᠭᠦᠷᠢᠭ ᠠᠴᠠ ᠳᠠᠪᠠᠭᠤᠯᠤᠨ᠎ᠠ᠃ | ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ | ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠷᠢᠰᠢᠭᠤᠯᠤᠨ | ᠪᠠᠶᠢᠭᠤᠯᠵᠤ᠂ ᠰᠢᠨ᠎ᠡ ᠶᠢ ᠡᠭᠦᠳᠬᠦ ᠲᠠᠪᠴᠠᠩ ᠢ 18 ᠠᠴᠠ ᠳᠡᠭᠡᠭᠰᠢ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ 20 ᠠᠴᠠ ᠳᠡᠭᠡᠭᠰᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢ 25 ᠠᠴᠠ ᠳᠡᠭᠡᠭᠰᠢ ᠰᠢᠨ᠎ᠡ ᠪᠠᠷ ᠪᠤᠶᠢᠵᠢᠭᠤᠯᠤᠨ᠎ᠠ᠃ ᠤᠶᠤᠨᠴᠢᠯᠠᠬᠰᠠᠨ ᠥᠭᠡᠷᠡᠴᠢᠯᠡᠯᠲᠡ᠂ ᠰᠢᠨ᠎ᠡ | ᠡᠨᠧᠷᠭᠢ ᠶᠢᠨ ᠬᠡᠷᠡᠭᠯᠡᠭᠡ᠂ ᠮᠡᠷᠭᠡᠵᠢᠯᠵᠢᠭᠦᠯᠦᠨ ᠲᠡᠰ ᠳᠡᠪᠰᠢᠭᠦᠯᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠠᠵᠤ | ᠦᠢᠯᠡᠳᠪᠦᠷᠢ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠶᠢ ᠪᠦᠷᠬᠦᠬᠦᠯᠬᠦ ᠶᠢ | ᠪᠡᠶᠡᠯᠡᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠠᠵᠤ ᠦᠢᠯᠡᠳᠪᠦᠷᠢ ᠶᠢᠨ ᠰᠢᠰᠲ᠋ᠧᠮ ᠢ ᠪᠠᠶᠢᠭᠤᠯᠵᠤ᠂ | ᠶᠠᠰᠤ ᠴᠢᠨᠠᠷ ᠪᠣᠯᠤᠨ ᠦᠷ᠎ᠡ ᠠᠰᠢᠭ ᠤᠨ ᠬᠤᠣᠰ ᠳᠡᠭᠡᠭᠰᠢᠯᠡᠯᠲᠡ ᠶᠢ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢᠨ ᠬᠤᠷᠳᠤᠴᠠ ᠶᠢ ᠲᠦᠷᠭᠡᠳᠬᠡᠬᠦ ᠪᠠᠷ ᠬᠦᠴᠦᠯᠡᠨ ᠴᠢᠷᠮᠠᠶᠢᠨ᠎ᠠ᠃ | ︵ᠲᠠᠪᠤ︶ ᠣᠲᠣ ᠦᠶ᠎ᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠬᠦ ᠲᠠᠯ᠎ᠠ ᠪᠠᠷ | ᠯᠠᠪᠳᠠᠭᠤᠨ ᠪᠠᠲᠤᠲᠠᠶ ᠠᠯᠬᠤᠨ᠎ᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ ᠰᠠᠭᠤᠭᠠᠯᠢ | ᠠᠷᠠᠳ ᠤᠨ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠬᠠᠨᠳᠤᠰᠢ ᠳᠤ ᠵᠣᠬᠢᠴᠠᠭᠤᠯᠤᠨ᠂ | ᠶᠦᠩ ᠶᠧ᠂ ᠵᠥᠩ ᠯᠢᠶᠠᠨ᠂ ᠰᠢᠨ ᠲᠢᠶᠠᠨ ᠳ᠋ᠢ ᠵᠡᠷᠭᠡ ᠣᠲᠣ ᠶᠢᠨ ᠪᠠᠶᠢᠭ᠎ᠠ ᠬᠤᠳᠠᠯᠳᠤᠭᠠᠨ ᠤ ᠲᠣᠭᠤᠷᠢᠭ ᠢ | ᠵᠦᠷᠢᠶᠡᠴᠢᠯᠡᠨ᠂ ᠣᠨᠴᠠᠯᠢᠬᠵᠢᠭᠤᠯᠤᠨ ᠬᠥᠭᠵᠢᠭᠦᠯᠵᠦ᠂ ᠰᠦᠩᠱᠠᠨ ᠸᠠᠨ ᠳ᠋ᠠ ᠰᠢᠨ᠎ᠡ ᠬᠤᠳᠠᠯᠳᠤᠭᠠᠨ ᠤ | ᠲᠣᠭᠤᠷᠢᠭ ᠢ ᠬᠦᠴᠦᠷᠬᠡᠭᠵᠢᠭᠦᠯᠦᠨ᠎ᠡ᠃ ᠰᠦᠩᠪᠸᠢ ᠶᠢᠨ ᠰᠢᠨ᠎ᠡ ᠬᠤᠲᠠ ᠶᠢᠨ ᠭᠠᠵᠠᠷ ᠰᠢᠷᠣᠶ ᠶᠢᠨ ᠳᠠᠪᠠᠭᠤᠯᠢᠭ᠂ | ᠬᠥᠮᠦᠨ ᠠᠮᠠ ᠶᠢᠨ ᠳᠠᠪᠠᠭᠤᠯᠢᠭ ᠪᠠ ᠬᠥᠭᠵᠢᠯᠲᠡ ᠶᠢᠨ ᠣᠷᠣᠨ ᠵᠠᠶ ᠳᠤ ᠲᠦᠰᠢᠭᠯᠡᠨ᠂ ᠨᠢᠭᠡ ᠪᠦᠯᠦᠭ ᠢᠯᠡ ᠲᠣᠳᠣ | ᠣᠨᠴᠠᠯᠢᠭ ᠲᠠᠢ ᠭᠤᠤᠯ ᠰᠡᠳᠦᠪᠲᠦ ᠢᠳᠡᠭᠡᠨ ᠤᠮᠳᠠᠭᠠᠨ᠂ ᠬᠤᠳᠠᠯᠳᠤᠭᠠᠨ ᠤ ᠶᠠᠪᠤᠳᠠᠯ ᠤᠨ ᠪᠠᠭᠤᠳᠠᠯ᠂ ᠰᠣᠶᠣᠯ | ᠵᠢᠭᠤᠯᠴᠢᠯᠠᠯ ᠵᠤᠭ᠎ᠠ ᠴᠡᠩᠭᠡᠯ ᠵᠡᠷᠭᠡ ᠲᠥᠷᠥᠯ ᠵᠦᠢᠯ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠬᠡᠷᠡᠭᠯᠡᠭᠡᠨ ᠤ | ᠴᠢᠳᠠᠪᠤᠷᠢ ᠶᠢᠨ ᠲᠠᠰ ᠢ ᠳᠡᠭᠡᠭᠰᠢᠯᠡᠭᠦᠯᠦᠨ᠎ᠡ᠃ ᠶᠡᠷᠦᠩᠬᠡᠶ ᠬᠡᠯᠲᠡᠰ ᠤᠨ ᠠᠵᠤ ᠠᠬᠤᠶ᠂ ᠠᠰᠠᠷ ᠲᠠᠭᠲᠤ ᠶᠢᠨ ᠠᠵᠤ | ᠠᠬᠤᠶ᠂ ᠬᠤᠷᠠᠯ ᠦᠵᠡᠰᠬᠦᠯᠡᠩ ᠤᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠡᠯᠧᠺᠲᠷᠣᠨ ᠬᠤᠳᠠᠯᠳᠤᠭᠠᠨ ᠤ | ᠠᠵᠤ ᠠᠬᠤᠶ᠂ ᠰᠥᠨᠢ ᠶᠢᠨ ᠠᠵᠤ ᠠᠬᠤᠶ᠂ ᠠᠮᠠᠷᠠᠯᠲᠠ ᠶᠢᠨ ᠡᠳᠦᠷ ᠤᠨ ᠠᠵᠤ ᠠᠬᠤᠶ ᠶᠢ ᠪᠤᠶᠢᠵᠢᠭᠤᠯᠵᠤ᠂ | ᠮᠡᠷᠭᠡᠵᠢᠯ ᠤᠨ ᠦᠢᠯᠡᠴᠢᠯᠡᠭᠡ᠂ ᠪᠣᠯᠪᠠᠰᠤᠷᠠᠭᠤᠯᠤᠯ ᠤᠨ ᠵᠥᠪᠯᠡᠯᠭᠡ ᠥᠭᠬᠦ ᠵᠡᠷᠭᠡ ᠦᠢᠯᠡᠳᠪᠦᠷᠢᠯᠡᠯ ᠤᠨ ᠲᠦᠷᠦᠯ ᠤᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠡᠷᠡᠭᠦᠯ ᠮᠡᠨᠳᠤ ᠨᠠᠰᠤᠵᠢᠯ ᠤᠨ ᠠᠰᠠᠷᠠᠮᠵᠢ᠂ | ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ᠂ ᠵᠢᠮᠢᠰ ᠨᠣᠭᠤᠭ᠎ᠠ ᠶᠢ ᠰᠢᠭᠤᠳ ᠬᠠᠩᠭᠠᠬᠤ ᠵᠡᠷᠭᠡ ᠠᠮᠢᠳᠤᠷᠠᠯ ᠤᠨ | ᠲᠦᠷᠦᠯ ᠤᠨ ᠦᠢᠯᠡᠴᠢᠯᠡᠭᠡᠨ ᠤ ᠦᠢᠯᠡᠰ ᠤᠨ ᠳᠤᠲᠠᠭᠤᠳᠠᠯ ᠢ ᠨᠥᠬᠦᠪᠥᠷᠢᠯᠡᠵᠦ᠂ ᠣᠳᠣᠬᠢᠴᠢᠯᠠᠭᠰᠠᠨ ᠲᠥᠪ | ᠬᠤᠳᠠ ᠶᠢᠨ ᠲᠣᠭᠤᠷᠢᠭ ᠲᠠᠢ ᠵᠣᠬᠢᠴᠠᠯᠳᠤᠭᠰᠠᠨ᠂ ᠠᠷᠠᠳ ᠤᠨ ᠠᠮᠢᠳᠤᠷᠠᠯ ᠤᠨ ᠲᠦᠪᠰᠢᠨ ᠲᠠᠢ ᠵᠣᠬᠢᠴᠠᠯᠳᠤᠭᠰᠠᠨ | ᠤᠳᠤ ᠦᠶ᠎ᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ | ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ | ᠳᠠᠭᠠᠭᠠᠴᠠ ᠶᠢᠨ ᠬᠤᠲᠠ ᠶᠢ ᠪᠥᠲᠥᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠠᠷᠠᠯᠵᠢᠶ᠎ᠠ ᠬᠤᠳᠠᠯᠳᠤᠭᠠᠨ ᠤ | ᠪᠠᠷᠠᠭᠠᠨ ᠤ ᠭᠦᠢᠯᠭᠡᠭᠡᠨ ᠤ ᠬᠤᠲᠠ ᠶᠢᠨ ᠭᠤᠤᠯ ᠴᠣᠭᠴᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠤᠨ᠂ ︽ | ᠠᠷᠠᠯᠵᠢᠶ᠎ᠠ ᠬᠤᠳᠠᠯᠳᠤᠭ᠎ᠠ︾ ︽ᠪᠠᠷᠠᠭᠠᠨ ᠤ ᠭᠦᠢᠯᠭᠡᠭᠡ︾ ᠭᠡᠬᠦ ᠬᠤᠶᠠᠷ ᠵᠠᠩᠭᠢᠯᠠᠭ᠎ᠠ ᠶᠢᠨ ᠭᠤᠭᠴᠤᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠤᠪᠢ ᠶᠢᠨ ᠵᠢᠩ ᠢ ᠳᠡᠭᠡᠭᠰᠢᠯᠡᠭᠦᠯᠦᠨ᠂ | ᠬᠦᠷᠢᠶᠡᠯᠡᠩ ᠳᠠᠬᠢ ᠬᠦᠷᠢᠶᠡᠯᠡᠩ ᠢ ᠬᠥᠭᠵᠢᠭᠦᠯᠵᠦ᠂ ᠠᠵᠤ ᠦᠢᠯᠡᠰ ᠤᠨ ᠪᠦᠰᠡ ᠶᠢ ᠪᠥᠲᠥᠭᠡᠨ ᠪᠠᠶᠢᠭᠤᠯᠵᠤ᠂ ᠵᠠᠬ᠎ᠠ | ᠳᠡᠯᠭᠡᠭᠦᠷ ᠤᠨ ᠰᠦᠷᠦᠭᠵᠢᠯ ᠢ ᠪᠣᠶ ᠪᠣᠯᠭᠠᠵᠤ᠂ ᠠᠵᠤ ᠦᠢᠯᠡᠰ ᠤᠨ ᠬᠥᠳᠡᠯᠭᠡᠬᠦ ᠬᠦᠴᠦᠨ ᠢ ᠴᠢᠩᠭᠠᠷᠠᠭᠤᠯᠵᠤ᠂ | ᠠᠵᠤ ᠦᠢᠯᠡᠳᠪᠦᠷᠢ ᠶᠢᠨ ᠦᠢᠯᠡᠳᠬᠦᠨ ᠢ ᠬᠥᠳᠡᠭᠡ ᠲᠣᠰᠬᠤᠨ ᠳᠤ ᠬᠦᠷᠭᠡᠬᠦ᠂ ᠲᠠᠷᠢᠶᠠᠯᠠᠩ ᠤᠨ ᠪᠦᠲᠦᠭᠡᠭᠳᠡᠬᠦᠨ ᠢ | ᠬᠤᠳᠠ ᠳᠤ ᠣᠷᠣᠭᠤᠯᠬᠤ ᠬᠤᠣᠰ ᠴᠢᠭᠯᠡᠯ ᠤᠨ ᠭᠦᠢᠯᠭᠡᠭᠡᠨ ᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ | ᠲᠣᠭᠤᠷᠢᠭ᠂ ᠰᠢᠶᠠᠩ᠂ ᠲᠤᠰᠬᠤᠨ ᠭᠤᠷᠪᠠᠨ ᠱᠠᠲᠤᠨ ᠤ ᠲᠣᠬᠢᠷᠠᠭᠤᠯᠤᠨ ᠬᠦᠷᠭᠡᠬᠦ ᠰᠢᠰᠲ᠋ᠧᠮ ᠢ ᠪᠠᠶᠢᠭᠤᠯᠤᠨ᠎ᠠ᠃ | ᠲᠡᠮᠦᠷᠯᠢᠭ ᠤᠨ ᠮᠠᠰᠢᠨ ᠴᠠᠬᠢᠯᠭᠠᠨ ᠤ ᠬᠤᠲᠠ᠂ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ᠂ ᠪᠣᠯᠣᠳ | ᠮᠠᠲ᠋ᠧᠷᠢᠶᠠᠯ ᠤᠨ ᠵᠠᠬ᠎ᠠ ᠳᠡᠯᠭᠡᠭᠦᠷ᠂ ᠢᠦᠶ ᠷᠦᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ | ᠠᠷᠠᠯᠵᠢᠶ᠎ᠠ ᠶᠢᠨ ᠲᠥᠪ ᠵᠡᠷᠭᠡ ᠲᠤᠰᠬᠠᠶ ᠵᠠᠬ᠎ᠠ ᠳᠡᠯᠭᠡᠭᠦᠷ ᠤᠨ ᠵᠢᠷᠤᠮᠵᠢᠯ ᠲᠠᠢ ᠬᠥᠭᠵᠢᠬᠦ᠂ ᠲᠠᠰ ᠳᠡᠪᠰᠢᠭᠦᠯᠬᠦ ᠶᠢ | ᠠᠬᠢᠭᠤᠯᠵᠤ᠂ ᠣᠯᠠᠨ ᠲᠦᠮᠡᠨ ᠤ ᠣᠯᠠᠨ ᠶᠠᠩᠵᠤᠯᠠᠭᠰᠠᠨ᠂ ᠥᠪᠡᠷᠮᠢᠴᠡ ᠬᠡᠷᠡᠭᠯᠡᠭᠡ ᠶᠢᠨ ᠲᠠᠰ ᠳᠡᠪᠰᠢᠬᠦ ᠬᠡᠷᠡᠭᠴᠡᠭᠡ | ᠱᠠᠭᠠᠷᠳᠠᠯᠭ᠎ᠠ ᠶᠢᠨ ᠲᠣᠭᠤᠷᠢᠨ ᠳᠤ᠂ ᠰᠢᠨ᠎ᠡ ᠬᠡᠯᠪᠡᠷᠢ ᠶᠢᠨ ᠲᠤᠰᠬᠠᠶ ᠵᠠᠬ᠎ᠠ ᠳᠡᠯᠭᠡᠭᠦᠷ ᠢ ᠣᠷᠣᠭᠤᠯᠤᠨ ᠠᠪᠴᠢᠷᠠᠵᠤ | ᠪᠤᠶᠢᠵᠢᠭᠤᠯᠤᠨ᠂ ᠬᠡᠷᠡᠭᠯᠡᠭᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ | ᠰᠣᠶᠣᠯ ᠵᠢᠭᠤᠯᠴᠢᠯᠠᠯ ᠤᠨ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ᠃ ᠳᠡᠭᠡᠳᠦ ᠬᠤᠷᠳᠤᠴᠠᠲᠤ ᠲᠡᠮᠦᠷ | ᠵᠠᠮ ᠤᠨ ᠵᠠᠯᠭᠠᠯᠳᠤᠭᠰᠠᠨ ᠣᠷᠣᠨ ᠢ ᠨᠡᠭᠡᠭᠡᠨ ᠬᠥᠭᠵᠢᠭᠦᠯᠬᠦ ᠳᠤ ᠢᠳᠡᠪᠬᠢᠲᠡᠶ ᠣᠷᠣᠯᠴᠠᠵᠤ᠂ ᠵᠠᠩᠭᠢᠯᠠᠭ᠎ᠠ ᠶᠢᠨ | ᠳᠠᠪᠠᠭᠤᠯᠢᠭ ᠤᠨ ᠲᠣᠭᠤᠷᠢᠨ ᠳᠤ᠂ ᠵᠤᠭᠠᠴᠠᠭᠰᠠᠳ ᠤᠨ ᠲᠥᠪᠯᠡᠷᠡᠭᠦᠯᠵᠦ ᠲᠠᠷᠬᠠᠭᠠᠬᠤ ᠲᠥᠪ ᠤᠨ ᠲᠥᠷᠥᠯ ᠵᠦᠢᠯ ᠢ | ᠭᠦᠨᠵᠡᠭᠡᠶ ᠰᠦᠪᠡᠭᠴᠢᠯᠡᠨ ᠪᠠᠶᠢᠭᠤᠯᠵᠤ᠂ ︽ᠢᠳᠡᠬᠦ ᠰᠠᠭᠤᠬᠤ ᠶᠠᠪᠤᠬᠤ ᠵᠤᠭᠠᠴᠠᠬᠤ ᠬᠤᠳᠠᠯᠳᠤᠨ ᠠᠪᠬᠤ ᠵᠤᠭ᠎ᠠ | ᠴᠡᠩᠭᠡᠯ︾ ᠤᠨ ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠪᠥᠬᠦ | ᠬᠤᠲᠠ ᠶᠢᠨ ᠵᠢᠭᠤᠯᠴᠢᠯᠠᠯ ᠤᠨ ᠬᠦᠴᠦᠨ ᠵᠦᠢᠯ ᠲᠠᠢ ᠬᠤᠯᠪᠣᠭᠠᠯᠠᠨ ᠬᠥᠳᠡᠯᠦᠯᠴᠡᠵᠦ᠂ ᠪᠠᠶᠢᠷᠢ ᠰᠤᠯᠢᠨ | ᠥᠷᠢᠰᠥᠯᠳᠦᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ︽ᠣᠷᠣᠨ ᠪᠦᠰᠡ ᠶᠢᠨ ᠵᠢᠭᠤᠯᠴᠢᠯᠠᠯ ᠤᠨ | ᠲᠥᠪᠯᠡᠷᠡᠭᠦᠯᠵᠦ ᠲᠠᠷᠬᠠᠭᠠᠬᠤ ᠲᠥᠪ︾ ᠢ ᠪᠠᠶᠢᠭᠤᠯᠤᠨ᠎ᠠ᠃ ᠤᠯᠠᠭᠠᠨᠰᠤᠬᠠᠢ ᠵᠡᠷᠭᠡ ᠭᠤᠤᠯᠳᠠᠯᠭ᠎ᠠ ᠲᠠᠢ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠸᠠᠩ ᠵᠢᠶᠠ ᠮᠠᠨ ᠳ᠋ᠢᠶᠠᠨ ᠵᠡᠷᠭᠡ ᠳᠠᠪᠠᠭᠤᠯᠢᠭ | ᠦᠵᠡᠮᠵᠢ ᠶᠢᠨ ᠣᠷᠣᠨ ᠤ ᠲᠠᠰ ᠳᠡᠪᠰᠢᠭᠦᠯᠬᠦ ᠶᠢ ᠠᠬᠢᠭᠤᠯᠵᠤ᠂ ᠳ᠋ᠠ ᠭᠤᠸᠠᠩ ᠳ᠋ᠢᠩ ᠽᠢ ᠠᠮᠠᠷᠠᠯᠲᠠ ᠶᠢᠨ ᠣᠷᠣᠨ | ᠵᠡᠷᠭᠡ ᠲᠥᠷᠥᠯ ᠵᠦᠢᠯ ᠢ ᠨᠠᠷᠢᠯᠢᠭ ᠪᠣᠶ ᠪᠣᠯᠭᠠᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ | ᠤᠨᠴᠠᠯᠢᠬᠳᠤ ᠵᠢᠵᠢᠭ ᠪᠠᠯᠭᠠᠰᠤ ᠶᠢ ᠬᠥᠭᠵᠢᠭᠦᠯᠵᠦ᠂ ᠠᠷᠠᠳ ᠤᠨ ᠣᠷᠣᠨ ᠰᠠᠭᠤᠴᠠ ᠶᠢᠨ ᠲᠡᠭᠦᠬᠦ᠂ ᠰᠡᠯᠡᠭᠦᠴᠡᠵᠦ | ᠰᠤᠪᠢᠯᠠᠬᠤ᠂ ᠠᠮᠠᠷᠠᠯᠲᠠ ᠠᠪᠴᠤ ᠰᠤᠳᠤᠯᠤᠨ ᠰᠤᠷᠤᠯᠴᠠᠬᠤ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ | ᠬᠥᠭᠵᠢᠭᠦᠯᠵᠦ᠂ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠰᠣᠳᠣᠨ ᠵᠠᠮ ᠱᠤᠭᠤᠮ ᠢ ᠪᠤᠶᠢᠵᠢᠭᠤᠯᠵᠤ᠂ | ︽ᠬᠥᠳᠡᠭᠡ ᠲᠣᠰᠬᠤᠨ ᠤ ᠵᠢᠭᠤᠯᠴᠢᠯᠠᠯ ᠤᠨ ᠬᠠᠷᠠᠯᠲᠠ ᠭᠠᠵᠠᠷ︾ ᠢ ᠬᠦᠴᠦᠷᠬᠡᠭᠵᠢᠭᠦᠯᠦᠨ᠎ᠡ᠃ ᠲᠡᠤᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠤᠯᠠᠮᠵᠢᠯᠠᠯᠲᠤ ᠪᠤᠰᠤ ᠨᠡᠭᠡᠭᠡᠨ ᠬᠥᠭᠵᠢᠭᠦᠯᠦᠯᠲᠡ ᠶᠢ ᠴᠢᠩᠭᠠᠳᠬᠠᠵᠤ᠂ | ᠣᠯᠠᠨ ᠠᠷᠭ᠎ᠠ ᠵᠠᠮ ᠢᠶᠠᠷ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠲᠥᠰᠦᠪᠯᠡᠬᠦ ᠪᠠ ᠤᠬᠠᠭᠤᠯᠵᠤ | ᠡᠵᠡᠩᠨᠡᠨ ᠪᠣᠷᠣᠯᠠᠭᠤᠯᠬᠤ ᠶᠢ ᠥᠷᠨᠢᠭᠦᠯᠵᠦ᠂ ᠵᠢᠭᠤᠯᠴᠢᠯᠠᠯ ᠬᠢᠭᠡᠳ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠭᠦᠨᠵᠡᠭᠡᠶ ᠠᠭᠤᠰᠤᠯᠴᠠᠬᠤ ᠶᠢ ᠠᠬᠢᠭᠤᠯᠤᠨ᠂ ᠤᠨᠴᠠᠯᠢᠬᠳᠤ ᠰᠣᠶᠣᠯ ᠤᠨ ᠵᠢᠭᠤᠯᠴᠢᠯᠠᠯ ᠪᠠ ᠠᠮᠢ | ᠠᠬᠤᠶ ᠶᠢᠨ ᠰᠡᠯᠡᠭᠦᠴᠡᠯ ᠠᠮᠠᠷᠠᠯᠲᠠ ᠶᠢᠨ ᠰᠠᠭᠤᠷᠢᠨ ᠭᠠᠵᠠᠷ ᠢ ᠪᠣᠶ ᠪᠣᠯᠭᠠᠵᠤ᠂ ︽ᠦᠵᠡᠰᠬᠦᠯᠡᠩᠲᠦ ᠰᠠᠶᠢᠬᠠᠨ | ᠰᠦᠩᠱᠠᠨ︾ ᠤ ᠲᠠᠲᠠᠬᠤ ᠬᠦᠴᠦᠨ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠣᠲᠣ ᠦᠶ᠎ᠡ ᠶᠢᠨ ᠲᠥᠪ ᠬᠤᠲᠠ ᠶᠢᠨ ᠤᠷᠢᠳᠠᠪᠠᠷ ᠬᠡᠷᠡᠭᠵᠢᠭᠦᠯᠬᠦ ᠣᠷᠣᠨ ᠢ ᠡᠭᠦᠳᠦᠨ | ᠪᠠᠶᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠶ ᠠᠯᠬᠤᠨ᠎ᠠ᠃ | ᠠᠵᠤ ᠦᠢᠯᠡᠰ ᠪᠠ ᠬᠤᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ | ᠦᠢᠯᠡᠳᠪᠦᠷᠢᠯᠡᠯ ᠢᠶᠠᠷ ᠬᠤᠳᠠ ᠶᠢ ᠮᠠᠨᠳᠤᠭᠤᠯᠬᠤ᠂ ᠬᠤᠳᠠ ᠪᠠᠷ ᠦᠢᠯᠡᠳᠪᠦᠷᠢᠯᠡᠯ ᠢ ᠳᠠᠶᠢᠴᠢᠯᠠᠬᠤ᠂ ᠦᠢᠯᠡᠳᠪᠦᠷᠢᠯᠡᠯ | ᠬᠤᠳᠠ ᠶᠢ ᠠᠭᠤᠰᠤᠯᠴᠠᠭᠤᠯᠬᠤ ᠶᠢ ᠪᠠᠷᠢᠮᠲᠠᠯᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠥᠪᠵᠢᠭᠦᠯᠭᠡ ᠶᠢ ᠴᠢᠨᠠᠷ ᠰᠠᠶᠢᠲᠠᠢ ᠨᠠᠶᠢᠷᠠᠭᠤᠯᠤᠨ ᠵᠣᠬᠢᠶᠠᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ | ᠪᠣᠯᠤᠨ ᠬᠤᠳᠠ ᠶᠢᠨ ᠦᠢᠯᠡᠴᠢᠯᠡᠭᠡᠨ ᠤ ᠴᠢᠳᠠᠪᠬᠢ ᠶᠢ ᠭᠦᠨᠵᠡᠭᠡᠢ ᠠᠭᠤᠰᠤᠯᠴᠠᠭᠤᠯᠬᠤ᠂ ᠬᠠᠷᠢᠯᠴᠠᠨ ᠠᠬᠢᠭᠤᠯᠬᠤ᠂ | ᠵᠣᠬᠢᠴᠠᠩᠭᠤᠢ ᠪᠠᠷ ᠬᠥᠭᠵᠢᠭᠦᠯᠬᠦ ᠶᠢ ᠠᠬᠢᠭᠤᠯᠤᠨ᠎ᠠ᠃ ᠣᠷᠣᠨ ᠰᠠᠭᠤᠴᠠ ᠶᠢ ᠰᠠᠷᠢᠭᠠᠯᠠᠬᠤ ᠦᠭᠡᠢ ᠪᠠᠶᠢᠬᠤ ᠶᠢ | ᠪᠠᠷᠢᠮᠲᠠᠯᠠᠵᠤ᠂ ᠭᠠᠵᠠᠷ ᠤᠨ ᠦᠨ᠎ᠡ ᠶᠢ ᠲᠣᠭᠲᠠᠪᠤᠷᠢᠵᠢᠭᠤᠯᠵᠤ᠂ ᠭᠡᠷ ᠪᠠᠶᠢᠰᠢᠩ ᠤᠨ ᠦᠨ᠎ᠡ ᠶᠢ | ᠲᠣᠭᠲᠠᠪᠤᠷᠢᠵᠢᠭᠤᠯᠵᠤ᠂ ᠵᠢᠱᠢᠯᠲᠡ ᠶᠢ ᠲᠣᠭᠲᠠᠪᠤᠷᠢᠵᠢᠭᠤᠯᠵᠤ᠂ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠬᠤᠲᠠ ᠶᠢᠨ ᠡᠵᠡᠩᠨᠡᠯᠲᠡ ᠶᠢᠨ ᠣᠨᠣᠯᠵᠢᠬᠤᠨ ᠤ | ᠰᠢᠨ᠎ᠡ ᠶᠢ ᠡᠭᠦᠳᠴᠦ᠂ ᠲᠣᠭᠠᠴᠢᠯᠠᠭᠰᠠᠨ ᠠᠵᠤ ᠠᠬᠤᠶ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ᠂ | ᠣᠲᠣ ᠦᠶ᠎ᠡ ᠶᠢᠨ ᠦᠢᠯᠡᠴᠢᠯᠡᠭᠡ ᠵᠡᠷᠭᠡ ᠭᠤᠤᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ | ᠲᠥᠷᠥᠯ ᠵᠦᠢᠯ ᠢ ᠲᠥᠯᠥᠪᠵᠢᠭᠦᠯᠵᠦ᠂ ᠭᠠᠵᠠᠷ ᠰᠢᠷᠣᠶ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠦᠨ᠂ ᠠᠵᠤ ᠦᠢᠯᠡᠰ ᠤᠨ ᠬᠥᠭᠵᠢᠯᠲᠡ᠂ ᠦᠢᠯᠡᠳᠪᠦᠷᠢᠯᠡᠯ ᠠᠮᠢᠳᠤᠷᠠᠯ ᠤᠨ ᠢᠵᠢ ᠪᠥᠷᠢᠳᠦᠭᠦᠯᠬᠦ ᠪᠠ | ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠬᠤᠲᠠ ᠶᠢᠨ ᠶᠠᠰᠤ ᠴᠢᠨᠠᠷ ᠪᠠ ᠬᠤᠲᠠ ᠶᠢᠨ ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠰᠠᠭᠤᠷᠢ ᠲᠥᠬᠦᠭᠡᠷᠦᠮᠵᠢ ᠶᠢᠨ ᠲᠤᠯᠭᠠᠭᠤᠷᠢᠯᠠᠯ ᠢ ᠦᠷᠭᠦᠯᠵᠢᠯᠡᠨ ᠴᠢᠩᠭᠠᠳᠬᠠᠨ᠎ᠠ᠃ ᠬᠤᠳᠠ ᠶᠢ ᠰᠢᠨᠡᠳᠬᠡᠬᠦ | ᠠᠵᠢᠯᠯᠠᠭ᠎ᠠ ᠶᠢ ᠥᠷᠨᠢᠭᠦᠯᠦᠨ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠪᠠ ᠣᠷᠣᠨ ᠰᠠᠭᠤᠴᠠ ᠶᠢᠨ ᠵᠢᠵᠢᠭ | ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠠᠯᠬᠤᠴᠠ ᠶᠢ ᠲᠦᠷᠭᠡᠳᠬᠡᠵᠦ᠂ ᠴᠢᠬᠤᠯᠠ ᠵᠠᠮ ᠤᠨ ᠬᠡᠰᠡᠭ ᠪᠠ | ᠰᠤᠷᠭᠠᠭᠤᠯᠢ ᠶᠢᠨ ᠡᠷᠬᠢᠨ ᠲᠣᠭᠤᠷᠢᠨ ᠳᠤ ᠵᠡᠭᠡᠯᠢ ᠥᠩᠭᠡᠷᠡᠬᠦ ᠬᠥᠭᠦᠷᠭᠡ ᠵᠠᠰᠠᠵᠤ᠂ ᠬᠤᠳᠠ ᠶᠢᠨ ᠲᠣᠭᠤᠷᠢᠭ ᠤᠨ | ᠮᠤᠬᠤᠷ ᠵᠠᠮ ᠢ ᠨᠡᠪᠲᠡᠷᠡᠭᠦᠯᠵᠦ᠂ ᠪᠣᠷᠣᠭᠠᠨ ᠪᠠ ᠪᠣᠬᠢᠷᠲᠤᠯ ᠢ ᠨᠡᠶᠢᠳᠡᠮ ᠰᠠᠯᠭᠠᠬᠤ ᠶᠢ ᠪᠡᠶᠡᠯᠡᠭᠦᠯᠦᠨ᠎ᠡ᠃ ᠬᠤᠳᠠ ᠶᠢᠨ | ᠨᠡᠭᠡᠭᠡᠨ ᠬᠥᠭᠵᠢᠭᠦᠯᠦᠯᠲᠡ ᠶᠢᠨ ᠠᠬᠢᠴᠠ ᠲᠠᠢ ᠤᠶᠠᠯᠳᠤᠭᠤᠯᠤᠨ᠂ ᠨᠢᠭᠡ ᠪᠦᠯᠦᠭ ᠬᠤᠳᠠ ᠶᠢᠨ ᠲᠣᠭᠤᠷᠢᠭ ᠤᠨ ᠵᠠᠮ | ᠪᠠ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ᠃ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠲᠠᠯ᠎ᠠ ᠪᠠᠷ ᠵᠣᠯᠭᠠᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠬᠥᠳᠡᠭᠡ ᠲᠣᠰᠬᠤᠨ ᠳᠠᠰᠢ ᠤᠷᠲᠤᠳᠬᠠᠬᠤ᠂ | ᠨᠡᠶᠢᠭᠡᠮ ᠤᠨ ᠦᠢᠯᠡᠰ ᠢ ᠬᠥᠳᠡᠭᠡ ᠲᠣᠰᠬᠤᠨ ᠳᠠᠰᠢ ᠥᠷᠭᠡᠳᠬᠡᠬᠦ ᠶᠢ ᠠᠬᠢᠭᠤᠯᠤᠨ᠎ᠠ᠃ 5G ᠶᠢᠨ ᠰᠦᠯᠵᠢᠶ᠎ᠡ ᠶᠢᠨ | ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠮᠡᠳᠡᠭᠡ ᠵᠠᠩᠭᠢᠵᠢᠯᠲᠠ ᠶᠢᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠪᠥᠬᠦ ᠴᠠᠷᠠᠭᠠᠨ ᠤ ᠨᠡᠶᠢᠲᠡ ᠶᠢᠨ ᠵᠠᠮ ᠬᠠᠷᠢᠯᠴᠠᠭ᠎ᠠ ᠶᠢᠨ ᠨᠢᠭᠡ | ᠴᠤᠭᠴᠠᠵᠢᠯᠲᠠ ᠶᠢ ᠠᠬᠢᠭᠤᠯᠵᠤ᠂ ᠤᠯᠤᠰ ᠤᠨ ᠵᠠᠮ ᠤᠨ 111 ᠱᠤᠭᠤᠮ ᠤᠨ ᠪᠠᠭ᠎ᠠ ᠺᠠᠷᠠ ᠠᠴᠠ ᠤᠯᠠᠭᠠᠨᠬᠠᠳᠠ | ᠬᠥᠷᠬᠦ ᠬᠡᠰᠡᠭ᠂ ᠤᠯᠤᠰ ᠤᠨ ᠵᠠᠮ ᠤᠨ 306 ᠱᠤᠭᠤᠮ ᠤᠨ ᠨᠢᠦ ᠵᠢᠶᠠ ᠶᠢᠩᠽᠢ ᠠᠴᠠ ᠮᠥ ᠳᠧᠦ ᠭᠸᠤ ᠬᠥᠷᠬᠦ | ᠬᠡᠰᠡᠭ᠂ ᠭᠠᠩᠽᠢ ᠠᠴᠠ ᠱᠢ ᠰᠠᠨ ᠲᠠᠢ ᠪᠦᠦ ᠬᠥᠷᠬᠦ ᠵᠡᠷᠭᠡ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ | ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠮ ᠢ 500 ᠺᠢᠯᠣᠮᠧᠲᠷ᠂ 5 ᠬᠥᠭᠦᠷᠭᠡ ᠶᠢ ᠰᠢᠨ᠎ᠡ ᠪᠠᠷ ᠥᠭᠡᠷᠡᠴᠢᠯᠡᠨ | ᠪᠠᠶᠢᠭᠤᠯᠵᠤ᠂ ᠬᠥᠳᠡᠭᠡ ᠲᠣᠰᠬᠤᠨ ᠳᠤ ᠨᠡᠶᠢᠳᠡᠮ ᠨᠡᠪᠲᠡᠷᠡᠬᠦ ᠵᠠᠮ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ | ᠬᠤᠲᠠ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠪᠥᠬᠦ | ᠤᠯᠤᠰ ᠤᠨ ᠪᠣᠯᠪᠠᠰᠤᠨ ᠬᠤᠲᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠬᠤᠲᠠ ᠶᠢᠨ ᠶᠠᠪᠤᠳᠠᠯ ᠤᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠺᠣᠮᠫᠠᠨᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ | ᠬᠢᠨᠠᠯᠲᠠ ᠲᠠᠯᠪᠢᠵᠤ ᠵᠢᠯᠣᠭᠤᠳᠬᠤ ᠶᠢ ᠴᠢᠩᠭᠠᠷᠠᠭᠤᠯᠤᠨ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠭᠦᠯᠦᠨ᠎ᠡ᠃ ︽1+3︾ ᠶᠢᠨ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠵᠦ᠂ ᠠᠳᠠᠯ | ᠠᠬᠤᠶ ᠶᠢᠨ ᠦᠢᠯᠡᠴᠢᠯᠡᠭᠡ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠣᠯᠠᠨ ᠡᠰᠢᠵᠢᠭᠦᠯᠬᠦ ᠳᠠᠰᠢ | ᠬᠤᠪᠢᠷᠠᠭᠤᠯᠬᠤ ᠶᠢ ᠠᠬᠢᠭᠤᠯᠤᠨ᠎ᠠ᠃ ᠲᠡᠷᠭᠡ ᠵᠣᠭᠰᠣᠭᠠᠬᠤ ᠤᠶᠤᠯᠢᠬ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠳᠬᠡᠵᠦ᠂ ᠨᠢᠭᠡ ᠪᠦᠯᠦᠭ ᠨᠡᠶᠢᠭᠡᠮ ᠤᠨ ᠲᠡᠷᠭᠡᠨ ᠵᠣᠭᠰᠣᠭᠠᠯ ᠢ ᠪᠠᠶᠢᠭᠤᠯᠵᠤ᠂ ᠲᠡᠷᠭᠡ ᠵᠣᠭᠰᠣᠭᠠᠬᠤ ᠭᠠᠵᠠᠷ ᠢ | ᠨᠡᠮᠡᠨ ᠬᠤᠪᠢᠶᠠᠷᠢᠯᠠᠵᠤ᠂ ᠲᠡᠷᠭᠡ ᠵᠣᠭᠰᠣᠭᠠᠬᠤ ᠳᠤ ᠬᠦᠴᠢᠷᠲᠡᠶ᠂ ᠲᠡᠷᠭᠡ ᠵᠣᠭᠰᠣᠭᠠᠬᠤ ᠳᠤ ᠡᠷᠦᠶ ᠬᠤᠷᠤᠶ ᠦᠭᠡᠢ | ᠪᠠᠶᠢᠬᠤ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠨ᠎ᠡ᠃ ᠬᠤᠳᠠ ᠶᠢᠨ ᠠᠷᠠᠳ ᠤᠨ ᠬᠤᠳᠠ ᠶᠢᠨ | ᠬᠠᠮᠢᠶᠠᠷᠤᠯᠲᠠ ᠳᠤ ᠣᠷᠣᠯᠴᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠤᠳᠠ ᠶᠢᠨ ᠬᠠᠮᠢᠶᠠᠷᠤᠯᠲᠠ ᠶᠢᠨ | ᠤᠶᠤᠨᠲᠤ ᠵᠢᠯᠣᠭᠤᠳᠬᠤ ᠲᠥᠪ ᠢ ᠲᠡᠰ ᠳᠡᠪᠰᠢᠭᠦᠯᠵᠦ᠂ ᠬᠤᠳᠠ ᠶᠢᠨ ᠠᠷᠠᠳ ᠤᠨ ᠠᠮᠢᠳᠤᠷᠠᠯ ᠲᠠᠢ ᠨᠢᠭᠲᠠ | ᠬᠤᠯᠪᠣᠭ᠎ᠠ ᠲᠠᠢ ︽ᠪᠢᠴᠢᠯ ᠰᠢᠨᠡᠴᠢᠯᠡᠯᠲᠡ︾᠂ ︽ᠲᠦᠷᠭᠡᠨ ᠥᠭᠡᠷᠡᠴᠢᠯᠡᠯᠲᠡ︾ ᠶᠢ ᠴᠢᠬᠤᠯᠠ ᠪᠠᠶᠢᠷᠢᠨ ᠳᠤ | ᠲᠠᠯᠪᠢᠵᠤ᠂ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ ᠪᠠᠷ ᠪᠠᠭᠤᠷᠠᠶ ᠭᠠᠵᠠᠷ ᠣᠷᠣᠨ ᠤ | ᠥᠭᠡᠷᠡᠴᠢᠯᠡᠯᠲᠡ ᠶᠢ ᠲᠦᠷᠭᠡᠳᠬᠡᠵᠦ᠂ ᠬᠤᠳᠠ ᠶᠢᠨ ︽ᠨᠠᠷᠢᠯᠢᠭ ᠵᠠᠰᠠᠵᠤ ᠨᠠᠷᠢᠯᠢᠭ ᠨᠥᠬᠦᠪᠥᠷᠢᠯᠡᠬᠦ︾ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | ︵ᠳᠣᠯᠤᠭ᠎ᠠ︶ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ | ᠲᠠᠯ᠎ᠠ ᠪᠠᠷ ᠯᠠᠪᠳᠠᠭᠤᠨ ᠪᠠᠲᠤᠲᠠᠶ ᠠᠯᠬᠤᠨ᠎ᠠ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ | ᠬᠥᠮᠦᠵᠢᠯ ᠤᠨ ᠣᠷᠣᠭᠤᠯᠤᠯᠲᠠ ᠶᠢ ᠪᠠᠲᠤᠯᠠᠵᠤ᠂ 29 ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠡᠷᠬᠡ ᠲᠡᠭᠰᠢ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠥᠪᠡᠷᠮᠢᠴᠡ ᠴᠢᠨᠠᠷ ᠴᠢᠨᠰᠠᠭ᠎ᠠ ᠶᠢᠨ ᠬᠥᠭᠵᠢᠯᠲᠡ ᠶᠢ ᠲᠦᠯᠬᠢᠨ | ᠠᠬᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠪᠣᠯᠬᠤ ᠳᠤ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠨᠤᠷᠮ᠎ᠠ ᠶᠢ 80% ᠠᠴᠠ | ᠳᠡᠭᠡᠭᠰᠢ ᠳᠤ ᠬᠦᠷᠭᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ ᠶᠢ 98% ᠠᠴᠠ | ᠳᠡᠭᠡᠭᠰᠢ ᠳᠤ ᠬᠦᠷᠭᠡᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠬᠤ | ᠪᠦᠬᠦ ᠨᠤᠷᠮ᠎ᠠ ᠶᠢ 93% ᠠᠴᠠ ᠳᠡᠭᠡᠭᠰᠢ ᠳᠤ ᠬᠦᠷᠭᠡᠨ᠎ᠡ᠃ ᠣᠨᠴᠣᠭᠤᠶ ᠰᠤᠷᠭᠠᠨ ᠬᠥᠮᠦᠵᠢᠯ ᠢ ᠰᠠᠶᠢᠲᠤᠷ | ᠠᠳᠬᠤᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠵᠢᠷᠤᠮᠵᠢᠭᠤᠯᠤᠨ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠬᠡᠪᠴᠢᠶ᠎ᠡ᠂ ᠲᠤᠰᠬᠠᠶ ᠮᠡᠷᠭᠡᠵᠢᠯ ᠤᠨ ᠪᠦᠲᠦᠴᠡ᠂ | ᠴᠢᠳᠠᠪᠤᠷᠢᠲᠠᠨ ᠤ ᠶᠠᠰᠤ ᠴᠢᠨᠠᠷ ᠢ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠳᠤ ᠨᠠᠩ ᠢᠯᠡᠭᠦᠤ | ᠨᠡᠶᠢᠴᠡᠭᠦᠯᠬᠦ ᠶᠢ ᠬᠦᠴᠦᠯᠡᠨ ᠠᠬᠢᠭᠤᠯᠤᠨ᠎ᠠ᠃ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ | ᠪᠠᠭᠰᠢ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠬᠤᠶᠠᠷ ᠢ | ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ | ᠬᠥᠮᠦᠵᠢᠯ ᠢ ᠴᠢᠬᠤᠯᠠᠴᠢᠯᠠᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠮᠤᠷ ᠲᠦᠪᠰᠢᠨ | ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠡᠷᠡᠭᠦᠯ ᠡᠩᠬᠡ ᠰᠦᠩᠱᠠᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠦᠨᠳᠦ ᠶᠡᠭᠡ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠂ ᠰᠦᠩᠱᠠᠨ ᠡᠮᠨᠡᠯᠭᠡ ᠶᠢᠨ ᠬᠤᠷᠢᠶ᠎ᠠ᠂ | ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠥᠷᠭᠡᠳᠬᠡᠨ ᠪᠠᠶᠢᠭᠤᠯᠬᠤ ᠶᠢ ᠡᠮᠬᠢ ᠵᠢᠷᠤᠮ ᠲᠠᠢ ᠠᠬᠢᠭᠤᠯᠤᠨ᠎ᠠ᠂ ᠡᠪᠡᠳᠴᠢᠨ ᠡᠮᠭᠡᠭ | ᠰᠡᠷᠭᠡᠶᠢᠯᠡᠨ ᠬᠢᠵᠠᠭᠠᠷᠯᠠᠬᠤ ᠲᠥᠪ ᠤᠨ ᠰᠢᠨ᠎ᠡ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ︽ | ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢ ᠬᠡᠷᠡᠭᠵᠢᠭᠦᠯᠵᠦ᠂ ᠡᠮᠴᠢᠯᠡᠭᠡᠨ ᠤ ᠪᠦᠯᠦᠭᠯᠡᠯ ᠤᠨ ᠴᠢᠨᠠᠷ | ᠰᠠᠶᠢᠲᠠᠶ ᠡᠵᠡᠩᠨᠡᠯᠲᠡ ᠶᠢ ᠠᠬᠢᠭᠤᠯᠤᠨ᠂ ᠭᠤᠤᠯᠳᠠᠯᠭ᠎ᠠ ᠲᠠᠢ ᠤᠨᠴᠠᠯᠢᠭᠳᠤ ᠲᠤᠰᠬᠠᠶ ᠰᠠᠯᠠᠭ᠎ᠠ ᠶᠢ ᠪᠣᠶ ᠪᠣᠯᠭᠠᠵᠤ᠂ | ᠲᠤᠭᠤᠷᠢᠭ ᠤᠨ ᠰᠢᠭᠤᠳ ᠬᠠᠷᠢᠶ᠎ᠠ ᠡᠮᠴᠢᠯᠡᠭᠡᠨ ᠤ ᠪᠠᠶᠢᠭᠤᠯᠤᠮᠵᠢ ᠶᠢᠨ ︽ᠨᠢᠭᠡ ᠡᠮᠨᠡᠯᠭᠡ ᠶᠢᠨ ᠬᠤᠷᠢᠶ᠎ᠠ ᠣᠯᠠᠨ | ᠲᠣᠭᠤᠷᠢᠭ︾ ᠤᠨ ᠲᠤᠷᠰᠢᠯᠲᠠ ᠶᠢ ᠬᠠᠶᠢᠨ ᠰᠦᠪᠡᠭᠴᠢᠯᠡᠵᠦ᠂ ᠱᠠᠲᠤ ᠬᠤᠪᠢᠶᠠᠨ ᠣᠨᠣᠰᠢᠯᠠᠨ ᠡᠮᠨᠡᠬᠦ᠂ ᠠᠯᠤᠰ | ᠵᠠᠶ ᠶᠢᠨ ᠡᠮᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ᠂ | ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠴᠢᠨᠠᠷ ᠰᠠᠶᠢᠲᠠᠶ ᠡᠮᠴᠢᠯᠡᠭᠡᠨ ᠤ ᠡᠬᠢ | ᠪᠠᠶᠠᠯᠢᠭ ᠤᠨ ᠲᠡᠩᠴᠡᠭᠦᠷᠢᠲᠡᠶ ᠪᠠᠶᠢᠷᠢᠰᠢᠭᠤᠯᠬᠤ᠂ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ | ᠠᠷᠠᠳ ᠤᠨ ᠠᠮᠢᠳᠤᠷᠠᠯ ᠢ ᠬᠦᠴᠦ ᠲᠠᠯᠪᠢᠨ ᠪᠠᠲᠤᠯᠠᠨ ᠰᠠᠶᠢᠵᠢᠷᠠᠭᠤᠯᠤᠨ᠎ᠠ᠃ ᠪᠥᠬᠦᠳᠡ ᠤᠯᠠᠨ ᠢᠶᠠᠷ ᠢᠶᠠᠨ | ᠠᠳᠠᠯ ᠦᠢᠯᠡᠰ ᠴᠣᠭᠴᠠᠯᠠᠵᠤ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠠᠵᠤ | ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠪᠠᠭ᠎ᠠ ᠲᠣᠭᠠᠨ ᠤ ᠵᠢᠭᠡᠯᠡᠯᠭᠡ ᠵᠡᠷᠭᠡ ᠠᠳᠠᠯ | ᠦᠢᠯᠡᠰ ᠴᠣᠭᠴᠠᠯᠠᠵᠤ ᠠᠵᠢᠯ ᠣᠯᠭᠤᠬᠤ ᠶᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠬᠢᠨ ᠢᠶᠠᠷ ᠨᠡᠮᠡᠭᠳᠡᠭᠦᠯᠬᠦ ᠶᠢ ᠳᠠᠶᠢᠴᠢᠯᠠᠬᠤ ᠦᠢᠯᠡᠳᠦᠯ ᠢ | ᠶᠡᠬᠡᠳᠬᠡᠵᠦ᠂ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠰᠠᠶᠢᠲᠤᠷ ᠬᠢᠵᠦ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ᠃ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ ᠦᠨᠳᠦᠰᠦᠨ | ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ ᠪᠠᠬᠢᠵᠢᠭᠦᠯᠦᠨ ᠳᠡᠭᠡᠭᠰᠢᠯᠡᠭᠦᠯᠵᠦ᠂ ᠬᠤᠲᠠ ᠬᠥᠳᠡᠭᠡ ᠶᠢᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ᠂ ᠲᠦᠷ | ᠴᠠᠭ ᠠᠪᠤᠷᠠᠨ ᠲᠤᠰᠠᠯᠠᠬᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠵᠡᠷᠭᠡ ᠲᠦᠷᠢᠮ ᠢ ᠪᠦᠷᠢᠨᠰᠢᠬᠦᠯᠵᠦ᠂ | ᠬᠠᠷᠠᠭᠠᠯᠵᠠᠨ ᠲᠥᠪᠬᠢᠨᠡᠭᠦᠯᠬᠦ ᠪᠠ ᠬᠤᠶᠠᠷ ᠢ ᠬᠦᠷᠢᠶᠡᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ | ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠶᠢ ᠲᠦᠯᠬᠢᠨ ᠠᠬᠢᠭᠤᠯᠵᠤ᠂ ᠭᠡᠷ ᠲᠡᠭᠡᠨ ᠰᠠᠭᠤᠬᠤ᠂ ᠨᠡᠶᠢᠭᠡᠮ | ᠲᠣᠭᠤᠷᠢᠭ ᠪᠠ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠢᠵᠢ ᠪᠦᠷᠢᠳᠦᠭᠦᠯᠬᠦ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠲᠥᠪ ᠢ ᠬᠥᠭᠵᠢᠭᠦᠯᠦᠨ᠂ | ᠨᠡᠶᠢᠭᠡᠮᠴᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ | ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ | ᠲᠥᠪ ᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ᠃ ᠨᠣᠮ ᠤᠨ ᠰᠠᠩ᠂ ᠰᠣᠶᠣᠯ ᠤᠨ ᠣᠷᠳᠣᠨ ᠵᠡᠷᠭᠡ ᠤᠯᠠᠨ | ᠨᠡᠶᠢᠲᠡ ᠶᠢᠨ ᠲᠥᠬᠦᠭᠡᠷᠦᠮᠵᠢ ᠶᠢᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ᠃ | | ︵ ᠨᠠᠢᠮᠠ︶ ᠣᠲᠣ ᠦᠶ᠎ᠡ ᠶᠢᠨ ᠵᠠᠰᠠᠯᠲᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠬᠤ ᠲᠠᠯ᠎ᠠ ᠪᠠᠷ | ᠯᠠᠪᠳᠠᠭᠤᠨ ᠪᠠᠲᠤᠲᠠᠶ ᠠᠯᠬᠤᠨ᠎ᠠ᠃ | ᠠᠶᠤᠯᠭᠦᠶ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠷᠢᠭ᠎ᠠ ᠱᠤᠭᠤᠮ ᠤᠨ | ᠰᠡᠳᠬᠢᠬᠦᠢ ᠶᠢ ᠴᠢᠩᠭᠠᠳᠬᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠵᠠᠰᠠᠭ ᠤᠨ | ᠣᠷᠳᠣᠨ ᠤ ᠥᠷᠢ ᠥᠭᠴᠡᠭᠡ ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ | ᠴᠢᠩᠭᠠᠳᠬᠠᠵᠤ᠂ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠬᠤᠯᠠᠴᠢᠯᠠᠵᠤ᠂ | ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ | ᠡᠭᠦᠰᠬᠦ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠶᠤᠯᠭᠦᠢ ᠦᠢᠯᠡᠳᠪᠦᠷᠢᠯᠡᠯ ᠤᠨ ᠲᠤᠰᠬᠠᠶ ᠵᠦᠢᠯ ᠢᠶᠠᠷ | ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠲᠥᠯᠬᠢᠨ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ᠂ | ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠲᠠᠯᠳᠠ ᠭᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ | ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠦᠨᠡᠨᠬᠦ ᠪᠠᠲᠤᠯᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ | ᠲᠥᠷᠥᠯ ᠤᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠨᠡᠶᠢᠲᠡ ᠶᠢᠨ ᠡᠷᠡᠭᠦᠯ ᠮᠡᠨᠳᠦ ᠠᠮᠤᠷ | ᠲᠦᠪᠰᠢᠨ ᠢ ᠪᠠᠲᠤᠯᠠᠨ᠎ᠠ᠃ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠨ᠂ ︽ᠬᠠᠮᠲᠤᠪᠠᠷ | ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ︾ ᠪᠠᠷ ᠭᠤᠣᠯ ᠰᠡᠳᠦᠪ ᠪᠣᠯᠭᠠᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠲᠡᠨ ᠤ ᠠᠵᠢᠯ ᠢ | ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠤᠨ᠎ᠠ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠥᠷᠨᠢᠭᠦᠯᠵᠦ᠂ ᠠᠷᠠᠳ ᠨᠡᠶᠢᠲᠡ ᠪᠠᠷ ᠢᠶᠠᠨ ᠬᠠᠤᠯᠢ ᠶᠢ ᠰᠠᠬᠢᠬᠤ | ᠤᠬᠠᠮᠰᠠᠷ ᠢ ᠴᠢᠩᠭᠠᠷᠠᠭᠤᠯᠤᠨ᠎ᠠ᠃ ᠬᠤᠳᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ ᠶᠢ ᠭᠦᠨᠵᠡᠭᠡᠶᠢᠷᠡᠭᠦᠯᠵᠦ᠂ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ | ᠡᠰᠢᠴᠢᠯᠡᠭᠰᠡᠨ ᠲᠣᠭᠲᠠᠴᠠ ᠶᠢ ᠪᠦᠷᠢᠨᠰᠢᠬᠦᠯᠦᠨ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠤᠷᠴᠢᠯᠠᠭᠰᠠᠨ | ᠬᠠᠮᠢᠶᠠᠷᠤᠯᠲᠠ ᠶᠢᠨ ᠪᠦᠲᠦᠮᠵᠢᠲᠡᠶ ᠠᠵᠢᠯᠯᠠᠭᠠᠨ ᠢ ᠲᠦᠯᠬᠢᠨ ᠠᠬᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢ | ᠲᠤᠰᠬᠠᠶᠢᠯᠠᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠩᠬᠠᠨ ᠤ ᠵᠠᠬᠢᠳᠠᠯ ᠠᠩᠬᠠᠨ ᠤ | ᠰᠤᠷᠪᠤᠯᠵᠢᠯᠠᠭ᠎ᠠ ᠶᠢᠨ ᠬᠠᠮᠢᠶᠠᠷᠤᠯᠲᠠ ᠶᠢᠨ ᠲᠣᠭᠲᠠᠴᠠ ᠶᠢ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠬᠠᠤᠯᠢ ᠶᠣᠰᠣᠭᠠᠷ ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠶᠢ ᠲᠦᠯᠬᠢᠨ | ᠠᠬᠢᠭᠤᠯᠤᠨ᠎ᠠ᠃ | 2022 ᠤᠨ ᠤ ᠠᠵᠢᠯ ᠤᠨ ᠲᠣᠬᠢᠷᠠᠭᠤᠯᠤᠯᠲᠠ | 2022 ᠤᠨ ᠪᠣᠯ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭ᠎ᠠ ᠶᠢᠨ | ᠡᠬᠢᠯᠡᠯᠲᠡ ᠶᠢᠨ ᠵᠢᠯ ᠮᠥᠨ᠂ ᠪᠠᠰᠠ ᠴᠤ ᠮᠠᠨ ᠤ ᠲᠤᠭᠤᠷᠢᠭ ᠤᠨ ᠬᠡᠯᠪᠡᠷᠢ ᠪᠠᠨ ᠬᠤᠪᠢᠷᠠᠭᠤᠯᠬᠤ ᠪᠠᠨ | ᠲᠦᠷᠭᠡᠳᠬᠡᠵᠦ᠂ ᠲᠠᠰ ᠳᠡᠪᠰᠢᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠠᠯᠤᠰᠯᠠᠭᠰᠠᠨ ᠪᠣᠯᠬᠤᠷ ᠡᠷᠬᠡᠪᠰᠢ | ᠠᠩᠬᠠᠨ ᠤ ᠠᠯᠬᠤᠮ ᠢᠶᠠᠨ ᠰᠠᠶᠢᠲᠤᠷ ᠠᠯᠬᠤᠵᠤ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠶ᠃ ᠪᠥᠬᠦ | ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6.5% ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 7% ᠣᠷᠴᠢᠮ ᠨᠡᠮᠡᠭᠳᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ | 6% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ | ᠲᠤᠭ᠎ᠠ ᠶᠢ 7% ᠣᠷᠴᠢᠮ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7% ᠪᠠ 8% ᠣᠷᠴᠢᠮ ᠨᠡᠮᠡᠭᠳᠡᠭᠦᠯᠵᠦ᠂ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠡᠨᠧᠷᠭᠢ ᠶᠢᠨ | ᠬᠤᠷᠣᠭᠳᠠᠭᠤᠯᠤᠯ ᠤᠨ ᠬᠤᠶᠠᠷ ᠢ ᠬᠢᠵᠠᠭᠠᠷᠯᠠᠬᠤ ᠵᠡᠷᠭᠡ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ | ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠨ᠎ᠠ᠃ ᠵᠢᠱᠢᠭᠰᠡᠨ ᠬᠠᠷᠠᠯᠲᠠ ᠪᠠᠨ ᠪᠡᠶᠡᠯᠡᠭᠦᠯᠬᠦ ᠲᠠᠢ ᠤᠶᠠᠯᠳᠤᠭᠤᠯᠤᠨ᠂ ᠳᠣᠣᠷᠠᠬᠢ ᠵᠢᠷᠭᠤᠭᠠᠨ ᠲᠠᠯ᠎ᠠ ᠶᠢᠨ | ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠲᠥᠷᠥᠯ ᠵᠦᠢᠯ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠪᠦᠲᠦᠮᠵᠢᠲᠡᠶ ᠪᠠᠯᠠ | ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠡᠬᠢ ᠪᠠᠶᠠᠯᠢᠭ ᠤᠨ | ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠪᠣᠯᠤᠨ ᠠᠵᠤ ᠦᠢᠯᠡᠰ ᠤᠨ ᠠᠯᠤᠰ ᠢᠷᠡᠭᠡᠳᠦᠶ ᠳᠤ ᠰᠠᠭᠤᠷᠢᠯᠠᠵᠤ᠂ | ︽5211︾ ᠠᠵᠤ ᠦᠢᠯᠡᠰ ᠤᠨ ᠬᠡᠪᠴᠢᠶ᠎ᠡ ᠶᠣᠰᠣᠭᠠᠷ᠂ ᠭᠤᠤᠯᠳᠠᠯᠭ᠎ᠠ ᠲᠠᠢ ᠭᠠᠵᠠᠷ ᠣᠷᠣᠨ ᠳᠤ ᠬᠠᠨᠳᠤᠭᠤᠯᠤᠨ | ᠂ ᠰᠢᠨ᠎ᠡ ᠬᠡᠯᠪᠡᠷᠢ ᠶᠢᠨ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ᠂ ᠲᠣᠭᠠᠴᠢᠯᠠᠭᠰᠠᠨ ᠠᠵᠤ ᠠᠬᠤᠶ᠂ | ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠵᠡᠷᠭᠡ 8 ᠭᠤᠤᠯ ᠰᠢᠪᠲᠤᠯᠤᠯᠲᠠ ᠶᠢᠨ ᠴᠢᠭᠯᠡᠯ ᠢ ᠤᠨᠢᠯᠠᠨ᠂ | ᠬᠦᠷᠢᠶᠡᠯᠡᠩ ᠲᠣᠭᠤᠷᠢᠭ ᠤᠨ ᠳᠠᠭᠠᠭᠠᠨ ᠠᠪᠬᠤ ᠠᠴᠢᠶᠠᠯᠠᠪᠤᠷᠢ ᠶᠢᠨ ᠲᠣᠭᠤᠷᠢᠨ ᠳᠤ ᠬᠤᠳᠠᠯᠳᠤᠭᠠᠴᠢᠨ ᠤᠷᠢᠬᠤ | ᠬᠦᠴᠦᠨ ᠢ ᠲᠡᠭᠦᠯᠳᠡᠷᠵᠢᠭᠦᠯᠵᠦ᠂ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠂ ᠨᠠᠷᠢᠯᠢᠭ ᠣᠨᠣᠴᠠᠲᠠᠶ ᠪᠠᠷ | ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠬᠤ᠂ ᠬᠡᠯᠬᠢᠶᠡᠵᠢᠯ ᠢ | ᠨᠥᠬᠦᠪᠥᠷᠢᠯᠡᠬᠦ᠂ ᠬᠡᠯᠬᠢᠶᠡᠵᠢᠯ ᠢ ᠴᠢᠩᠭᠠᠳᠬᠠᠬᠤ ᠶᠢ ᠰᠠᠶᠢᠲᠤᠷ ᠠᠳᠬᠤᠵᠤ᠂ ᠵᠢᠯ ᠤᠨ ᠳᠣᠲᠣᠷ᠎ᠠ 80 ᠲᠥᠷᠥᠯ | ᠵᠦᠢᠯ ᠢ ᠣᠷᠣᠭᠤᠯᠤᠨ ᠠᠪᠴᠢᠷᠠᠵᠤ᠂ ᠭᠡᠷ᠎ᠡ ᠲᠣᠭᠲᠠᠬᠤ ᠪᠠᠯᠠ ᠮᠥᠩᠭᠦ ᠶᠢ 100 ᠳ᠋ᠦᠩᠰᠢᠭᠤᠷ ᠲᠥᠭᠦᠷᠢᠭ ᠠᠴᠠ | ᠳᠡᠭᠡᠭᠰᠢ᠂ ᠨᠠᠶᠢᠳᠠᠪᠤᠷᠢᠵᠢᠭᠤᠯᠬᠤ ᠪᠠᠯᠠ ᠮᠥᠩᠭᠦ ᠶᠢ 50 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃ | | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠲᠥᠷᠥᠯ ᠵᠦᠢᠯ ᠤᠨ | ᠲᠥᠯᠥᠪᠵᠢᠭᠦᠯᠭᠡ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ | ᠰᠤᠳᠤᠯᠤᠨ ᠵᠠᠳᠠᠯᠬᠤ ᠶᠢ ᠴᠢᠩᠭᠠᠳᠬᠠᠨ᠂ ᠲᠥᠷᠥᠯ ᠵᠦᠢᠯ ᠤᠨ ᠨᠥᠭᠡᠴᠡ ᠶᠢ ᠲᠡᠭᠦᠯᠳᠡᠷᠵᠢᠭᠦᠯᠵᠦ᠂ ᠡᠬᠢ ᠪᠠᠶᠠᠯᠢᠭ ᠢ | ᠦᠯᠡᠳᠡᠭᠡᠬᠦ ᠶᠢ ᠰᠠᠶᠢᠲᠤᠷ ᠬᠢᠨ᠎ᠠ᠃ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠨᠢᠭᠲᠠ | ᠠᠩᠬᠠᠷᠴᠤ᠂ ᠨᠠᠷᠢᠨ ᠨᠢᠮᠪᠠᠶ ᠤᠬᠠᠭᠠᠯᠠᠨ ᠲᠥᠯᠥᠪᠯᠡᠵᠦ᠂ ᠲᠥᠷᠥᠯ ᠵᠦᠢᠯ ᠢ ᠪᠣᠭᠤᠳᠠᠯᠯᠠᠨ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠪᠠ ᠪᠠᠯᠠ | ᠮᠥᠩᠭᠦ ᠶᠢᠨ ᠳᠡᠮᠵᠢᠯᠭᠡ ᠶᠢ ᠢᠳᠡᠪᠬᠢᠲᠡᠶ ᠲᠡᠮᠡᠴᠡᠨ ᠣᠯᠵᠤ᠂ ︽ᠵᠢᠭᠡᠯᠡᠯᠭᠡ ᠦᠭᠬᠦ ᠳᠤ ᠬᠦᠴᠢᠷᠲᠡᠶ︾ ᠪᠠ ︽ | ᠵᠢᠭᠡᠯᠡᠯᠭᠡ ᠤᠯᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠲᠥᠷᠥᠯ ᠵᠦᠢᠯ ᠢ ᠤᠷᠢᠳᠴᠢᠯᠠᠨ | ᠬᠢᠨᠠᠵᠤ ᠰᠤᠳᠤᠯᠤᠨ ᠮᠠᠭᠠᠳᠯᠠᠬᠤ ᠶᠢ ᠪᠠᠷᠢᠮᠲᠠᠯᠠᠨ᠂ ᠵᠢᠶ ᠰᠢᠶᠦ᠋ᠨ ᠰᠠᠯᠬᠢᠨ ᠤ ᠮᠠᠰᠢᠨ ᠤ ᠰᠤᠪᠤᠷᠭ᠎ᠠ ᠪᠠ ᠬᠡᠷᠡᠯ | ᠴᠡᠨᠡᠭ ᠤᠨ ᠲᠣᠨᠤᠭ ᠲᠥᠬᠦᠭᠡᠷᠦᠮᠵᠢ ᠵᠡᠷᠭᠡ ᠶᠢ ᠰᠠᠨᠠᠭᠠᠴᠢᠯᠠᠭ᠎ᠠ ᠲᠠᠢ ᠪᠠᠷ ᠨᠠᠶᠢᠳᠠᠪᠤᠷᠢᠵᠢᠭᠤᠯᠬᠤ ᠲᠥᠷᠥᠯ ᠵᠦᠢᠯ᠂ | ᠤᠷᠢᠳᠠᠴᠢ ᠪᠣᠯᠤᠮᠵᠢᠲᠤ ᠴᠢᠨᠠᠷ ᠤᠨ ᠦᠨᠡᠯᠡᠨ ᠵᠢᠱᠢᠯᠲᠡ ᠶᠢ ᠪᠠᠷᠢᠮᠲᠠᠯᠠᠵᠤ᠂ ᠡᠮᠦᠨᠡᠬᠢ ᠬᠤᠭᠤᠴᠠᠭᠠᠨ ᠤ ᠠᠵᠢᠯ ᠢ | ᠪᠣᠳᠠᠲᠠᠶᠢᠵᠢᠭᠤᠯᠤᠨ᠎ᠠ︔ ᠪᠧᠨ ᠨᠢᠦ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ᠂ ᠶᠠ ᠱᠧᠩ | ᠠᠮᠢᠳᠤ ᠭᠠᠭ᠋ᠠᠶ ᠶᠢᠨ ᠡᠭᠦᠯᠳᠡᠷ ᠤᠨ ᠢᠷᠡᠯᠲᠡ ᠶᠢ ᠰᠤᠳᠤᠯᠤᠨ ᠨᠡᠭᠡᠭᠡᠬᠦ ᠰᠠᠭᠤᠷᠢᠨ ᠭᠠᠵᠠᠷ ᠵᠡᠷᠭᠡ ᠭᠡᠷ᠎ᠡ ᠲᠣᠭᠲᠠᠭᠰᠠᠨ | ᠲᠥᠷᠥᠯ ᠵᠦᠢᠯ ᠳᠤ ᠠᠰᠢᠭᠯᠠᠯᠲᠠ ᠳᠤ ᠤᠷᠤᠵᠤ ᠦᠷ᠎ᠡ ᠪᠦᠲᠦᠮᠵᠢ ᠤᠯᠲᠠᠯ᠎ᠠ ᠲᠥᠷᠥᠯ ᠵᠦᠢᠯ ᠤᠨ | ᠬᠠᠮᠢᠶᠠᠷᠤᠭᠴᠢ ᠶᠢᠨ ᠲᠦᠷᠢᠮ ᠢ ᠬᠡᠷᠡᠭᠵᠢᠭᠦᠯᠵᠦ᠂ ᠮᠥᠷᠳᠡᠨ ᠦᠢᠯᠡᠴᠢᠯᠡᠵᠦ ᠬᠠᠪᠰᠤᠷᠤᠨ ᠡᠷᠬᠢᠯᠡᠨ᠎ᠡ᠃ ᠵᠢᠯ ᠤᠨ | ᠳᠣᠲᠣᠷ᠎ᠠ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 275 ᠬᠡᠷᠡᠭᠵᠢᠭᠦᠯᠵᠦ᠂ 116 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ | ᠲᠥᠷᠥᠯ ᠵᠦᠢᠯ ᠤᠨ ᠪᠠᠲᠤᠯᠠᠭ᠎ᠠ ᠶᠢᠨ ᠬᠦᠴᠦᠨ ᠵᠦᠢᠯ ᠢ ᠪᠦᠷᠢᠨᠰᠢᠭᠦᠯᠦᠨ᠎ᠡ᠃ ᠢᠨᠵᠧᠨᠧᠷᠢᠩ ᠤᠨ ᠲᠦᠷᠦᠯ | ᠵᠦᠢᠯ ᠤᠨ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ᠂ | ᠬᠠᠪᠰᠤᠷᠤᠨ ᠬᠢᠵᠦ ᠣᠷᠣᠯᠠᠨ ᠭᠦᠢᠴᠡᠳᠬᠡᠬᠦ ᠶᠢ ᠬᠡᠷᠡᠭᠵᠢᠭᠦᠯᠵᠦ᠂ ᠲᠦᠷᠦᠯ ᠵᠦᠢᠯ ᠤᠨ ᠡᠷᠲᠡᠬᠡᠨ ᠠᠵᠢᠯ ᠡᠬᠢᠯᠡᠬᠦ ᠶᠢ | ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠥᠭᠡᠯᠡᠨ ᠬᠠᠲᠠᠭᠤ ᠬᠡᠷᠡᠭᠰᠡᠯ ᠤᠨ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠮᠡᠳᠡᠭᠡ ᠵᠠᠩᠬᠢᠵᠢᠭᠤᠯᠬᠤ᠂ ᠥᠪᠡᠰᠦᠪᠡᠨ ᠦᠢᠯᠡᠴᠢᠯᠡᠬᠦ ᠢᠵᠢ ᠪᠥᠷᠢᠳᠦᠭᠦᠯᠬᠦ | ᠪᠡᠯᠡᠳᠬᠡᠮᠵᠢ ᠶᠢ ᠲᠡᠭᠦᠯᠳᠡᠷᠵᠢᠭᠦᠯᠦᠨ᠂ ᠬᠢᠨᠠᠨ ᠵᠥᠪᠰᠢᠶᠡᠷᠡᠬᠦ ᠠᠵᠢᠯᠲᠠᠨ ᠤ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠢ ᠴᠢᠩᠭᠠᠳᠬᠠᠵᠤ᠂ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠦᠢᠯᠡᠴᠢᠯᠡᠭᠡᠨ ᠤ | ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠲᠦᠮᠡᠨ ᠢ ᠰᠡᠳᠬᠢᠯ ᠬᠠᠨᠤᠮᠵᠢᠲᠠᠶ ᠪᠣᠯᠭᠠᠵᠤ᠂ ᠠᠵᠤ | ᠠᠬᠤᠶᠢᠯᠠᠯ ᠢ ᠰᠠᠨᠠᠭ᠎ᠠ ᠠᠮᠤᠷ ᠪᠠᠶᠢᠯᠭᠠᠨ᠎ᠠ᠃ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ | ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠥᠮᠦᠵᠢᠯ ᠤᠨ ᠴᠡᠭᠴᠡᠯᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ︾ | ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠦᠷᠢᠮ ᠲᠣᠭᠲᠠᠭᠠᠯ ᠲᠣᠭᠲᠠᠭᠠᠵᠤ᠂ ᠠᠯᠬᠤᠮ | ᠳᠠᠷᠠᠭ᠎ᠠ ᠶᠢ ᠲᠣᠭᠲᠠᠭᠠᠨ᠂ ᠮᠡᠳᠡᠭᠡ ᠵᠠᠩᠭᠢ ᠶᠢ ᠢᠯᠡ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠲᠤᠰᠬᠠᠯ ᠴᠢᠩᠭ᠎ᠠ ᠪᠠᠶᠢᠭ᠎ᠠ ᠬᠢᠨᠠᠨ ᠬᠠᠷᠭᠤᠭᠤᠯᠬᠤ ᠳᠤ ᠤᠳᠠᠭᠠᠨ᠂ ᠦᠷ᠎ᠡ ᠪᠦᠲᠦᠮᠵᠢ ᠪᠠᠷ ᠳᠣᠤᠷ᠎ᠠ᠂ ᠵᠢᠷᠤᠮᠵᠢᠯ | ᠥᠬᠡᠶ ᠵᠡᠷᠭᠡ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠨ᠎ᠡ᠃ | ︵ᠬᠤᠶᠠᠷ︶ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠶᠢ ᠴᠢᠩᠭᠠᠳᠬᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ | ᠶᠠᠳᠠᠭᠤ ᠡᠴᠠᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠲᠤᠳᠬᠠᠨ ᠥᠷᠭᠡᠳᠬᠡᠨ᠎ᠡ᠃ ᠰᠢᠯᠵᠢᠯᠲᠡ ᠶᠢᠨ | ᠬᠤᠭᠤᠴᠠᠭᠠᠨ ᠤ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠰᠢᠯᠢᠳᠡᠭᠵᠢᠭᠦᠯᠵᠦ᠂ ᠶᠠᠳᠠᠭᠤ ᠠᠴᠠ ᠰᠡᠷᠭᠡᠶᠢᠯᠡᠬᠦ ᠶᠢ | ᠬᠥᠳᠡᠯᠦᠩᠭᠦᠶ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ︽ | ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠵᠢᠴᠢ ᠬᠥᠮᠦᠨ ᠤ ᠤᠤᠭᠤᠬᠤ ᠤᠰᠤᠨ ᠤ ᠠᠮᠤᠷ | ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠶᠢ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠶ ᠲᠠᠬᠢᠨ ᠶᠠᠳᠠᠭᠤᠷᠠᠬᠤ | ᠪᠠᠶᠢᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ᠂ | ᠶᠠᠳᠠᠭᠤ ᠶᠢ ᠲᠡᠳᠬᠦᠬᠦ ᠠᠵᠤ ᠦᠢᠯᠡᠰ ᠤᠨ 15 ᠬᠦᠷᠢᠶᠡᠯᠡᠩ ᠲᠣᠭᠤᠷᠢᠭ᠂ ᠬᠡᠪᠴᠢᠶᠡᠲᠦ ᠲᠡᠵᠢᠭᠡᠨ ᠦᠷᠡᠵᠢᠭᠦᠯᠬᠦ | ᠲᠠᠯᠠᠪᠠᠢ ᠶᠢ 3 ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠭᠦ᠋ ᠱᠠᠨ ᠽᠢ᠂ ᠭᠦᠩ ᠵᠦ ᠯᠢᠩ ᠵᠡᠷᠭᠡ 7 ᠶᠠᠳᠠᠭᠤ ᠶᠢ | ᠲᠡᠳᠬᠦᠬᠦ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠬᠡᠷᠡᠭᠵᠢᠭᠦᠯᠵᠦ᠂ | ᠠᠵᠤ ᠦᠢᠯᠡᠰ ᠢᠶᠠᠷ ᠳᠠᠶᠢᠴᠢᠯᠠᠬᠤ ᠪᠠ ᠠᠵᠢᠯ ᠣᠯᠭᠤᠯᠲᠠ ᠪᠠᠷ ᠲᠤᠯᠭᠠᠭᠤᠷᠢᠯᠠᠬᠤ ᠶᠢ ᠲᠠᠰᠤᠷᠠᠯᠳᠠ ᠦᠭᠡᠢ | ᠴᠢᠩᠭᠠᠳᠬᠠᠨ᠎ᠠ᠃ ᠡᠳ᠋ ᠬᠥᠷᠥᠩᠭᠡ ᠶᠢᠨ ᠠᠰᠢᠭ ᠣᠯᠵᠠᠪᠤᠷᠢ ᠬᠥᠷᠥᠩᠭᠡ ᠮᠥᠩᠭᠦ ᠶᠢ ᠳᠠᠬᠢᠨ ᠬᠡᠷᠡᠭᠯᠡᠬᠦ | ᠲᠥᠯᠥᠪᠯᠡᠭᠡ ᠶᠢ ᠭᠦᠨᠵᠡᠭᠡᠶ ᠰᠦᠪᠡᠭᠴᠢᠯᠡᠵᠦ᠂ ᠪᠠᠯᠠ ᠮᠥᠩᠭᠦ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ | ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠵᠢᠱᠢᠶ᠎ᠡ ᠶᠢ ᠪᠠᠶᠢᠭᠤᠯᠤᠨ᠎ᠠ᠃ ᠶᠢᠨ ᠾᠧ ᠭᠤᠣᠯ ᠤᠨ | ᠳᠡᠭᠡᠳᠦ ᠤᠷᠤᠰᠬᠠᠯ ᠤᠨ ︽1+2+4+N︾ ᠬᠥᠭᠵᠢᠯᠲᠡ ᠶᠢᠨ ᠪᠠᠶᠢᠷᠢᠰᠢᠯ ᠤᠨ ᠲᠣᠭᠤᠷᠢᠨ ᠳᠤ᠂ ᠭᠤᠣᠯ | ᠬᠤᠲᠠ ᠲᠣᠭᠤᠷᠢᠭ ᠤᠨ ᠬᠤᠲᠠ ᠶᠢᠨ ᠵᠠᠰᠠᠭ ᠤᠨ ᠣᠷᠳᠣᠨ ᠤ ᠤᠰᠤ ᠬᠠᠩᠭᠠᠬᠤ᠂ ᠠᠮᠢ ᠠᠬᠤᠶ ᠶᠢᠨ ᠤᠰᠤ | ᠨᠥᠬᠦᠪᠥᠷᠢᠯᠡᠬᠦ ᠴᠢᠬᠤᠯᠠ ᠤᠰᠤᠨ ᠰᠤᠷᠪᠤᠯᠵᠢ ᠶᠢᠨ ᠣᠷᠣᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠳᠤ | ᠰᠠᠭᠤᠷᠢᠯᠠᠨ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦᠨ ᠤ ᠰᠢᠰᠲ᠋ᠧᠮ ᠤᠨ | ᠵᠠᠰᠠᠯᠲᠠ ᠶᠢ ᠨᠢᠭᠡᠳᠦᠯᠲᠡᠶ ᠲᠥᠯᠥᠪᠯᠡᠵᠦ᠂ ᠠᠮᠢ ᠠᠬᠤᠶ ᠶᠢᠨ ᠡᠬᠢ ᠪᠠᠶᠠᠯᠢᠭ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠲᠥᠷᠥᠯ ᠵᠦᠢᠯ ᠤᠨ ᠳᠠᠭᠠᠭᠠᠴᠢᠯᠠᠯᠲᠠ ᠶᠢ | ᠭᠦᠨᠵᠡᠭᠡᠶ ᠤᠬᠠᠭᠠᠯᠠᠨ ᠲᠥᠯᠥᠪᠯᠡᠵᠦ᠂ ᠣᠯᠠᠨ ᠠᠷᠭ᠎ᠠ ᠵᠠᠮ ᠢᠶᠠᠷ ᠪᠠᠯᠠ ᠮᠥᠩᠭᠦ ᠴᠤᠭᠯᠠᠭᠤᠯᠤᠨ᠂ ᠨᠠᠮ ᠤᠨ | ᠪᠠᠶᠢᠭᠤᠯᠤᠯᠲᠠ ᠶᠢᠨ ᠬᠥᠲᠥᠯᠦᠨ ᠳᠠᠭᠠᠭᠤᠯᠬᠤ ᠬᠠᠮᠲᠤᠷᠠᠯᠴᠠᠭᠠᠨ ᠤ ᠰᠢᠰᠲ᠋ᠧᠮᠵᠢ ᠶᠢᠨ ᠪᠠᠶᠢᠭᠤᠯᠤᠯᠲᠠ᠂ ᠭᠤᠤᠯ ᠤᠨ | ᠵᠠᠮ ᠤᠨ ᠠᠮᠢ ᠠᠬᠤᠶ ᠶᠢᠨ ᠵᠠᠰᠠᠯᠲᠠ᠂ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠥᠭᠡᠷᠡᠴᠢᠯᠡᠯᠲᠡ᠂ | ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠵᠡᠷᠭᠡ 16 ᠵᠦᠢᠯ ᠤᠨ ᠢᠨᠵᠧᠨᠧᠷᠢᠩ ᠢ | ᠬᠡᠷᠡᠭᠵᠢᠭᠦᠯᠵᠦ᠂ 60 ᠲᠥᠷᠥᠯ ᠵᠦᠢᠯ ᠢ ᠡᠬᠢᠯᠡᠭᠦᠯᠦᠨ᠂ ᠶᠢᠨ ᠾᠧ ᠭᠤᠤᠯ ᠤᠨ ᠰᠠᠪᠠ ᠭᠠᠵᠠᠷ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠪᠣᠬᠢᠷᠲᠤᠯ ᠥᠬᠡᠶ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ | ᠴᠢᠷᠮᠠᠶᠢᠨ ᠡᠭᠦᠳᠦᠨ ᠪᠠᠶᠢᠭᠤᠯᠤᠨ᠎ᠠ᠃ | ᠴᠡᠭ ᠢᠶᠠᠷ ᠨᠡᠶᠢᠳᠡᠮ ᠢ ᠠᠬᠢᠭᠤᠯᠵᠤ ᠬᠥᠭᠵᠢᠯᠲᠡ ᠶᠢ ᠳᠠᠶᠢᠴᠢᠯᠠᠨ᠎ᠠ᠃ ᠠᠵᠤ ᠦᠢᠯᠡᠰ ᠤᠨ ᠬᠥᠭᠵᠢᠯᠲᠡ ᠪᠠᠷ | ᠭᠤᠣᠯ ᠱᠤᠭᠤᠮ ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ | ᠰᠢᠪᠲᠤᠯᠤᠯᠲᠠ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠲᠤᠯᠭᠠᠭᠤᠷᠢᠯᠠᠯ ᠪᠣᠯᠭᠠᠵᠤ᠂ 13 | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠭᠤᠤᠯᠳᠠᠯᠭ᠎ᠠ ᠲᠠᠢ | ᠪᠠᠶᠢᠭᠤᠯᠵᠤ᠂ 24 ᠵᠢᠱᠢᠶ᠎ᠡ ᠦᠵᠡᠭᠦᠯᠬᠦ ᠲᠦᠷᠦᠯ ᠵᠦᠢᠯ ᠢ ᠬᠥᠭᠵᠢᠭᠦᠯᠦᠨ᠎ᠡ᠃ 100 ᠠᠶᠢᠯ ᠲᠣᠰᠬᠤᠨ ᠤ | ᠨᠣᠭᠤᠭᠠᠷᠠᠭᠤᠯᠤᠯᠲᠠ ᠶᠢ ᠬᠡᠷᠡᠭᠵᠢᠭᠦᠯᠵᠦ᠂ 23 ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠵᠤ᠂ ᠵᠢᠱᠢᠶ᠎ᠡ ᠦᠵᠡᠭᠦᠯᠬᠦ ᠦᠢᠯᠡᠳᠦᠯ ᠢ | ᠪᠠᠳᠠᠷᠠᠭᠤᠯᠤᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠪᠥᠲᠥᠭᠡᠨ ᠪᠠᠶᠢᠭᠤᠯᠤᠨ᠎ᠠ᠃ | ︵ᠭᠤᠷᠪᠠ︶ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ | ᠲᠠᠷᠢᠶᠠᠯᠠᠩ ᠤᠨ ᠥᠨᠳᠥᠷ ᠪᠦᠲᠦᠮᠵᠢᠲᠡᠶ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠪᠡᠯᠡᠳᠭᠡᠮᠵᠢᠳᠤ | ᠲᠠᠷᠢᠶᠠᠯᠠᠩ ᠢ 2 ᠲᠦᠮᠡᠨ ᠮᠤ᠋᠂ ᠠᠵᠤ ᠠᠬᠤᠶ ᠶᠢᠨ ᠤᠢ ᠶᠢ 3 ᠲᠦᠮᠡᠨ ᠮᠤ᠋ ᠰᠢᠨ᠎ᠡ ᠪᠠᠷ ᠬᠥᠭᠵᠢᠭᠦᠯᠵᠦ᠂ ᠠᠯᠠᠰᠢᠨ | ᠦᠬᠡᠷ ᠤᠨ ᠲᠤᠭ᠎ᠠ ᠶᠢ 5 ᠲᠦᠮᠡᠨ ᠲᠣᠯᠣᠭᠠᠶ ᠨᠡᠮᠡᠭᠳᠡᠭᠦᠯᠵᠦ᠂ ᠠᠮᠤ ᠪᠤᠳᠠᠭᠠᠨ ᠤ ᠤᠨᠠᠯᠲᠠ ᠶᠢ 16 ᠳ᠋ᠦᠩᠰᠢᠭᠤᠷ | ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠤᠨ᠎ᠠ᠃ ᠵᠢᠤᠢ ᠹᠧᠩ ᠠᠷᠠᠯᠵᠢᠶ᠎ᠠ ᠬᠤᠳᠠᠯᠳᠤᠭ᠎ᠠ᠂ ᠭᠦᠸᠧ | ᠮᠢᠨ ᠢᠳᠡᠭᠡᠨ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠳᠡᠮᠵᠢᠵᠦ᠂ ᠬᠤᠲᠠ ᠶᠢᠨ ᠲᠠᠰ ᠤᠨ 2 ᠬᠥᠲᠥᠴᠢ ᠠᠵᠤ ᠠᠬᠤᠶᠢᠯᠠᠯ ᠢ ᠪᠤᠶᠢᠵᠢᠭᠤᠯᠤᠨ | ᠣᠷᠣᠭᠤᠯᠵᠤ ᠠᠪᠴᠢᠷᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠢ ᠲᠤᠬᠠᠶ ᠶᠢᠨ ᠭᠠᠵᠠᠷ ᠲᠤᠨᠢ ᠪᠣᠯᠪᠠᠰᠤᠷᠠᠭᠤᠯᠤᠨ | ᠬᠤᠪᠢᠷᠠᠭᠤᠯᠬᠤ ᠨᠤᠷᠮ᠎ᠠ ᠶᠢ ᠳᠡᠭᠡᠭᠰᠢᠯᠡᠭᠦᠯᠵᠦ᠂ ︽ᠰᠠᠭᠤᠷᠢᠨ ᠭᠠᠵᠠᠷ + ᠨᠡᠶᠢᠭᠡᠮ ᠲᠣᠭᠤᠷᠢᠭ︾ ᠤᠨ ᠰᠢᠭᠤᠳ | ᠬᠠᠩᠭᠠᠬᠤ ᠲᠤᠷᠰᠢᠯᠲᠠ ᠶᠢᠨ ᠢᠨᠵᠧᠨᠧᠷᠢᠩ ᠢ ᠥᠷᠨᠢᠭᠦᠯᠦᠨ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠶᠢᠨ | ᠭᠡᠷᠡᠴᠢᠯᠡᠯ ᠢ 10 ᠰᠢᠨ᠎ᠡ ᠪᠠᠷ ᠨᠡᠮᠡᠭᠳᠡᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ | ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠭᠠᠴᠠᠭᠠᠨ ᠤ ᠨᠠᠮ ᠤᠨ | ᠡᠭᠦᠷ ᠤᠨ ᠬᠤᠷᠰᠢᠶ᠎ᠠ ᠶᠢ ᠳᠠᠭᠠᠭᠤᠯᠤᠨ ᠡᠷᠬᠢᠯᠡᠬᠦ᠂ ᠬᠤᠷᠰᠢᠭᠰᠠᠨ ᠡᠵᠡᠩᠨᠡᠯᠲᠡ ᠶᠢ ᠬᠥᠭᠵᠢᠭᠦᠯᠬᠦ᠂ ᠠᠰᠢᠭ | ᠲᠤᠰᠠ ᠶᠢᠨ ᠬᠤᠯᠪᠣᠭ᠎ᠠ ᠶᠢ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ ᠦᠢᠯᠡᠳᠪᠦᠷᠢᠯᠡᠯ᠂ ᠬᠠᠩᠭᠠᠨ ᠪᠣᠷᠣᠯᠠᠭᠤᠯᠭ᠎ᠠ᠂ | ᠢᠲᠡᠭᠡᠮᠵᠢ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠲᠤᠷᠰᠢᠯᠲᠠ ᠶᠢᠨ | ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ | ᠪᠥᠬᠦ ᠬᠦᠴᠦᠨ ᠢᠶᠠᠷ ᠢᠶᠠᠨ ᠠᠵᠤ ᠦᠢᠯᠡᠳᠪᠦᠷᠢ ᠶᠢᠨ ᠶᠡᠷᠦᠩᠬᠡᠶ ᠬᠡᠮᠵᠢᠶ᠎ᠡ ᠶᠢ ᠶᠡᠭᠡ ᠪᠤᠯᠭᠠᠨ᠎ᠠ᠃ ᠬᠦᠷᠢᠶᠡᠯᠡᠩ | ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠥᠯᠬᠢᠨ | ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤ ᠲᠠᠲᠠᠵᠤ ᠬᠠᠩᠭᠠᠬᠤ᠂ ᠲᠡᠮᠥᠷ | ᠵᠠᠮ ᠤᠨ ᠲᠤᠰᠬᠠᠶ ᠬᠡᠷᠡᠭᠯᠡᠭᠡᠨ ᠤ ᠱᠤᠭᠤᠮ᠂ ᠰᠢᠲᠠᠮᠠᠬᠠᠶ ᠬᠡᠢ ᠶᠢᠨ ᠬᠤᠭᠤᠯᠠᠶ ᠵᠡᠷᠭᠡ ᠪᠠᠷᠢᠯᠭ᠎ᠠ ᠶᠢᠨ ᠪᠥᠳᠥᠭᠡᠨ | ᠪᠠᠶᠢᠭᠤᠯᠤᠯᠲᠠ ᠶᠢ ᠲᠦᠷᠭᠡᠳᠬᠡᠨ᠂ ᠰᠢᠨ ᠺᠧ ᠬᠦᠷᠢᠶᠡᠯᠡᠩ ᠲᠣᠭᠤᠷᠢᠭ ᠤᠨ ᠲᠢᠶᠠᠨ ᠢ ᠵᠠᠮ᠂ ᠲᠢᠶᠠᠨ ᠢ | ᠬᠦᠭᠦᠷᠭᠡ ᠪᠣᠯᠤᠨ ᠲᠣᠭᠠᠨ ᠤ ᠰᠢᠨ᠎ᠡ ᠶᠢ ᠡᠭᠦᠳᠬᠦ ᠠᠵᠤ ᠦᠢᠯᠡᠰ ᠤᠨ ᠠᠰᠠᠷ ᠤᠨ ᠲᠥᠷᠥᠯ ᠵᠦᠢᠯ ᠢ | ᠡᠬᠢᠯᠡᠭᠦᠯᠵᠦ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠵᠧᠩ ᠸᠧᠶ ᠵᠡᠰ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠰᠢᠨ ᠹᠧᠩ ᠸᠧᠶ ᠲᠣᠭᠠᠴᠢᠯᠠᠭᠰᠠᠨ ᠡᠵᠡᠩᠨᠡᠯᠲᠡ᠂ ᠰᠢᠨ | ᠮᠠᠶ ᠡᠯ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠵᠡᠷᠭᠡ ᠲᠥᠷᠥᠯ ᠵᠦᠢᠯ ᠢ ᠲᠦᠷᠭᠡᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠲᠣᠤᠷ ᠤᠨ | ᠬᠠᠵᠠᠭᠤ ᠶᠢᠨ ᠡᠨᠧᠷᠭᠢ ᠬᠠᠳᠠᠭᠠᠯᠠᠬᠤ᠂ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠤᠨ ᠲᠥᠷᠥᠯ | ᠵᠦᠢᠯ ᠤᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠪᠣᠯᠣᠳ | ᠲᠡᠮᠦᠷ ᠤᠨ ᠺᠣᠮᠫᠠᠨᠢ ᠶᠢᠨ ᠶᠢᠨ ᠰᠢᠨ᠂ ᠤᠯᠠᠭᠠᠨᠬᠠᠳᠠ ᠶᠢᠨ ᠰᠧᠨ ᠬᠤᠩ ᠵᠡᠷᠭᠡ ᠠᠭᠤᠷᠬᠠᠶ ᠶᠢᠨ ᠠᠵᠤ ᠠᠬᠤᠶᠢᠯᠠᠯ ᠢ | ᠠᠮᠢᠳᠤᠯᠢᠭᠵᠢᠭᠤᠯᠤᠨ᠂ ᠳᠤᠮᠳᠠ ᠵᠢᠵᠢᠭ ᠠᠭᠤᠷᠬᠠᠶ ᠶᠢᠨ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ | ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ᠂ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠵᠥᠩ ᠭᠤᠸᠠᠨ ᠼᠦᠨ ᠤ ᠮᠡᠳᠡᠭᠡ | ᠵᠠᠩᠭᠢ ᠶᠢᠨ ᠬᠥᠨᠳᠡᠶ ᠳᠤ ᠲᠦᠰᠢᠭᠯᠡᠨ᠂ ᠴᠢᠨᠠᠷ ᠰᠠᠶᠢᠲᠠᠶ ᠮᠡᠳᠡᠭᠡ ᠵᠠᠩᠭᠢ ᠶᠢᠨ ᠲᠥᠷᠥᠯ ᠤᠨ ᠠᠵᠤ ᠠᠬᠤᠶᠢᠯᠠᠯ ᠢ | 20 ᠠᠴᠠ ᠳᠡᠭᠡᠭᠰᠢ ᠣᠷᠣᠭᠤᠯᠤᠨ ᠠᠪᠴᠢᠷᠠᠵᠤ᠂ ᠠᠵᠤ ᠦᠢᠯᠡᠳᠪᠦᠷᠢ ᠶᠢᠨ ᠬᠡᠪᠴᠢᠶ᠎ᠡ ᠪᠠ ᠶᠠᠰᠤ ᠴᠢᠨᠠᠷ ᠢ | ᠳᠡᠭᠡᠭᠰᠢᠯᠡᠭᠦᠯᠦᠨ᠂ ᠠᠵᠤ ᠦᠢᠯᠡᠳᠪᠦᠷᠢ ᠠᠵᠤ ᠠᠬᠤᠶ ᠶᠢᠨ ᠰᠥᠷᠭᠡᠤ ᠪᠠᠶᠢᠳᠠᠯ ᠠᠴᠠ ᠳᠠᠪᠠᠵᠤ ᠭᠠᠷᠬᠤ ᠰᠢᠨ᠎ᠡ | ᠪᠠᠶᠢᠳᠠᠯ ᠢ ᠡᠭᠦᠳᠦᠨ᠎ᠡ᠃ | ᠭᠤᠷᠪᠠᠳᠤᠭᠠᠷ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠲᠦᠷᠭᠡᠳᠬᠡᠨ᠎ᠡ᠃ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠬᠤᠲᠠ ᠶᠢᠨ ᠢᠯᠴᠢ ᠰᠣᠯᠢᠯᠴᠠᠬᠤ | ᠥᠷᠲᠡᠭᠡ᠂ ᠤᠰᠤ ᠲᠠᠲᠠᠷᠠᠭᠤᠯᠬᠤ ᠬᠥᠭᠡᠷᠭᠡ ᠶᠢᠨ ᠥᠷᠲᠡᠭᠡ ᠵᠡᠷᠭᠡ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ | ᠣᠷᠣᠨ ᠪᠦᠰᠡ ᠶᠢᠨ ᠴᠢᠨᠠᠷᠲᠠᠶ ᠦᠬᠡᠷ ᠬᠤᠨᠢ ᠪᠠ ᠠᠮᠢᠳᠤ ᠭᠠᠭ᠋ᠠᠶ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠣᠶ | ᠪᠣᠯᠭᠠᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠳᠠᠬᠢᠨ ᠡᠭᠦᠰᠬᠦ ᠡᠬᠢ ᠪᠠᠶᠠᠯᠢᠭ ᠤᠨ ᠲᠤᠰᠬᠠᠶ ᠵᠠᠬ᠎ᠠ | ᠳᠡᠯᠭᠡᠭᠦᠷ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠂ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ | ᠬᠦᠷᠭᠡᠬᠦ ᠠᠵᠤ ᠠᠬᠤᠶᠢᠯᠠᠯ ᠤᠨ ᠨᠢᠭᠡᠳᠦᠭᠡᠷ ᠳᠡᠰ ᠤᠨ ᠬᠥᠮᠥᠷᠭᠡ ᠶᠢ ᠰᠦᠩᠱᠠᠨ ᠳᠤ ᠣᠷᠣᠭᠤᠯᠬᠤ ᠪᠠᠷ ᠪᠥᠬᠦ | ᠬᠦᠴᠦᠨ ᠢᠶᠠᠷ ᠢᠶᠠᠨ ᠴᠢᠷᠮᠠᠶᠢᠵᠤ᠂ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ | ᠢᠳᠡᠪᠬᠢᠲᠡᠶ ᠬᠥᠭᠵᠢᠭᠦᠯᠦᠨ᠂ ᠬᠥᠯᠳᠡᠭᠡᠵᠦ ᠰᠢᠨ᠎ᠡ ᠰᠣᠷᠭᠤᠭ ᠪᠠᠶᠢᠯᠭᠠᠬᠤ᠂ ᠪᠦᠲᠦᠭᠡᠭᠳᠡᠬᠦᠨ ᠢ ᠰᠢᠭᠤᠳ ᠬᠠᠩᠭᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠲᠥᠷᠥᠯ ᠤᠨ ᠦᠢᠯᠡᠴᠢᠯᠡᠭᠡᠨ ᠤ ᠦᠢᠯᠡᠰ ᠢ | ᠲᠤᠰᠬᠠᠶᠢᠵᠢᠭᠤᠯᠬᠤ᠂ ᠳᠡᠭᠡᠳᠦ ᠦᠵᠦᠭᠦᠷᠵᠢᠭᠦᠯᠬᠦ ᠳᠠᠰᠢ ᠤᠷᠲᠤᠳᠬᠠᠬᠤ ᠶᠢ ᠠᠬᠢᠭᠤᠯᠤᠨ᠎ᠠ᠃ ︽ᠢᠳᠡᠰᠢᠨ | ᠨᠣᠭᠤᠭ᠎ᠠ ᠶᠢᠨ ᠰᠢᠭᠤᠳ ᠨᠡᠪᠲᠡᠷᠡᠬᠦ ᠲᠡᠷᠭᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ᠵᠠᠭᠪᠤᠷ ᠢ ᠬᠠᠶᠢᠨ | ᠰᠦᠪᠡᠭᠴᠢᠯᠡᠵᠦ᠂ ᠠᠮᠢᠳᠤᠷᠠᠯ ᠤᠨ ᠲᠥᠷᠥᠯ ᠤᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷᠵᠢᠬᠤ᠂ ᠣᠯᠠᠨ | ᠶᠠᠩᠵᠤᠵᠢᠬᠤ ᠳᠠᠰᠢ ᠲᠠᠰ ᠳᠡᠪᠰᠢᠬᠦ ᠶᠢ ᠠᠬᠢᠭᠤᠯᠤᠨ᠎ᠠ᠃ ᠰᠣᠶᠣᠯ ᠤᠨ ᠠᠭᠤᠯᠤᠭᠳᠠᠬᠤᠨ ᠢ ᠭᠦᠨ ᠠᠭᠤᠳᠠᠯᠵᠤ᠂ ︽ | ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ︾ ᠶᠢᠨ ᠵᠠᠭᠪᠤᠷ ᠢ | ᠬᠠᠶᠢᠨ ᠰᠦᠪᠡᠭᠴᠢᠯᠡᠵᠦ᠂ ᠮᠤᠵᠢ ᠶᠢᠨ ᠵᠠᠮ 219᠂ ᠤᠯᠤᠰ ᠤᠨ ᠵᠠᠮ ᠤᠨ 111 ᠬᠤᠶᠠᠷ ᠵᠤᠷᠪᠤᠰ | ᠵᠢᠭᠤᠯᠴᠢᠯᠠᠯ ᠤᠨ ᠠᠵᠤ ᠦᠢᠯᠡᠰ ᠤᠨ ᠪᠦᠰᠡ ᠶᠢ ᠪᠤᠢ ᠪᠣᠯᠭᠠᠨ᠎ᠠ᠃ ᠳ᠋ᠠ ᠰᠢᠩ ᠯᠦᠩ ᠤᠨ ᠲᠠᠷᠢᠶᠠᠨ ᠭᠠᠵᠠᠷ ᠤᠨ | ᠡᠷᠡᠨ ᠴᠠᠭ᠂ ᠤᠯᠠᠭᠠᠨᠰᠤᠬᠠᠢ ᠵᠡᠷᠭᠡ ᠵᠢᠭᠤᠯᠴᠢᠯᠠᠯ ᠤᠨ ᠲᠥᠷᠥᠯ ᠵᠦᠢᠯ ᠵᠢᠴᠢ ᠢᠵᠢ ᠪᠥᠷᠢᠳᠦᠭᠦᠯᠬᠦ | ᠦᠢᠯᠡᠴᠢᠯᠡᠭᠡᠨ ᠤ ᠪᠡᠯᠡᠳᠬᠡᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠵᠢᠭᠤᠯᠴᠢᠯᠠᠭᠴᠢᠳ ᠤᠨ ᠲᠥᠪᠯᠡᠷᠡᠭᠦᠯᠦᠨ | ᠲᠠᠷᠬᠠᠭᠠᠬᠤ ᠲᠥᠪ᠂ ᠴᠠᠢ ᠬᠤ᠋ ᠯᠠᠨ ᠽᠢ ᠦᠵᠡᠮᠵᠢ ᠶᠢᠨ ᠣᠷᠣᠨ᠂ ᠪᠠᠶᠠᠷ ᠬᠥᠷ ᠲᠠᠢ ᠰᠡᠯᠡᠭᠦᠴᠡᠯ ᠤᠨ | ᠠᠮᠠᠷᠠᠯᠲᠠ ᠶᠢᠨ ᠣᠷᠣᠨ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠵᠢᠭᠤᠯᠴᠢᠯᠠᠯ ᠤᠨ | ᠪᠦᠲᠦᠭᠡᠭᠳᠡᠬᠦᠨ ᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠢ | ᠪᠠᠷᠢᠮᠵᠢᠶᠠᠵᠢᠭᠤᠯᠬᠤ᠂ ᠨᠠᠷᠠᠲᠤ ᠲᠡᠮᠳᠡᠭᠵᠢᠭᠦᠯᠬᠦ᠂ ᠣᠨᠴᠠᠯᠢᠬᠵᠢᠭᠤᠯᠬᠤ ᠬᠥᠭᠵᠢᠯᠲᠡ ᠶᠢ ᠲᠦᠷᠭᠡᠳᠬᠡᠨ᠎ᠡ᠃ | ︵ᠳᠥᠷᠪᠡ︶ ᠬᠤᠲᠠ ᠬᠥᠳᠡᠭᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠶ ᠠᠵᠢᠯ ᠦᠢᠯᠡᠰ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠳᠠ ᠶᠢᠨ ᠲᠣᠭᠤᠷᠢᠭ ᠤᠨ ᠳᠠᠭᠠᠭᠠᠴᠠ ᠶᠢ ᠨᠡᠮᠡᠭᠳᠡᠭᠦᠯᠦᠨ᠎ᠡ᠃ ᠰᠢᠨ᠎ᠡ ᠶᠢ ᠡᠭᠦᠳᠬᠦ ᠪᠠᠷ ᠪᠦᠳᠦᠭᠡᠨ | ᠪᠠᠶᠢᠭᠤᠯᠤᠯᠲᠠ ᠶᠢ ᠠᠬᠢᠭᠤᠯᠬᠤ᠂ ᠰᠢᠨ᠎ᠡ ᠶᠢ ᠡᠭᠦᠳᠬᠦ ᠪᠠᠷ ᠬᠠᠮᠢᠶᠠᠷᠤᠯᠲᠠ ᠶᠢ ᠠᠬᠢᠭᠤᠯᠬᠤ᠂ ᠰᠢᠨ᠎ᠡ ᠶᠢ | ᠡᠭᠦᠳᠬᠦ ᠪᠠᠷ ᠬᠤᠪᠢᠷᠠᠭᠤᠯᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠪᠦᠬᠦ ᠤᠯᠤᠰ ᠤᠨ ᠪᠣᠯᠪᠠᠰᠤᠨ ᠬᠤᠳᠠ ᠶᠢ | ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠲᠦᠯᠬᠢᠨ ᠠᠬᠢᠭᠤᠯᠤᠨ᠎ᠠ᠃ ᠰᠦᠩ ᠬᠠᠶ ᠵᠡᠭᠡᠯᠢ᠂ ᠱᠧᠩ ᠠᠨ ᠵᠠᠮ | ᠵᠡᠷᠭᠡ 9 ᠵᠤᠷᠪᠤᠰ ᠵᠡᠭᠡᠯᠢ ᠵᠠᠮ ᠢ ᠰᠢᠨ᠎ᠡ ᠪᠠᠷ ᠪᠠᠶᠢᠭᠤᠯᠵᠤ᠂ ᠶᠠᠪᠠᠭᠠᠨ ᠬᠥᠮᠦᠨ ᠤ ᠵᠠᠮ ᠢ 14 ᠵᠤᠷᠪᠤᠰ᠂ | ᠪᠣᠷᠣᠭᠠᠨ ᠤ ᠤᠰᠤᠨ ᠤ ᠬᠤᠭᠤᠯᠠᠶ ᠶᠢᠨ ᠲᠣᠣᠷ ᠢ 17.2 ᠺᠢᠯᠣᠮᠧᠲᠷ ᠥᠭᠡᠷᠡᠴᠢᠯᠡᠵᠦ᠂ ᠪᠣᠷᠣᠭᠠᠨ ᠤ ᠤᠰᠤᠨ ᠤ | ᠬᠥᠭᠡᠷᠭᠡ ᠶᠢᠨ ᠦᠷᠳᠡᠭᠡ ᠶᠢ 3 ᠪᠠᠶᠢᠭᠤᠯᠵᠤ᠂ ᠬᠤᠳᠠ ᠶᠢᠨ ᠨᠣᠭᠤᠭᠠᠷᠠᠭᠤᠯᠤᠭᠰᠠᠨ ᠭᠠᠵᠠᠷ ᠢ 10.6 ᠲᠦᠮᠡᠨ | ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ᠃ 104 ᠬᠠᠭᠤᠴᠢᠷᠬᠠᠰᠠᠨ ᠵᠢᠵᠢᠭ ᠲᠣᠭᠤᠷᠢᠭ ᠢ 115 | ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠪᠠᠶᠢᠭᠤᠯᠵᠤ᠂ 62 ᠵᠢᠵᠢᠭ ᠲᠣᠭᠤᠷᠢᠭ ᠢ 604 ᠲᠦᠮᠡᠨ | ᠲᠡᠭᠰᠢ ᠳᠥᠷᠪᠡᠯᠵᠢᠨ ᠮᠧᠲᠷ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠯᠢ ᠱᠦᠶ ᠾᠧ ᠫᠠᠨ᠂ ᠶᠢᠨ ᠴᠢᠶᠣᠤ | ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ ᠳᠠᠬᠢᠨ ᠪᠠᠶᠢᠭᠤᠯᠵᠤ᠂ ᠪᠠ ᠵᠢᠶᠠ᠂ ᠱᠠᠨ ᠰᠢ | ᠶᠢᠩ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ ᠥᠭᠡᠷᠡᠴᠢᠯᠡᠨ᠎ᠡ᠃ ᠱᠤ᠋ ᠰᠢᠶᠠᠩ ᠴᠡᠴᠡᠷᠯᠢᠭ ᠪᠣᠯᠤᠨ ᠯᠢ | ᠱᠦᠶ ᠾᠧ ᠫᠠᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠵᠠᠰᠠᠭ ᠤᠨ ᠶᠠᠪᠤᠳᠠᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ 5 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠣᠭᠤᠯᠬᠤ ᠶᠢ ᠦᠨᠡᠨᠬᠦ | ᠪᠠᠲᠤᠯᠠᠵᠤ᠂ ᠰᠥᠩ ᠵᠧᠤ ᠵᠠᠮ ᠤᠨ ᠤᠮᠠᠷᠠᠰᠢ ᠨᠡᠪᠲᠡᠷᠡᠬᠦ ᠢᠨᠵᠧᠨᠧᠷᠢᠩ ᠢ 8 ᠳ᠋ᠤᠭᠠᠷ ᠰᠠᠷ᠎ᠠ ᠳᠤ ᠪᠠᠷᠢᠯᠭ᠎ᠠ | ᠳᠠᠭᠤᠰᠴᠤ ᠲᠡᠷᠭᠡ ᠨᠡᠪᠲᠡᠷᠡᠭᠦᠯᠵᠦ᠂ ᠰᠥᠩ ᠵᠧᠤ ᠴᠡᠴᠡᠷᠯᠢᠭ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠤᠨ᠎ᠠ᠃ | ᠨᠠᠷᠢᠯᠢᠭ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠨᠢᠭᠡ ᠭᠡᠰᠢᠭᠦᠨᠣᠯᠠᠨ | ᠬᠡᠷᠡᠭᠴᠡᠭᠡᠲᠦ︾ ᠲᠣᠤᠷᠵᠢᠭᠤᠯᠤᠭᠰᠠᠨ ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠦᠯᠲᠡ ᠶᠢ ᠳᠣᠷᠣᠭᠰᠢ ᠪᠠᠭᠤᠯᠭᠠᠬᠤ ᠡᠩᠨᠡᠭᠡ ᠶᠢᠨ ᠰᠢᠯᠭᠠᠨ ᠬᠢᠨᠠᠬᠤ ᠶᠢ ᠴᠢᠩᠭᠠᠳᠬᠠᠨ᠂ ᠠᠳᠠᠯ | ᠠᠬᠤᠶ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠶᠢ | ᠴᠢᠩᠭᠠᠳᠬᠠᠵᠤ᠂ ᠬᠤᠭ ᠨᠣᠪᠰᠢ ᠶᠢ ᠲᠦᠷᠦᠯ ᠬᠤᠪᠢᠶᠠᠬᠤ ᠶᠢ ᠲᠦᠯᠬᠢᠨ ᠠᠬᠢᠭᠤᠯᠵᠤ᠂ ᠳᠡᠯᠭᠡᠭᠦᠷ ᠤᠨ ᠭᠠᠳᠠᠨ᠎ᠠ | ᠡᠵᠡᠩᠨᠡᠬᠦ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ︽ᠬᠤᠳᠠ ᠶᠢᠨ ᠵᠢᠷᠭᠤᠭᠠᠨ ᠳᠤᠷ᠎ᠠ ᠪᠠᠷ ᠢᠶᠠᠨ ᠰᠠᠮᠠᠭᠤᠷᠠᠬᠤ︾ ᠶᠢ | ᠦᠷᠭᠦᠯᠵᠢᠯᠡᠨ ᠴᠡᠭᠴᠡᠯᠡᠨ ᠵᠠᠰᠠᠵᠤ᠂ ᠬᠤᠳᠠ ᠶᠢᠨ ᠠᠷᠬᠠᠭ ᠭᠡᠮ ᠢ ᠪᠦᠲᠦᠮᠵᠢᠲᠡᠶ ᠪᠠᠷ ᠵᠠᠰᠠᠨ᠎ᠠ᠃ ︽ᠰᠦᠩᠱᠠᠨ | ᠰᠢᠶᠤᠤ ᡁᠢ︾ ᠢ ᠳᠡᠯᠭᠡᠷᠡᠭᠦᠯᠵᠦ᠂ ᠮᠠᠰᠢᠨ ᠲᠡᠷᠭᠡ ᠶᠢ ᠣᠶᠤᠨᠴᠢ ᠪᠠᠷ ᠵᠣᠭᠰᠣᠭᠠᠬᠤ ᠶᠢ ᠲᠦᠯᠬᠢᠨ ᠠᠬᠢᠭᠤᠯᠤᠨ᠎ᠠ᠃ | ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠪᠠᠭᠲᠠᠭᠠᠮᠵᠢ ᠠᠴᠠ ᠬᠡᠲᠦᠷᠡᠭᠦᠯᠦᠨ ᠪᠥᠲᠥᠭᠡᠨ ᠪᠠᠶᠢᠭᠤᠯᠬᠤ᠂ ᠦᠨᠡᠮᠯᠡᠯ ᠠᠪᠬᠤ ᠳᠤ ᠬᠦᠴᠢᠷᠲᠡᠶ | ᠪᠠᠶᠢᠬᠤ ᠵᠡᠷᠭᠡ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠡᠮᠬᠢ ᠵᠢᠷᠤᠮ ᠲᠠᠢ ᠰᠢᠢᠳᠪᠦᠷᠢᠯᠡᠨ᠎ᠡ᠃ | ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ 17 ᠲᠦᠮᠡᠨ ᠮᠥ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠬᠡᠷᠡᠭᠵᠢᠭᠦᠯᠵᠦ᠂ ᠵᠣᠣ ᠰᠤ᠋ ᠾᠧ ᠭᠤᠤᠯ ᠢ ᠵᠠᠰᠠᠬᠤ ᠬᠤᠶᠠᠳᠤᠭᠠᠷ ᠬᠤᠭᠤᠴᠠᠭ᠎ᠠ᠂ | ᠱᠢ ᠽᠢ ᠭᠸᠤ ᠦᠶᠡᠷ ᠢ ᠰᠡᠷᠭᠡᠶᠢᠯᠡᠬᠦ ᠢᠨᠵᠧᠨᠧᠷᠢᠩ ᠢ ᠡᠬᠢᠯᠡᠭᠦᠯᠵᠦ᠂ 7 ᠬᠤᠭ ᠨᠣᠪᠰᠢ ᠪᠤᠯᠠᠬᠤ ᠲᠠᠯᠠᠪᠠᠶ᠂ 40 | ᠲᠠᠷᠠᠬᠠᠶ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ᠂ 23 ᠬᠥᠳᠡᠭᠡ ᠲᠣᠰᠬᠤᠨ ᠤ ᠤᠰᠤ ᠬᠠᠩᠭᠠᠬᠤ | ᠪᠠᠲᠤᠯᠠᠭ᠎ᠠ ᠶᠢᠨ ᠢᠨᠵᠧᠨᠧᠷᠢᠩ ᠢ ᠪᠥᠲᠥᠭᠡᠨ ᠪᠠᠶᠢᠭᠤᠯᠵᠤ᠂ 1500 ᠡᠷᠦᠬᠡ ᠶᠢᠨ ᠠᠷᠢᠭᠤᠨ ᠴᠡᠪᠡᠷ ᠵᠣᠷᠯᠣᠩ ᠢ | ᠥᠭᠡᠷᠡᠴᠢᠯᠡᠨ ᠵᠠᠰᠠᠨ᠎ᠠ᠃ ᠤᠶᠤᠨᠲᠤ ᠵᠠᠮ ᠬᠠᠷᠢᠯᠴᠠᠭᠠᠨ ᠤ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠵᠤ᠂ | ᠬᠥᠳᠡᠭᠡ ᠲᠣᠰᠬᠤᠨ ᠤ ᠨᠡᠶᠢᠲᠡ ᠶᠢᠨ ᠵᠠᠮ ᠬᠠᠷᠢᠯᠴᠠᠭᠠᠨ ᠤ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ | ᠬᠥᠳᠡᠭᠡ ᠲᠣᠰᠬᠤᠨ ᠤ ᠵᠠᠮ ᠢ 20 ᠺᠢᠯᠣᠮᠧᠲᠷ ᠰᠢᠨ᠎ᠡ ᠪᠠᠷ ᠪᠠᠶᠢᠭᠤᠯᠤᠨ᠎ᠠ᠃ 177 ᠺᠢᠯᠣᠮᠧᠲᠷ ᠤᠨ ᠥᠨᠳᠥᠷ | ᠳᠣᠣᠷ᠎ᠠ ᠬᠦᠴᠦᠳᠡᠯᠲᠦ ᠴᠠᠬᠢᠯᠭᠠᠨ ᠱᠤᠭᠤᠮ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 66 ᠺᠢᠯᠣᠸᠠᠲ ᠤᠨ | ᠬᠦᠴᠦᠳᠡᠯ ᠥᠭᠡᠷᠡᠴᠢᠯᠡᠬᠦ ᠤᠢᠷᠳᠡᠭᠡ ᠶᠢ 3 ᠥᠭᠡᠷᠡᠴᠢᠯᠡᠨ᠎ᠡ᠃ | ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ᠂ | ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠵᠠᠰᠠᠨ᠎ᠠ᠃ ᠡᠰᠢ ᠰᠦᠷᠡᠯ ᠤᠨ ᠬᠤᠭ ᠨᠣᠪᠰᠢ ᠶᠢ ᠰᠢᠲᠠᠭᠠᠬᠤ ᠶᠢ ᠴᠠᠭᠠᠵᠠᠯᠠᠬᠤ᠂ | ᠲᠣᠭᠤᠰᠣ ᠶᠢ ᠰᠡᠷᠭᠡᠶᠢᠯᠡᠨ ᠲᠣᠭᠤᠰᠣ ᠶᠢ ᠬᠤᠷᠢᠭᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ ᠵᠢᠯ ᠤᠨ | ᠰᠢᠯᠢᠳᠡᠭ ᠰᠠᠶᠢᠨ ᠠᠭᠠᠷ ᠤᠨ ᠴᠢᠨᠠᠷ ᠴᠢᠨᠰᠠᠭ᠎ᠠ ᠶᠢ 90% ᠠᠴᠠ ᠳᠡᠭᠡᠭᠰᠢ ᠳᠤ ᠪᠠᠶᠢᠯᠭᠠᠬᠤ ᠶᠢ ᠪᠠᠲᠤᠯᠠᠨ᠎ᠠ᠃ | ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠰᠢᠶᠠᠨ ᠤ | ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠢᠶᠠᠩ ᠪᠠᠯᠭᠠᠰᠤᠨ ᠤ ᠪᠣᠷᠣᠭᠠᠨ ᠪᠠ | ᠪᠣᠬᠢᠷᠲᠤᠯ ᠢ ᠰᠠᠯᠭᠠᠨ ᠲᠣᠬᠢᠷᠠᠭᠤᠯᠬᠤ ᠥᠭᠡᠷᠡᠴᠢᠯᠡᠯᠲᠡ ᠶᠢ ᠲᠦᠷᠭᠡᠳᠬᠡᠨ᠂ ᠰᠢᠶᠠᠩ ᠪᠠᠯᠭᠠᠰᠤᠨ ᠤ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠡᠵᠡᠩᠨᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ | ᠣᠷᠣᠨ ᠪᠦᠰᠡ ᠶᠢᠨ ᠤᠰᠤᠨ ᠤ ᠴᠢᠨᠠᠷ ᠢ ᠲᠣᠭᠲᠠᠪᠤᠷᠢᠲᠠᠶ ᠪᠠᠷ ᠪᠠᠷᠢᠮᠵᠢᠶ᠎ᠠ ᠳᠤ ᠪᠠᠲᠤᠯᠠᠨ᠎ᠠ᠃ 5000 ᠮᠥ | ᠤᠨᠠᠯᠲᠠ ᠪᠠᠭᠠᠲᠠᠶ ᠦᠷ᠎ᠡ ᠠᠰᠢᠭ ᠪᠠᠭᠠᠲᠠᠶ ᠣᠶ ᠰᠢᠭᠤᠶ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ 1.5 ᠲᠦᠮᠡᠨ | ᠮᠥ ᠣᠶ ᠰᠢᠭᠤᠶ ᠶᠢ ᠠᠷᠠᠴᠢᠯᠠᠨ ᠪᠤᠶᠢᠵᠢᠭᠤᠯᠵᠤ᠂ 6000 ᠮᠥ ᠰᠢᠨ᠎ᠡ ᠪᠠᠷ ᠣᠶᠢᠵᠢᠭᠤᠯᠤᠯᠲᠠ ᠶᠢᠨ ᠲᠠᠯᠠᠪᠠᠶ ᠶᠢ | ᠨᠡᠮᠡᠭᠳᠡᠭᠦᠯᠦᠨ᠎ᠡ᠃ ᠭᠤᠤᠯ ᠮᠥᠷᠡᠨ ᠤ ᠳᠠᠷᠤᠭ᠎ᠠ ᠶᠢᠨ ᠲᠦᠷᠢᠮ᠂ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠭᠤᠯᠠ ᠶᠢ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠬᠦᠴᠦᠨ | ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠲᠠᠪᠤ︶ ᠬᠤᠷᠢᠭ᠎ᠠ ᠱᠤᠭᠤᠮ ᠤᠨ ᠡᠭᠦᠷᠭᠡ ᠶᠢ ᠪᠠᠲᠤ ᠰᠠᠬᠢᠵᠤ᠂ ᠪᠥᠬᠦ ᠲᠠᠯ᠎ᠠ ᠪᠠᠷ ᠬᠥᠭᠵᠢᠭᠦᠯᠬᠦ ᠶᠢ | ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ | ᠬᠢᠨ᠎ᠡ᠃ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ | ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠥᠮᠦᠨ ᠡᠳ᠋ ᠣᠷᠴᠢᠨ | ᠲᠣᠭᠤᠷᠢᠨ ᠢ ᠵᠡᠷᠭᠡᠪᠡᠷ ᠰᠡᠷᠭᠡᠶᠢᠯᠡᠬᠦ᠂ ᠬᠡᠪ ᠤᠨ ᠪᠠᠶᠢᠳᠠᠯ ᠢ ᠬᠢᠨᠠᠨ ᠬᠡᠮᠵᠢᠬᠦ᠂ ᠠᠶᠤᠯ ᠲᠦᠭᠰᠢᠭᠦᠷᠢ ᠶᠢ ᠵᠢᠭᠰᠠᠭᠠᠨ | ᠪᠠᠶᠢᠴᠠᠭᠠᠬᠤ᠂ ᠣᠯᠠᠨ ᠲᠠᠯ᠎ᠠ ᠶᠢ ᠬᠦᠨᠳᠡᠬᠦ︾ ᠪᠣᠰᠤᠭ᠎ᠠ ᠴᠣᠭᠴᠠᠲᠤ ᠣᠨᠣᠪᠴᠢᠲᠠᠶ ᠰᠡᠷᠭᠡᠶᠢᠯᠡᠨ ᠡᠵᠡᠮᠳᠡᠬᠦ ᠠᠷᠭ᠎ᠠ | ᠪᠣᠳᠣᠯᠭ᠎ᠠ ᠶᠢ ᠪᠠᠷᠢᠮᠲᠠᠯᠠᠵᠤ᠂ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠴᠢᠩᠳᠠᠯᠠᠵᠤ᠂ ᠬᠠᠪᠲᠠᠭᠠᠶᠢᠷᠠᠭᠤᠯᠤᠨ | ᠠᠵᠢᠯᠯᠠᠭᠤᠯᠬᠤ ᠶᠢ ᠪᠠᠷᠢᠮᠲᠠᠯᠠᠨ᠂ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠲᠠᠯᠠᠪᠤᠷ ᠭᠠᠵᠠᠷ᠂ | ᠭᠤᠤᠯᠳᠠᠯᠭ᠎ᠠ ᠲᠠᠢ ᠣᠷᠣᠨ ᠪᠦᠰᠡ ᠶᠢᠨ ᠵᠢᠭᠰᠠᠭᠠᠨ ᠪᠠᠶᠢᠴᠠᠭᠠᠬᠤ ᠬᠠᠮᠢᠶᠠᠷᠤᠯᠲᠠ ᠶᠢ ᠴᠢᠩᠭᠠᠳᠬᠠᠵᠤ᠂ | ᠭᠠᠳᠠᠭᠠᠳᠤ ᠠᠴᠠ ᠣᠷᠣᠭᠤᠯᠬᠤ ᠪᠠᠷᠠᠭ᠎ᠠ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠰᠠᠶᠢᠲᠤᠷ ᠠᠳᠬᠤᠵᠤ᠂ ᠴᠢᠬᠤᠯᠠ | ᠪᠥᠬᠦᠶ ᠬᠥᠮᠦᠰ ᠢ ᠬᠠᠮᠢᠶᠠᠷᠤᠨ ᠡᠵᠡᠮᠳᠡᠬᠦ ᠪᠠ ᠡᠷᠡᠭᠦᠯ ᠮᠡᠨᠳᠦ ᠶᠢ ᠬᠢᠨᠠᠨ ᠬᠡᠮᠵᠢᠬᠦ ᠠᠷᠭ᠎ᠠ ᠬᠡᠮᠵᠢᠶ᠎ᠡ ᠶᠢ ᠪᠠᠲᠤᠯᠠᠨ᠂ | ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ | ᠠᠬᠢᠭᠤᠯᠵᠤ᠂ ᠬᠢᠨᠠᠨ ᠬᠡᠮᠵᠢᠯᠲᠡ ᠶᠢᠨ ᠰᠡᠷᠭᠡᠭ ᠴᠢᠨᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠪᠠᠲᠤ | ᠰᠠᠬᠢᠨ᠎ᠠ᠃ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠨ᠎ᠠ᠃ ︽ᠠᠷᠪᠢᠯᠠᠨ ᠭᠠᠮᠨᠠᠬᠤ︾ | ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠲᠥᠰᠦᠪ ᠢ ᠬᠢᠵᠠᠭᠠᠷᠯᠠᠬᠤ᠂ ᠡᠳ᠋ ᠤᠨ ᠵᠠᠰᠠᠭ ᠢ ᠬᠢᠨᠠᠨ | ᠲᠣᠭᠲᠠᠭᠠᠬᠤ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠥᠮᠴᠢᠯᠡᠯ ᠤᠨ ᠡᠳ᠋ | ᠬᠦᠷᠦᠩᠭᠡ ᠶᠢ ᠬᠢᠨᠠᠨ ᠬᠠᠮᠢᠶᠠᠷᠴᠤ ᠡᠵᠡᠩᠨᠡᠬᠦ ᠶᠢ ᠴᠢᠩᠭᠠᠳᠬᠠᠵᠤ᠂ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ | ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠲᠣᠬᠢᠲᠠᠶ ᠰᠢᠢᠳᠪᠦᠷᠢᠯᠡᠨ᠎ᠡ᠃ ᠳᠡᠭᠡᠳᠦ ᠱᠠᠲᠤᠨ ᠤ ᠲᠥᠷᠥ ᠶᠢᠨ | ᠪᠣᠳᠣᠯᠭ᠎ᠠ ᠶᠢᠨ ᠪᠠᠯᠠ ᠣᠷᠣᠭᠤᠯᠤᠯᠲᠠ ᠶᠢᠨ ᠤᠳᠤᠷᠢᠳᠤᠮᠵᠢ ᠶᠢ ᠴᠢᠩᠭ᠎ᠠ ᠳᠠᠭᠠᠵᠤ᠂ ᠲᠤᠰᠬᠠᠶ ᠵᠦᠢᠯ ᠤᠨ | ᠵᠢᠭᠡᠯᠡᠯᠭᠡ ᠶᠢᠨ ᠲᠡᠮᠳᠡᠭᠲᠦ ᠨᠡᠮᠡᠵᠦ ᠲᠠᠷᠬᠠᠭᠠᠬᠤ ᠵᠡᠷᠭᠡ ᠠᠵᠠ ᠲᠣᠬᠢᠶᠠᠯ ᠢ ᠵᠠᠪᠳᠤᠨ ᠠᠳᠬᠤᠵᠤ᠂ ᠭᠤᠤᠯᠳᠠᠯᠭ᠎ᠠ ᠲᠠᠢ | ᠲᠥᠷᠥᠯ ᠵᠦᠢᠯ ᠤᠨ ᠪᠠᠯᠠ ᠮᠥᠩᠭᠦ ᠶᠢᠨ ᠪᠠᠲᠤᠯᠠᠭ᠎ᠠ ᠶᠢᠨ ᠪᠡᠷᠬᠡ ᠠᠰᠠᠭᠤᠳᠠᠯ ᠢ ᠡᠪᠳᠡᠨ᠎ᠡ᠃ ᠬᠠᠤᠯᠢ ᠪᠤᠰᠤ | ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠶ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ | ᠠᠶᠤᠯᠭᠦᠶ ᠦᠢᠯᠡᠳᠪᠦᠷᠢᠯᠡᠯ ᠢ ᠴᠥᠬᠦᠷᠡᠰᠢ ᠦᠭᠡᠢ ᠰᠠᠶᠢᠲᠤᠷ ᠠᠳᠬᠤᠨ᠎ᠠ᠃ ᠪᠠᠴᠢᠮ ᠪᠠᠶᠢᠳᠠᠯ ᠢ ᠠᠷᠭᠠᠴᠠᠬᠤ | ᠶᠡᠷᠦᠩᠬᠡᠶᠢᠯᠡᠭᠰᠡᠨ ᠵᠢᠯᠣᠭᠤᠳᠬᠤ ᠲᠥᠪ ᠢ ᠲᠦᠷᠭᠡᠳᠬᠡᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠡᠳ᠋ | ᠪᠠᠷᠠᠭ᠎ᠠ ᠪᠠ ᠲᠣᠨᠤᠭ ᠲᠥᠬᠦᠭᠡᠷᠦᠮᠵᠢ ᠶᠢᠨ ᠪᠠᠲᠤᠯᠠᠭ᠎ᠠ ᠶᠢ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ | ᠲᠤᠰᠬᠠᠶ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠠᠵᠢᠯ ᠤᠨ ᠲᠦᠷᠢᠮ ᠢ | ᠪᠦᠷᠢᠨᠰᠢᠬᠦᠯᠦᠨ᠂ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ | ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠰᠤᠭᠤᠴᠢᠨ ᠪᠠᠶᠢᠴᠠᠭᠠᠬᠤ ᠤᠳᠠᠭ᠎ᠠ ᠶᠢ | ᠨᠢᠭᠤᠨ᠂ ᠠᠷᠠᠳ ᠣᠯᠠᠨ ᠤ ᠢᠳᠡᠭᠡᠨ ᠤᠮᠳᠠᠭᠠᠨ ᠡᠮ ᠲᠠᠩ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠪᠦᠬᠦ | ᠤᠯᠤᠰ ᠤᠨ ᠪᠠᠶᠢᠭᠠᠯᠢ ᠶᠢᠨ ᠭᠠᠶ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ᠂ | ᠨᠢᠭᠡᠳᠦᠯᠲᠡᠶ ᠲᠥᠯᠥᠪᠯᠡᠨ ᠰᠡᠷᠭᠡᠶᠢᠯᠡᠨ ᠵᠠᠰᠠᠬᠤ ᠪᠠ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠵᠠ | ᠵᠢᠷᠭᠠᠯ ᠢ ᠬᠦᠴᠦᠯᠡᠨ ᠨᠡᠮᠡᠭᠳᠡᠭᠦᠯᠦᠨ᠎ᠡ᠃ | ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠨ᠎ᠠ᠃ ᠰᠤᠷᠭᠠᠭᠤᠯᠢ ᠶᠢᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠠᠵᠠᠷ ᠰᠢᠨᠵᠢᠯᠡᠭᠡᠨ ᠤ ᠬᠤᠶᠠᠳᠤᠭᠠᠷ ᠳᠤᠮᠳᠠᠳᠤ | ᠰᠤᠷᠭᠠᠭᠤᠯᠢ᠂ ᠬᠤᠷᠢᠨ ᠨᠢᠭᠡᠳᠦᠭᠡᠷ ᠪᠠᠭ᠎ᠠ ᠰᠤᠷᠭᠠᠭᠤᠯᠢ᠂ ᠠᠷᠪᠠᠨ ᠲᠠᠪᠤᠳᠤᠭᠠᠷ ᠪᠠᠭ᠎ᠠ ᠰᠤᠷᠭᠠᠭᠤᠯᠢ ᠵᠡᠷᠭᠡ 6 | ᠲᠥᠷᠥᠯ ᠵᠦᠢᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠠᠷᠪᠠᠨ | ᠬᠤᠶᠠᠳᠤᠭᠠᠷ ᠪᠠᠭ᠎ᠠ ᠰᠤᠷᠭᠠᠭᠤᠯᠢ᠂ ᠶᠢᠰᠦᠳᠦᠭᠡᠷ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠥᠪ ᠵᠡᠷᠭᠡ 5 ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠭᠤᠤᠯ ᠴᠣᠭᠴᠠ ᠶᠢᠨ | ᠢᠨᠵᠧᠨᠧᠷᠢᠩ ᠢ ᠪᠡᠶᠡᠯᠡᠭᠦᠯᠵᠦ᠂ 7 ᠬᠡᠤᠬᠡᠳ ᠤᠨ ᠴᠡᠴᠡᠷᠯᠢᠭ ᠢ ᠡᠬᠢᠯᠡᠨ ᠪᠠᠶᠢᠭᠤᠯᠵᠤ᠂ ᠰᠢᠯᠢᠳᠡᠭ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠲᠠᠰᠤᠷᠠᠯᠲᠠ ᠥᠬᠡᠶ ᠥᠷᠭᠡᠳᠬᠡᠨ᠎ᠡ᠃ ︽ᠳᠥᠷᠪᠡᠨ ᠵᠠᠭᠤᠨ ᠤ | ᠵᠠᠭᠤ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽5 + 1︾ ᠰᠤᠷᠤᠯᠭ᠎ᠠ ᠬᠠᠮᠠᠭᠠᠯᠠᠬᠤ ᠵᠠᠭᠪᠤᠷ ᠢ | ᠠᠬᠢᠭᠤᠯᠤᠨ᠂ ᠠᠮᠤᠷ ᠲᠦᠪᠰᠢᠨ ᠤ ᠬᠥᠮᠦᠵᠢᠯ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ ︽ᠬᠤᠶᠠᠷ ᠢ | ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠷᠡᠭᠦᠯ ᠮᠡᠨᠳᠦ ᠶᠢᠨ ᠲᠥᠷᠥᠯ ᠪᠠ ᠬᠡᠪ ᠴᠢᠨᠠᠷ ᠤᠨ | ᠲᠥᠷᠥᠯ ᠤᠨ ᠬᠢᠴᠢᠶᠡᠯ ᠤᠨ ᠪᠠᠶᠢᠷᠢᠯᠠᠭᠤᠯᠤᠯᠲᠠ ᠶᠢ ᠪᠠᠶᠠᠯᠢᠭᠵᠢᠭᠤᠯᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠦᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠪᠠ ᠨᠠᠶᠢᠳᠠᠨ ᠬᠠᠮᠢᠶᠠᠷᠤᠭᠤᠯᠬᠤ | ᠪᠠᠶᠢᠭᠤᠯᠤᠮᠵᠢ ᠶᠢ ᠪᠠᠶᠢᠩᠭᠤᠵᠢᠭᠤᠯᠤᠨ ᠵᠠᠰᠠᠨ᠎ᠠ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠪᠠᠭᠰᠢ ᠶᠢᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ | ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠨᠡᠮᠡᠭᠳᠡᠭᠦᠯᠦᠨ᠎ᠡ᠃ ᠲᠤᠭᠤᠷᠢᠭ ᠤᠨ ᠰᠢᠭᠤᠳ | ᠬᠠᠷᠢᠶ᠎ᠠ ᠡᠮᠴᠢᠯᠡᠭᠡᠨ ᠤ ᠪᠠᠶᠢᠭᠤᠯᠤᠮᠵᠢ ᠶᠢ ᠮᠡᠳᠡᠭᠡ ᠵᠠᠩᠭᠢᠵᠢᠭᠤᠯᠤᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠨ᠎ᠡ ᠪᠠᠭᠤᠷᠢ ᠪᠠ ᠬᠢᠲᠠᠳ ᠮᠣᠩᠭᠤᠯ ᠡᠮᠨᠡᠯᠭᠡ ᠶᠢᠨ | ᠬᠤᠷᠢᠶ᠎ᠠ᠂ ᠠᠩᠴᠢᠨ ᠤ ᠲᠥᠪ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠡᠬᠢᠯᠡᠭᠦᠯᠵᠦ᠂ | 13 ᠰᠠᠭᠤᠷᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠥᠭᠡᠷᠡᠴᠢᠯᠡᠨ ᠳᠡᠭᠡᠭᠰᠢᠯᠡᠭᠦᠯᠬᠦ ᠶᠢ | ᠪᠡᠶᠡᠯᠡᠭᠦᠯᠦᠨ᠎ᠡ᠃ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠳᠠᠳᠤᠯᠭ᠎ᠠ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠠᠨᠠᠭᠠᠬᠤ ᠤᠬᠠᠭᠠᠨ ᠪᠠ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ | ᠭᠦᠨᠵᠡᠭᠡᠶᠢᠷᠡᠭᠦᠯᠵᠦ᠂ ᠰᠦᠩᠱᠠᠨ ᠡᠮᠨᠡᠯᠭᠡ ᠶᠢᠨ ᠬᠤᠷᠢᠶ᠎ᠠ ᠶᠢᠨ ᠰᠢᠲᠠᠭᠳᠠᠭᠰᠠᠨ ᠰᠢᠷᠬ᠎ᠠ ᠶᠢ ᠬᠡᠯᠪᠡᠷᠢᠵᠢᠭᠦᠯᠬᠦ᠂ | ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ︽ᠡᠪᠡᠳᠴᠢᠯᠡᠬᠦ ᠠᠴᠠ ᠡᠮᠦᠨ᠎ᠡ ᠵᠠᠰᠠᠬᠤ︾ ᠵᠡᠷᠭᠡ ᠨᠠᠷᠠᠲᠤ ᠰᠠᠯᠠᠭ᠎ᠠ | ᠲᠠᠰᠤᠭ ᠤᠨ ᠴᠣᠭᠴᠠᠯᠠᠯᠲᠠ ᠪᠠ ᠨᠠᠷᠠᠲᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠡᠮᠴᠢᠯᠡᠭᠡᠨ ᠤ ᠥᠷᠢᠰᠦᠯᠳᠦᠬᠦ ᠬᠦᠴᠦᠨ᠂ ᠨᠥᠯᠥᠭᠡᠯᠡᠬᠦ ᠬᠦᠴᠦᠨ ᠪᠠ ᠰᠠᠴᠤᠷᠠᠭᠯᠠᠨ ᠳᠠᠶᠢᠴᠢᠯᠠᠬᠤ ᠬᠦᠴᠦᠨ ᠢ | ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠶᠢ ᠲᠦᠯᠬᠢᠨ ᠠᠬᠢᠭᠤᠯᠵᠤ᠂ | ᠡᠷᠡᠭᠦᠯ ᠮᠡᠨᠳᠦ ᠶᠢᠨ ᠬᠠᠮᠢᠶᠠᠷᠤᠯᠲᠠ᠂ ᠰᠤᠪᠢᠯᠠᠵᠤ ᠡᠷᠡᠭᠦᠯᠵᠢᠭᠦᠯᠬᠦ᠂ ᠰᠤᠪᠢᠯᠠᠬᠤ ᠵᠡᠷᠭᠡ ᠦᠢᠯᠡᠴᠢᠯᠡᠭᠡ ᠶᠢ | ᠬᠥᠭᠵᠢᠭᠦᠯᠵᠦ᠂ ᠠᠷᠠᠳ ᠤᠯᠠᠨ ᠤ ᠤᠯᠠᠨ ᠳᠡᠰ ᠳᠠᠪᠬᠤᠷᠭ᠎ᠠ᠂ ᠤᠯᠠᠨ ᠶᠠᠩᠵᠤ ᠶᠢᠨ ᠡᠮᠴᠢᠯᠡᠭᠡ ᠡᠷᠡᠭᠦᠯᠵᠢᠯ ᠤᠨ | ᠬᠡᠷᠡᠭᠴᠡᠭᠡ ᠶᠢ ᠬᠠᠩᠭᠠᠨ᠎ᠠ᠃ | ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠎ᠡ᠃ ᠠᠵᠢᠯ ᠣᠯᠭᠤᠬᠤ ᠪᠠ ᠣᠷᠣᠯᠭ᠎ᠠ ᠪᠠᠨ | ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠤᠯᠬᠤ ᠶᠢ ᠲᠡᠮᠵᠢᠵᠤ᠂ | ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5% ᠶᠢᠨ ᠳᠣᠲᠣᠷ᠎ᠠ | ᠬᠢᠵᠠᠭᠠᠷᠯᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ ᠲᠦᠯᠬᠢᠨ | ᠠᠬᠢᠭᠤᠯᠤᠨ᠎ᠠ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠪᠠᠲᠤᠯᠠᠬᠤ | ᠶᠣᠰᠣᠲᠠᠶ ᠶᠢ ᠨᠢ ᠴᠥᠮ ᠪᠠᠲᠤᠯᠠᠬᠤ ᠶᠢ ᠪᠡᠶᠡᠯᠡᠭᠦᠯᠦᠨ᠎ᠡ᠃ ᠡᠯ᠎ᠡ ᠲᠥᠷᠥᠯ ᠤᠨ ᠰᠣᠶᠣᠯ ᠢ ᠬᠥᠳᠡᠭᠡ ᠪᠠᠭᠤᠯᠭᠠᠬᠤ᠂ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠨᠣᠮ ᠤᠨ ᠰᠠᠩ᠂ | ᠰᠣᠶᠣᠯ ᠤᠨ ᠣᠷᠳᠣᠨ ᠤ ᠨᠡᠭᠡᠭᠡᠬᠦ ᠴᠠᠭ ᠢ ᠤᠷᠲᠤᠳᠬᠠᠵᠤ᠂ ᠬᠤᠲᠠ ᠶᠢᠨ ᠨᠣᠮ ᠤᠨ ᠪᠠᠭᠠᠷ 5 ᠪᠠᠶᠢᠭᠤᠯᠤᠨ᠎ᠠ᠃ | ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠨᠡᠶᠢᠭᠡᠮ ᠲᠣᠭᠤᠷᠢᠭ ᠤᠨ | ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ᠎ᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢ | ᠢᠳᠡᠪᠬᠢᠲᠡᠶ ᠥᠷᠨᠢᠭᠦᠯᠵᠦ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠢᠨᠵᠧᠨᠧᠷᠢᠩ ᠢ ᠡᠬᠢᠯᠡᠭᠦᠯᠦᠨ᠂ | ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠥᠪ ᠬᠤᠳᠠ ᠶᠢᠨ ᠲᠣᠭᠤᠷᠢᠭ ᠤᠨ ᠨᠠᠰᠤᠲᠠᠨ ᠢ ᠠᠰᠠᠷᠠᠬᠤ ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠬᠡᠷᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ᠂ ᠨᠠᠰᠤᠵᠢᠯ ᠤᠨ ᠦᠢᠯᠡᠴᠢᠯᠡᠭᠡ᠂ | ᠨᠢᠭᠦᠯᠡᠰᠦᠩᠭᠦᠶ ᠶᠢᠨ ᠨᠡᠶᠢᠲᠡ ᠶᠢᠨ ᠠᠰᠠᠷᠠᠮᠵᠢ ᠵᠡᠷᠭᠡ ᠲᠦᠷᠢᠮ ᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯ ᠤᠨ | ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠡᠯ᠎ᠡ ᠵᠦᠢᠯ ᠤᠨ ᠠᠷᠠᠳ ᠤᠨ | ᠠᠮᠢᠳᠤᠷᠠᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠦᠨ᠎ᠡ᠃ ᠤᠯᠠᠭᠠᠨ ᠵᠠᠭᠠᠯᠮᠠᠶᠢᠳᠠᠨ᠂ | ᠨᠢᠭᠦᠯᠡᠰᠦᠩᠭᠦᠶ ᠶᠢᠨ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠨᠠᠰᠤᠲᠠᠶᠢᠴᠤᠳ᠂ ᠡᠮᠡᠭᠲᠡᠶᠢᠴᠦᠳ ᠬᠡᠦᠬᠡᠳ ᠪᠠ | ᠵᠡᠮᠳᠡᠭᠴᠦᠳ ᠤᠨ ᠠᠵᠢᠯ ᠢ ᠴᠢᠬᠤᠯᠠᠴᠢᠯᠠᠵᠤ᠂ ᠱᠠᠰᠢᠨ ᠰᠤᠷᠲᠠᠬᠤᠨ᠂ ᠲᠠᠩᠰᠠ ᠡᠪᠬᠡᠮᠡᠯ᠂ ᠣᠷᠣᠨ ᠨᠤᠲᠤᠭ ᠤᠨ | ᠣᠶᠢᠯᠠᠯᠭ᠎ᠠ ᠵᠡᠷᠭᠡ ᠠᠵᠢᠯ ᠢ ᠰᠠᠶᠢᠲᠤᠷ ᠬᠢᠬᠦ ᠶᠢ ᠲᠡᠮᠵᠢᠨ᠎ᠠ᠃ | ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠠᠲᠤᠯᠠᠨ᠎ᠠ᠃ ᠬᠠᠮᠲᠤ ᠪᠠᠷ ᠪᠠᠶᠢᠭᠤᠯᠬᠤ | ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ | ᠡᠵᠡᠮᠳᠡᠬᠦ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠬᠦᠴᠦᠷᠬᠡᠭᠯᠡᠯ ᠰᠦᠷᠳᠡᠭᠦᠯᠦᠯ᠂ ᠰᠢᠨ᠎ᠡ ᠬᠡᠯᠪᠡᠷᠢ ᠶᠢᠨ | ᠰᠦᠯᠵᠢᠶᠡᠨ ᠤ ᠶᠠᠯᠠᠲᠤ ᠠᠵᠢᠯᠯᠠᠭ᠎ᠠ ᠵᠡᠷᠭᠡ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ | ᠡᠷᠡᠰ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠭᠦᠨ᠎ᠡ᠃ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ᠂ | ᠲᠥᠪ ᠤᠨ ᠬᠠᠮᠲᠤᠷᠠᠭᠰᠠᠨ ᠠᠯᠪᠠᠨ ᠬᠡᠷ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠦᠷᠢᠮ ᠢ ᠴᠢᠩᠳᠠᠯᠠᠵᠤ᠂ ᠡᠯ᠎ᠡ | ᠲᠦᠷᠦᠯ ᠤᠨ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠴᠠᠭ ᠲᠤᠬᠠᠶ ᠳᠤᠨᠢ | ᠪᠦᠲᠦᠮᠵᠢᠲᠡᠶ ᠰᠢᠢᠳᠪᠦᠷᠢᠯᠡᠨ᠎ᠡ᠃ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠵᠥᠪᠳᠡᠯᠴᠡᠨ | ᠨᠡᠪᠲᠡᠷᠡᠯᠴᠡᠬᠦ᠂ ᠡᠷᠬᠡ ᠠᠰᠢᠭ ᠢ ᠪᠠᠲᠤᠯᠠᠬᠤ ᠵᠠᠮ ᠢ ᠰᠠᠭᠠᠳ ᠦᠭᠡᠢ ᠨᠡᠪᠲᠡᠷᠡᠭᠦᠯᠵᠦ᠂ ᠤᠯᠠᠨ ᠲᠦᠮᠡᠨ ᠤ ︽ᠪᠠᠴᠢᠮ | ᠪᠡᠷᠬᠡ ᠵᠣᠪᠠᠨᠢᠯ ᠬᠦᠰᠡᠯ︾ ᠤᠨ ᠠᠰᠠᠭᠤᠳᠠᠯ ᠢ ᠤᠯᠠᠨ ᠠᠷᠭ᠎ᠠ ᠵᠠᠮ ᠢᠶᠠᠷ ᠰᠢᠢᠳᠪᠦᠷᠢᠯᠡᠨ᠎ᠡ᠃ ᠡᠪᠦᠯ ᠤᠨ | ᠣᠯᠧᠮᠫᠢᠺ ᠤᠨ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠧᠮᠫᠢᠺ ᠤᠨ ᠴᠤᠭᠯᠠᠭᠠᠨ ᠪᠠ ᠪᠥᠬᠦ ᠤᠯᠤᠰ ᠤᠨ | ᠬᠤᠶᠠᠷ ᠬᠤᠷᠠᠯ ᠤᠨ ᠠᠮᠤᠷ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠣᠭᠲᠠᠭᠤᠨ ᠤᠯᠤᠰ ᠲᠥᠷᠥ ᠶᠢᠨ | ᠣᠷᠴᠢᠨ ᠨᠥᠬᠦᠴᠡᠯ ᠪᠠ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠬᠠᠮᠤᠭ ᠤᠨ ᠬᠦᠴᠦᠷᠬᠡᠭ ᠬᠦᠴᠦᠨ ᠪᠣᠯ ᠬᠡᠯᠡᠭᠰᠡᠨ ᠳᠡᠭᠡᠨ ᠰᠠᠭᠤᠬᠤ ᠶᠠᠪᠤᠳᠠᠯ ᠪᠣᠯᠤᠨ᠎ᠠ᠂ ᠬᠠᠮᠤᠭ ᠤᠨ ᠰᠠᠶᠢᠨ | ᠨᠠᠶᠢᠳᠠᠪᠤᠷᠢᠵᠢᠭᠤᠯᠤᠯᠲᠠ ᠪᠣᠯ ᠡᠴᠦᠰ ᠲᠤᠨᠢ ᠲᠤᠯᠲᠠᠯ᠎ᠠ ᠠᠳᠬᠤᠬᠤ ᠶᠠᠪᠤᠳᠠᠯ ᠪᠣᠯᠤᠨ᠎ᠠ᠃ ᠰᠢᠨ᠎ᠡ ᠱᠠᠲᠤᠨ ᠳᠤ | ᠣᠷᠣᠵᠤ᠂ ᠰᠢᠨ᠎ᠡ ᠠᠶᠠᠨ ᠵᠠᠮ ᠳᠤ ᠣᠷᠣᠬᠤ ᠳᠤ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ | ᠬᠥᠰᠡᠷᠳᠡᠭᠦᠯᠬᠦ ᠦᠭᠡᠢ ᠪᠠᠷ ᠰᠢᠨ᠎ᠡ ᠠᠶᠠᠨ ᠵᠠᠮ ᠳᠤ ᠰᠢᠨ᠎ᠡ ᠵᠠᠮ ᠨᠡᠭᠡᠭᠡᠵᠦ᠂ ᠰᠢᠨ᠎ᠡ ᠪᠠᠶᠢᠳᠠᠯ ᠢ ᠨᠡᠭᠡᠭᠡᠵᠦ᠂ ᠰᠢᠨ᠎ᠡ | ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠨ᠎ᠠ᠃ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ | ᠪᠠᠶᠢᠷᠢᠨ ᠳᠤ ᠲᠠᠯᠪᠢᠵᠤ᠂ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾ ᠢ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠤᠬᠠᠮᠰᠠᠷ ᠠᠴᠠ ᠪᠠᠨ ᠤᠯᠤᠰ ᠲᠥᠷᠥ ᠶᠢ | ᠡᠷᠬᠢᠮᠯᠡᠬᠦ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠳᠤ ᠲᠤᠤᠱᠯᠠᠭᠤᠯᠵᠤ᠂ ᠤᠯᠤᠰ ᠲᠥᠷᠥ ᠶᠢᠨ | ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ | ᠴᠢᠳᠠᠪᠤᠷᠢ ᠶᠢ ᠳᠡᠭᠡᠭᠰᠢᠯᠡᠭᠦᠯᠦᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠭᠤᠷᠢᠭ ᠤᠨ ᠨᠠᠮ ᠤᠨ | ᠬᠤᠷᠢᠶ᠎ᠠ ᠶᠢᠨ ᠤᠳᠤᠷᠢᠳᠤᠯᠭ᠎ᠠ ᠶᠢ ᠡᠷᠡᠰ ᠳᠠᠭᠠᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ | ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ ᠶᠢ | ᠦᠨᠡᠨᠬᠦ ᠪᠠᠲᠤᠯᠠᠵᠤ᠂ ᠦᠨᠡᠨᠴᠢ ᠰᠢᠳᠤᠷᠭᠤ ᠬᠡᠯᠪᠡᠷᠢ ᠶᠢᠨ ᠵᠠᠰᠠᠭ ᠤᠨ ᠣᠷᠳᠣᠨ ᠢ ᠪᠥᠬᠦ ᠬᠦᠴᠦᠨ ᠢᠶᠠᠷ ᠢᠶᠠᠨ | ᠪᠠᠶᠢᠭᠤᠯᠤᠨ᠎ᠠ᠃ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠷᠠᠳ ᠲᠦᠮᠡᠨ ᠳᠤ ᠠᠰᠢᠭ ᠣᠯᠭᠤᠬᠤ᠂ ᠠᠷᠠᠳ | ᠲᠦᠮᠡᠨ ᠳᠤ ᠪᠤᠶᠠᠨ ᠦᠢᠯᠡᠳᠬᠦ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠡᠭᠦᠰᠭᠡᠯ ᠪᠠ ᠦᠷ᠎ᠡ ᠳ᠋ᠦᠩ | ᠪᠣᠯᠭᠠᠵᠤ᠂ ᠡᠳ᠋ ᠤᠨ ᠬᠦᠴᠦᠨ ᠢ ᠠᠷᠠᠳ ᠤᠨ ᠠᠮᠢᠳᠤᠷᠠᠯ ᠲᠡᠰᠢ ᠲᠥᠪᠯᠡᠷᠡᠭᠦᠯᠬᠦ᠂ ᠠᠵᠢᠯ ᠢ ᠠᠷᠠᠳ ᠤᠨ ᠠᠮᠢᠳᠤᠷᠠᠯ | ᠲᠡᠰᠢ ᠬᠡᠯᠪᠠᠶᠢᠯᠭᠡᠬᠦ᠂ ᠲᠦᠷᠦᠯ ᠵᠦᠢᠯ ᠢ ᠠᠷᠠᠳ ᠤᠨ ᠠᠮᠢᠳᠤᠷᠠᠯ ᠲᠡᠰᠢ ᠲᠥᠪᠯᠡᠷᠡᠭᠦᠯᠬᠦ᠂ ᠦᠢᠯᠡᠴᠢᠯᠡᠭᠡ ᠶᠢ | ᠠᠷᠠᠳ ᠤᠨ ᠠᠮᠢᠳᠤᠷᠠᠯ ᠲᠡᠰᠢ ᠪᠦᠷᠬᠦᠭᠦᠯᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠬᠡᠷᠡᠭ | ᠶᠠᠪᠤᠳᠠᠯ ᠢ ᠰᠠᠶᠢᠲᠤᠷ ᠬᠢᠵᠦ᠂ ᠪᠣᠳᠠᠲᠠᠢ ᠭᠦᠢᠴᠡᠳᠬᠡᠵᠦ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ | ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢ | ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ | ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ | ᠡᠷᠴᠢᠮ ᠢ ᠴᠢᠩᠭᠠᠷᠠᠭᠤᠯᠤᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ | ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠬᠢᠨᠠᠮᠠᠭᠠᠶ | ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠶ ᠰᠠᠶᠢᠲᠤᠷ ᠬᠢᠵᠦ᠂ | ᠬᠠᠤᠯᠢᠵᠢᠯ ᠤᠨ ᠵᠠᠰᠠᠭ ᠤᠨ ᠣᠷᠳᠣᠨ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ | ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶᠠᠨ ᠤ ᠨᠠᠢᠮᠠᠨ ᠵᠦᠢᠯ ᠤᠨ | ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠲᠦᠷᠪᠡᠨ ᠰᠤᠷᠲᠠᠯ︾ ᠢ ᠦᠷᠭᠦᠯᠵᠢᠯᠡᠨ ᠴᠡᠭᠴᠡᠯᠡᠨ ᠵᠠᠰᠠᠵᠤ᠂ ︽ | ᠭᠤᠷᠪᠠᠨ ᠵᠦᠢᠯ ᠤᠨ ᠠᠯᠪᠠᠨ ᠤ ᠵᠠᠷᠤᠳᠠᠯ︾ ᠪᠠ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ | ᠢᠯᠵᠠᠷᠠᠯ ᠢ ᠬᠤᠷᠢᠭᠯᠠᠵᠤ ᠬᠤᠪᠢᠷᠠᠬᠤ ᠶᠢ ᠰᠡᠷᠭᠡᠶᠢᠯᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠦᠷᠢᠨᠰᠢᠬᠦᠯᠦᠨ᠂ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠠᠬᠢ ᠠᠷᠢᠭᠤᠨ ᠴᠢᠬᠡᠴᠢ ᠪᠠᠷ | ᠵᠠᠰᠠᠭ ᠪᠠᠷᠢᠬᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠪᠠ | ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠲᠥᠪ ᠪᠤᠰᠤ | ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠦᠬᠦ | ᠬᠦᠴᠦᠨ ᠢᠶᠠᠷ ᠢᠶᠠᠨ ᠪᠠᠶᠢᠭᠤᠯᠤᠨ᠎ᠠ᠃ | ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠶᠢ ᠪᠠᠷᠢᠮᠲᠠᠯᠠᠨ᠎ᠠ᠃ ᠳᠡᠭᠡᠳᠦ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠰᠢᠨ᠎ᠡ ᠱᠠᠭᠠᠷᠳᠠᠯᠭ᠎ᠠ ᠶᠢ ᠪᠠᠷᠢᠮᠵᠢᠶᠠᠯᠠᠵᠤ᠂ ᠠᠷᠠᠳ ᠤᠯᠠᠨ ᠤ ᠰᠢᠨ᠎ᠡ ᠬᠦᠰᠡᠯ | ᠡᠷᠡᠮᠡᠯᠵᠡᠯ ᠲᠠᠢ ᠬᠠᠷᠢᠴᠠᠭᠤᠯᠵᠤ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ | ᠵᠦᠷᠢᠶ᠎ᠡ ᠪᠠᠨ ᠣᠨᠣᠪᠴᠢᠲᠠᠢ ᠡᠷᠢᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠎ᠠ᠃ ᠲᠤᠭᠤᠷᠢᠭ ᠤᠨ | ᠵᠠᠰᠠᠭ ᠤᠨ ᠣᠷᠳᠣᠨ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠪᠦᠯᠬᠦᠮᠳᠡᠵᠦ ᠬᠠᠷᠢᠯᠴᠠᠨ ᠬᠠᠮᠵᠢᠯᠴᠠᠵᠤ᠂ | ᠵᠣᠷᠢᠭᠲᠠᠢ ᠪᠠᠷ ᠬᠦᠴᠢᠷ ᠪᠡᠷᠬᠡᠰᠢᠶᠡᠯ ᠳᠤ ᠰᠢᠭᠤᠳ ᠬᠠᠨᠳᠤᠵᠤ᠂ ᠠᠰᠠᠭᠤᠳᠠᠯ ᠳᠤ ᠵᠥᠪ ᠢᠶᠠᠷ ᠬᠠᠨᠳᠤᠵᠤ᠂ | ᠵᠥᠷᠢᠴᠡᠯ ᠢ ᠰᠢᠢᠳᠪᠦᠷᠢᠯᠡᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠎ᠡ︔ ᠵᠣᠷᠢᠭᠲᠠᠢ ᠪᠠᠷ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠵᠦ᠂ ᠪᠣᠳᠠᠲᠠᠢ ᠶᠢ ᠡᠷᠬᠢᠮᠯᠡᠭᠰᠡᠨ ᠵᠠᠰᠠᠭ ᠤᠨ | ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠲᠥᠯᠥᠭᠡᠯᠡᠭᠴᠢᠳ ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠬᠠᠷᠠᠯᠲᠠ ᠪᠠᠨ ᠪᠠᠲᠤ ᠲᠣᠭᠲᠠᠭᠠᠵᠤ ᠲᠠᠬᠢᠨ ᠮᠣᠷᠳᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ᠲᠠᠬᠢᠨ ᠡᠷᠡᠯᠬᠡᠭᠯᠡᠨ ᠲᠡᠮᠡᠴᠡᠵᠦ᠂ ᠪᠠᠶᠠᠨ ᠬᠦᠴᠦᠷᠬᠡᠭ᠂ ᠪᠣᠯᠪᠠᠰᠤᠨ᠂ ᠡᠶ᠎ᠡ ᠵᠣᠬᠢᠴᠠᠩᠭᠤᠢ᠂ ᠦᠵᠡᠰᠬᠦᠯᠡᠩᠲᠦ | ᠰᠠᠶᠢᠬᠠᠨ ᠰᠢᠨ᠎ᠡ ᠰᠦᠩᠱᠠᠨ ᠢ ᠪᠦᠳᠦᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | ᠨᠡᠷ᠎ᠡ ᠦᠭᠡ ᠶᠢᠨ ᠲᠠᠶᠢᠯᠪᠤᠷᠢ | ᠭᠤᠷᠪᠠᠨ ᠪᠦᠲᠦᠭᠡᠭᠳᠡᠬᠦᠨ ᠨᠢᠭᠡ ᠲᠡᠮᠳᠡᠭ᠄ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ | ᠥᠬᠡᠶ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ | ᠵᠦᠶ ᠶᠢᠨ ᠲᠡᠮᠳᠡᠭ᠃ | ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ᠄ ᠢᠳᠡᠬᠦ ᠳᠤ ᠵᠣᠪᠠᠭ᠋ᠤ ᠥᠬᠡᠶ᠂ ᠡᠮᠦᠰᠬᠦ ᠳᠤ ᠵᠣᠪᠠᠭ᠋ᠤ | ᠥᠬᠡᠶ︔ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠣᠷᠣᠨ ᠰᠠᠭᠤᠴᠠ ᠶᠢᠨ ᠠᠮᠤᠷ | ᠲᠦᠪᠰᠢᠨ ᠢ ᠪᠠᠲᠤᠯᠠᠭ᠎ᠠ ᠲᠠᠢ ᠪᠣᠯᠭᠠᠨ᠎ᠠ᠃ | ᠲᠦᠷᠪᠡᠨ ᠰᠠᠶᠢᠨᠲᠠᠶ ᠬᠥᠳᠡᠭᠡ ᠲᠣᠰᠬᠤᠨ ᠤ ᠵᠠᠮ᠄ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ | ᠪᠥᠲᠥᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠠᠷᠠᠴᠢᠯᠠᠨ ᠬᠠᠮᠠᠭᠠᠯᠠᠵᠤ᠂ ᠰᠠᠶᠢᠲᠤᠷ ᠡᠵᠡᠭᠡᠨᠡᠨᠡ᠃ | ᠬᠥᠳᠡᠭᠡ ᠲᠣᠰᠬᠤᠨ ᠤ ᠰᠤᠷᠭᠠᠭᠤᠯᠢ ᠶᠢᠨ ᠭᠤᠷᠪᠠᠨ ᠰᠢᠷᠣᠶ᠄ ᠰᠢᠷᠣᠶ ᠶᠢᠨ ᠵᠤᠤᠬ᠎ᠠ ᠪᠠᠷ ᠳᠤᠯᠠᠭᠠᠯᠠᠬᠤ᠂ | ᠨᠡᠭᠦᠷᠡᠰᠦ ᠰᠢᠲᠠᠭᠠᠬᠤ ᠵᠤᠤᠬ᠎ᠠ᠂ ᠰᠢᠷᠣᠶ ᠶᠢᠨ ᠵᠣᠷᠯᠣᠩ᠃ | ᠳᠥᠷᠪᠡᠨ ᠡᠷᠲᠡ᠄ ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠲᠤᠰᠠᠭᠠᠷᠯᠠᠵᠤ᠂ ᠡᠷᠲᠡ ᠡᠮᠨᠡᠭᠦᠯᠦᠨ᠎ᠡ | ᠃ | ᠲᠦᠷᠪᠡᠨ ᠲᠠᠯ᠎ᠠ ᠶᠢᠨ ᠬᠠᠷᠢᠭᠤᠴᠠᠯᠭ᠎ᠠ᠄ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ | ᠬᠠᠷᠢᠭᠤᠴᠠᠯᠭ᠎ᠠ᠂ ᠨᠢᠭᠡᠴᠢ ᠶᠢᠨ ᠬᠠᠷᠢᠭᠤᠴᠠᠯᠭ᠎ᠠ᠂ ᠬᠤᠪᠢ ᠬᠥᠮᠦᠨ ᠤ ᠬᠠᠷᠢᠭᠤᠴᠠᠯᠭ᠎ᠠ᠃ | ᠭᠤᠷᠪᠠᠨ ᠳᠠᠪᠬᠤᠷᠭ᠎ᠠ ᠨᠢᠭᠡᠳᠦᠭᠡᠷ ᠹᠷᠣᠨᠲ᠄ ᠭᠤᠷᠪᠠᠨ ᠳᠠᠪᠬᠤᠷᠭ᠎ᠠ ᠭᠡᠳᠡᠭ ᠨᠢ ᠲᠣᠰᠬᠤᠨ ︵ᠨᠡᠶᠢᠭᠡᠮ | ᠲᠣᠭᠤᠷᠢᠭ︶᠂ ᠰᠢᠶᠠᠩ ︵ᠪᠠᠯᠭᠠᠰᠤ᠂ ᠵᠡᠭᠡᠯᠢ ᠭᠤᠳᠤᠮᠵᠢ᠂ ᠬᠦᠷᠢᠶᠡᠯᠡᠩ ᠲᠣᠭᠤᠷᠢᠭ︶ ᠪᠣᠯᠤᠨ ᠲᠣᠭᠤᠷᠢᠭ ︵ | ᠠᠶᠤᠯᠭᠦᠢ ᠦᠢᠯᠡᠳᠪᠦᠷᠢᠯᠡᠯ ᠤᠨ ᠵᠥᠪᠯᠡᠯ︶ ᠭᠤᠷᠪᠠᠨ ᠳᠠᠪᠬᠤᠷᠭ᠎ᠠ ᠶᠢ ᠵᠢᠭᠠᠵᠤ ᠪᠤᠢ᠂ ᠨᠢᠭᠡᠳᠦᠭᠡᠷ ᠹᠷᠣᠨᠲ | ᠭᠡᠳᠡᠭ ᠨᠢ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ | ᠰᠠᠯᠠᠭ᠎ᠠ ᠮᠥᠴᠢᠷ ᠪᠣᠯᠤᠨ ᠨᠢᠭᠡᠴᠡ ᠶᠢ ᠵᠢᠭᠠᠵᠤ ᠪᠤᠢ᠃ | ᠨᠠᠮ ᠤᠨ ᠪᠠᠶᠢᠭᠤᠯᠤᠯᠲᠠ ᠪᠠᠷ ︽ᠭᠤᠷᠪᠠ ᠶᠢ ᠨᠢᠭᠡ ᠴᠤᠬᠴᠠᠵᠢᠭᠤᠯᠬᠤ︾ ᠶᠢ ᠬᠦᠳᠦᠯᠦᠨ ᠳᠠᠭᠠᠭᠤᠯᠤᠨ᠎ᠠ᠄ | ᠨᠠᠮ ᠤᠨ ᠪᠠᠶᠢᠭᠤᠯᠤᠯᠲᠠ ᠪᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠤᠷᠰᠢᠶ᠎ᠠ ᠶᠢ ᠬᠦᠳᠦᠯᠦᠨ ᠳᠠᠭᠠᠭᠤᠯᠵᠤ | ᠦᠢᠯᠡᠳᠪᠦᠷᠢᠯᠡᠯ ᠤᠨ ᠬᠠᠮᠲᠤᠷᠠᠯᠴᠠᠭ᠎ᠠ᠂ ᠬᠠᠩᠭᠠᠯᠭ᠎ᠠ ᠪᠣᠷᠣᠯᠠᠭᠤᠯᠭ᠎ᠠ ᠶᠢᠨ ᠬᠠᠮᠲᠤᠷᠠᠯᠴᠠᠭ᠎ᠠ᠂ ᠢᠲᠡᠭᠡᠮᠵᠢ ᠶᠢᠨ | ᠬᠠᠮᠲᠤᠷᠠᠯᠴᠠᠭ᠎ᠠ ︽ᠭᠤᠷᠪᠠ ᠶᠢ ᠨᠢᠭᠡ ᠴᠤᠬᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ | ᠥᠭᠡᠷᠡᠴᠢᠯᠡᠯᠲᠡ ᠶᠢ ᠥᠷᠨᠢᠭᠦᠯᠦᠨ᠎ᠡ᠃ | ᠬᠤᠤᠰ ᠤᠳᠤᠨ ᠣᠷᠣᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ᠂ ᠤᠯᠠᠭᠠᠨᠬᠠᠳᠠ᠂ | ᠲᠦᠩᠯᠢᠶᠣᠤ ᠶᠢᠨ ︽ᠬᠤᠤᠰ ᠤᠳᠤᠨ ᠣᠷᠣᠨ︾ ᠢ ᠭᠤᠣᠯᠳᠠᠯᠭ᠎ᠠ ᠲᠠᠢ ᠪᠦᠳᠦᠬᠡᠨ ᠪᠠᠶᠢᠭᠤᠯᠤᠨ᠎ᠠ ᠭᠡᠵᠦ | ᠳᠤᠷᠠᠳᠴᠠᠢ᠃ | ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠠᠴᠠ ᠤᠯᠠᠭᠠᠨᠬᠠᠳᠠ ᠬᠤᠲᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠲᠣᠭᠲᠠᠭᠠᠵᠤ᠂ | ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ ᠲᠥᠪ ᠬᠤᠲᠠ᠂ ᠤᠯᠤᠰ ᠤᠨ ᠠᠵᠤ ᠦᠢᠯᠡᠰ ᠤᠨ | ᠰᠢᠯᠵᠢᠯᠲᠡ ᠶᠢ ᠵᠠᠯᠭᠠᠨ ᠵᠣᠯᠭᠠᠭᠤᠯᠬᠤ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ᠂ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ | ᠠᠴᠢᠶᠠᠯᠠᠭᠴᠢ ᠶᠢᠨ ᠬᠤᠲᠠ᠂ ᠤᠯᠤᠰ ᠤᠨ ᠤᠨᠴᠠᠯᠢᠭᠳᠤ ᠰᠣᠶᠣᠯ ᠤᠨ ᠵᠢᠭᠤᠯᠴᠢᠯᠠᠯ ᠪᠠ ᠠᠮᠢ ᠠᠬᠤᠶ ᠶᠢᠨ | ᠰᠡᠯᠡᠭᠦᠴᠡᠯ ᠠᠮᠠᠷᠠᠯᠲᠠ ᠶᠢᠨ ᠰᠠᠭᠤᠷᠢᠨ ᠭᠠᠵᠠᠷ᠂ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠪᠣᠬᠢᠷᠲᠤᠯ | ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠨ | ᠬᠥᠭᠵᠢᠯᠲᠡ ᠶᠢᠨ ᠪᠠᠶᠢᠷᠢ ᠲᠤᠭᠲᠠᠭᠠᠯᠲᠠ᠃ | ᠨᠡᠭᠦᠷᠡᠰᠦᠲᠥ᠋ᠷᠥᠭᠴᠢ ᠶᠢᠨ ᠣᠷᠭᠢᠯ᠄ ᠶᠠᠮᠠᠷ ᠨᠢᠭᠡᠨ ᠭᠠᠵᠠᠷ ᠣᠷᠣᠨ ᠪᠤᠶᠤ ᠠᠵᠢᠯ ᠲᠦᠷᠦᠯ ᠤᠨ ᠵᠢᠯ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠲᠡᠦᠬᠡ ᠶᠢᠨ ᠬᠠᠮᠤᠭ ᠤᠨ | ᠥᠨᠳᠥᠷ ᠬᠡᠮᠵᠢᠭᠳᠡᠯ ᠳᠤ ᠬᠦᠷᠴᠦ᠂ ᠳᠠᠷᠠᠭ᠎ᠠ ᠨᠢ ᠲᠠᠪᠴᠠᠩ ᠤᠨ ᠬᠤᠭᠤᠴᠠᠭ᠎ᠠ ᠶᠢ ᠥᠩᠭᠡᠷᠡᠭᠡᠨ ᠦᠷᠭᠦᠯᠵᠢᠯᠡᠨ | ᠳᠣᠷᠣᠭᠰᠢᠯᠠᠬᠤ ᠶᠠᠪᠤᠴᠠ ᠳᠤ ᠣᠷᠣᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢᠨ ᠬᠡᠮᠵᠢᠶ᠎ᠡ ᠨᠡᠮᠡᠭᠳᠡᠵᠦ ᠪᠠᠶᠢᠭᠰᠠᠨ ᠠᠴᠠ ᠪᠠᠨ ᠪᠠᠭᠤᠷᠠᠵᠤ ᠪᠠᠶᠢᠭ᠎ᠠ ᠲᠡᠦᠬᠡ ᠶᠢᠨ | ᠡᠷᠭᠢᠯᠲᠡ ᠶᠢᠨ ᠴᠡᠭ ᠪᠤᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠠᠵᠤ ᠠᠬᠤᠢ ᠶᠢᠨ | ᠬᠥᠭᠵᠢᠯᠲᠡ ᠠᠴᠠ ᠰᠠᠯᠭᠠᠬᠤ ᠶᠢ ᠬᠠᠷᠠᠭᠤᠯᠵᠤ ᠪᠤᠢ᠃ | ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ᠄ ᠳᠠᠷᠤᠶ ᠵᠣᠬᠢᠬᠤ ᠬᠤᠭᠤᠴᠠᠭᠠᠨ ᠳᠣᠲᠣᠷ᠎ᠠ ︵ᠡᠩ ᠤᠨ | ᠪᠠᠶᠢᠳᠠᠯ ᠳᠤ ᠨᠢᠭᠡ ᠵᠢᠯ ᠢ ᠵᠢᠭᠠᠨ᠎ᠠ︶᠂ ᠰᠢᠭᠤᠳ ᠪᠤᠶᠤ ᠳᠠᠮ ᠢᠶᠠᠷ ᠪᠣᠶ ᠪᠣᠯᠤᠭᠰᠠᠨ ᠬᠦᠯᠡᠮᠵᠢ ᠶᠢᠨ ᠬᠡᠶ | ᠪᠡᠶᠡᠲᠦ ᠶᠢᠨ ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠶᠢ ᠮᠣᠳᠣ ᠳᠠᠷᠢᠵᠤ ᠣᠶᠢᠵᠢᠭᠤᠯᠬᠤ᠂ ᠡᠨᠧᠷᠭᠢ | ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ | ᠲᠣᠰ ᠪᠡᠶ᠎ᠡ ᠠᠴᠠ ᠪᠣᠶ ᠪᠣᠯᠤᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ | ᠬᠠᠰᠤᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ︽ᠭᠠᠳᠠᠭᠰᠢᠯᠠᠭᠤᠯᠬᠤ ᠥᠬᠡᠶ︾ ᠶᠢ ᠪᠡᠶᠡᠯᠡᠭᠦᠯᠦᠨ᠎ᠡ᠃ | | ᠬᠤᠶᠠᠷ ᠥᠨᠳᠥᠷ ᠲᠥᠷᠥᠯ ᠵᠦᠢᠯ᠄ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠪᠠ ᠭᠠᠳᠠᠭᠰᠢᠯᠠᠭᠤᠯᠤᠯᠲᠠ | ᠶᠡᠬᠡᠲᠡᠶ ᠲᠥᠷᠥᠯ ᠵᠦᠢᠯ᠃ | ᠪᠣᠬᠢᠷᠲᠤᠯ ᠢ ᠰᠡᠷᠭᠡᠶᠢᠯᠡᠨ ᠵᠠᠰᠠᠬᠤ ᠲᠠᠪᠤ ᠶᠢ ᠬᠢᠵᠠᠭᠠᠷᠯᠠᠬᠤ᠄ ᠨᠡᠭᠦᠷᠡᠰᠦ ᠶᠢ ᠬᠢᠵᠠᠭᠠᠷᠯᠠᠬᠤ᠂ ᠬᠡᠢ ᠶᠢ | ᠬᠢᠵᠠᠭᠠᠷᠯᠠᠬᠤ᠂ ᠲᠡᠷᠭᠡ ᠶᠢ ᠬᠢᠵᠠᠭᠠᠷᠯᠠᠬᠤ᠂ ᠲᠣᠭᠤᠰᠣ ᠶᠢ ᠬᠢᠵᠠᠭᠠᠷᠯᠠᠬᠤ᠂ ᠰᠢᠲᠠᠭᠠᠬᠤ ᠶᠢ ᠬᠢᠵᠠᠭᠠᠷᠯᠠᠨ᠎ᠠ᠃ | ᠭᠤᠷᠪᠠᠨ ᠱᠤᠭᠤᠮ ᠨᠢᠭᠡ ᠬᠠᠭᠤᠳᠠᠰᠤ᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ | ᠠᠬᠤᠶ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ | ᠠᠮᠢ ᠠᠬᠤᠶ ᠶᠢᠨ ᠣᠷᠴᠢᠨ ᠨᠥᠬᠦᠴᠡᠯ ᠤᠨ ᠣᠷᠣᠬᠤ ᠵᠥᠪᠰᠢᠶᠡᠷᠡᠯ ᠤᠨ ᠲᠣᠳᠣᠷᠬᠠᠶ ᠬᠠᠭᠤᠳᠠᠰᠤ᠃ | ᠭᠤᠷᠪᠠᠨ ᠣᠷᠣᠨ ᠭᠤᠷᠪᠠᠨ ᠱᠤᠭᠤᠮ᠄ ᠭᠤᠷᠪᠠᠨ ᠣᠷᠣᠨ ᠭᠡᠳᠡᠭ ᠨᠢ ᠠᠮᠢ ᠠᠬᠤᠶ᠂ ᠲᠠᠷᠢᠶᠠᠯᠠᠩ᠂ ᠬᠤᠲᠠ | ᠪᠠᠯᠭᠠᠰᠤ ᠭᠤᠷᠪᠠᠨ ᠲᠥᠷᠥᠯ ᠤᠨ ᠣᠷᠣᠨ ᠵᠠᠶ ᠶᠢ ᠵᠢᠭᠠᠵᠤ᠂ ᠭᠤᠷᠪᠠᠨ ᠱᠤᠭᠤᠮ ᠭᠡᠳᠡᠭ ᠨᠢ ᠭᠤᠷᠪᠠᠨ ᠣᠷᠣᠨ ᠢ | ᠦᠨᠳᠦᠰᠦᠯᠡᠨ ᠵᠠᠭᠠᠭᠯᠠᠨ ᠲᠣᠭᠲᠠᠭᠠᠭᠰᠠᠨ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠱᠤᠭᠤᠮ ᠪᠠ ᠨᠡᠭᠡᠭᠡᠨ ᠬᠥᠭᠵᠢᠭᠦᠯᠬᠦ ᠬᠢᠯᠢ ᠶᠢᠨ ᠱᠤᠭᠤᠮ ᠢ | ᠵᠢᠭᠠᠵᠤ ᠪᠣᠶ᠃ | ᠲᠦᠷᠪᠡ ᠶᠢ ᠠᠪᠴᠤ ᠬᠠᠶᠠᠬᠤ ᠦᠭᠡᠢ᠄ ᠶᠠᠳᠠᠭᠤ ᠠᠴᠠ ᠠᠩᠭᠢᠵᠢᠷᠠᠭᠰᠠᠨ ᠴᠤ ᠲᠦᠷᠦ ᠶᠢᠨ ᠪᠤᠳᠤᠯᠭ᠎ᠠ ᠪᠠᠨ | ᠲᠠᠰᠤᠯᠳᠠᠭᠤᠯᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠬᠠᠪᠰᠤᠷᠤᠨ ᠲᠡᠳᠬᠦᠬᠦ ᠪᠠᠨ ᠪᠤᠯᠢᠬᠤ ᠦᠭᠡᠢ᠂ | ᠶᠠᠳᠠᠭᠤ ᠠᠴᠠ ᠠᠩᠭᠢᠵᠢᠷᠠᠭᠰᠠᠨ ᠴᠤ ᠬᠢᠨᠠᠯᠲᠠ ᠬᠠᠮᠢᠶᠠᠷᠤᠯᠲᠠ ᠪᠠᠨ ᠰᠤᠯᠠᠷᠠᠭᠤᠯᠬᠤ ᠦᠭᠡᠢ᠃ | ᠭᠤᠷᠪᠠᠨ ᠪᠦᠯᠦᠭ᠄ ᠲᠥᠪᠯᠡᠷᠡᠭᠦᠯᠬᠦ᠂ ᠴᠤᠭᠯᠠᠷᠠᠭᠤᠯᠬᠤ᠂ ᠡᠷᠴᠢᠮᠵᠢᠭᠦᠯᠬᠦ᠃ | ᠭᠤᠷᠪᠠ ᠶᠢ ᠲᠣᠭᠲᠠᠪᠤᠷᠢᠵᠢᠭᠤᠯᠵᠤ ᠭᠤᠷᠪᠠ ᠶᠢ ᠨᠡᠮᠡᠭᠳᠡᠭᠦᠯᠬᠦ᠄ ᠠᠮᠤ ᠪᠤᠳᠠᠭ᠎ᠠ ᠶᠢ ᠲᠣᠭᠲᠠᠪᠤᠷᠢᠵᠢᠭᠤᠯᠵᠤ | ᠠᠵᠤ ᠠᠬᠤᠶ ᠶᠢᠨ ᠬᠡᠮᠵᠢᠶ᠎ᠡ ᠶᠢ ᠨᠡᠮᠡᠭᠳᠡᠭᠦᠯᠦᠨ᠂ ᠭᠠᠭ᠋ᠠᠶ ᠶᠢ ᠲᠣᠭᠲᠠᠪᠤᠷᠢᠵᠢᠭᠤᠯᠵᠤ ᠦᠬᠡᠷ ᠢ ᠨᠡᠮᠡᠭᠳᠡᠭᠦᠯᠦᠨ᠂ ᠮᠠᠯ | ᠤᠨᠤᠭ᠎ᠠ ᠶᠢ ᠲᠣᠭᠲᠠᠪᠤᠷᠢᠵᠢᠭᠤᠯᠵᠤ ᠤᠢ ᠰᠢᠭᠤᠶ ᠶᠢ ᠨᠡᠮᠡᠭᠳᠡᠭᠦᠯᠦᠨ᠎ᠡ᠃ | ᠭᠤᠷᠪᠠᠨ ᠲᠦᠷᠦᠯ ᠢᠶᠠᠷ ᠢᠶᠠᠨ ᠬᠠᠮᠲᠤ ᠪᠠᠷ ᠠᠰᠢᠭ ᠬᠦᠷᠳᠡᠬᠦ᠄ ᠠᠮᠢᠳᠤᠷᠠᠯ᠂ ᠦᠢᠯᠡᠳᠪᠦᠷᠢᠯᠡᠯ᠂ ᠠᠮᠢ | ᠠᠬᠤᠶ ᠶᠢ ᠵᠣᠬᠢᠴᠠᠩᠭᠤᠶ ᠪᠠᠷ ᠬᠥᠭᠵᠢᠭᠦᠯᠵᠦ᠂ ᠪᠠᠶᠢᠭᠠᠯᠢ ᠶᠢᠨ ᠠᠮᠢ ᠠᠬᠤᠶ ᠶᠢ ᠰᠠᠶᠢᠵᠢᠷᠠᠭᠤᠯᠵᠤ᠂ ᠠᠷᠠᠳ ᠤᠨ | ᠠᠮᠢᠳᠤᠷᠠᠯ ᠢ ᠳᠡᠭᠡᠭᠰᠢᠯᠡᠭᠦᠯᠵᠦ᠂ ᠠᠵᠤ ᠠᠬᠤᠶ ᠶᠢᠨ ᠦᠢᠯᠡᠳᠪᠦᠷᠢᠯᠡᠯ ᠢ ᠬᠥᠭᠵᠢᠭᠦᠯᠦᠨ᠎ᠡ᠃ | 1153᠄ ᠬᠤᠶᠠᠷ ︽1︾ ᠭᠡᠳᠡᠭ ᠨᠢ ᠲᠣᠰ ᠲᠣᠰ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠪᠡᠭᠡᠵᠢᠩ ᠥᠪᠥᠷ ᠮᠣᠩᠭᠤᠯ ︵ᠢᠵᠤᠸᠠᠩ · ᠤᠯᠠᠭᠠᠨᠬᠠᠳᠠ︶ | ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠢ ᠵᠢᠭᠠᠵᠤ ᠪᠣᠶ᠂ | ︽5︾ ᠭᠡᠳᠡᠭ ᠨᠢ ᠵᠠᠯᠭᠠᠨ ᠵᠣᠯᠭᠠᠭᠤᠯᠬᠤ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ᠂ ᠥᠩᠭᠡᠲᠦ ᠲᠡᠮᠦᠷᠯᠢᠭ ᠤᠨ ᠨᠡᠭᠡᠭᠡᠯᠲᠡ ᠶᠢᠨ | ᠲᠣᠭᠤᠷᠢᠭ᠂ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠶᠢᠨ ᠨᠡᠭᠡᠭᠡᠯᠲᠡ ᠶᠢᠨ ᠲᠣᠭᠤᠷᠢᠭ᠂ | ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠵᠢᠭᠠᠵᠤ ᠪᠣᠶ | ᠂ ︽3︾ ᠭᠡᠳᠡᠭ ᠨᠢ ᠬᠤᠩᠱᠠᠨ᠂ ᠰᠦᠩᠱᠠᠨ᠂ ᠬᠠᠷᠠᠴᠢᠨ 3 ᠠᠵᠤ ᠦᠢᠯᠡᠰ ᠪᠠ ᠬᠤᠲᠠ ᠶᠢᠨ ᠠᠭᠤᠰᠤᠯᠴᠠᠯ ᠤᠨ | ᠬᠤᠰᠢᠭᠤᠴᠢ ᠲᠣᠭᠤᠷᠢᠭ ᠢ ᠵᠢᠭᠠᠵᠤ ᠪᠣᠶ᠃ | ︽1+3︾ ᠬᠠᠮᠢᠶᠠᠷᠤᠯᠲᠠ ᠶᠢᠨ ᠵᠠᠭᠪᠤᠷ᠄ 1 ᠰᠠᠨᠠᠯ᠂ 3 ᠠᠷᠭ᠎ᠠ᠂ ᠲᠣᠰ ᠲᠣᠰ ︽ᠰᠠᠭᠤᠭᠠᠯᠢ | ᠠᠷᠠᠳ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠬᠡᠷᠡᠭᠵᠢᠭᠦᠯᠬᠦ ᠰᠠᠨᠠᠯ︾ ᠪᠠ ︽ᠨᠠᠮ ᠤᠨ ᠪᠠᠶᠢᠭᠤᠯᠤᠯᠲᠠ ᠪᠠᠷ ᠬᠤᠪᠢᠰᠬᠠᠯ ᠤᠨ ᠠᠳᠠᠯ | ᠠᠬᠤᠶ ᠶᠢ ᠬᠥᠲᠥᠯᠦᠨ ᠳᠠᠭᠠᠭᠤᠯᠬᠤ ᠬᠡᠷᠡᠭᠵᠢᠭᠦᠯᠬᠦ ᠠᠷᠭ᠎ᠠ︾ ︽ᠠᠳᠠᠯ ᠠᠬᠤᠶ ᠶᠢᠨ ᠬᠠᠮᠢᠶᠠᠷᠤᠯᠲᠠ ᠶᠢᠨ ᠠᠷᠭ᠎ᠠ︾ | ︽ᠵᠢᠵᠢᠭ ᠲᠣᠭᠤᠷᠢᠭ ᠤᠨ ᠴᠢᠬᠤᠯᠠ ᠬᠦᠴᠦᠨ ᠵᠦᠢᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠷᠭ᠎ᠠ︾ | ᠶᠢ ᠵᠢᠭᠠᠨ᠎ᠠ᠃ | ᠬᠤᠶᠠᠷ ᠢ ᠬᠦᠩᠭᠡᠷᠡᠭᠦᠯᠬᠦ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ | ᠬᠡᠲᠦ ᠬᠦᠨᠳᠦ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ | ᠪᠦᠲᠦᠮᠵᠢᠲᠡᠶ ᠬᠥᠩᠭᠡᠷᠡᠭᠦᠯᠦᠨ᠎ᠡ᠃ | 5211᠄ ᠲᠤᠰᠠᠭᠠᠷ ᠭᠠᠵᠠᠷ ᠰᠣᠩᠭᠤᠬᠤ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ | 2000 ᠲᠦᠮᠡᠨ ᠲᠥᠭᠦᠷᠢᠭ ᠠᠴᠠ ᠳᠡᠭᠡᠭᠰᠢ᠂ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠳᠤ ᠣᠷᠣᠵᠤ | ᠰᠠᠭᠤᠬᠤ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 1000 ᠲᠦᠮᠡᠨ | ᠲᠥᠭᠦᠷᠢᠭ ᠠᠴᠠ ᠳᠡᠭᠡᠭᠰᠢ᠂ ᠣᠷᠣᠵᠤ ᠰᠠᠭᠤᠬᠤ ᠠᠵᠤ ᠦᠢᠯᠡᠰ ᠪᠠ ᠬᠤᠲᠠ ᠶᠢᠨ ᠠᠭᠤᠰᠤᠯᠴᠠᠯ ᠤᠨ ᠬᠤᠰᠢᠭᠤᠴᠢ | ᠣᠷᠣᠨ ᠤ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 1000 ᠲᠦᠮᠡᠨ | ᠲᠥᠭᠦᠷᠢᠭ ᠠᠴᠠ ᠳᠡᠭᠡᠭᠰᠢ ᠪᠤᠶᠤ ᠠᠵᠢᠯ ᠣᠯᠭᠤᠯᠲᠠ ᠨᠢ 200 ᠬᠥᠮᠦᠨ ᠠᠴᠠ ᠳᠡᠭᠡᠭᠰᠢ ᠳᠤ ᠬᠦᠷᠬᠦ ᠶᠢ ᠵᠢᠭᠠᠨ᠎ᠠ᠃ | | 1+2+4+N᠄ 1 ᠰᠢᠯᠢᠳᠡᠭ ᠠᠮᠢ ᠠᠬᠤᠢ ᠶᠢᠨ ᠲᠣᠣᠷ ᠢ ᠪᠠᠶᠢᠭᠤᠯᠤᠨ᠎ᠠ︔ 2 ᠵᠤᠷᠪᠤᠰ ᠦᠵᠡᠰᠬᠦᠯᠡᠩᠲᠦ | ᠰᠠᠶᠢᠬᠠᠨ ᠪᠦᠬᠦ ᠦᠵᠡᠮᠵᠢ ᠶᠢᠨ ᠬᠤᠩᠬᠢᠯ ᠵᠠᠮ ᠢ ᠴᠣᠭᠴᠠᠯᠠᠨ᠎ᠠ︔ ︽ᠲᠠᠷᠢᠶᠠᠨ ᠭᠠᠵᠠᠷ +︾ ᠪᠠᠷ ᠬᠥᠲᠥᠯᠦᠨ | ᠳᠠᠭᠠᠭᠤᠯᠤᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠣᠷᠣᠨ 1᠂ ︽ | ᠲᠠᠷᠢᠶᠠᠯᠠᠩ +︾ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠰᠢᠰᠲ᠋ᠧᠮ 1᠂ ᠠᠮᠢ ᠠᠬᠤᠶ ᠶᠢᠨ | ᠠᠵᠤ ᠦᠢᠯᠡᠰᠵᠢᠭᠰᠡᠨ᠂ ᠠᠵᠤ ᠦᠢᠯᠡᠰ ᠤᠨ ᠠᠮᠢ ᠠᠬᠤᠶᠢᠵᠢᠭᠰᠠᠨ ᠰᠠᠪᠠ ᠭᠠᠵᠠᠷ ᠤᠨ ᠥᠯᠢᠭᠡᠷ ᠬᠡᠪ 1᠂ | ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠤᠨ ᠰᠣᠳᠣᠨ ᠪᠦᠲᠦᠭᠡᠯ ᠤᠨ ᠢᠨᠵᠧᠨᠧᠷᠢᠩ ᠢ 1 ᠡᠭᠦᠳᠦᠨ | ᠪᠠᠶᠢᠭᠤᠯᠤᠨ᠎ᠠ︔ N ᠥᠪᠡᠷᠮᠢᠴᠡ ᠣᠨᠴᠠᠯᠢᠭ ᠲᠠᠢ ᠲᠣᠰᠬᠤᠨ ᠢ ᠪᠥᠲᠥᠭᠡᠨ ᠪᠠᠶᠢᠭᠤᠯᠤᠨ᠎ᠠ᠃ | ︽5 + 1︾ ᠰᠤᠷᠤᠯᠭ᠎ᠠ ᠬᠠᠮᠠᠭᠠᠯᠠᠬᠤ ᠵᠠᠭᠪᠤᠷ᠄ ᠲᠣᠰ ᠵᠠᠭᠪᠤᠷ ᠢ ᠬᠦᠮᠦᠨ ᠤ ᠰᠡᠷᠭᠡᠶᠢᠯᠡᠯᠲᠡ᠂ ᠪᠣᠳᠠᠰ ᠤᠨ | ᠰᠡᠷᠭᠡᠶᠢᠯᠡᠯᠲᠡ ᠭᠡᠬᠦ ᠬᠤᠶᠠᠷ ᠲᠠᠯ᠎ᠠ ᠶᠢᠨ ᠠᠭᠤᠯᠭ᠎ᠠ ᠬᠤᠪᠢᠶᠠᠨ᠎ᠠ᠂ ᠬᠦᠮᠦᠨ ᠤ ᠰᠡᠷᠭᠡᠶᠢᠯᠡᠯᠲᠡ ᠭᠡᠳᠡᠭ ᠨᠢ | ᠭᠤᠤᠯᠳᠠᠭᠤ ᠵᠠᠮ ᠬᠠᠷᠢᠯᠴᠠᠭᠠᠨ ᠤ ᠴᠠᠭᠳᠠᠭ᠎ᠠ᠂ ᠰᠤᠷᠭᠠᠭᠤᠯᠢ᠂ ᠬᠡᠷ ᠤᠨ ᠠᠬᠠᠮᠠᠳ᠂ ᠠᠮᠤᠷ ᠢ ᠬᠠᠮᠠᠭᠠᠯᠠᠭᠴᠢ᠂ | ᠰᠣᠷᠣᠭᠴᠢ ᠵᠡᠷᠭᠡ ︽ᠲᠠᠪᠤᠨ ᠲᠠᠯ᠎ᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ︾ ᠨᠢᠭᠡᠳᠦᠯᠲᠡᠶ ᠬᠠᠮᠵᠢᠯᠴᠠᠬᠤ ᠶᠢ | ᠵᠢᠭᠠᠨ᠎ᠠ︔ ᠪᠣᠳᠠᠰ ᠤᠨ ᠰᠡᠷᠭᠡᠶᠢᠯᠡᠯᠲᠡ ᠭᠡᠳᠡᠭ ᠨᠢ ᠹᠢᠽᠢᠺ ᠤᠨ ᠲᠤᠰᠠᠭᠠᠷᠯᠠᠯ ᠢᠶᠠᠷ ᠳᠠᠮᠵᠢᠨ ᠣᠷᠣᠨ ᠬᠤᠪᠢᠶᠠᠵᠤ᠂ | ᠬᠥᠮᠦᠨ ᠪᠠ ᠲᠡᠷᠭᠡ ᠶᠢ ᠰᠠᠯᠭᠠᠵᠤ᠂ ᠥᠪᠡᠷ ᠥᠪᠡᠷ ᠤᠨ ᠵᠠᠮ ᠢᠶᠠᠷ ᠢᠶᠠᠨ ᠶᠠᠪᠤᠵᠤ᠂ ᠤᠯᠠᠨ ᠠᠮᠠ ᠪᠠᠷ ᠣᠷᠣᠵᠤ | ᠭᠠᠷᠬᠤ᠂ ᠡᠮᠬᠢ ᠵᠢᠷᠤᠮ ᠲᠠᠢ ᠪᠠᠷ ᠤᠬᠤᠷᠢᠨ ᠭᠠᠷᠬᠤ ᠶᠢ ᠵᠢᠭᠠᠵᠤ ᠪᠠᠶᠢᠨ᠎ᠠ᠃ | ᠳᠥᠷᠪᠡᠨ ᠵᠠᠭᠤᠨ ᠤ ᠵᠠᠭᠤ ᠄ ᠳᠤᠮᠳᠠᠳᠤ ᠪᠠᠭ᠎ᠠ ᠰᠤᠷᠭᠠᠭᠤᠯᠢ ᠬᠢᠭᠡᠳ ᠬᠡᠤᠬᠡᠳ ᠤᠨ ᠴᠡᠴᠡᠷᠯᠢᠭ ᠤᠨ ᠲᠤᠰᠬᠠᠶ | ᠲᠤᠰᠢᠶᠠᠯᠲᠤ ᠠᠮᠤᠷ ᠢ ᠬᠠᠮᠠᠭᠠᠯᠠᠭᠴᠢ ᠶᠢᠨ ᠲᠣᠬᠢᠷᠠᠭᠤᠯᠤᠯᠲᠠ ᠶᠢᠨ ᠨᠣᠷᠮ᠎ᠠ 100%᠂ ᠳᠤᠮᠳᠠᠳᠤ ᠪᠠᠭ᠎ᠠ | ᠰᠤᠷᠭᠠᠭᠤᠯᠢ ᠬᠢᠭᠡᠳ ᠬᠡᠤᠬᠡᠳ ᠤᠨ ᠴᠡᠴᠡᠷᠯᠢᠭ ᠤᠨ ᠪᠢᠲᠡᠭᠦᠮᠵᠢᠯᠡᠭᠰᠡᠨ ᠬᠠᠮᠢᠶᠠᠷᠤᠯᠲᠠ 100%᠂ ᠨᠢᠭᠡ | ᠳᠠᠷᠤᠪᠴᠢᠲᠤ ᠲᠦᠭᠰᠢᠭᠦᠷᠢ ᠮᠡᠳᠡᠭᠡᠯᠡᠬᠦ ᠲᠣᠨᠣᠭᠯᠠᠯ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠳᠤ 100% ᠪᠠᠷ ᠵᠠᠯᠭᠠᠨ ᠣᠷᠣᠭᠤᠯᠵᠤ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ︽ᠰᠤᠷᠤᠯᠭ᠎ᠠ ᠬᠠᠮᠠᠭᠠᠯᠠᠬᠤ ᠠᠵᠢᠯ ᠤᠨ ᠪᠠᠶᠢᠷᠢ︾ ᠶᠢᠨ ᠲᠣᠬᠢᠷᠠᠭᠤᠯᠤᠯᠲᠠ ᠶᠢᠨ ᠨᠣᠷᠮ᠎ᠠ ᠶᠢ | 100% ᠪᠠᠷ ᠲᠣᠬᠢᠷᠠᠭᠤᠯᠤᠨ᠎ᠠ᠃ | | | | | | | | | | | ᠁ |