ᠰᠦᠩᠱᠠᠨ ᠲᠣᠭᠤᠷᠢᠭ ᠬᠤᠲᠠ ᠪᠠᠯᠭᠠᠰᠤᠨ ᠤ ᠰᠢᠲᠠᠮᠠᠬᠠᠶ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/29
    1 ᠰᠠᠷ᠎ᠠ ᠶᠢᠨ 28 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠬᠤᠲᠠ ᠪᠠᠯᠭᠠᠰᠤᠨ ᠤ ᠰᠢᠲᠠᠮᠠᠬᠠᠶ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢᠶᠠᠩ ᠮᠢᠩ ᠽᠸ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠫᠧᠩ ᠹᠸᠢ ᠬᠤᠷᠠᠯ ᠢ ᠡᠷᠬᠢᠯᠡᠪᠡ᠃     ᠬᠤᠷᠠᠯ ᠠᠴᠠ ︽ᠰᠦᠩᠱᠠᠨ ᠲᠣᠭᠤᠷᠢᠭ ᠤᠨ ᠬᠤᠲᠠ ᠪᠠᠯᠭᠠᠰᠤᠨ ᠤ ᠰᠢᠲᠠᠮᠠᠬᠠᠶ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠳᠤ ᠲᠠᠶᠢᠯᠤᠮᠵᠢ ᠬᠢᠪᠡ᠃     ᠬᠤᠷᠠᠯ ᠠᠴᠠ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠭᠡᠳᠤ ᠱᠠᠲᠤᠨ ᠤ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠲᠤᠰ ᠬᠠᠷᠢᠶ᠎ᠠ ᠣᠷᠣᠨ᠂ ᠲᠤᠰ ᠠᠵᠢᠯ ᠲᠥᠷᠥᠯ᠂ ᠲᠤᠰ ᠬᠦᠷᠢᠶᠡᠨ ᠳᠠᠬᠢ ᠰᠢᠲᠠᠮᠠᠬᠠᠶ ᠬᠡᠢ ᠶᠢᠨ ᠠᠮᠤᠷ ᠲᠦᠪᠰᠢᠨ ᠤ ᠪᠠᠶᠢᠳᠠᠯ ᠢ ᠪᠥᠬᠦ ᠲᠠᠯ᠎ᠠ ᠪᠠᠷ ᠵᠠᠳᠠᠯᠵᠤ᠂ ᠪᠠᠭᠤᠷᠠᠶ ᠲᠠᠯ᠎ᠠ ᠪᠠ ᠲᠣᠪᠦ᠋ᠮ᠎ᠠ ᠠᠰᠠᠭᠤᠳᠠᠯ ᠢ ᠣᠨᠣᠪᠴᠢᠲᠠᠶ ᠡᠷᠢᠵᠦ᠂ ᠪᠦᠲᠦᠮᠵᠢᠲᠡᠶ  ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠠᠶᠤᠯ ᠥᠬᠡᠶ ᠦᠢᠯᠡᠳᠪᠦᠷᠢᠯᠡᠯ ᠤᠨ  ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ  ᠭᠡᠵᠦ  ᠵᠢᠭᠠᠵᠤ ᠭᠠᠷᠭᠠᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号