1 ᠰᠠᠷ᠎ᠠ ᠶᠢᠨ 27 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠱᠦᠨ ᠠᠵᠢᠯ ᠠᠴᠠ ᠪᠠᠨ ᠠᠮᠠᠷᠠᠭᠰᠠᠨ ᠬᠡᠰᠡᠭ | ᠠᠬᠠᠮᠠᠳ ᠺᠠᠳ᠋ᠷ᠂ ᠦᠨᠳᠦᠰᠦᠨ ᠱᠠᠲᠤᠨ ᠤ ᠨᠠᠮ ᠤᠨ ᠡᠭᠦᠷ ᠤᠨ ᠱᠦᠵᠢ᠂ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠪᠤᠷᠢ ᠲᠠᠢ ᠡᠷᠦᠬᠡ ᠪᠣᠯᠤᠨ ᠬᠠᠭᠤᠴᠢᠨ ᠬᠤᠷᠤᠭ᠎ᠠ ᠶᠢᠨ ᠪᠡᠭᠡᠵᠢᠩ ᠳᠤ ᠤᠷᠤᠬᠤ ᠶᠢ ᠪᠠᠶᠢᠴᠠᠭᠠᠬᠤ | ᠦᠷᠳᠡᠭᠡ ᠶᠢᠨ ᠬᠠᠷᠠᠭᠤᠯ ᠤᠨ ᠭᠠᠵᠠᠷ ᠲᠤ ᠵᠢᠵᠢᠭᠦᠷᠯᠡᠵᠦ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠶᠢ ᠪᠣᠯᠭᠤᠭᠠᠨ | ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ | ᠳᠡᠪᠰᠢᠭᠦᠯᠪᠡ᠃ | ᠰᠦᠩᠱᠠᠨ ᠲᠣᠭᠤᠷᠢᠭ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠯᠢᠦ ᠡᠯ ᠯᠦᠩ᠂ ᠴᠠᠩ ᠪᠠᠢ ᠯᠢᠨ | ᠂ ᠴᠢᠦᠢ ᠶᠢᠨ ᠰᠢᠶᠠ ᠶᠢᠨ ᠭᠡᠷ ᠲᠤ᠂ ᠸᠠᠩ ᠱᠦᠨ ᠠᠬᠠᠮᠠᠳ ᠤᠳᠤᠷᠢᠳᠤᠯᠭ᠎ᠠ ᠶᠢᠨ ᠪᠡᠶ᠎ᠡ ᠶᠢᠨ ᠪᠠᠶᠢᠳᠠᠯ ᠪᠣᠯᠤᠨ | ᠡᠳᠦᠷ ᠳᠤᠳᠤᠮ ᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠪᠠ᠃ ᠸᠠᠩ ᠱᠦᠨ᠂ ᠥᠩᠭᠡᠷᠡᠭᠰᠡᠨ ᠨᠢᠭᠡ ᠵᠢᠯ ᠳᠤ | ᠂ ᠰᠦᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠡᠯ᠎ᠡ ᠵᠦᠢᠯ ᠤᠨ | ᠠᠮᠵᠢᠯᠲᠠ ᠨᠢ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠤᠨ ᠬᠠᠯᠠᠮᠵᠢᠯᠠᠯ ᠳᠡᠮᠵᠢᠯᠭᠡ ᠲᠠᠢ ᠰᠠᠯᠤᠰᠢ ᠦᠭᠡᠢ | ᠨᠢᠭᠲᠠ ᠬᠤᠯᠪᠣᠭ᠎ᠠ ᠲᠠᠢ ᠶᠤᠮ᠂ ᠠᠬᠠᠮᠠᠳ ᠤᠳᠤᠷᠢᠳᠤᠯᠭ᠎ᠠ ᠨᠠᠷ ᠪᠡᠶ᠎ᠡ ᠪᠠᠨ ᠭᠠᠮᠨᠠᠵᠤ᠂ ᠥᠩᠭᠡᠷᠡᠭᠰᠡᠨ ᠲᠠᠢ ᠪᠠᠨ | ᠠᠳᠠᠯᠢ ᠪᠠᠷ ᠰᠦᠩᠱᠠᠨ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠨ ᠠᠩᠬᠠᠷᠴᠤ᠂ ᠡᠷᠬᠢᠮ ᠨᠠᠨᠳᠢᠨ ᠰᠠᠨᠠᠯ | ᠰᠠᠨᠠᠭᠤᠯᠭ᠎ᠠ ᠪᠠᠨ ᠢᠯᠡᠭᠦᠬᠡᠨ ᠳᠤᠷᠠᠳᠴᠤ᠂ ᠰᠦᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ | ᠭᠡᠵᠦ ᠢᠯᠡᠳᠬᠡᠪᠡ᠃ | ᠬᠠᠭᠤᠴᠢᠨ ᠬᠤᠷᠤᠭ᠎ᠠ ᠪᠠᠯᠭᠠᠰᠤᠨ ᠳᠤ᠂ ᠸᠠᠩ ᠱᠦᠨ ᠤᠷᠢᠳ ᠬᠤᠵᠢᠳ ᠬᠤ᠋ ᠼᠠᠢ ᠭᠸᠤ ᠲᠣᠰᠬᠤᠨ ᠤ | ᠠᠷᠠᠳ ᠤᠨ ᠵᠥᠪᠯᠡᠯ᠂ ᠬᠠᠭᠤᠴᠢᠨ ᠬᠤᠷᠤᠭ᠎ᠠ ᠶᠢᠨ ᠪᠡᠭᠡᠵᠢᠩ ᠳᠤ ᠤᠷᠤᠬᠤ ᠶᠢ ᠪᠠᠶᠢᠴᠠᠭᠠᠬᠤ ᠦᠷᠳᠡᠭᠡ ᠶᠢᠨ | ᠬᠠᠷᠠᠭᠤᠯ ᠤᠨ ᠭᠠᠵᠠᠷ ᠲᠤ ᠬᠦᠷᠴᠦ᠂ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠦᠨᠳᠦᠰᠦᠨ ᠱᠠᠲᠤᠨ ᠤ | ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠢ ᠲᠣᠬᠤᠨᠢᠭᠤᠯᠪᠠ᠃ ᠸᠠᠩ ᠱᠦᠨ ᠦᠨᠳᠦᠰᠦᠨ | ᠱᠠᠲᠤᠨ ᠤ ᠡᠮᠦᠨ᠎ᠡ ᠹᠷᠣᠨᠲ ᠤᠨ ᠠᠵᠢᠯᠲᠠᠳ ᠤᠨ ᠨᠢᠭᠡ ᠵᠢᠯ ᠤᠨ ᠲᠤᠷᠰᠢᠬᠢ ᠰᠢᠷᠭᠠᠭᠤ ᠴᠢᠷᠮᠠᠶᠢᠯᠭ᠎ᠠ ᠳᠤ | ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠳᠡᠨ ᠢ ᠦᠷᠭᠦᠯᠵᠢᠯᠡᠨ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ | ᠴᠢᠷᠮᠠᠶᠢᠵᠤ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ | ᠤᠯᠠᠨ ᠳᠤ ᠬᠠᠨᠤᠮᠵᠢᠲᠠᠢ ᠬᠠᠷᠢᠭᠤᠯᠲᠠ ᠲᠤᠰᠢᠶᠠᠬᠤ ᠶᠢ ᠬᠦᠰᠡᠪᠡ᠃ | ᠲᠣᠬᠤᠨᠢᠭᠤᠯᠬᠤ ᠶᠠᠪᠤᠴᠠ ᠳᠤ᠂ ᠸᠠᠩ ᠱᠦᠨ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ | ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃ ᠸᠠᠩ ᠱᠦᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ | ᠦᠢᠯᠡᠳᠪᠦᠷᠢᠯᠡᠯ ᠤᠨ ᠪᠠᠲᠤ ᠪᠠᠬᠢ ᠬᠠᠯᠬᠠᠪᠴᠢ ᠶᠢ ᠴᠣᠭᠴᠠᠯᠠᠵᠤ᠂ ᠨᠠᠷᠢᠯᠢᠭ ᠵᠣᠬᠢᠶᠠᠨ ᠪᠠᠶᠢᠭᠤᠯᠵᠤ᠂ ᠰᠢᠨᠵᠢᠯᠡᠬᠦ | ᠤᠬᠠᠭᠠᠨᠴᠢ ᠪᠠᠷ ᠲᠤᠬᠢᠷᠠᠭᠤᠯᠵᠤ᠂ ᠴᠢᠩᠭ᠎ᠠ ᠱᠠᠭᠠᠷᠳᠠᠯᠭ᠎ᠠ᠂ ᠪᠣᠳᠠᠲᠠᠢ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠨᠠᠷᠢᠯᠢᠭ ᠬᠢᠵᠦ᠂ ᠠᠷᠠᠳ ᠤᠯᠠᠨ ᠤ | ᠠᠮᠤᠷ ᠠᠮᠤᠭᠤᠯᠠᠩ᠂ ᠡᠶ᠎ᠡ ᠵᠣᠬᠢᠴᠠᠩᠭᠤᠢ ᠪᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ | ᠱᠠᠭᠠᠷᠳᠠᠪᠠ᠃ | | | | | | | | | | | ᠁ |