1 ᠰᠠᠷ᠎ᠠ ᠶᠢᠨ 27 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ᠂ ᠲᠣᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠵᠦᠩ ᠴᠢᠩ ᠰᠦᠩ ᠪᠦᠬᠦ ᠲᠤᠭᠤᠷᠢᠭ ᠤᠨ 2022 ᠣᠨ ᠤ | ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠬᠢᠯᠡᠨ | ᠬᠤᠷᠠᠯᠳᠤᠭᠤᠯᠪᠠ᠃ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠫᠧᠩ ᠹᠸᠢ᠂ ᠢᠦᠢ ᠬᠤᠩ | ᠯᠢᠨ᠂ ᠢᠦᠢ ᠬᠤᠸᠠ ᠶᠠᠨ ᠬᠤᠷᠠᠯ ᠳᠤ ᠣᠷᠣᠯᠴᠠᠪᠠ᠃ | ᠵᠦᠩ ᠴᠢᠩ ᠰᠦᠩ᠂ ᠴᠠᠭᠠᠨ ᠰᠠᠷ᠎ᠠ ᠣᠶᠢᠷᠠᠳᠴᠤ᠂ ᠬᠥᠮᠦᠨ ᠬᠠᠷ᠎ᠠ ᠶᠢᠨ ᠰᠢᠯᠵᠢᠬᠦ ᠨᠡᠮᠡᠭᠳᠡᠬᠦ᠂ | ᠬᠡᠷᠡᠭᠯᠡᠭᠡᠨ ᠤ ᠵᠠᠬ᠎ᠠ ᠳᠡᠯᠭᠡᠭᠦᠷ ᠬᠥᠭᠵᠢᠶᠡᠨᠲᠡᠢ ᠪᠠᠶᠢᠬᠤ ᠵᠡᠷᠭᠡ ᠨᠠᠷᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠡᠯ᠎ᠡ | ᠱᠠᠳᠤ ᠡᠯ᠎ᠡ ᠰᠠᠯᠠᠭ᠎ᠠ ᠮᠥᠴᠢᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯᠭᠦᠢ | ᠦᠢᠯᠡᠳᠪᠦᠷᠢᠯᠡᠯ ᠤᠨ ᠡᠷᠴᠢᠮ ᠢᠶᠠᠨ ᠴᠠᠭ ᠢᠮᠠᠭᠲᠠ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ | ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠵᠤ᠂ ᠥᠷᠭᠡᠨ | ᠤᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠦᠬᠦ | ᠬᠦᠴᠦ ᠪᠠᠷ ᠢᠶᠠᠨ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠥᠩ ᠴᠢᠩ ᠰᠥᠩ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠤᠲᠠ ᠶᠢᠨ | ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠵᠢᠯ ᠤᠨ | ᠲᠦᠷᠢᠮ ᠤᠨ ᠱᠠᠭᠠᠷᠳᠠᠯᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ | ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠪᠥᠬᠦ ᠲᠤᠭᠤᠷᠢᠭ ᠤᠨ ᠠᠮᠤᠷ ᠲᠦᠪᠰᠢᠨ ᠤ | ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠶᠤᠯᠭᠦᠶ | ᠦᠢᠯᠡᠳᠪᠦᠷᠢᠯᠡᠯ ᠤᠨ ᠬᠠᠷᠢᠶ᠎ᠠ ᠲᠤᠭᠤᠷᠢᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ | ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠠᠵᠢᠯ ᠲᠥᠷᠥᠯ᠂ | ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠨᠠᠷᠢᠨ ᠨᠢᠮᠪᠠᠶ ᠪᠠᠶᠢᠷᠢᠯᠠᠭᠤᠯᠵᠤ᠂ ᠨᠠᠷᠢᠨ ᠨᠢᠮᠪᠠᠶ ᠵᠣᠬᠢᠶᠠᠨ | ᠪᠠᠶᠢᠭᠤᠯᠵᠤ᠂ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠰᠢᠲᠠᠮᠠᠬᠠᠶ | ᠬᠡᠶ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠬᠤᠸᠠᠷ ᠫᠤᠤᠵᠢᠩ᠂ ᠣᠶ ᠰᠢᠭᠤᠶ ᠶᠢᠨ | ᠲᠦᠢᠮᠡᠷ ᠢ ᠰᠡᠷᠭᠡᠶᠢᠯᠡᠵᠦ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠠᠮᠤᠷ ᠲᠦᠪᠰᠢᠨ ᠤ ᠠᠵᠢᠯ ᠢ ᠴᠥᠬᠦᠷᠡᠰᠢ ᠥᠬᠡᠶ | ᠰᠠᠶᠢᠲᠤᠷ ᠠᠳᠬᠤᠵᠤ᠂ ᠠᠶᠤᠯᠭᠦᠶ ᠦᠢᠯᠡᠳᠪᠦᠷᠢᠯᠡᠯ ᠤᠨ ᠬᠦᠷᠢᠶᠡᠨ ᠳᠠᠬᠢ ᠡᠯ᠎ᠡ ᠲᠥᠷᠥᠯ ᠤᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠮᠤᠷ | ᠲᠦᠪᠰᠢᠨ ᠤ ᠰᠡᠷᠭᠡᠶᠢᠯᠡᠯᠲᠡ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠠᠶᠤᠯᠭᠦᠶ ᠦᠢᠯᠡᠳᠪᠦᠷᠢᠯᠡᠯ ᠤᠨ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠶ᠃ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷᠯᠡᠬᠦ ᠳᠦᠷᠢᠮ ᠢ ᠴᠢᠩᠭ᠎ᠠ | ᠬᠡᠷᠡᠭᠵᠢᠭᠦᠯᠵᠦ᠂ ᠭᠡᠨᠡᠳᠲᠡ ᠶᠢᠨ ᠪᠠᠶᠢᠳᠠᠯ ᠲᠤᠯᠭᠠᠷᠠᠪᠠᠯ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠪᠦᠲᠦᠮᠵᠢᠲᠡᠶ | ᠠᠷᠭᠠᠴᠠᠭᠠᠬᠤ ᠬᠡᠷᠡᠭᠲᠡᠶ᠃ ᠡᠭᠦᠨ ᠤ ᠬᠠᠮᠲᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠵᠡᠷᠭᠡ ᠰᠢᠨ᠎ᠡ ᠨᠢᠭᠡ ᠵᠢᠯ ᠤᠨ ᠡᠯ᠎ᠡ | ᠵᠦᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠲᠥᠯᠥᠪᠵᠢᠭᠦᠯᠵᠦ᠂ ᠪᠥᠬᠦ ᠵᠢᠯ ᠤᠨ ᠠᠵᠢᠯ ᠤᠨ | ᠰᠠᠶᠢᠨ ᠡᠬᠢᠯᠡᠯᠲᠡ ᠶᠢ ᠪᠠᠲᠤᠯᠠᠬᠤ ᠬᠡᠷᠡᠭᠲᠡᠶ᠃ | | | | | | | | | | | | | | | | | | | | | | ᠁ |