1 ᠰᠠᠷ᠎ᠠ ᠶᠢᠨ 27 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ | ᠵᠢᠶᠠᠩ ᠼᠦᠩ ᠡᠮᠦᠨ᠎ᠡ ᠹᠷᠣᠨᠲ ᠤᠨ ᠺᠠᠳ᠋ᠷ ᠠᠵᠢᠯᠳᠠᠨ ᠠᠵᠢᠯᠴᠢᠨ ᠢ ᠪᠣᠯᠭᠤᠭᠠᠨ ᠲᠣᠬᠤᠨᠢᠭᠤᠯᠵᠤ᠂ ᠨᠠᠮ ᠪᠣᠯᠤᠨ | ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠪᠣᠯᠤᠨ ᠴᠠᠭᠠᠨ ᠰᠠᠷ᠎ᠠ ᠶᠢᠨ ᠵᠥᠩᠨᠡᠯ ᠢ ᠤᠯᠠᠨ ᠤ ᠰᠡᠳᠬᠢᠯ ᠳᠤ ᠬᠦᠷᠭᠡᠪᠡ | ᠃ | ᠵᠢᠶᠠᠩ ᠼᠦᠩ ᠨᠠᠷ ᠡᠩ ᠲᠡᠷᠢᠭᠦᠨ ᠳᠤ ᠰᠦᠩᠱᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ ᠲᠤ ᠬᠦᠷᠴᠦ᠂ ᠰᠦᠩᠱᠠᠨ ᠲᠣᠭᠤᠷᠢᠭ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ | ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠣᠳᠣᠬᠢ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ | ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠡᠮᠦᠨ᠎ᠡ ᠠᠴᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠲᠤ ᠲᠠᠯᠠᠷᠬᠠᠵᠤ ᠲᠣᠬᠤᠨᠢᠭᠤᠯᠵᠤ ᠪᠠᠶᠢᠬᠤ ᠪᠠᠨ ᠢᠯᠡᠳᠬᠡᠪᠡ | ᠃ | ᠰᠦᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠶᠡᠭᠡ ᠠᠩᠭᠢ ᠳᠤ᠂ ᠵᠢᠶᠠᠩ ᠼᠦᠩ ᠶᠡᠭᠡ ᠠᠩᠭᠢ ᠶᠢᠨ ᠺᠠᠳ᠋ᠷ ᠴᠠᠭᠳᠠᠭ᠎ᠠ ᠶᠢ ᠪᠣᠯᠭᠤᠭᠠᠨ | ᠲᠣᠬᠤᠨᠢᠭᠤᠯᠵᠤ᠂ ᠲᠡᠳᠡᠨ ᠳᠤ ᠲᠣᠬᠤᠨᠢᠭᠤᠯᠬᠤ ᠮᠥᠩᠭᠦ ᠬᠦᠷᠭᠡᠭᠰᠡᠨ ᠪᠥᠭᠡᠳ ᠲᠡᠳᠡᠨ ᠢᠶᠠᠷ ᠳᠠᠮᠵᠢᠭᠤᠯᠤᠨ ᠪᠦᠬᠦ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠳᠤ ᠴᠢᠩ | ᠰᠡᠳᠬᠢᠯ ᠤᠨ ᠲᠣᠬᠤᠨᠢᠭᠤᠯᠤᠯ ᠳᠡᠪᠰᠢᠭᠦᠯᠪᠡ᠃ | ᠰᠦᠩᠱᠠᠨ ᠲᠣᠭᠤᠷᠢᠭ ᠤᠨ ᠤᠳᠤᠷᠢᠳᠤᠯᠭ᠎ᠠ ᠵᠦ ᠰᠢᠶᠤᠤ ᠯᠸᠢ᠂ ᠶᠠᠩ ᠯᠢ ᠭᠦᠩ᠂ ᠢᠦᠢ ᠬᠤᠩ ᠯᠢᠨ | ᠲᠣᠬᠤᠨᠢᠭᠤᠯᠬᠤ ᠠᠵᠢᠯᠯᠠᠭ᠎ᠠ ᠳᠤ ᠤᠷᠤᠯᠴᠠᠪᠠ᠃ | | | | | | | | | | | ᠁ |